ᠰᠢ ᠵᠢᠨ ᠫᠢᠩ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ᠎ᠳᠠᠭᠠᠨ ᠴᠢᠬᠤᠯᠠᠴᠢᠯᠠᠭᠰᠠᠨ᠎ᠨᠢ
ᠨᠡᠩ ᠥᠨᠳᠥᠷ ᠭᠠᠷᠤᠭ᠎ᠠ᠎ᠠᠴᠠ ᠳᠤᠮᠳᠠ ᠣᠷᠣᠨ᠎ᠤ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠡᠣᠯᠣᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ 20᠎ᠤ ᠡᠳᠦᠷ᠎ᠤᠨ ᠦᠳᠡ ᠵᠢᠨ ᠬᠣᠢ᠌ᠨ᠎ᠠ ᠬᠤᠨᠠᠨ ᠮᠤᠵᠢ ᠵᠢᠨ ᠴᠠᠩᠱ᠌ᠠ ᠬᠣᠲᠠ᠎ᠳᠤ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠯ ᠮᠠᠨᠳᠤᠯ᠎ᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠬᠤ ᠵᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ᠎ᠤ ᠤᠯᠤᠰ᠎ᠤᠨ ᠴᠢᠬᠤᠯᠠ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢᠨ᠂ ᠡᠨᠧᠷᠭᠢ ᠵᠢᠨ ᠰᠤᠷᠪᠤᠯᠵᠢ ᠲᠦᠭᠦᠬᠡᠢ ᠮᠠᠲ᠋ᠧᠷᠢᠶᠠᠯ᠎ᠤᠨ ᠰᠠᠭᠤᠷᠢᠨ᠂ ᠣᠳᠣ ᠦᠶ᠎ᠡ ᠵᠢᠨ ᠲᠣᠨᠣᠭᠯᠠᠯ ᠦᠢ᠍ᠯᠡᠳᠬᠦ ᠵᠢᠴᠢ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠰᠠᠭᠤᠷᠢᠨ ᠭᠠᠵᠠᠷ ᠪᠣᠯᠣᠨ ᠶᠡᠷᠦᠩᠬᠡᠢ᠌ᠯᠡᠭᠰᠡᠨ ᠵᠠᠮ ᠲᠡᠭᠡᠭᠡᠪᠦᠷᠢ ᠵᠢᠨ ᠬᠦᠢ᠍ᠰᠦ ᠪᠣᠯᠬᠣᠷ ᠪᠦᠬᠦ ᠤᠯᠤᠰ᠎ᠲᠤ ᠮᠠᠰᠢ ᠴᠢᠬᠤᠯᠠ ᠪᠠᠶ᠋ᠢᠷᠢ ᠰᠠᠭᠤᠷᠢ᠎ᠲᠠᠢ ᠶᠤᠮ᠃ ᠨᠠᠮ᠎ᠤᠨ ᠲᠥᠪ ᠬᠣᠷᠢᠶᠠᠨ᠎ᠤ ᠳᠤᠮᠳᠠ ᠣᠷᠣᠨ᠎ᠤ ᠬᠥᠭᠵᠢᠯᠲᠡ ᠵᠢ ᠠᠬᠢᠭᠤᠯᠬᠤ ᠠᠯᠢ ᠤᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠢᠮᠠᠭᠲᠠ ᠰᠠᠶ᠋ᠢᠲᠤᠷ ᠠᠳᠬᠤᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠶᠠᠪᠤᠴᠠ᠎ᠳᠤ ᠳᠤᠮᠳᠠ ᠣᠷᠣᠨ᠎ᠤ ᠬᠥᠭᠵᠢᠯᠲᠡ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠨᠠᠮ᠎ᠤᠨ ᠲᠥᠪ ᠬᠣᠷᠢᠶᠠᠨ᠎ᠤ ᠡᠣᠯᠣᠰ ᠳᠣᠢ᠌ᠷᠪ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠳᠣᠢ᠌ᠷᠪ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ᠂ ᠨᠠᠮ᠎ᠤᠨ ᠲᠥᠪ ᠬᠣᠷᠢᠶᠠᠨ᠎ᠤ ᠡᠣᠯᠣᠰ ᠳᠣᠢ᠌ᠷᠪ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠨᠠᠮ᠎ᠤᠨ ᠲᠥᠪ ᠬᠣᠷᠢᠶᠠᠨ᠎ᠤ ᠠᠯᠪᠠᠨ ᠭᠡᠷ᠎ᠤᠨ ᠲᠢᠩᠬᠢᠮ᠎ᠤᠨ ᠡᠷᠬᠢᠯᠡᠭᠴᠢ ᠼᠠᠢ ᠴᠢ᠂ ᠨᠠᠮ᠎ᠤᠨ ᠲᠥᠪ ᠬᠣᠷᠢᠶᠠᠨ᠎ᠤ ᠡᠣᠯᠣᠰ ᠳᠣᠢ᠌ᠷᠪ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠨ᠂ ᠳᠣᠢ᠌ᠷᠪ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ᠎ᠳᠤ ᠣᠷᠣᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠵᠧᠩ ᠵᠠ ᠵᠢᠶᠧ᠂ ᠱᠠᠨ ᠰᠢ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠲᠠᠩ ᠳ᠋ᠧᠩ ᠵᠢᠶᠧ᠂ ᠠᠨᠾᠦ᠋ᠢ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠬᠠᠨ ᠵᠢᠶᠦ᠋ᠨ᠂ ᠵᠢᠶᠠᠩᠰᠢ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠶᠢᠨ ᠬᠣᠩ᠂ ᠾᠧᠨᠠᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠯᠧᠦ ᠶᠠᠩ ᠱᠧᠩ᠂ ᠬᠤᠪᠧᠢ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠸᠠᠩ ᠮᠧᠩ ᠬᠤᠢ᠂ ᠬᠤᠨᠠᠨ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠱᠧᠨ ᠰᠢᠶᠣᠣ ᠮᠢᠩ ᠤᠷᠢᠳ ᠬᠣᠵᠢᠳ ᠶᠠᠷᠢᠶ᠎ᠠ ᠲᠠᠯᠪᠢᠵᠤ᠂ ᠳᠤᠮᠳᠠ ᠣᠷᠣᠨ᠎ᠤ ᠬᠥᠭᠵᠢᠯᠲᠡ ᠵᠢ ᠠᠬᠢᠭᠤᠯᠬᠤ ᠠᠵᠢᠯ᠎ᠤᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠬᠢᠵᠦ᠂ ᠰᠠᠨᠠᠯ ᠰᠠᠨᠠᠭᠤᠯᠭ᠎ᠠ ᠳᠤᠷᠠᠳᠪᠠ᠃
ᠤᠯᠠᠨ᠎ᠤ ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠭᠡᠷ᠎ᠡ ᠤᠳᠠᠭ᠋ᠠᠨ᠎ᠤ ᠣᠷᠣᠨ᠎ᠤ ᠬᠥᠭᠵᠢᠯᠲᠡ ᠵᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠰᠠᠨ᠎ᠠᠴᠠ ᠨᠠᠭ᠋ᠠᠰᠢᠬᠢ 5 ᠵᠢᠯ᠎ᠤᠨ ᠲᠤᠷᠰᠢ᠂ ᠳᠤᠮᠳᠠ ᠣᠷᠣᠨ᠎ᠤ ᠠᠵᠤ ᠠᠬᠤᠢ ᠶᠡᠷᠦᠩᠬᠡᠢ᠎ᠳᠡᠭᠡᠨ ᠲᠣᠭᠲᠠᠭᠤᠨ ᠪᠠᠢ᠌ᠵᠤ᠂ ᠰᠢᠨ᠎ᠡ ᠵᠢ ᠡᠭᠦᠳᠬᠦ ᠬᠥᠭᠵᠢᠯᠲᠡ ᠵᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭ᠋ᠠᠷᠠᠵᠤ᠂ ᠠᠵᠤ ᠦᠢ᠍ᠯᠡᠰ᠎ᠤᠨ ᠰᠠᠭᠤᠷᠢ ᠢᠯᠡᠳᠲᠡ ᠰᠠᠢ᠌ᠵᠢᠷᠠᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ᠎ᠢ ᠠᠯᠬᠤᠵᠤ᠂ ᠨᠡᠢ᠌ᠭᠡᠮ᠎ᠤᠨ ᠦᠢ᠍ᠯᠡᠰ ᠪᠦᠬᠦ ᠲᠠᠯ᠎ᠠ᠎ᠪᠠᠷ ᠬᠥᠭᠵᠢᠵᠦ᠂ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠠᠯᠬᠤᠴᠠ ᠲᠦᠷᠭᠡᠳᠴᠦ᠂ ᠳᠤᠮᠳᠠ ᠣᠷᠣᠨ᠎ᠤ ᠬᠥᠭᠵᠢᠯᠲᠡ ᠨᠡᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ᠎ᠤ ᠵᠡᠷᠭᠡᠴᠡᠭᠡ᠎ᠪᠠᠷ ᠳᠤᠮᠳᠠ ᠬᠡᠰᠡᠭ᠎ᠤᠨ ᠭᠠᠵᠠᠷ ᠣᠷᠣᠨ᠎ᠤ ᠬᠥᠭᠵᠢᠯᠲᠡ ᠵᠢ ᠠᠬᠢᠭᠤᠯᠬᠤ᠎ᠳᠤ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭ᠋ᠠᠷᠠᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠂ ᠡᠭᠦᠨ᠎ᠢ ᠦᠨᠡᠨ ᠬᠦ᠌ ᠰᠤᠳᠤᠯᠤᠨ ᠰᠢᠢ᠍ᠳᠪᠦᠷᠢᠯᠡᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠬᠥᠲᠥᠯᠥᠨ ᠳᠠᠭ᠋ᠠᠭᠤᠯᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠢᠳᠡᠪᠬᠢᠲᠡᠢ ᠪᠣᠢ᠌ᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠵᠢᠨ ᠠᠵᠤ ᠠᠬᠤᠢ ᠭᠡᠬᠦ ᠡᠨᠡ ᠬᠦ᠌ ᠰᠠᠭᠤᠷᠢ᠎ᠳᠤ ᠰᠠᠭᠤᠷᠢᠯᠠᠨ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠢᠳᠡᠪᠬᠢᠲᠡᠢ᠎ᠪᠠᠷ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠢ᠌ᠷᠢᠰᠢᠭᠤᠯᠤᠨ ᠪᠦᠲᠦᠭᠡᠨ ᠪᠠᠢ᠌ᠭᠤᠯᠵᠤ᠂ ᠲᠡᠷᠢᠭᠦᠨ᠎ᠤ ᠦᠢ᠍ᠯᠡᠳᠬᠦ ᠦᠢ᠍ᠯᠡᠰ ᠵᠶ᠋ᠡᠷ ᠲᠤᠯᠭ᠋ᠠᠭᠤᠷᠢ ᠪᠣᠯᠭ᠋ᠠᠭᠰᠠᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠬᠤ ᠬᠡᠷᠡᠭᠳᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠨᠡᠩ ᠴᠢᠬᠤᠯᠠᠴᠢᠯᠠᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠵᠤ᠂ ᠠᠵᠤ ᠦᠢ᠍ᠯᠡᠰ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠬᠤ ᠴᠢᠳᠠᠪᠤᠷᠢ ᠵᠢ ᠨᠡᠮᠡᠭᠳᠡᠭᠦᠯᠬᠦ ᠬᠡᠷᠡᠭᠳᠡᠢ᠃ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠡᠬᠢᠨ᠎ᠤ ᠪᠠ ᠡᠴᠦᠰ᠎ᠤᠨ ᠠᠵᠤ ᠦᠢ᠍ᠯᠡᠰ ᠨᠢᠭᠲᠠ ᠬᠠᠮᠲᠤᠷᠠᠯᠴᠠᠭᠰᠠᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠠᠭᠤᠰᠤᠯᠴᠠᠨ ᠨᠡᠪᠲᠡᠷᠡᠯᠴᠡᠵᠦ ᠰᠢᠨ᠎ᠡ ᠵᠢ ᠡᠭᠦᠳᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠬᠦ ᠬᠡᠷᠡᠭᠳᠡᠢ᠃ ᠦᠢ᠍ᠯᠡᠳᠬᠦ ᠦᠢ᠍ᠯᠡᠰ᠎ᠤᠨ ᠴᠢᠬᠤᠯᠠ ᠶᠡᠬᠡ ᠮᠡᠷᠭᠡᠵᠢᠯ᠎ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠪᠠ ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠦᠢ᠍ᠯᠡᠳᠬᠦ ᠦᠢ᠍ᠯᠡᠰ᠎ᠢ ᠳᠡᠭᠡᠳᠦ ᠳᠡᠰᠵᠢᠬᠦᠯᠬᠦ᠂ ᠣᠶᠤᠨᠴᠢᠯᠠᠬᠤ᠂ ᠪᠣᠬᠢᠷᠲᠤᠯ ᠦᠬᠡᠢ᠌ᠵᠢᠬᠦᠯᠦᠨ ᠬᠥᠭᠵᠢᠭᠦᠯᠬᠦ ᠵᠢ ᠠᠬᠢᠭᠤᠯᠤᠨ᠂ ᠤᠯᠠᠮᠵᠢᠯᠠᠯᠲᠤ ᠠᠵᠤ ᠦᠢ᠍ᠯᠡᠰ᠎ᠢ ᠰᠢᠨ᠎ᠡ ᠠᠮᠢᠵᠢᠷᠠᠯ᠎ᠤᠨ ᠬᠦᠴᠦᠨ᠎ᠲᠠᠢ ᠪᠣᠯᠭ᠋ᠠᠬᠤ ᠬᠡᠷᠡᠭᠳᠡᠢ ᠭᠡᠵᠦ ᠴᠢᠬᠤᠯᠠᠴᠢᠯᠠᠵᠠᠢ᠃
ᠰᠢ ᠵᠢᠨ ᠫᠢᠩ᠂ ᠪᠤᠰᠤᠳ ᠴᠢᠬᠤᠯᠠ ᠶᠡᠬᠡ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠯᠤᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠨᠡᠩ ᠰᠠᠶ᠋ᠢᠲᠤᠷ ᠠᠭᠤᠰᠤᠯᠴᠠᠬᠤ ᠪᠠ ᠲᠤᠯᠭ᠋ᠠᠭᠤᠷᠢᠯᠠᠭᠤᠯᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠎ᠲᠠᠢ ᠭᠦᠨᠵᠡᠭᠡᠢ ᠵᠤᠯᠭ᠋ᠠᠯᠴᠠᠭ᠎ᠠ ᠵᠢ ᠴᠢᠩᠭ᠋ᠠᠳᠬᠠᠵᠤ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠵᠢᠨ ᠬᠥᠭᠵᠢᠯᠲᠡ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ᠎ᠯᠦᠭᠡ ᠠᠭᠤᠰᠤᠯᠴᠠᠨ ᠬᠠᠮᠲᠤᠷᠠᠯᠴᠠᠬᠤ ᠵᠢ ᠴᠢᠩᠭ᠋ᠠᠳᠬᠠᠬᠤ ᠬᠡᠷᠡᠭᠳᠡᠢ᠃ ᠠᠵᠤ ᠦᠢ᠍ᠯᠡᠰ᠎ᠢ ᠱᠠᠲᠤᠯᠢᠭ ᠰᠢᠯᠵᠢᠭᠦᠯᠬᠦ ᠵᠢ ᠡᠮᠬᠢ ᠵᠢᠷᠤᠮ᠎ᠲᠠᠢ᠎ᠪᠠᠷ ᠬᠦᠯᠢᠶᠡᠨ ᠠᠪᠴᠤ᠂ ᠠᠵᠤ ᠦᠢ᠍ᠯᠡᠰ᠎ᠤᠨ ᠪᠠᠢ᠌ᠷᠢᠰᠢᠯ᠎ᠢ ᠰᠢᠯᠢᠳᠡᠭᠵᠢᠭᠦᠯᠬᠦ ᠬᠡᠷᠡᠭᠳᠡᠢ᠃ ᠣᠳᠣᠬᠢᠴᠢᠯᠠᠭᠰᠠᠨ ᠵᠠᠮ ᠬᠠᠷᠢᠯᠴᠠᠭ᠋ᠠᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠳᠤᠮᠳᠠ ᠣᠷᠣᠨ᠎ᠤ ᠶᠡᠬᠡ ᠵᠠᠮ᠎ᠤᠨ ᠪᠠᠢ᠌ᠷᠢᠰᠢᠯ᠎ᠢ ᠴᠢᠩᠭ᠋ᠠᠳᠬᠠᠬᠤ ᠬᠡᠷᠡᠭᠳᠡᠢ᠃ ᠣᠷᠣᠨ ᠪᠦᠰᠡ ᠵᠢᠨ ᠳᠣᠲᠣᠷᠠᠬᠢ ᠮᠤᠵᠢ ᠵᠢᠨ ᠬᠣᠭᠤᠷᠤᠨᠳᠤᠬᠢ ᠬᠠᠮᠲᠤᠷᠠᠯᠴᠠᠭ᠋ᠠᠨ᠎ᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ ᠬᠢᠷᠢ ᠲᠦᠪᠰᠢᠨ᠎ᠢ ᠳᠡᠬᠡᠭᠰᠢᠯᠡᠬᠦᠯᠬᠦ ᠬᠡᠷᠡᠭᠳᠡᠢ᠃ ᠬᠥᠬᠡᠮᠥ᠋ᠷᠡᠨ᠎ᠤ ᠳᠤᠮᠳᠠᠳᠤ ᠤᠷᠤᠰᠬᠠᠯ᠎ᠤᠨ ᠬᠤᠳᠠ ᠵᠢᠨ ᠪᠥᠭᠡᠮᠨᠡᠷᠡᠯ ᠪᠠ ᠵᠦᠩᠶᠤᠸᠠᠨ ᠣᠷᠣᠨ᠎ᠤ ᠬᠤᠳᠠ ᠵᠢᠨ ᠪᠥᠭᠡᠮᠨᠡᠷᠡᠯ᠎ᠤᠨ ᠬᠥᠭᠵᠢᠯᠲᠡ ᠵᠢ ᠶᠡᠬᠡ᠎ᠪᠠᠷ ᠠᠬᠢᠭᠤᠯᠵᠤ᠂ ᠬᠤᠳᠠ ᠵᠢᠨ ᠬᠦᠷᠢᠶᠡᠨ᠎ᠤ ᠬᠣᠭᠤᠷᠤᠨᠳᠤᠬᠢ ᠵᠣᠬᠢᠴᠠᠯᠳᠤᠨ ᠬᠣᠯᠪᠣᠯᠳᠤᠬᠤ ᠵᠢ ᠴᠢᠩᠭ᠋ᠠᠳᠬᠠᠵᠤ᠂ ᠡᠷᠬᠢᠨ ᠲᠣᠭᠣᠷᠢᠨ᠎ᠤ ᠭᠠᠵᠠᠷ ᠣᠷᠣᠨ᠎ᠤ ᠬᠥᠭᠵᠢᠯᠲᠡ ᠵᠢ ᠨᠡᠩ ᠰᠠᠶ᠋ᠢᠲᠤᠷ ᠨᠥᠯᠥᠭᠡᠯᠡᠨ ᠳᠠᠢ᠌ᠴᠢᠯᠠᠬᠤ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠶᠡᠬᠡ ᠦᠷᠢᠰᠦᠯᠳᠦᠬᠦ ᠬᠦᠴᠦᠨ᠎ᠲᠠᠢ ᠳᠣᠲᠣᠭ᠋ᠠᠳᠤ ᠬᠠᠭᠤᠷᠠᠢ ᠵᠢᠨ ᠨᠡᠭᠡᠭᠡᠯᠲᠡ ᠵᠢᠨ ᠥᠨᠳᠥᠷᠯᠢᠭ᠎ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠡᠭᠦᠯᠳᠡᠷᠵᠢᠭᠦᠯᠵᠦ᠂ ᠣᠷᠣᠨ ᠨᠤᠲᠤᠭ᠎ᠤᠨ ᠬᠠᠮᠠᠭ᠋ᠠᠯᠠᠯᠲᠠ ᠵᠢᠨ ᠦᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠢᠯᠭ᠋ᠠᠷᠠᠭᠤᠯᠤᠨ ᠵᠠᠯᠠᠷᠠᠭᠤᠯᠵᠤ᠂ ᠡᠯ᠎ᠡ ᠵᠦᠢ᠍ᠯ᠎ᠤᠨ ᠦᠢ᠍ᠯᠡᠳᠪᠦᠷᠢᠯᠡᠯ᠎ᠤᠨ ᠬᠦᠴᠦᠨ᠎ᠤ ᠡᠯᠧᠮᠧᠨ᠋ᠲ᠎ᠤᠨ ᠣᠷᠣᠨ ᠪᠦᠰᠡ ᠠᠯᠤᠰᠯᠠᠨ ᠵᠦᠢ ᠵᠣᠬᠢᠰᠲᠠᠢ᠎ᠪᠠᠷ ᠰᠢᠯᠵᠢᠬᠦ ᠪᠠ ᠰᠢᠯᠢᠳᠡᠭᠵᠢᠭᠦᠯᠦᠨ ᠲᠣᠬᠢᠷᠠᠭᠤᠯᠬᠤ ᠵᠢ ᠠᠬᠢᠭᠤᠯᠵᠤ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ᠎ᠳᠤ ᠨᠡᠩ ᠰᠠᠶ᠋ᠢᠲᠤᠷ ᠤᠷᠤᠯᠴᠠᠬᠤ ᠬᠡᠷᠡᠭᠳᠡᠢ᠃ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠲᠣᠭᠲᠠᠭᠤᠨ ᠵᠶ᠋ᠠᠷ ᠥᠷᠭᠡᠳᠬᠡᠵᠦ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢ᠌ᠭᠤᠯᠬᠤ᠎ᠳᠤ ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠵᠢᠨ ᠡᠬᠡ ᠬᠠᠭᠤᠷᠠᠢ ᠵᠢᠨ ᠬᠥᠭᠥᠷᠭᠡ᠂ ᠪᠠᠷᠠᠭᠤᠨ ᠬᠡᠰᠡᠭ᠎ᠤᠨ ᠡᠬᠡ ᠬᠠᠭᠤᠷᠠᠢ ᠲᠡᠯᠡᠢ ᠵᠢᠨ ᠰᠢᠨ᠎ᠡ ᠨᠡᠪᠲᠡᠷᠡᠬᠦ ᠵᠠᠮ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢ᠌ᠭᠤᠯᠵᠤ᠂ ᠨᠡᠩ ᠤᠯᠠᠨ ᠥᠨᠳᠥᠷ ᠡᠨᠧᠷᠭᠢ ᠵᠢᠨ ᠲᠡᠰ᠎ᠤᠨ ᠭᠠᠳᠠᠭ᠋ᠠᠳᠤ ᠨᠡᠭᠡᠭᠡᠯᠲᠡ ᠵᠢᠨ ᠬᠠᠮᠲᠤᠷᠠᠯᠴᠠᠭ᠋ᠠᠨ᠎ᠤ ᠲᠠᠪᠴᠠᠩ᠎ᠢ ᠪᠠᠢ᠌ᠭᠤᠯᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠣᠰ ᠣᠷᠴᠢᠯ᠎ᠢ ᠬᠣᠯᠪᠣᠯᠳᠤᠭᠤᠯᠤᠨ ᠨᠡᠪᠲᠡᠷᠡᠭᠦᠯᠬᠦ ᠲᠠᠯ᠎ᠠ᠎ᠪᠠᠷ ᠨᠡᠩ ᠶᠡᠬᠡ ᠦᠢ᠍ᠯᠡᠳᠦᠯ ᠦᠵᠡᠭᠦᠯᠬᠦ ᠬᠡᠷᠡᠭᠳᠡᠢ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢ᠌ᠴᠢᠯᠡᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯᠧᠮᠧᠨ᠋ᠲ᠎ᠤᠨ ᠡᠬᠢ ᠪᠠᠶᠠᠯᠢᠭ᠎ᠢ ᠲᠠᠲᠠᠬᠤ ᠬᠦᠴᠦᠨ᠎ᠢ ᠴᠢᠩᠭ᠋ᠠᠷᠠᠭᠤᠯᠬᠤ ᠬᠡᠷᠡᠭᠳᠡᠢ᠃ 《ᠬᠣᠶᠠᠷ ᠤᠭᠲᠤ ᠭᠤᠶ᠋ᠢᠪᠢᠰᠢ ᠦᠭᠡᠢ ᠪᠠᠢ᠌ᠬᠤ》 ᠵᠢ ᠪᠠᠷᠢᠮᠲᠠᠯᠠᠵᠤ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠬᠦᠴᠦᠷᠬᠡᠭᠵᠢᠨ ᠰᠢᠯᠢᠳᠡᠭᠵᠢᠵᠦ ᠪᠤᠵᠠᠭ᠋ᠠᠢ᠌ᠷᠠᠬᠤ ᠵᠢ ᠳᠡᠮᠵᠢᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠪᠣᠬᠢᠷᠲᠤᠯ ᠦᠭᠡᠢ ᠪᠠᠭ᠎ᠠ ᠨᠡᠬᠦᠷᠡᠰᠦᠳᠦᠷᠦᠭᠴᠢ᠎ᠳᠦ ᠬᠥᠭᠵᠢᠯᠲᠡ ᠵᠢ ᠬᠠᠮᠵᠢᠯᠴᠠᠨ ᠠᠬᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠ ᠣᠷᠣᠨ᠎ᠢ ᠲᠦᠷᠭᠡᠨ ᠪᠦᠲᠦᠭᠡᠨ ᠪᠠᠢ᠌ᠭᠤᠯᠬᠤ ᠬᠡᠷᠡᠭᠲᠡᠢ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠦᠷᠭᠦᠯᠵᠢᠯᠡᠨ ᠭᠦᠨᠵᠡᠭᠡᠢ ᠰᠠᠶ᠋ᠢᠲᠤᠷ ᠬᠢᠵᠦ᠂ ᠶᠡᠬᠡ ᠭᠣᠣᠯ ᠮᠥᠷᠡᠨ ᠪᠣᠯᠣᠨ ᠴᠢᠬᠤᠯᠠ ᠨᠠᠭᠤᠷ ᠲᠣᠭᠣᠷᠢᠮ᠎ᠤᠨ ᠠᠮᠢ ᠠᠬᠤᠢ ᠵᠢᠨ ᠣᠷᠴᠢᠨ ᠲᠣᠭᠣᠷᠢᠨ᠎ᠢ ᠰᠢᠰᠲ᠋ᠧᠮ᠎ᠲᠠᠢ ᠵᠠᠰᠠᠬᠤ᠂ ᠶᠡᠷᠦᠩᠬᠡᠢ᠌ᠯᠡᠨ ᠵᠠᠰᠠᠬᠤ᠂ ᠬᠠᠮᠵᠢᠯᠴᠠᠨ ᠵᠠᠰᠠᠬᠤ ᠵᠢ ᠴᠢᠩᠭ᠋ᠠᠳᠬᠠᠵᠤ᠂ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠴᠤᠭᠯᠠᠭᠤᠯᠬᠤ ᠪᠠ ᠰᠢᠢ᠍ᠳᠪᠦᠷᠢᠯᠡᠬᠦ ᠲᠥᠬᠦᠭᠡᠷᠦᠮᠵᠢ ᠵᠢᠨ ᠳᠤᠲᠠᠭᠤᠳᠠᠯ᠎ᠢ ᠲᠦᠷᠭᠡᠨ ᠨᠥᠬᠥᠪᠦᠷᠢᠯᠡᠬᠦ ᠬᠡᠷᠡᠭᠳᠡᠢ᠃ ᠠᠵᠤ ᠦᠢ᠍ᠯᠡᠰ᠂ ᠡᠨᠧᠷᠭᠢ ᠵᠢᠨ ᠰᠤᠷᠪᠤᠯᠵᠢ᠂ ᠵᠠᠮ ᠲᠡᠭᠡᠭᠡᠪᠦᠷᠢ ᠵᠢᠨ ᠪᠦᠲᠦᠴᠡ ᠵᠢᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠢ ᠲᠦᠷᠭᠡᠪᠴᠢᠯᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠡᠬᠢ ᠪᠠᠶᠠᠯᠢᠭ᠎ᠢ ᠠᠷᠪᠢᠲᠠᠢ ᠡᠷᠴᠢᠮᠯᠢᠭ ᠡᠷᠭᠢᠯᠳᠦᠭᠦᠯᠦᠨ ᠠᠰᠢᠭᠯᠠᠬᠤ ᠵᠢ ᠴᠢᠩᠭ᠋ᠠᠳᠬᠠᠬᠤ ᠬᠡᠷᠡᠭᠳᠡᠢ᠃ ᠰᠠᠪᠠ ᠭᠠᠵᠠᠷ᠎ᠤᠨ ᠬᠥᠨᠳᠡᠯᠡᠨ ᠴᠢᠭᠯᠡᠯ ᠵᠶ᠋ᠡᠷ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠥᠭᠬᠦ ᠲᠣᠭᠲᠠᠴᠠ ᠪᠠ ᠠᠮᠢ ᠠᠬᠤᠢ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠠᠵᠤ ᠦᠢ᠍ᠯᠡᠰ᠎ᠢ ᠠᠮᠢ ᠠᠬᠤᠢ᠌ᠵᠢᠭᠤᠯᠬᠤ ᠪᠠ ᠠᠮᠢ ᠠᠬᠤᠢ ᠵᠢ ᠠᠵᠤ ᠦᠢ᠍ᠯᠡᠰᠵᠢᠭᠦᠯᠬᠦ ᠵᠢ ᠠᠬᠢᠭᠤᠯᠬᠤ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠥᠳᠡᠭᠡ ᠲᠣᠰᠬᠤᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠣᠲᠠ ᠬᠥᠳᠡᠭᠡ ᠵᠢᠨ ᠬᠣᠭᠤᠷᠤᠨᠳᠤᠬᠢ ᠤᠯᠠᠨ ᠨᠠᠢ᠌ᠳᠠ ᠵᠢᠨ ᠡᠬᠢ ᠪᠠᠶᠠᠯᠢᠭ᠎ᠢ ᠲᠡᠩᠴᠡᠭᠦᠷᠢᠲᠡᠢ ᠲᠣᠬᠢᠷᠠᠭᠤᠯᠬᠤ ᠪᠠ ᠦᠢ᠍ᠯᠡᠳᠪᠦᠷᠢᠯᠡᠯ᠎ᠤᠨ ᠡᠯᠧᠮᠧᠨ᠋ᠲ᠎ᠢ ᠴᠢᠯᠦᠭᠡᠲᠡᠢ ᠰᠢᠯᠵᠢᠭᠦᠯᠬᠦ ᠵᠢ ᠠᠬᠢᠭᠤᠯᠵᠤ᠂ ᠬᠣᠲᠠ ᠵᠢᠨ ᠰᠠᠭᠤᠷᠢ ᠲᠥᠬᠦᠭᠡᠷᠦᠮᠵᠢ ᠪᠠ ᠤᠯᠠᠨ ᠨᠠᠢ᠌ᠳᠠ ᠵᠢᠨ ᠦᠢ᠍ᠯᠡᠴᠢᠯᠡᠭᠡ ᠵᠢ ᠬᠥᠳᠡᠭᠡ ᠲᠣᠰᠬᠤᠨ ᠲᠡᠢ᠌ᠰᠢ ᠤᠷᠲᠤᠳᠬᠠᠬᠤ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠰᠠᠭᠤᠷᠢ ᠲᠥᠬᠦᠭᠡᠷᠦᠮᠵᠢ ᠵᠢ ᠤᠯᠠᠮ ᠴᠢᠨᠠᠭᠰᠢᠳᠠ ᠰᠠᠢ᠌ᠵᠢᠷᠠᠭᠤᠯᠵᠤ᠂ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠲᠠ ᠵᠢ ᠴᠢᠩᠭ᠋ᠠᠳᠬᠠᠵᠤ᠂ ᠲᠠᠷᠢᠶᠠᠯᠠᠩ᠎ᠤᠨ ᠵᠣᠬᠢᠰᠲᠠᠢ ᠭᠡᠪᠴᠢᠶᠡᠵᠢᠯ᠎ᠳᠤ ᠡᠵᠡᠩᠨᠡᠯᠲᠡ ᠵᠢ ᠠᠬᠢᠭᠤᠯᠵᠤ᠂ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ᠎ᠤ ᠥᠭᠡᠷᠡᠴᠢᠯᠡᠯᠲᠡ ᠵᠢ ᠤᠯᠠᠮ ᠴᠢᠨᠠᠭᠰᠢᠳᠠ ᠭᠦᠨᠵᠡᠭᠡᠢ᠌ᠷᠡᠭᠦᠯᠵᠦ᠂ ᠲᠠᠷᠢᠶᠠᠯᠠᠩ᠎ᠢ ᠬᠦᠴᠦᠷᠬᠡᠭᠵᠢᠭᠦᠯᠦᠨ ᠲᠠᠷᠢᠶᠠᠴᠢᠳ᠎ᠲᠤ ᠠᠰᠢᠭ ᠬᠦᠷᠲᠡᠭᠡᠵᠦ ᠠᠷᠠᠳ᠎ᠢ ᠪᠠᠶᠠᠵᠢᠭᠤᠯᠬᠤ ᠵᠢ ᠳᠡᠮᠵᠢᠬᠦ ᠳᠦᠷᠢᠮ᠎ᠢ ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠬᠥᠭᠵᠢᠯᠲᠡ ᠵᠢᠨ ᠠᠮᠢᠳᠤᠯᠢᠭ ᠬᠦᠴᠦᠨ᠎ᠢ ᠭᠦᠢ᠍ᠴᠡᠳ ᠬᠥᠭᠵᠢᠭᠡᠬᠦ ᠬᠡᠷᠡᠭᠲᠡᠢ᠃ ᠬᠣᠰᠢᠭᠤ ᠰᠢᠶᠠᠨ᠎ᠤ ᠠᠵᠤ ᠠᠬᠤᠢ ᠵᠢ ᠶᠡᠬᠡ᠎ᠪᠠᠷ ᠬᠥᠭᠵᠢᠭᠦᠯᠵᠦ᠂ ᠰᠢᠨ᠎ᠡ ᠨᠡᠮᠡᠭᠳᠡᠯ᠎ᠤᠨ ᠴᠡᠭ᠎ᠢ ᠪᠤᠢ ᠪᠣᠯᠭ᠋ᠠᠬᠤ ᠬᠡᠷᠡᠭᠲᠡᠢ᠃ ᠬᠤᠪᠢᠰᠬᠠᠯ᠎ᠤᠨ ᠡᠷᠲᠡ ᠴᠢᠯᠦᠭᠡᠯᠡᠭᠳᠡᠭᠰᠡᠨ ᠣᠷᠣᠨ ᠪᠣᠯᠣᠨ ᠬᠥᠭᠵᠢᠭᠡᠳᠦᠢ ᠰᠢᠶᠠᠨ (ᠬᠣᠲᠠ᠂ ᠲᠣᠭᠣᠷᠢᠭ)᠎ᠢ ᠬᠥᠭᠵᠢᠭᠦᠯᠦᠨ ᠮᠠᠨᠳᠤᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠳᠤᠲᠠᠭᠤᠳᠠᠯ᠎ᠢ ᠨᠥᠬᠥᠪᠦᠷᠢᠯᠡᠨ᠂ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠢ᠌ᠷᠠᠭᠤᠯᠵᠤ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠷᠠᠭᠤᠯᠬᠤ ᠬᠡᠷᠡᠭᠲᠡᠢ᠃ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠪᠦᠷᠢᠨᠰᠢᠭᠦᠯᠵᠦ᠂ ᠬᠡᠪᠴᠢᠶᠡᠵᠢᠯ᠎ᠤᠨ ᠴᠢᠨᠠᠷᠲᠠᠢ ᠲᠠᠬᠢᠨ ᠶᠠᠳᠠᠭᠤᠷᠠᠬᠤ ᠵᠢ ᠰᠡᠷᠭᠡᠢ᠌ᠯᠡᠬᠦ ᠬᠡᠷᠡᠭᠲᠡᠢ᠃ ᠬᠥᠳᠡᠭᠡ ᠲᠣᠰᠬᠤᠨ᠎ᠤ ᠰᠣᠶᠣᠯ᠎ᠢ ᠬᠥᠭᠵᠢᠭᠦᠯᠦᠨ ᠮᠠᠨᠳᠤᠭᠤᠯᠬᠤ ᠵᠢ ᠶᠡᠬᠡ᠎ᠪᠠᠷ ᠠᠬᠢᠭᠤᠯᠵᠤ᠂ ᠬᠡᠪ ᠵᠠᠩᠰᠢᠯ᠎ᠢ ᠥᠭᠡᠷᠡᠴᠢᠯᠡᠬᠦ ᠵᠢ ᠠᠬᠢᠭᠤᠯᠬᠤ ᠬᠡᠷᠡᠭᠲᠡᠢ᠃ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ ᠵᠶ᠋ᠠᠷ ᠵᠠᠰᠠᠬᠤ ᠵᠢ ᠤᠶᠠᠯᠳᠤᠭᠤᠯᠤᠭᠰᠠᠨ ᠦᠨᠳᠦᠰᠦᠨ ᠱᠠᠲᠤᠨ᠎ᠤ ᠵᠠᠰᠠᠯᠲᠠ ᠵᠢᠨ ᠰᠢᠰᠲ᠋ᠧᠮ᠎ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠵᠢᠨ 《ᠹᠧᠩ ᠴᠢᠶᠣᠣ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠵᠢ ᠪᠠᠢ᠌ᠩᠭᠤᠵᠢᠭᠤᠯᠬᠤ ᠵᠢ ᠪᠡᠶᠡᠯᠡᠭᠦᠯᠵᠦ᠂ ᠢᠳᠡᠪᠬᠢᠲᠡᠢ ᠪᠥᠭᠡᠳ ᠡᠷᠡᠭᠦᠯ ᠨᠡᠢ᠌ᠭᠡᠮ᠎ᠤᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠬᠠᠷᠢᠯᠴᠠᠨ ᠠᠬᠢᠭᠤᠯᠬᠤ ᠵᠢ ᠪᠠᠷᠢᠮᠲᠠᠯᠠᠵᠤ᠂ ᠠᠮᠤ ᠪᠤᠳᠠᠭ᠎ᠠ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠪᠠᠨ ᠴᠢᠷᠮᠠᠢ᠌ᠨ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠬᠠᠮᠠᠭ᠋ᠠᠯᠠᠯᠲᠠ ᠵᠢᠨ ᠣᠷᠣᠨ ᠪᠠ ᠣᠨᠴᠠᠯᠢᠭᠲᠤ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠤ ᠪᠦᠲᠦᠭᠡᠨ ᠪᠠᠢ᠌ᠭᠤᠯᠤᠯᠲᠠ ᠵᠢ ᠴᠢᠨᠠᠷ ᠰᠠᠢ᠌ᠲᠠᠢ ᠠᠬᠢᠭᠤᠯᠵᠤ᠂ ᠨᠢᠭᠡ ᠪᠦᠯᠦᠭ ᠪᠣᠬᠢᠷᠳᠤᠯ ᠦᠭᠡᠢ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠢ ᠦᠢ᠍ᠯᠡᠳᠪᠦᠷᠢᠯᠡᠬᠦ ᠪᠤᠯᠪᠠᠰᠤᠷᠠᠭᠤᠯᠬᠤ ᠬᠠᠩᠭ᠋ᠠᠬᠤ ᠰᠠᠭᠤᠷᠢᠨ᠎ᠢ ᠪᠤᠢ ᠪᠣᠯᠭ᠋ᠠᠵᠤ᠂ ᠠᠮᠤ ᠪᠤᠳᠠᠭ᠎ᠠ ᠵᠡᠷᠭᠡ ᠴᠢᠬᠤᠯᠠ ᠬᠥᠳᠡᠭᠡ ᠠᠵᠤ ᠠᠬᠤᠢ ᠵᠢᠨ ᠪᠦᠲᠦᠭᠡᠭᠳᠡᠬᠦᠨ᠎ᠤ ᠲᠣᠭᠲᠠᠭᠤᠨ ᠪᠥᠭᠡᠳ ᠠᠮᠤᠷ ᠲᠦᠪᠰᠢᠨ ᠬᠠᠩᠭ᠋ᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃ ᠨᠡᠭᠦᠷᠡᠰᠦ᠂ ᠬᠣᠪᠣᠷ ᠰᠢᠷᠣᠢ ᠵᠡᠷᠭᠡ ᠡᠬᠢ ᠪᠠᠶᠠᠯᠢᠭ᠎ᠢ ᠨᠡᠭᠡᠭᠡᠨ ᠠᠰᠢᠭᠯᠠᠬᠤ ᠬᠢᠷᠢ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠵᠢᠨ ᠦᠨᠳᠦᠰᠦᠨ ᠵᠦᠢ᠍ᠯ᠎ᠢ ᠪᠠᠲᠤᠯᠠᠬᠤ ᠴᠢᠳᠠᠪᠤᠷᠢ ᠵᠢ ᠴᠢᠩᠭ᠋ᠠᠷᠠᠭᠤᠯᠤᠨ᠂ ᠰᠢᠨ᠎ᠡ ᠮᠠᠶᠢᠭ᠎ᠤᠨ ᠡᠨᠧᠷᠭᠢ ᠵᠢᠨ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠵᠢᠨ ᠤᠯᠠᠨ ᠡᠨᠧᠷᠭᠢ ᠬᠠᠷᠢᠯᠴᠠᠨ ᠨᠥᠬᠥᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠵᠢ ᠴᠢᠬᠤᠯᠠᠴᠢᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ ᠬᠠᠮᠤᠭ ᠰᠡᠬᠦᠯ᠎ᠳᠤ᠂ ᠲᠥᠪ᠎ᠤᠨ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢᠨ ᠤᠳᠤᠷᠢᠳᠬᠤ ᠳᠤᠭᠤᠢ᠌ᠯᠠᠩ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠣᠳᠬᠤ᠎ᠪᠠᠨ ᠴᠢᠩᠭ᠋ᠠᠳᠬᠠᠵᠤ᠂ ᠲᠥᠪ᠎ᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠢᠨ᠎ᠡ ᠴᠠᠭ ᠦᠶ᠎ᠡ ᠵᠢᠨ ᠳᠤᠮᠳᠠ ᠣᠷᠣᠨ᠎ᠤ ᠬᠥᠭᠵᠢᠨ ᠮᠠᠨᠳᠤᠬᠤ ᠵᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ᠂ ᠴᠢᠬᠤᠯᠠ ᠶᠡᠬᠡ ᠥᠭᠡᠷᠡᠴᠢᠯᠡᠯᠲᠡ ᠵᠢᠨ ᠵᠦᠢ᠍ᠯᠡᠰ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ᠎ᠲᠠᠢ ᠲᠤᠰᠬᠠᠢ᠌ᠵᠢᠭᠰᠠᠨ ᠺᠠᠳ᠋ᠷ᠎ᠤᠨ ᠡᠩᠨᠡᠭᠡ ᠵᠢ ᠬᠦᠴᠦᠯᠡᠨ ᠪᠠᠢ᠌ᠭᠤᠯᠵᠤ᠂ ᠬᠢᠨᠠᠨ ᠰᠢᠯᠭ᠋ᠠᠵᠤ ᠤᠷᠮᠠᠰᠢᠭᠤᠯᠬᠤ ᠳᠦᠷᠢᠮ᠎ᠢ ᠪᠠᠢ᠌ᠭᠤᠯᠤᠨ ᠪᠦᠷᠢᠨᠰᠢᠭᠦᠯᠵᠦ᠂ ᠺᠠᠳ᠋ᠷ᠎ᠤᠨ ᠵᠣᠷᠢᠭᠲᠠᠢ᠎ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢ᠌ᠯᠭ᠎ᠠ ᠭᠠᠷᠭ᠋ᠠᠬᠤ ᠵᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠢ ᠴᠢᠶᠠᠩ ᠶᠠᠷᠢᠶᠠᠨ᠎ᠳᠠᠭᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠ ᠣᠷᠣᠨ᠎ᠤ ᠭᠠᠵᠠᠷ ᠣᠷᠣᠨ᠎ᠢ ᠪᠦᠬᠦᠢ᠌ᠯᠡ ᠤᠯᠤᠰ᠎ᠤᠨ ᠨᠤᠲᠤᠭ ᠳᠡᠪᠢᠰᠬᠡᠷ ᠳᠤᠮᠳᠠ ᠲᠠᠯᠪᠢᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ ᠵᠢ ᠲᠤᠯᠭ᠋ᠠᠭᠤᠷᠢᠯᠠᠬᠤ ᠳᠤᠮᠳᠠ ᠪᠠᠢ᠌ᠷᠢ ᠲᠣᠭᠲᠠᠭ᠋ᠠᠨ ᠪᠣᠳᠣᠯᠬᠢᠯᠠᠵᠤ᠂ ᠣᠷᠣᠨ ᠪᠠᠢ᠌ᠷᠢ ᠵᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠎ᠢ ᠬᠥᠭᠵᠢᠯᠲᠡ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠬᠤ᠎ᠪᠠᠷ ᠴᠢᠷᠮᠠᠢ᠌ᠬᠤ ᠬᠡᠷᠡᠭᠲᠡᠢ᠃ ᠳᠤᠮᠳᠠ ᠣᠷᠣᠨ᠎ᠤ ᠭᠠᠵᠠᠷ ᠣᠷᠣᠨ᠎ᠤ᠎ᠬᠢᠨ ᠪᠤᠰᠤᠳ ᠣᠷᠣᠨ ᠪᠦᠰᠡ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠤᠯᠭ᠋ᠠᠯᠴᠠᠵᠤ᠂ ᠵᠡᠭᠦᠨ ᠣᠷᠣᠨ᠎ᠤ ᠭᠠᠵᠠᠷ ᠣᠷᠣᠨ᠎ᠤ ᠠᠵᠤ ᠦᠢ᠍ᠯᠡᠰ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠢᠳᠡᠪᠬᠢᠲᠡᠢ᠎ᠪᠠᠷ ᠣᠷᠣᠭᠤᠯᠤᠨ ᠠᠪᠴᠢᠷᠠᠵᠤ᠂ ᠪᠠᠷᠠᠭᠤᠨ ᠣᠷᠣᠨ᠎ᠤ ᠭᠠᠵᠠᠷ ᠣᠷᠣᠨ᠎ᠢ ᠨᠥᠯᠥᠭᠡᠯᠡᠨ ᠳᠠᠢ᠌ᠴᠢᠯᠠᠬᠤ ᠦᠢ᠍ᠯᠡᠳᠦᠯ ᠵᠶ᠋ᠡᠨ ᠴᠢᠩᠭ᠋ᠠᠳᠬᠠᠨ᠂ ᠭᠠᠳᠠᠭ᠋ᠠᠳᠤ ᠨᠡᠭᠡᠭᠡᠯᠲᠡ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ ᠲᠠᠯ᠎ᠠ᠎ᠪᠠᠨ ᠳᠠᠪᠲᠠᠨ ᠪᠤᠯᠪᠠᠰᠤᠷᠠᠭᠤᠯᠵᠤ ᠳᠤᠲᠠᠭᠤᠳᠠᠯ ᠵᠶ᠋ᠠᠨ ᠨᠥᠬᠥᠪᠦᠷᠢᠯᠡᠵᠦ᠂ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠡᠷᠭᠡ ᠲᠠᠯ᠎ᠠ᠎ᠪᠠᠷ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠯᠳᠠ ᠴᠢᠳᠠᠪᠤᠷᠢ᠎ᠪᠠᠨ ᠪᠠᠳᠠᠷᠠᠭᠤᠯᠵᠤ᠂ ᠣᠷᠣᠨ ᠪᠦᠰᠡ ᠵᠢᠨ ᠳᠣᠲᠣᠭ᠋ᠠᠳᠤ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠬᠤ᠂ ᠪᠦᠬᠦᠯᠢ ᠴᠣᠭᠴᠠ᠎ᠪᠠᠷ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠵᠤ᠂ ᠳᠤᠮᠳᠠ ᠣᠷᠣᠨ᠎ᠤ ᠪᠦᠬᠦᠯᠢ ᠴᠣᠭᠴᠠ ᠵᠢᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃
ᠳ᠋ᠢᠩ ᠰᠢᠤᠸᠠᠢ ᠰᠢᠶᠠᠩ ᠶᠠᠷᠢᠶᠠᠨ᠎ᠳᠠᠭᠠᠨ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠴᠢᠩᠭ᠎ᠠ ᠡᠵᠡᠮᠳᠡᠵᠦ᠂ ᠳᠤᠮᠳᠠ ᠣᠷᠣᠨ᠎ᠤ ᠬᠥᠭᠵᠢᠯ ᠮᠠᠨᠳᠤᠯ᠎ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠶᠡᠬᠡ᠎ᠪᠠᠷ ᠳᠡᠭᠡᠭᠰᠢᠯᠡᠭᠦᠯᠵᠦ᠂ ᠴᠢᠨᠠᠷ ᠰᠠᠢ᠌ᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠤ ᠰᠠᠢ᠌ᠨ ᠬᠤᠷᠰᠢᠯ᠎ᠢ ᠪᠡᠶᠡᠯᠡᠭᠦᠯᠬᠦ ᠬᠡᠷᠡᠭᠲᠡᠢ᠃ ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠪᠠ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠴᠥᠬᠥᠷᠡᠰᠢ ᠦᠭᠡᠢ ᠰᠠᠢ᠌ᠲᠤᠷ ᠠᠳᠬᠤᠵᠤ᠂ ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠳᠤᠯ ᠦᠭᠡᠢ ᠳᠡᠪᠢᠰᠬᠡᠷ ᠥᠩᠭᠡ ᠵᠢ ᠵᠤᠵᠠᠭ᠋ᠠᠳᠬᠠᠬᠤ ᠬᠡᠷᠡᠭᠲᠡᠢ ᠭᠡᠵᠦ ᠢᠯᠡᠳᠬᠡᠪᠡ᠃
ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ᠍ ᠬᠣᠩ ᠶᠠᠷᠢᠯᠴᠠᠬᠤ ᠬᠤᠷᠠᠯ᠎ᠳᠤ ᠣᠷᠣᠯᠴᠠᠵᠤ᠂ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠣᠷᠣᠨ ᠨᠤᠲᠤᠭ᠂ ᠬᠣᠯᠪᠣᠭᠳᠠᠯ ᠪᠦᠬᠦᠢ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ᠃