ᠣᠢ᠌ᠷ᠎ᠠ᠎ᠳᠤ᠂ ᠲᠥᠷᠥ ᠵᠢᠨ ᠶᠠᠪᠤᠳᠠᠯ᠎ᠤᠨ ᠬᠣᠷᠢᠶ᠎ᠠ 《〈ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ〉᠎ᠳᠤ ᠵᠠᠰᠠᠪᠤᠷᠢ ᠣᠷᠣᠭᠤᠯᠤᠭᠰᠠᠨ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ ᠨᠡᠢ᠌ᠲᠡᠯᠡᠪᠡ᠃ 2010 ᠣᠨ᠎ᠳᠤ ᠬᠡᠷᠡᠭᠵᠢᠭᠦᠯᠦᠭᠰᠡᠨ 《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠳᠦᠷᠢᠮ》 ᠪᠣᠯ ᠮᠠᠨ᠎ᠤ ᠤᠯᠤᠰ᠎ᠤᠨ 《ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠲᠤᠬᠠᠢ ᠮᠣᠨᠲᠷᠢᠶᠠᠯ (ᠺᠠᠨᠠᠳᠠ ᠵᠢᠨ ᠬᠣᠲᠠ)᠎ᠤᠨ ᠵᠥᠪᠯᠡᠯᠴᠡᠭᠡᠷ᠎ᠤᠨ ᠪᠢᠴᠢᠭ》 (ᠳᠣᠷᠣᠭᠰᠢ 《ᠵᠥᠪᠯᠡᠯᠴᠡᠭᠡᠷ᠎ᠤᠨ ᠪᠢᠴᠢᠭ》 ᠭᠡᠵᠦ ᠲᠣᠪᠴᠢᠯᠠᠨ᠎ᠠ)᠎ᠳᠤ ᠲᠣᠭᠲᠠᠭ᠋ᠠᠭᠰᠠᠨ ᠡᠭᠦᠷᠭᠡ ᠵᠢ ᠭᠦᠢ᠍ᠴᠡᠳᠬᠡᠬᠦ ᠵᠢᠨ ᠲᠥᠯᠥᠭᠡ ᠲᠣᠭᠲᠠᠭ᠋ᠠᠭᠰᠠᠨ ᠴᠢᠬᠤᠯᠠ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠮᠥᠨ᠂ ᠲᠡᠷᠡ᠎ᠨᠢ ᠮᠠᠨ᠎ᠤ ᠤᠯᠤᠰ᠎ᠤᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠢ ᠰᠢᠭᠰᠢᠭᠳᠡᠭᠦᠯᠬᠦ ᠪᠠ ᠬᠠᠮᠢᠶᠠᠷᠬᠤ ᠠᠵᠢᠯ᠎ᠳᠤ ᠬᠠᠤᠯᠢ ᠴᠠᠭ᠋ᠠᠵᠠ ᠵᠢᠨ ᠰᠠᠭᠤᠷᠢ ᠵᠢ ᠬᠠᠩᠭ᠋ᠠᠵᠤ᠂ ᠭᠡᠷ᠎ᠡ ᠵᠢ ᠭᠦᠢ᠍ᠴᠡᠳᠬᠡᠬᠦ ᠠᠵᠢᠯ᠎ᠳᠤ ᠴᠢᠬᠤᠯᠠ ᠦᠢ᠍ᠯᠡᠳᠦᠯ ᠦᠵᠡᠭᠦᠯᠦᠭᠰᠡᠨ ᠶᠤᠮ᠃ 《〈ᠣᠽᠣᠨ᠎ᠤ ᠳᠠᠪᠬᠤᠷᠭ᠎ᠠ ᠵᠢᠨ ᠪᠣᠳᠠᠰ᠎ᠢ ᠬᠣᠷᠣᠭᠳᠠᠭᠤᠯᠬᠤ ᠲᠤᠬᠠᠢ ᠮᠣᠨᠲᠷᠢᠶᠠᠯ (ᠺᠠᠨᠠᠳᠠ ᠵᠢᠨ ᠬᠣᠲᠠ)᠎ᠤᠨ ᠵᠥᠪᠯᠡᠯᠴᠡᠭᠡᠷ᠎ᠤᠨ ᠪᠢᠴᠢᠭ〉 ᠺᠢᠭ᠋ᠠᠯᠢ ᠵᠢᠨ ᠵᠠᠰᠠᠪᠤᠷᠢ ᠣᠷᠣᠭᠤᠯᠤᠭᠰᠠᠨ ᠲᠥᠰᠥᠯ》 (ᠳᠣᠷᠣᠭᠰᠢ 《ᠺᠢᠭ᠋ᠠᠯᠢ ᠵᠢᠨ ᠵᠠᠰᠠᠪᠤᠷᠢ ᠣᠷᠣᠭᠤᠯᠤᠭᠰᠠᠨ ᠲᠥᠰᠥᠯ》 ᠭᠡᠵᠦ ᠲᠣᠪᠴᠢᠯᠠᠨ᠎ᠠ)᠎ᠢ ᠲᠣᠭᠲᠠᠭ᠋ᠠᠬᠤ ᠪᠠ ᠬᠡᠷᠡᠭᠵᠢᠭᠦᠯᠬᠦ ᠵᠢ ᠳᠠᠭ᠋ᠠᠯᠳᠤᠨ᠂ 《ᠵᠥᠪᠯᠡᠯᠴᠡᠭᠡᠷ᠎ᠤᠨ ᠪᠢᠴᠢᠭ》᠎ᠤᠨ ᠴᠢᠳᠠᠮᠵᠢ᠎ᠨᠢ ᠣᠽᠣᠨ᠎ᠤ ᠳᠠᠪᠬᠤᠷᠭ᠎ᠠ ᠵᠢ ᠬᠠᠮᠠᠭ᠋ᠠᠯᠠᠵᠤ ᠪᠠᠢ᠌ᠭᠰᠠᠨ᠎ᠠᠴᠠ᠎ᠪᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠣᠯᠤᠭᠰᠠᠨ ᠪᠠᠢ᠌ᠨ᠎ᠠ᠃ ᠡᠶ᠋ᠢᠮᠦᠷᠬᠦ ᠠᠬᠤᠢ ᠪᠠᠶ᠋ᠢᠳᠠᠯ᠎ᠤᠨ ᠳᠣᠣᠷ᠎ᠠ᠂ 《ᠲᠣᠭᠲᠠᠭ᠋ᠠᠯ》᠎ᠨᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ᠎ᠳᠤ ᠢᠳᠡᠪᠬᠢᠲᠡᠢ ᠨᠥᠯᠥᠭᠡ ᠦᠵᠡᠭᠦᠯᠦᠭᠰᠡᠨ ᠪᠠᠢ᠌ᠨ᠎ᠠ᠃
ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ ᠪᠣᠯ ᠤᠯᠤᠰ ᠠᠷᠠᠳ᠎ᠤᠨ ᠠᠵᠤ ᠠᠬᠤᠢ ᠵᠢᠨ ᠲᠤᠯᠭ᠋ᠠᠭᠤᠷᠢ ᠠᠵᠤ ᠦᠢ᠍ᠯᠡᠰ ᠮᠥᠨ᠂ ᠲᠡᠷᠡ᠎ᠨᠢ ᠤᠯᠤᠰ ᠠᠷᠠᠳ᠎ᠤᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠎ᠳᠤ ᠣᠷᠣᠯᠠᠭᠤᠯᠵᠤ ᠪᠣᠯᠣᠰᠢ ᠦᠭᠡᠢ ᠦᠢ᠍ᠯᠡᠳᠦᠯ ᠵᠶ᠋ᠡᠨ ᠪᠠᠳᠠᠷᠠᠭᠤᠯᠤᠭᠰᠠᠨ ᠶᠤᠮ᠃ ᠮᠠᠨ᠎ᠤ ᠤᠯᠤᠰ ᠪᠣᠯ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠨᠢᠭᠡᠳᠦᠭᠡᠷ ᠲᠣᠮᠣ ᠤᠯᠤᠰ ᠮᠥᠨ᠂ ᠪᠠᠷᠤᠭ ᠪᠤᠢ ᠪᠦᠬᠦᠢ ᠹᠯᠣᠷ᠎ᠤᠨ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠢ ᠦᠢ᠍ᠯᠡᠳᠪᠦᠷᠢᠯᠡᠵᠦ ᠪᠣᠯᠣᠨ᠎ᠠ᠂ ᠡᠭᠦᠨ᠎ᠳᠤ 《ᠵᠥᠪᠯᠡᠯᠴᠡᠭᠡᠷ᠎ᠤᠨ ᠪᠢᠴᠢᠭ》᠎ᠤᠨ ᠬᠠᠮᠢᠶᠠᠷᠤᠨ ᠡᠵᠡᠮᠳᠡᠵᠦ ᠪᠠᠢ᠌ᠭ᠎ᠠ ᠤᠰᠤᠲᠥ᠋ᠷᠥᠭᠴᠢ ᠠᠭᠤᠯᠤᠭᠰᠠᠨ ᠾᠯᠣᠷᠲᠤ ᠹᠯᠣᠷᠲᠤ ᠨᠡᠭᠦᠷᠦᠭᠴᠢ ᠪᠣᠯᠣᠨ ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ ᠵᠡᠷᠭᠡ ᠹᠯᠣᠷᠲᠤ ᠨᠡᠭᠦᠷᠡᠰᠦᠲᠥ᠋ᠷᠥᠭᠴᠢᠲᠦ ᠬᠢᠮᠢ ᠵᠢᠨ ᠪᠣᠳᠠᠰ᠎ᠤᠨ ᠦᠢ᠍ᠯᠡᠳᠪᠦᠷᠢᠯᠡᠯ᠎ᠤᠨ ᠬᠡᠮᠵᠢᠶ᠎ᠡ ᠪᠣᠯᠣᠨ ᠬᠠᠩᠭ᠋ᠠᠯᠭ᠎ᠠ ᠵᠢᠨ ᠬᠡᠮᠵᠢᠶ᠎ᠡ᠎ᠨᠢ ᠴᠥᠮ ᠳᠡᠯᠡᠬᠡᠢ ᠵᠢᠨ ᠶᠡᠷᠦᠩᠬᠡᠢ ᠬᠡᠮᠵᠢᠶᠡᠨ᠎ᠤ 70%᠎ᠠᠴᠠ ᠳᠡᠭᠡᠭᠰᠢᠬᠢ ᠵᠢ ᠡᠵᠡᠯᠡᠵᠦ᠂ ᠭᠡᠷ᠎ᠡ ᠵᠢ ᠭᠦᠢ᠍ᠴᠡᠳᠬᠡᠬᠦ ᠤᠯᠠᠨ ᠤᠯᠤᠰ᠎ᠤᠨ ᠲᠠᠪᠴᠠᠩ᠎ᠳᠠᠬᠢ ᠭᠣᠣᠯ ᠲᠣᠭᠯᠠᠭᠴᠢ ᠪᠣᠯᠣᠨ᠎ᠠ᠃ 《ᠲᠣᠭᠲᠠᠭ᠋ᠠᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠲᠥᠷᠥᠯ᠎ᠤᠨ ᠡᠵᠡᠩᠨᠡᠯᠲᠡ ᠵᠢᠨ ᠠᠵᠢᠯᠯᠠᠭ᠎ᠠ ᠵᠢ ᠴᠢᠩᠭ᠎ᠠ ᠵᠢᠷᠤᠮᠵᠢᠭᠤᠯᠤᠨ᠂ ᠪᠣᠬᠢᠷᠲᠤᠯ ᠦᠭᠡᠢ ᠬᠥᠭᠵᠢᠯᠲᠡ ᠵᠢ ᠦᠷᠭᠦᠯᠵᠢᠯᠡᠨ ᠠᠬᠢᠭᠤᠯᠬᠤ ᠪᠣᠯ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠵᠠᠢ᠌ᠯᠠᠭᠤᠯᠵᠤ ᠪᠣᠯᠣᠰᠢ ᠦᠭᠡᠢ ᠲᠡᠦᠬᠡᠲᠦ ᠬᠠᠷᠢᠭᠤᠴᠠᠯᠭ᠎ᠠ ᠮᠥᠨ᠃
ᠨᠢᠭᠡ᠎ᠳᠤ᠂ ᠭᠡᠷ᠎ᠡ ᠵᠢ ᠭᠦᠢ᠍ᠴᠡᠳᠬᠡᠬᠦ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠳᠦᠷᠦᠯ᠎ᠤᠨ ᠪᠣᠬᠢᠷᠲᠤᠯ ᠦᠭᠡᠢ ᠬᠥᠭᠵᠢᠯᠲᠡ ᠵᠢᠨ ᠴᠢᠭᠯᠡᠯ᠎ᠢ ᠲᠣᠳᠣᠷᠬᠠᠢ᠌ᠯᠠᠪᠠ᠃ ᠠᠬᠤᠢ ᠪᠠᠶ᠋ᠢᠳᠠᠯ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ 《ᠺᠢᠭ᠋ᠠᠯᠢ ᠵᠢᠨ ᠵᠠᠰᠠᠪᠤᠷᠢ ᠣᠷᠣᠭᠤᠯᠤᠭᠰᠠᠨ ᠲᠥᠰᠥᠯ》᠎ᠤᠨ ᠰᠢᠨ᠎ᠡ ᠱᠠᠭ᠋ᠠᠷᠳᠠᠯᠭ᠎ᠠ ᠵᠢ ᠪᠣᠳᠣᠯᠬᠢᠯᠠᠨ᠂ 《ᠲᠣᠭᠲᠠᠭ᠋ᠠᠯ》᠎ᠳᠤ ᠡᠵᠡᠮᠰᠢᠭᠳᠡᠬᠦ ᠪᠣᠳᠠᠰ᠎ᠤᠨ ᠬᠡᠪᠴᠢᠶ᠎ᠡ᠎ᠳᠤ ᠲᠣᠬᠢᠷᠠᠭᠤᠯᠤᠯᠲᠠ ᠬᠢᠵᠦ᠂ ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ ᠵᠢ 《ᠳᠤᠮᠳᠠᠳᠤ ᠤᠯᠤᠰ᠎ᠤᠨ ᠡᠵᠡᠮᠰᠢᠭᠳᠡᠵᠦ ᠪᠠᠢ᠌ᠭ᠎ᠠ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠨᠠᠷᠢᠨ ᠲᠠᠩᠰᠠ》᠎ᠳᠤ ᠵᠢᠭᠰᠠᠭ᠋ᠠᠨ ᠣᠷᠣᠭᠤᠯᠬᠤ᠎ᠳᠤ ᠲᠥᠬᠥᠮ ᠦᠵᠡᠭᠦᠯᠦᠨ᠂ ᠬᠠᠤᠯᠢ ᠴᠠᠭ᠋ᠠᠵᠠ ᠵᠢᠨ ᠳᠦᠷᠢᠮ᠎ᠤᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠵᠤ᠂ ᠬᠣᠶ᠋ᠢᠰᠢᠳᠠ ᠵᠢᠨ ᠭᠡᠷ᠎ᠡ ᠵᠢ ᠭᠦᠢ᠍ᠴᠡᠳᠬᠡᠬᠦ ᠠᠵᠢᠯ᠎ᠳᠤ ᠵᠢᠷᠤᠮᠯᠠᠯ ᠬᠠᠩᠭ᠋ᠠᠭᠰᠠᠨ ᠮᠥᠷᠲᠡᠭᠡᠨ ᠠᠵᠢᠯ ᠲᠥᠷᠥᠯ᠎ᠤᠨ ᠪᠣᠬᠢᠷᠲᠤᠯ ᠦᠭᠡᠢ ᠬᠥᠭᠵᠢᠯᠲᠡ ᠵᠢᠨ ᠴᠢᠭᠯᠡᠯ᠎ᠢ ᠨᠠᠩ ᠲᠣᠳᠣᠷᠬᠠᠢ ᠪᠣᠯᠭ᠋ᠠᠭᠰᠠᠨ ᠪᠠᠢ᠌ᠨ᠎ᠠ᠃ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠨᠢ 《ᠲᠣᠭᠲᠠᠭ᠋ᠠᠯ》᠎ᠤᠨ ᠱᠠᠭ᠋ᠠᠷᠳᠠᠯᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠠᠵᠢᠯ ᠲᠥᠷᠥᠯ᠎ᠤᠨ ᠭᠡᠷ᠎ᠡ᠎ᠪᠠᠨ ᠭᠦᠢ᠍ᠴᠡᠳᠬᠡᠬᠦ ᠤᠬᠠᠮᠰᠠᠷ᠎ᠢ ᠴᠢᠩᠭ᠋ᠠᠳᠬᠠᠨ᠂ ᠭᠡᠷ᠎ᠡ᠎ᠪᠠᠨ ᠭᠦᠢ᠍ᠴᠡᠳᠬᠡᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠤᠰᠤᠲᠥ᠋ᠷᠥᠭᠴᠢ ᠠᠭᠤᠯᠤᠭᠰᠠᠨ ᠾᠯᠣᠷᠲᠤ ᠹᠯᠣᠷᠲᠤ ᠨᠡᠭᠦᠷᠦᠭᠴᠢ ᠵᠢᠨ ᠠᠵᠢᠯ ᠲᠥᠷᠥᠯ᠎ᠤᠨ ᠰᠢᠭᠰᠢᠭᠳᠡᠭᠦᠯᠬᠦ ᠬᠠᠮᠢᠶᠠᠷᠤᠯᠲᠠ ᠵᠢᠨ ᠲᠥᠯᠥᠪᠯᠡᠭᠡ ᠵᠢ ᠦᠷᠭᠦᠯᠵᠢᠯᠡᠨ ᠰᠠᠶ᠋ᠢᠲᠤᠷ ᠪᠡᠶᠡᠯᠡᠭᠦᠯᠬᠦ ᠵᠢᠨ ᠬᠠᠮᠲᠤ᠂ 《2024 ᠣᠨ᠎ᠤ ᠤᠰᠤᠲᠥ᠋ᠷᠥᠭᠴᠢ ᠹᠯᠣᠷᠲᠤ ᠨᠡᠭᠦᠷᠡᠰᠦᠲᠥ᠋ᠷᠥᠭᠴᠢᠲᠦ ᠨᠢᠭᠡᠳᠪᠦᠷᠢ ᠵᠢᠨ ᠬᠤᠪᠢᠶᠠᠷᠢᠯᠠᠯᠲᠠ ᠵᠢᠨ ᠶᠡᠷᠦᠩᠬᠡᠢ ᠬᠡᠮᠵᠢᠶ᠎ᠡ ᠵᠢ ᠲᠣᠭᠲᠠᠭ᠋ᠠᠬᠤ ᠪᠠ ᠬᠤᠪᠢᠶᠠᠷᠢᠯᠠᠬᠤ ᠲᠥᠰᠥᠯ》 ᠪᠣᠯᠣᠨ ᠬᠤᠪᠢᠶᠠᠷᠢᠯᠠᠯᠲᠠ ᠵᠢᠨ ᠲᠣᠭ᠎ᠠ ᠵᠢᠨ ᠬᠠᠮᠢᠶᠠᠷᠤᠯᠲᠠ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠵᠤ᠂ ᠦᠢ᠍ᠯᠡᠳᠪᠦᠷᠢᠯᠡᠯ᠎ᠢ ᠰᠠᠶ᠋ᠢᠲᠤᠷ ᠵᠣᠬᠢᠶᠠᠨ ᠪᠠᠢ᠌ᠭᠤᠯᠬᠤ ᠬᠡᠷᠡᠭᠲᠡᠶ᠃ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢᠲᠦ ᠨᠢᠭᠡᠳᠪᠦᠷᠢ ᠵᠢᠨ ᠣᠷᠣᠯᠠᠬᠤ ᠪᠣᠳᠠᠰ᠎ᠢ ᠰᠤᠳᠤᠯᠤᠨ ᠨᠡᠭᠡᠭᠡᠬᠦ ᠪᠠ ᠦᠢ᠍ᠯᠡᠳᠪᠦᠷᠢᠯᠡᠬᠦ ᠲᠥᠯᠦᠪᠵᠢᠭᠦᠯᠭᠡ ᠵᠢᠨ ᠲᠠᠯ᠎ᠠ᠎ᠪᠠᠷ 《ᠺᠢᠭ᠋ᠠᠯᠢ᠎ᠳᠤ ᠵᠠᠰᠠᠪᠤᠷᠢ ᠣᠷᠣᠭᠤᠯᠬᠤ ᠲᠥᠰᠥᠯ》᠎ᠤᠨ ᠱᠠᠭ᠋ᠠᠷᠳᠠᠯᠭ᠎ᠠ ᠪᠠ ᠦᠢ᠍ᠯᠡᠳᠬᠦᠨ᠎ᠤ ᠪᠣᠬᠢᠷᠲᠤᠯ ᠦᠭᠡᠢ ᠬᠥᠭᠵᠢᠯᠲᠡ ᠵᠢᠨ ᠴᠢᠭᠯᠡᠯ᠎ᠳᠤ ᠨᠡᠢ᠌ᠴᠡᠭᠦᠯᠬᠦ ᠵᠢ ᠪᠠᠷᠢᠮᠲᠠᠯᠠᠬᠤ ᠬᠡᠷᠡᠭᠲᠡᠶ᠃ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ᠎ᠬᠢᠨ ᠥᠩᠭᠡᠷᠡᠭᠰᠡᠨ ᠭᠤᠴᠢ ᠭᠠᠷᠤᠢ ᠵᠢᠯ᠎ᠤᠨ ᠭᠡᠷ᠎ᠡ ᠭᠦᠢ᠍ᠴᠡᠳᠬᠡᠬᠦ ᠶᠠᠪᠤᠴᠠ᠎ᠳᠤ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ᠎ᠳᠤ ᠯᠤᠲᠤ ᠶᠡᠬᠡ ᠬᠤᠪᠢ ᠨᠡᠮᠡᠷᠢ ᠦᠵᠡᠭᠦᠯᠦᠭᠰᠡᠨ ᠶᠤᠮ᠂ ᠢᠷᠡᠭᠡᠳᠦᠢ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠬᠤ ᠰᠢᠨ᠎ᠡ ᠠᠶᠠᠨ ᠵᠠᠮ᠎ᠳᠤ ᠴᠤ᠌ ᠨᠠᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠎ᠨᠢ ᠯᠠᠪᠲᠠᠢ ᠶᠤᠮ᠃
ᠬᠣᠶᠠᠷ᠎ᠲᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠰᠢᠯᠢᠳᠡᠭᠵᠢᠭᠦᠯᠵᠦ᠂ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠴᠢᠳᠠᠪᠬᠢ ᠵᠢ ᠳᠡᠭᠡᠭᠰᠢᠯᠡᠭᠦᠯᠦᠨ᠎ᠡ᠃ 《ᠲᠣᠭᠲᠠᠭ᠋ᠠᠯ》᠎ᠳᠤ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠰᠢᠯᠢᠳᠡᠭᠵᠢᠭᠦᠯᠦᠨ ᠲᠣᠬᠢᠷᠠᠭᠤᠯᠵᠤ᠂ ᠦᠢ᠍ᠯᠡᠳᠪᠦᠷᠢᠯᠡᠯ᠎ᠤᠨ ᠶᠠᠪᠤᠴᠠ᠎ᠳᠤ ᠳᠠᠭ᠋ᠠᠯᠳᠤᠨ ᠡᠭᠦᠰᠦᠭᠰᠡᠨ ᠣᠽᠣᠨ᠎ᠤ ᠳᠠᠪᠬᠤᠷᠭ᠎ᠠ ᠵᠢ ᠬᠣᠷᠣᠭᠳᠠᠭᠤᠯᠬᠤ ᠪᠣᠳᠠᠰ᠎ᠤᠨ ᠠᠵᠢᠯᠯᠠᠭ᠎ᠠ᠎ᠳᠤ ᠲᠣᠳᠣᠷᠬᠠᠢ ᠲᠣᠭᠲᠠᠭ᠋ᠠᠯ ᠭᠠᠷᠭ᠋ᠠᠵᠤ᠂ ᠬᠣᠯᠪᠣᠭᠳᠠᠯ ᠪᠦᠬᠦᠢ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠢ ᠠᠦ᠋ᠲ᠋ᠣ᠋ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠵᠤ᠂ ᠲᠣᠣᠷᠵᠢᠭᠤᠯᠤᠨ ᠳᠠᠮᠵᠢᠭᠤᠯᠬᠤ ᠠᠷᠭ᠎ᠠ ᠪᠠᠷᠢᠯ᠎ᠢ ᠬᠡᠷᠡᠭᠯᠡᠨ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠦᠨᠡᠨ ᠪᠣᠳᠠᠲᠠᠢ ᠪᠥᠭᠡᠳ ᠣᠨᠣᠪᠴᠢᠲᠠᠢ ᠪᠠᠶ᠋ᠢᠬᠤ ᠵᠢ ᠦᠨᠡᠨ ᠬᠦ᠌ ᠪᠠᠲᠤᠯᠠᠵᠤ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠶ ᠭᠡᠵᠦ ᠱᠠᠭ᠋ᠠᠷᠳᠠᠵᠠᠢ᠃ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠨᠢ ᠠᠮᠢ ᠠᠬᠤᠢ ᠣᠷᠴᠢᠨ ᠲᠣᠭᠣᠷᠢᠨ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢ ᠢᠳᠡᠪᠬᠢᠲᠡᠢ ᠳᠡᠮᠵᠢᠬᠦ ᠪᠠ ᠬᠠᠮᠵᠢᠯᠴᠠᠵᠤ᠂ ᠬᠣᠯᠪᠣᠭᠳᠠᠯ ᠪᠦᠬᠦᠢ ᠠᠵᠤ ᠠᠬᠤᠢ᠌ᠯᠠᠯ᠎ᠨᠢ ᠡᠯ᠎ᠡ ᠵᠦᠢ᠍ᠯ᠎ᠤᠨ ᠬᠠᠮᠢᠶᠠᠷᠤᠯᠲᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ᠂ ᠬᠢᠨᠠᠨ ᠬᠡᠮᠵᠢᠬᠦ ᠲᠥᠬᠦᠭᠡᠷᠦᠮᠵᠢ ᠵᠢ ᠪᠠᠷᠢᠮᠵᠢᠶ᠎ᠠ ᠶᠣᠰᠣᠭ᠋ᠠᠷ ᠬᠤᠳᠠᠯᠳᠤᠨ ᠠᠪᠴᠤ ᠤᠭᠰᠠᠷᠠᠬᠤ ᠵᠢᠨ ᠬᠠᠮᠲᠤ᠂ ᠲᠥᠬᠦᠭᠡᠷᠦᠮᠵᠢ ᠵᠢᠨ ᠬᠡᠪ᠎ᠤᠨ ᠶᠣᠰᠣᠭ᠋ᠠᠷ ᠠᠵᠢᠯᠯᠠᠬᠤ ᠪᠠ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠣᠨᠣᠪᠴᠢᠲᠠᠢ ᠪᠥᠭᠡᠳ ᠴᠠᠭ ᠲᠤᠬᠠᠢᠳᠤᠨᠢ ᠳᠠᠮᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
ᠭᠤᠷᠪᠠ᠎ᠳᠤ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠭᠡᠷ᠎ᠡ ᠵᠢ ᠬᠡᠷᠡᠭᠵᠢᠭᠦᠯᠬᠦ ᠲᠥᠯᠥᠪᠯᠡᠭᠡ ᠵᠢ ᠬᠡᠷᠡᠭᠵᠢᠭᠦᠯᠬᠦ ᠵᠢ ᠪᠠᠲᠤᠯᠠᠨ᠎ᠠ᠃ 《ᠲᠣᠭᠲᠠᠭ᠋ᠠᠯ》᠎ᠳᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠬᠦ ᠡᠷᠴᠢᠮ᠎ᠢ ᠴᠢᠩᠭ᠋ᠠᠷᠠᠭᠤᠯᠵᠤ᠂ ᠵᠣᠭᠣᠰ ᠵᠶ᠋ᠠᠷ ᠲᠣᠷᠭ᠋ᠠᠬᠤ ᠲᠣᠭ᠎ᠠ ᠵᠢ ᠨᠡᠮᠡᠭᠳᠡᠭᠦᠯᠦᠨ᠂ ᠰᠢᠢ᠍ᠳᠬᠡᠬᠦ ᠳᠦᠷᠦᠯ ᠵᠦᠢ᠍ᠯ᠎ᠢ ᠲᠡᠭᠦᠯᠳᠡᠷᠵᠢᠭᠦᠯᠪᠡ᠃ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ᠎ᠬᠢᠨ ᠤᠯᠠᠨ ᠵᠢᠯ᠎ᠤᠨ ᠲᠤᠷᠰᠢ᠂ ᠵᠠᠰᠠᠭ᠎ᠤᠨ ᠣᠷᠳᠣᠨ᠎ᠠᠴᠠ ᠬᠠᠤᠯᠢ ᠵᠢ ᠵᠥᠷᠢᠴᠡᠭᠰᠡᠨ ᠦᠢ᠍ᠯᠡᠳᠪᠦᠷᠢᠯᠡᠯ᠎ᠤᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠡᠷᠴᠢᠮ ᠵᠶ᠋ᠡᠨ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠢ ᠴᠡᠪᠡᠷᠰᠢᠭᠦᠯᠦᠨ᠂ ᠲᠥᠪ ᠭᠣᠣᠯᠴᠢ᠎ᠪᠠᠷ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠪᠤᠢ ᠪᠣᠯᠭ᠋ᠠᠵᠤ᠂ ᠬᠠᠤᠯᠢ ᠶᠣᠰᠣᠨ᠎ᠤ ᠠᠵᠤ ᠠᠬᠤᠢ᠌ᠯᠠᠯ᠎ᠤᠨ ᠡᠷᠬᠡ ᠠᠰᠢᠭ᠎ᠢ ᠬᠠᠮᠠᠭ᠋ᠠᠯᠠᠬᠤ ᠬᠡᠷᠡᠭᠲᠡᠶ ᠭᠡᠵᠦ ᠤᠷᠢᠶᠠᠯᠠᠭᠰᠠᠭ᠋ᠠᠷ ᠢᠷᠠᠵᠠᠢ᠃ 《ᠲᠣᠭᠲᠠᠭ᠋ᠠᠯ》᠎ᠨᠢ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ ᠪᠠ ᠭᠡᠷ᠎ᠡ ᠭᠦᠢ᠍ᠴᠡᠳᠬᠡᠬᠦ ᠠᠵᠢᠯ᠎ᠳᠤ ᠯᠠᠪᠲᠠᠢ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠬᠦ ᠶᠤᠮ᠃
(ᠵᠣᠬᠢᠶᠠᠭᠴᠢ ᠪᠣᠯ ᠳᠤᠮᠳᠠᠳᠤ ᠤᠯᠤᠰ᠎ᠤᠨ ᠴᠢᠯᠠᠭᠤᠨ ᠲᠣᠰᠣ ᠪᠠ ᠬᠢᠮᠢ ᠵᠢᠨ ᠠᠵᠤ ᠦᠢ᠍ᠯᠡᠳᠪᠦᠷᠢ ᠵᠢᠨ ᠬᠣᠯᠪᠣᠭ᠋ᠠᠲᠤ ᠬᠤᠷᠠᠯ᠎ᠤᠨ ᠶᠠᠰᠤ ᠴᠢᠨᠠᠷ ᠠᠮᠤᠷ ᠲᠦᠪᠰᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠳᠡᠳ᠋ ᠡᠷᠬᠢᠯᠡᠭᠴᠢ ᠵᠤᠸᠠᠩ ᠰᠢᠶᠠᠩ ᠨᠢᠩ)