ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠪᠤᠷᠢᠯᠠᠯᠲᠠ ① ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠴᠢᠩᠭ᠎ᠠ ᠬᠠᠤᠯᠢᠵᠢᠯ ᠵᠶ᠋ᠠᠷ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
ᠨᠡᠶ᠋ᠢᠲᠡᠯᠡᠭᠰᠡᠨ ᠴᠠᠭ᠄ 2024-04-15

      ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ ᠪᠣᠯ ᠣᠽᠣᠨ᠎ᠤ ᠳᠠᠪᠬᠤᠷᠭ᠎ᠠ ᠵᠢ ᠡᠪᠳᠡᠬᠦ ᠦᠢ᠍ᠯᠡᠳᠦᠯ᠎ᠲᠠᠢ ᠨᠢᠭᠡ ᠵᠦᠢ᠍ᠯ᠎ᠤᠨ ᠬᠢᠮᠢ ᠵᠢᠨ ᠪᠣᠳᠠᠰ ᠪᠣᠯᠣᠨ᠎ᠠ᠃ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠵᠢᠨ ᠲᠥᠯᠥᠭᠡ᠂ ᠳᠡᠯᠡᠬᠡᠢ ᠨᠠᠢ᠌ᠳᠠ᠎ᠪᠠᠷ ᠵᠶ᠋ᠡᠨ 《ᠣᠽᠣᠨ᠎ᠤ ᠳᠠᠪᠬᠤᠷᠭ᠎ᠠ ᠵᠢᠨ ᠪᠣᠳᠠᠰ᠎ᠢ ᠬᠣᠷᠣᠭᠳᠠᠭᠤᠯᠬᠤ ᠲᠤᠬᠠᠢ ᠮᠣᠨᠲᠷᠢᠶᠠᠯ (ᠺᠠᠨᠠᠳᠠ ᠵᠢᠨ ᠬᠣᠲᠠ)᠎ᠤᠨ ᠵᠥᠪᠯᠡᠯᠴᠡᠭᠡᠷ ᠪᠢᠴᠢᠭ》 ᠲᠣᠭᠲᠠᠭ᠋ᠠᠵᠤ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠬᠠᠮᠢᠶᠠᠷᠤᠨ ᠡᠵᠡᠮᠳᠡᠪᠡ᠃ 2016 ᠣᠨ᠎ᠳᠤ᠂ ᠳᠡᠯᠡᠬᠡᠢ ᠨᠠᠢ᠌ᠳᠠ᠎ᠪᠠᠷ ᠵᠶ᠋ᠡᠨ 《〈ᠣᠽᠣᠨ᠎ᠤ ᠳᠠᠪᠬᠤᠷᠭ᠎ᠠ ᠵᠢᠨ ᠪᠣᠳᠠᠰ᠎ᠢ ᠬᠣᠷᠣᠭᠳᠠᠭᠤᠯᠬᠤ ᠲᠤᠬᠠᠢ ᠮᠣᠨᠲᠷᠢᠶᠠᠯ (ᠺᠠᠨᠠᠳᠠ ᠵᠢᠨ ᠬᠣᠲᠠ)᠎ᠤᠨ ᠵᠥᠪᠯᠡᠯᠴᠡᠭᠡᠷ᠎ᠤᠨ ᠪᠢᠴᠢᠭ〉᠎ᠤᠨ ᠺᠢᠭ᠋ᠠᠯᠢ ᠵᠢᠨ ᠵᠠᠰᠠᠪᠤᠷᠢ ᠣᠷᠣᠭᠤᠯᠤᠭᠰᠠᠨ ᠲᠥᠰᠥᠯ》᠎ᠢ ᠲᠣᠭᠲᠠᠭ᠋ᠠᠵᠤ᠂ ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ ᠵᠢ ᠡᠵᠡᠮᠰᠢᠭᠳᠡᠬᠦ ᠪᠣᠳᠠᠰ᠎ᠤᠨ ᠬᠡᠪᠴᠢᠶᠡᠨ᠎ᠳᠤ ᠣᠷᠣᠭᠤᠯᠤᠭᠰᠠᠨ ᠪᠠᠢ᠌ᠨ᠎ᠠ᠃ ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ᠎ᠨᠢ ᠣᠽᠣᠨ᠎ᠤ ᠳᠠᠪᠬᠤᠷᠭ᠎ᠠ ᠵᠢ ᠡᠪᠳᠡᠬᠦ ᠦᠢ᠍ᠯᠡᠳᠦᠯ ᠦᠭᠡᠢ᠂ ᠭᠡᠪᠡᠴᠦ ᠬᠦᠯᠡᠮᠵᠢ ᠵᠢᠨ ᠦᠢ᠍ᠯᠡᠴᠢᠯᠡᠯᠬᠡ᠎ᠲᠠᠢ᠃ ᠪᠥᠬᠥ ᠪᠥᠮᠪᠥᠷᠴᠡᠭ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠣᠷᠣᠯᠴᠠᠭᠴᠢ᠂ ᠬᠤᠪᠢ ᠨᠡᠮᠡᠷᠢ ᠦᠵᠡᠭᠦᠯᠦᠭᠴᠢ᠂ ᠳᠠᠭ᠋ᠠᠭᠤᠯᠤᠭᠴᠢ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠪᠠ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠨ᠎ᠠ᠃ 《〈ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ〉᠎ᠳᠤ ᠵᠠᠰᠠᠪᠤᠷᠢ ᠣᠷᠣᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠨᠢ ᠮᠠᠨ᠎ᠤ ᠤᠯᠤᠰ᠎ᠤᠨ ᠬᠠᠮᠤᠭ᠎ᠤᠨ ᠴᠢᠩᠭ᠎ᠠ ᠳᠦᠷᠢᠮ᠂ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠬᠤ᠎ᠪᠠᠷ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢ ᠴᠢᠩᠭ᠋ᠠᠳᠬᠠᠬᠤ ᠡᠷᠡᠰ ᠵᠣᠷᠢᠭ᠎ᠢ ᠬᠠᠷᠠᠭᠤᠯᠵᠠᠢ᠃
      ᠨᠢᠭᠡ᠎ᠳᠤ 《ᠲᠣᠭᠲᠠᠭ᠋ᠠᠯ》᠎ᠳᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ ᠪᠠ ᠤᠯᠤᠰ᠎ᠤᠨ ᠱᠤᠭᠤᠮ ᠴᠢᠭᠯᠡᠯᠲᠡ ᠲᠥᠷᠥ ᠵᠢᠨ ᠪᠣᠳᠣᠯᠭ᠎ᠠ ᠪᠠ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠬᠤ ᠬᠡᠷᠡᠭᠲᠡᠶ ᠭᠡᠵᠦ ᠲᠣᠳᠣᠷᠬᠠᠢ᠌ᠯᠠᠪᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠠᠬᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠣᠯ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠦᠨᠳᠦᠰᠦᠨ ᠪᠠᠲᠤᠯᠠᠭ᠎ᠠ ᠮᠥᠨ᠃ ᠰᠢᠨ᠎ᠡ ᠴᠠᠭ ᠦᠶ᠎ᠡ᠎ᠠᠴᠠ ᠨᠠᠭ᠋ᠠᠰᠢ᠂ ᠪᠢᠳᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠯᠤᠲᠤ ᠶᠡᠬᠡ ᠠᠮᠵᠢᠯᠲᠠ ᠪᠦᠲᠦᠮᠵᠢ ᠵᠢ ᠣᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠠᠢ᠌ᠭᠤᠯᠤᠯᠲᠠ ᠴᠢᠬᠤᠯᠠ ᠶᠡᠬᠡ ᠠᠯᠬᠤᠮ᠎ᠢ ᠠᠯᠬᠤᠵᠤ᠂ 《ᠳᠥᠷᠪᠡᠨ ᠴᠢᠬᠤᠯᠠ ᠶᠡᠬᠡ ᠬᠤᠪᠢᠷᠠᠯᠲᠠ》 ᠵᠢ ᠪᠡᠶᠡᠯᠡᠭᠦᠯᠦᠭᠰᠡᠨ᠎ᠤ ᠦᠨᠳᠦᠰᠦ᠎ᠨᠢ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠣᠨᠴᠠᠭ᠋ᠠᠢ᠌ᠯᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠳᠤ ᠪᠤᠢ᠃
      ᠬᠣᠶᠠᠷ᠎ᠲᠤ 《ᠲᠣᠭᠲᠠᠭ᠋ᠠᠯ》᠎ᠳᠤ ᠨᠢᠭᠡᠨᠲᠡ ᠰᠢᠭᠰᠢᠭᠳᠡᠭᠰᠡᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠬᠥᠯᠳᠡᠭᠡᠬᠦ ᠡᠳ᠋᠂ ᠬᠥᠭᠡᠰᠦᠷᠡᠭᠦᠯᠬᠦ ᠡᠳ᠋᠂ ᠭᠠᠯ ᠤᠨᠲᠠᠷᠠᠭ᠋ᠠᠬᠤ ᠡᠳ᠋᠂ ᠠᠭᠤᠰᠬᠠᠭᠴᠢ ᠵᠡᠷᠭᠡ᠎ᠳᠤ ᠬᠡᠷᠡᠭᠯᠡᠬᠦ ᠵᠢ ᠲᠣᠳᠣᠷᠬᠠᠢ ᠴᠠᠭ᠋ᠠᠵᠠᠯᠠᠵᠠᠢ᠃ ᠡᠭᠦᠨ᠎ᠠᠴᠠ ᠡᠮᠦᠨ᠎ᠡ᠂ ᠮᠠᠨ᠎ᠤ ᠤᠯᠤᠰ ᠨᠢᠭᠡᠨᠲᠡ ᠤᠯᠠᠨ ᠤᠯᠤᠰ᠎ᠤᠨ ᠨᠠᠢ᠌ᠳᠠ ᠵᠢᠨ ᠭᠡᠷ᠎ᠡ ᠵᠢᠨ ᠱᠠᠭ᠋ᠠᠷᠳᠠᠯᠭ᠎ᠠ ᠶᠣᠰᠣᠭ᠋ᠠᠷ ᠪᠥᠬᠥ ᠾᠯᠣᠷᠲᠤ ᠹᠯᠣᠷᠲᠤ ᠨᠡᠭᠦᠷᠦᠭᠴᠢ᠂ ᠬᠠᠯᠤᠨ᠂ ᠳᠥᠷᠪᠡᠨ ᠾᠯᠣᠷᠲᠤ ᠨᠠᠭᠦᠷᠡᠰᠦᠲᠦ᠋ᠷᠦᠭᠴᠢ᠂ ᠮᠧᠲ᠋ᠢᠯ ᠾᠯᠣᠷᠲᠤ ᠹᠤᠷᠮ ᠪᠠ ᠮᠧᠲ᠋ᠢᠯ ᠪᠷᠤᠮ ᠵᠡᠷᠭᠡ ᠲᠠᠪᠤᠨ ᠶᠡᠬᠡ ᠲᠥᠷᠥᠯ᠎ᠤᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠥᠯᠳᠡᠭᠡᠬᠦ ᠡᠳ᠋᠂ ᠬᠥᠭᠡᠰᠦᠷᠡᠭᠦᠯᠬᠦ ᠡᠳ᠋᠂ ᠭᠠᠯ ᠤᠨᠲᠠᠷᠠᠭ᠋ᠠᠬᠤ ᠡᠳ᠋᠂ ᠠᠭᠤᠰᠬᠠᠭᠴᠢ ᠵᠡᠷᠭᠡ ᠵᠢ ᠦᠢ᠍ᠯᠡᠳᠬᠦ ᠬᠡᠷᠡᠭᠴᠡᠭᠡ ᠵᠢ ᠪᠥᠬᠥ ᠲᠠᠯ᠎ᠠ᠎ᠪᠠᠷ ᠰᠢᠭᠰᠢᠭᠳᠡᠭᠦᠯᠬᠦ ᠵᠢ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠦᠭᠰᠡᠨ ᠪᠠᠢ᠌ᠨ᠎ᠠ᠃ ᠭᠡᠪᠡᠴᠦ ᠡᠲᠡᠭᠡᠷ ᠪᠣᠳᠠᠰ᠎ᠢ ᠮᠥᠨ ᠯᠡ ᠲᠦᠭᠦᠬᠡᠢ ᠡᠳ᠋᠎ᠤᠨ ᠬᠡᠷᠡᠭᠴᠡᠭᠡ ᠵᠡᠷᠭᠡ ᠲᠠᠯ᠎ᠠ᠎ᠳᠤ ᠬᠡᠷᠡᠭᠯᠡᠵᠦ ᠪᠣᠯᠣᠨ᠎ᠠ᠂ ᠬᠥᠯᠳᠡᠭᠡᠬᠦ ᠡᠳ᠋᠂ ᠬᠥᠭᠡᠰᠦᠷᠡᠭᠦᠯᠬᠦ ᠡᠳ᠋᠂ ᠭᠠᠯ ᠤᠨᠲᠠᠷᠠᠭ᠋ᠠᠬᠤ ᠡᠳ᠋᠂ ᠠᠭᠤᠰᠬᠠᠭᠴᠢ ᠵᠡᠷᠭᠡ᠎ᠳᠤ ᠤᠷᠤᠰᠤᠨ ᠣᠷᠣᠬᠤ ᠠᠶᠤᠯ ᠲᠦᠭᠰᠢᠭᠦᠷᠢ ᠣᠷᠣᠰᠢᠵᠤ ᠪᠠᠢ᠌ᠨ᠎ᠠ᠃ ᠡᠭᠦᠨ᠎ᠤ ᠲᠤᠯᠠᠳᠠ᠂ 《ᠲᠣᠭᠲᠠᠭ᠋ᠠᠯ》᠎ᠳᠤ ᠤᠯᠤᠰ᠎ᠠᠴᠠ ᠨᠢᠭᠡᠨᠲᠡ ᠰᠢᠭᠰᠢᠭᠳᠡᠭᠦᠯᠦᠭᠰᠡᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠬᠥᠯᠳᠡᠭᠡᠬᠦ ᠡᠳ᠋᠂ ᠬᠥᠭᠡᠰᠦᠷᠡᠭᠦᠯᠬᠦ ᠡᠳ᠋᠂ ᠭᠠᠯ ᠤᠨᠲᠠᠷᠠᠭ᠋ᠠᠬᠤ ᠡᠳ᠋᠂ ᠠᠭᠤᠰᠬᠠᠭᠴᠢ ᠵᠡᠷᠭᠡ᠎ᠳᠤ ᠬᠡᠷᠡᠭᠯᠡᠬᠦ ᠵᠢ ᠲᠣᠳᠣᠷᠬᠠᠢ ᠴᠠᠭ᠋ᠠᠵᠠᠯᠠᠬᠤ ᠵᠢᠨ ᠬᠠᠮᠲᠤ ᠵᠣᠬᠢᠴᠠᠩᠭᠤᠢ ᠬᠠᠤᠯᠢ ᠵᠢᠨ ᠬᠠᠷᠢᠭᠤᠴᠠᠯᠭ᠎ᠠ ᠵᠢ ᠲᠣᠭᠲᠠᠭ᠋ᠠᠵᠠᠢ᠃
      ᠭᠤᠷᠪᠠ᠎ᠳᠤ 《ᠲᠣᠭᠲᠠᠭ᠋ᠠᠯ》᠎ᠳᠤ ᠬᠠᠤᠯᠢ ᠵᠢᠨ ᠬᠠᠷᠢᠭᠤᠴᠠᠯᠭ᠎ᠠ ᠵᠢ ᠴᠢᠩᠭ᠋ᠠᠳᠬᠠᠪᠠ᠃ ᠦᠢ᠍ᠯᠡᠳᠪᠦᠷᠢᠯᠡᠯ᠎ᠤᠨ ᠲᠣᠬᠢᠷᠠᠭᠤᠯᠤᠯᠲᠠ ᠵᠢᠨ ᠲᠣᠭ᠎ᠠ ᠵᠢᠨ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠬᠡᠷᠡᠭᠴᠡᠭᠡ᠎ᠠᠴᠠ ᠬᠡᠲᠦᠷᠡᠭᠦᠯᠦᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠦᠢ᠍ᠯᠡᠳᠪᠦᠷᠢᠯᠡᠭᠰᠡᠨ ᠪᠤᠶᠤ ᠪᠣᠷᠣᠯᠠᠭᠤᠯᠤᠭᠰᠠᠨ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠵᠣᠭᠣᠰ ᠵᠶ᠋ᠠᠷ ᠲᠣᠷᠭ᠋ᠠᠬᠤ ᠲᠣᠭ᠎ᠠ ᠵᠢ ᠳᠡᠭᠡᠭᠰᠢᠯᠡᠭᠦᠯᠵᠦ᠂ ᠬᠠᠤᠯᠢ᠎ᠠᠴᠠ ᠵᠥᠷᠢᠴᠡᠭᠰᠡᠨ ᠥᠪᠡᠷ᠎ᠤᠨ ᠥᠷᠲᠡᠭ ᠳᠣᠣᠷ᠎ᠠ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠪᠡ᠃ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠡᠭᠡᠭᠦᠯᠦᠨ ᠬᠤᠷᠢᠶᠠᠬᠤ ᠵᠡᠷᠭᠡ ᠡᠵᠡᠩᠨᠡᠯᠲᠡ ᠵᠢᠨ ᠠᠵᠢᠯᠯᠠᠭ᠎ᠠ ᠬᠢᠵᠦ ᠪᠠᠢ᠌ᠭ᠎ᠠ ᠨᠢᠭᠡᠴᠢ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠲᠣᠭᠲᠠᠭ᠋ᠠᠯ ᠶᠣᠰᠣᠭ᠋ᠠᠷ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠭᠰᠡᠨ ᠦᠭᠡᠢ᠎ᠪᠠᠷ ᠰᠢᠭᠤᠳ ᠭᠠᠳᠠᠭᠰᠢᠯᠠᠭᠤᠯᠤᠭᠰᠠᠨ ᠵᠡᠷᠭᠡ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠦᠢ᠍ᠯᠡᠳᠪᠦᠷᠢᠯᠡᠯ᠎ᠢ᠎ᠨᠢ ᠵᠣᠭᠰᠣᠭ᠋ᠠᠵᠤ ᠴᠡᠭᠴᠡᠯᠡᠨ ᠵᠠᠰᠠᠬᠤ ᠪᠤᠶᠤ ᠠᠵᠢᠯ᠎ᠢ᠎ᠨᠢ ᠵᠣᠭᠰᠣᠭ᠋ᠠᠵᠤ ᠴᠡᠭᠴᠡᠯᠡᠨ ᠵᠠᠰᠠᠬᠤ ᠰᠢᠢ᠍ᠳᠬᠡᠯ᠎ᠤᠨ ᠠᠷᠭ᠎ᠠ ᠮᠠᠶᠢᠭ᠎ᠢ ᠨᠡᠮᠡᠵᠦ᠂ ᠰᠢᠢ᠍ᠳᠬᠡᠯ᠎ᠤᠨ ᠳᠦᠷᠦᠯ ᠵᠦᠢ᠍ᠯ᠎ᠢ ᠪᠠᠶᠠᠯᠢᠭᠵᠢᠭᠤᠯᠵᠤ᠂ ᠬᠠᠤᠯᠢ ᠴᠠᠭ᠋ᠠᠵᠠ ᠵᠢᠨ ᠰᠦᠷᠳᠡᠭᠦᠯᠬᠦ ᠬᠦᠴᠦᠨ᠎ᠢ ᠨᠡᠮᠡᠭᠳᠡᠭᠦᠯᠪᠡ᠃ ᠣᠷᠴᠢᠨ ᠠᠬᠤᠢ ᠵᠢᠨ ᠬᠠᠮᠠᠭ᠋ᠠᠯᠠᠯᠲᠠ ᠵᠢᠨ ᠬᠠᠤᠯᠢ᠎ᠲᠠᠢ ᠵᠣᠯᠭ᠋ᠠᠭᠤᠯᠵᠤ᠂ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠳᠬᠡᠯ ᠣᠯᠣᠭᠰᠠᠨ ᠪᠠᠢ᠌ᠪᠠᠯ᠂ ᠢᠲᠡᠭᠡᠮᠵᠢ ᠵᠢᠨ ᠲᠡᠮᠳᠡᠭᠯᠡᠯ᠎ᠳᠤ ᠲᠡᠮᠳᠡᠭᠯᠡᠬᠦ ᠵᠢᠨ ᠬᠠᠮᠲᠤ ᠨᠡᠢ᠌ᠭᠡᠮ᠎ᠳᠤ ᠨᠡᠢ᠌ᠲᠡᠯᠡᠨ᠎ᠡ ᠭᠡᠵᠦ ᠲᠣᠳᠣᠷᠬᠠᠢ ᠲᠣᠭᠲᠠᠭ᠋ᠠᠪᠠ᠃
      (ᠵᠣᠬᠢᠶᠠᠭᠴᠢ ᠪᠣᠯ ᠳᠤᠮᠳᠠᠳᠤ ᠤᠯᠤᠰ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠶᠡᠬᠡ ᠰᠤᠷᠭ᠋ᠠᠭᠤᠯᠢ ᠵᠢᠨ ᠫᠷᠣᠹᠧᠰᠰᠣᠷ ᠢᠦᠢ ᠸᠸᠨ ᠰᠢᠤᠸᠠᠨ᠂ ᠪᠡᠭᠡᠵᠢᠩ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠶᠡᠬᠡ ᠰᠤᠷᠭ᠋ᠠᠭᠤᠯᠢ ᠵᠢᠨ ᠯᠧᠺᠲ᠋ᠣᠷ ᠰᠥᠩ ᠯᠢ ᠷᠥᠩ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ② ᠳᠦᠷᠢᠮ᠎ᠤᠨ ᠪᠠᠢ᠌ᠭᠤᠯᠤᠯᠲᠠ ᠪᠣᠯᠣᠨ ᠬᠠᠮᠢᠶᠠᠷᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ ᠵᠢᠨ ᠵᠡᠷᠭᠡ᠎ᠪᠠᠷ ᠴᠢᠬᠤᠯᠠᠴᠢᠯᠠᠵᠤ ᠭᠡᠷ᠎ᠡ ᠵᠢ ᠬᠡᠷᠡᠭᠵᠢᠭᠦᠯᠬᠦ ᠰᠢᠨ᠎ᠡ ᠱᠠᠲᠤ ᠵᠢ ᠡᠬᠢᠯᠡᠭᠦᠯᠪᠡ
《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠤᠭᠰᠠᠨ ᠲᠤᠬᠠᠢ ᠲᠤᠰᠬᠠᠢ ᠮᠡᠷᠭᠡᠵᠢᠯᠲᠡᠨ᠎ᠤ ᠲᠠᠢ᠌ᠯᠤᠮᠵᠢ ③ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ᠎ᠪᠠᠷ ᠳᠠᠮᠵᠢᠭᠤᠯᠤᠨ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠤᠨ᠎ᠠ
ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯ ᠮᠠᠨᠳᠤᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠬᠡᠬᠣᠲᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠪᠤᠭᠤᠲᠤ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
 
             蒙ICP备05000248号