ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠬᠡᠬᠣᠲᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-04-26

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 4 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠬᠥᠬᠡᠬᠣᠲᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ᠃ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠤᠤ ᠵᠢᠶᠠᠩ ᠲᠤᠤ᠂ ᠳᠡᠳ᠋ ᠳᠤᠭᠤᠢ᠌ᠯᠠᠩ᠎ᠤᠨ ᠳᠠᠷᠤᠭ᠎ᠠ ᠹᠠᠨ ᠮᠢᠩ ᠱ᠌ᠢ ᠲᠤᠰ ᠲᠤᠰ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ ᠣᠷᠣᠵᠤ ᠰᠠᠭᠤᠬᠤ ᠳᠠᠢ᠌ᠴᠢᠯᠠᠯᠲᠠ ᠬᠢᠵᠦ᠂ ᠬᠤᠳᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠾᠧ ᠬᠠᠢ ᠳ᠋ᠦᠩ ᠬᠤᠷᠠᠯ᠎ᠢ ᠡᠷᠬᠢᠯᠡᠪᠡ᠃
      ᠵᠤᠤ ᠵᠢᠶᠠᠩ ᠲᠤᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠠᠮ ᠪᠣᠯᠣᠨ ᠤᠯᠤᠰ᠎ᠤᠨ ᠴᠢᠬᠤᠯᠠ ᠶᠡᠬᠡ ᠪᠠᠢ᠌ᠭᠤᠯᠤᠮᠵᠢ ᠵᠢᠨ ᠰᠢᠨ᠎ᠡ ᠡᠭᠦᠳᠦᠯᠲᠡ ᠪᠣᠯᠣᠨ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠪᠣᠯᠣᠨ᠎ᠠ᠂ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠨᠥᠬᠥᠪᠦᠷᠢ ᠪᠠ ᠦᠷᠭᠦᠯᠵᠢᠯᠡᠯ ᠪᠣᠯᠤᠭᠰᠠᠨ᠎ᠤ ᠬᠤᠪᠢ᠎ᠳᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠪᠣᠯᠣᠨ᠎ᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠦᠴᠦᠲᠡᠢ ᠪᠠᠲᠤᠯᠠᠭ᠎ᠠ ᠪᠣᠯᠣᠨ᠎ᠠ ᠭᠡᠵᠦ ᠵᠢᠭ᠋ᠠᠵᠤ ᠭᠠᠷᠭ᠋ᠠᠪᠠ᠃
      ᠵᠤᠤ ᠵᠢᠶᠠᠩ ᠲᠤᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ᠎ᠳᠤ᠂ ᠡᠷᠬᠡᠪᠰᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠬᠤ ᠵᠢ ᠪᠠᠷᠢᠮᠲᠠᠯᠠᠵᠤ᠂ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠬᠤ ᠴᠢᠭᠯᠡᠯ ᠪᠣᠯᠣᠨ ᠭᠣᠣᠯᠳᠠᠯᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ ᠵᠢᠴᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ  ᠪᠠᠢ᠌ᠴᠠᠭ᠋ᠠᠨ᠎ᠠ; ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠵᠤ᠂ ᠨᠢᠭᠡ ᠠᠵᠢᠯ᠎ᠤᠨ ᠪᠠᠶ᠋ᠢᠷᠢ ᠬᠣᠣᠰ ᠬᠠᠷᠢᠭᠤᠴᠠᠯᠭ᠎ᠠ᠎ᠲᠠᠢ ᠪᠠᠶ᠋ᠢᠬᠤ》 ᠵᠢ ᠨᠠᠢ᠌ᠳᠠᠪᠤᠷᠢᠵᠢᠭᠤᠯᠬᠤ ᠵᠢ ᠠᠬᠢᠭᠤᠯᠤᠭᠰᠠᠨ ᠪᠠᠶ᠋ᠢᠳᠠᠯ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠠᠵᠢᠯ᠎ᠤᠨ ᠲᠣᠬᠢᠷᠠᠭᠤᠯᠤᠯᠲᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ᠂ ᠲᠥᠪ᠎ᠤᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠢᠴᠢ ᠳᠡᠭᠡᠷ᠎ᠡ ᠨᠢᠭᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ ᠪᠣᠯᠣᠨ ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤᠨᠢ ᠬᠡᠷᠡᠭᠵᠢᠭᠦᠯᠵᠦ ᠲᠡᠷᠡ ᠳᠠᠷᠤᠢ᠎ᠳᠤᠨᠢ ᠥᠭᠡᠷᠡᠴᠢᠯᠡᠭᠰᠡᠨ ᠪᠠᠶ᠋ᠢᠳᠠᠯ ᠵᠡᠷᠭᠡ ᠵᠢ ᠲᠤᠪᠤᠢ᠌ᠯᠭ᠋ᠠᠬᠤ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
      ᠪᠦᠦ ᠭᠠᠩ᠂ ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ ᠪᠣᠯ ᠬᠥᠬᠡᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠦᠬᠦ ᠲᠠᠯ᠎ᠠ ᠵᠢᠨ ᠪᠠᠢ᠌ᠴᠠᠭ᠋ᠠᠯᠲᠠ ᠪᠣᠯᠣᠨ᠎ᠠ᠃ ᠪᠦᠬᠦ ᠬᠤᠳᠠ᠎ᠪᠠᠷ ᠵᠶ᠋ᠠᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠡᠷᠡᠰ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠬᠠᠮᠰᠠᠷ᠎ᠠᠴᠠ᠎ᠪᠠᠨ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠳᠡᠭᠡᠳᠦ ᠬᠡᠮᠵᠢᠶᠡᠨ᠎ᠠᠴᠠ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠳᠤ ᠨᠠᠷᠢᠨ ᠬᠢᠨᠠᠮᠠᠭ᠋ᠠᠢ ᠬᠠᠨᠳᠤᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠥᠨᠳᠥᠷ ᠪᠠᠷᠢᠮᠵᠢᠶ᠎ᠠ᠎ᠪᠠᠷ ᠠᠬᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠢ᠌ᠴᠠᠭ᠋ᠠᠬᠤ᠎ᠳᠤ ᠪᠦᠬᠦ ᠬᠦᠴᠦᠨ ᠵᠶ᠋ᠡᠷ ᠵᠶ᠋ᠡᠨ ᠬᠠᠮᠵᠢᠯᠴᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠡᠮᠬᠢ ᠳᠢᠭᠯᠢᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃ ᠲᠡᠷᠡ ᠳᠠᠷᠤᠢ᠎ᠳᠤᠨᠢ ᠬᠡᠷᠡᠭᠵᠢᠭᠦᠯᠵᠦ ᠲᠡᠷᠡ ᠳᠠᠷᠤᠢ᠎ᠳᠤᠨᠢ ᠥᠭᠡᠷᠡᠴᠢᠯᠡᠬᠦ᠂ ᠨᠢᠭᠡ᠎ᠠᠴᠠ ᠵᠦᠢ᠍ᠴᠢᠯᠡᠵᠦ ᠨᠥᠭᠥᠭᠡ ᠵᠢ ᠮᠡᠳᠡᠬᠦ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠡᠷᠡᠰ ᠰᠠᠶ᠋ᠢᠲᠤᠷ ᠠᠳᠬᠤᠬᠤ ᠬᠡᠷᠡᠭᠲᠡᠢ᠃ ᠱᠠᠯᠠᠪᠳᠠᠭᠤᠯᠤᠨ ᠪᠠᠢ᠌ᠴᠠᠭ᠋ᠠᠭᠰᠠᠨ ᠦᠷ᠎ᠡ ᠪᠦᠲᠦᠭᠡᠯ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠢᠰᠲ᠋ᠧᠮ᠎ᠲᠠᠢ ᠰᠠᠢ᠌ᠵᠢᠷᠠᠭᠤᠯᠵᠤ᠂ ᠪᠣᠬᠢᠷᠲᠤᠯ ᠦᠭᠡᠢ ᠳᠣᠣᠷ᠎ᠠ ᠨᠠᠭᠦᠷᠡᠰᠦᠲᠦ᠋ᠷᠦᠭᠴᠢ ᠴᠢᠨᠠᠷᠯᠢᠭ ᠰᠠᠢ᠌ᠨ ᠬᠥᠭᠵᠢᠯᠲᠡ ᠵᠢ ᠠᠬᠢᠭᠤᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢᠨ ᠣᠷᠣᠨ᠎ᠤ ᠲᠥᠪ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃
      ᠬᠤᠷᠠᠯ ᠳᠡᠭᠡᠷ᠎ᠡ ᠹᠠᠨ ᠮᠢᠩ ᠱ᠌ᠢ 《ᠭᠤᠷᠪᠠᠨ ᠬᠠᠮᠲᠤ ᠵᠢᠨ ᠲᠠᠨᠢᠯᠲᠠ》 ᠵᠢ ᠪᠦᠷᠢᠯᠳᠦᠭᠦᠯᠦᠨ ᠬᠠᠮᠵᠢᠯᠴᠠᠭᠤᠯᠤᠨ ᠠᠬᠢᠭᠤᠯᠵᠤ᠂ 《ᠭᠤᠷᠪᠠᠨ ᠵᠠᠷᠴᠢᠮ》᠎ᠢ ᠪᠠᠷᠢᠮᠲᠠᠯᠠᠨ ᠨᠢᠭᠡ ᠲᠠᠯ᠎ᠠ᠎ᠪᠠᠷ ᠱᠠᠯᠠᠪᠳᠠᠭᠤᠯᠤᠨ ᠨᠢᠭᠡ ᠲᠠᠯ᠎ᠠ᠎ᠪᠠᠷ ᠰᠠᠢ᠌ᠵᠢᠷᠠᠭᠤᠯᠵᠤ᠂ 《ᠭᠤᠷᠪᠠ ᠵᠢ ᠢᠯᠡ ᠪᠣᠯᠭ᠋ᠠᠬᠤ》 ᠵᠢ ᠴᠢᠩᠭ᠋ᠠᠳᠬᠠᠨ ᠠᠷᠠᠳ᠎ᠤᠨ ᠢᠲᠡᠭᠡᠯ᠎ᠢ ᠣᠯᠵᠤ᠂ 《ᠭᠤᠷᠪᠠ ᠵᠢ ᠨᠢᠭᠡᠳᠦᠯᠲᠡᠢ ᠲᠥᠯᠥᠪᠯᠡᠬᠦ》 ᠵᠢ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ ᠬᠢᠵᠦ᠂ 《ᠭᠤᠷᠪᠠᠨ ᠠᠮᠠᠯᠠᠯᠲᠠ》 ᠵᠢ ᠲᠣᠳᠣᠷᠬᠠᠢ᠌ᠯᠠᠨ ᠰᠠᠬᠢᠯᠭ᠎ᠠ ᠪᠠᠲᠤ ᠵᠢ ᠴᠢᠩᠭ᠎ᠠ ᠲᠣᠳᠣᠷᠬᠠᠢ᠌ᠯᠠᠬᠤ ᠬᠡᠷᠡᠭᠲᠡᠶ; ᠡᠭᠦᠨ᠎ᠤ ᠬᠠᠮᠲᠤ᠂ ᠱᠠᠯᠠᠪᠳᠠᠭᠤᠯᠤᠨ ᠪᠠᠢ᠌ᠴᠠᠭ᠋ᠠᠵᠤ ᠬᠠᠮᠵᠢᠯᠴᠠᠬᠤ᠂ ᠱᠠᠯᠠᠪᠳᠠᠭᠤᠯᠤᠨ ᠪᠠᠢ᠌ᠴᠠᠭ᠋ᠠᠬᠤ ᠵᠢᠨ ᠳᠠᠭ᠋ᠠᠤ ᠰᠠᠢ᠌ᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠵᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠴᠤ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠭᠡᠰᠢᠭᠦᠨ ᠱᠠᠯᠠᠪᠳᠠᠭᠤᠯᠤᠨ ᠪᠠᠢ᠌ᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ᠂ ᠱᠠᠯᠠᠪᠳᠠᠭᠤᠯᠤᠨ ᠪᠠᠢ᠌ᠴᠠᠭ᠋ᠠᠭᠳᠠᠵᠤ ᠪᠠᠢ᠌ᠭ᠎ᠠ ᠭᠠᠵᠠᠷ ᠣᠷᠣᠨ ᠪᠠ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠲᠤᠬᠠᠢ ᠣᠪᠣᠷ ᠵᠶ᠋ᠠᠨ ᠢᠯᠡᠳᠬᠡᠬᠦ ᠬᠡᠷᠡᠭᠳᠡᠢ ᠭᠡᠵᠦ ᠴᠢᠬᠤᠯᠠᠴᠢᠯᠠᠪᠠ᠃
      ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠨᠢᠭᠡᠳᠦᠭᠡᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠱᠠᠯᠠᠪᠳᠠᠭᠤᠯᠤᠨ ᠪᠠᠢ᠌ᠴᠠᠭ᠋ᠠᠬᠤ ᠴᠠᠭ᠎ᠨᠢ 25 ᠡᠳᠦᠷ ᠪᠣᠯᠣᠨ᠎ᠠ᠃ ᠣᠷᠣᠵᠤ ᠰᠠᠭᠤᠬᠤ ᠬᠤᠭᠤᠴᠠᠭ᠎ᠠ (2024 ᠣᠨ᠎ᠤ 4 ᠰᠠᠷ᠎ᠠ ᠵᠢᠨ 7᠎ᠤ ᠡᠳᠦᠷ — 5 ᠰᠠᠷ᠎ᠠ ᠵᠢᠨ 1᠎ᠤ ᠡᠳᠦᠷ) ᠲᠤᠰᠬᠠᠢ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠬᠦ ᠤᠲᠠᠰᠤ᠄ 0471 — 3386969 (ᠤᠯᠠᠨ ᠲᠦᠮᠡᠨ᠎ᠤ ᠢᠯᠡᠴᠢᠯᠡᠨ ᠮᠡᠳᠡᠭᠦᠯᠦᠯᠲᠡ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠡᠳᠦᠷ ᠪᠦᠷᠢ ᠵᠢᠨ 8᠄ 00 — 20᠄ 00)᠂ ᠲᠤᠰᠬᠠᠢ ᠰᠢᠤᠳᠠᠨ᠎ᠤ ᠵᠠᠬᠢᠳᠠᠯ᠎ᠤᠨ ᠬᠠᠢ᠌ᠷᠴᠠᠭ᠄ ᠥᠪᠥᠷ ᠮᠣᠩᠭᠣᠯ᠎ᠤᠨ ᠬᠥᠬᠡᠬᠣᠲᠠ ᠵᠢᠨ 2856 ᠨᠣᠮᠧᠷᠲᠤ ᠰᠢᠤᠳᠠᠨ᠎ᠤ ᠵᠠᠬᠢᠳᠠᠯ᠎ᠤᠨ ᠬᠠᠢ᠌ᠷᠴᠠᠭ᠃
      ᠥᠪᠡᠷᠲᠡᠭᠡᠨ ᠵᠠᠰᠠᠬᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠸᠢᠳᠢᠤ᠋᠎ᠪᠠᠷ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠪᠤᠭᠤᠲᠤ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ
ᠲᠤᠰᠬᠠᠢ ᠮᠡᠷᠭᠡᠵᠢᠯᠲᠡᠨ᠎ᠤ ᠲᠠᠢ᠌ᠯᠤᠮᠵᠢ — ᠲᠥᠪ ᠪᠠ ᠣᠷᠣᠨ ᠨᠤᠲᠤᠭ ᠬᠠᠮᠵᠢᠯᠴᠠᠨ ᠰᠢᠨ᠎ᠡ ᠴᠠᠭ ᠦᠶ᠎ᠡ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢ ᠠᠬᠢᠭᠤᠯᠤᠨ᠎ᠠ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠥᠷᠥ ᠵᠢᠨ ᠪᠣᠳᠣᠯᠭ᠎ᠠ》 ᠵᠢ ᠨᠡᠢ᠌ᠲᠡᠯᠡᠪᠡ
ᠲᠤᠰᠬᠠᠢ ᠮᠡᠷᠭᠡᠵᠢᠯᠲᠡᠨ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠲᠤᠬᠠᠢ ᠲᠠᠢ᠌ᠯᠤᠮᠵᠢ ᠬᠢᠪᠡ
ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠨᠠᠮ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
 
             蒙ICP备05000248号