ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠲᠤᠰᠬᠠᠢ ᠮᠡᠷᠭᠡᠵᠢᠯᠲᠡᠨ᠎ᠤ ᠲᠠᠢ᠌ᠯᠤᠮᠵᠢ — ᠲᠥᠪ ᠪᠠ ᠣᠷᠣᠨ ᠨᠤᠲᠤᠭ ᠬᠠᠮᠵᠢᠯᠴᠠᠨ ᠰᠢᠨ᠎ᠡ ᠴᠠᠭ ᠦᠶ᠎ᠡ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-05-11

      ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠪᠣᠯ ᠬᠥᠮᠥᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠪᠠ ᠬᠥᠭᠵᠢᠬᠦ ᠵᠢᠨ ᠰᠠᠭᠤᠷᠢ ᠮᠥᠨ᠂ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢᠨ ᠠᠮᠢᠨ ᠰᠤᠳᠠᠰᠤ ᠪᠠ ᠰᠠᠭᠤᠷᠢ ᠮᠥᠨ᠃ 2022 ᠣᠨ᠎ᠤ ᠰᠡᠭᠦᠯᠴᠢ᠎ᠪᠠᠷ᠂ ᠳᠤᠮᠳᠠᠳᠤ ᠤᠯᠤᠰ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ (COP15)᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ᠂ 《ᠺᠦᠨᠮᠢᠩ — ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ》 (ᠳᠣᠷᠣᠭᠰᠢ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》 ᠭᠡᠵᠦ ᠳᠥᠭᠥᠮᠴᠢᠯᠡᠨ᠎ᠡ) ᠵᠡᠷᠭᠡ ᠬᠥᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠰᠢᠷᠢᠰ ᠦᠷ᠎ᠡ ᠪᠦᠲᠦᠭᠡᠯ᠎ᠤᠨ ᠪᠢᠴᠢᠭ ᠮᠠᠲ᠋ᠧᠷᠢᠶᠠᠯ ᠲᠣᠬᠢᠷᠠᠯᠴᠠᠬᠤ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠰᠢᠨ᠎ᠡ ᠬᠠᠭᠤᠳᠠᠰᠤ ᠵᠢ ᠨᠡᠭᠡᠭᠡᠪᠡ᠃ ᠡᠨᠡᠬᠦ ᠴᠢᠬᠤᠯᠠ ᠴᠠᠭ ᠲᠣᠬᠢᠶᠠᠯ᠎ᠳᠤ᠂ 《ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ ᠬᠢᠭᠡᠳ ᠠᠵᠢᠯᠯᠠᠭ᠋ᠠᠨ᠎ᠤ ᠲᠥᠯᠥᠪᠯᠡᠭᠡ (2023 — 2030 ᠣᠨ)》 (ᠳᠣᠷᠣᠭᠰᠢ 《ᠠᠵᠢᠯᠯᠠᠭ᠋ᠠᠨ᠎ᠤ ᠲᠥᠯᠥᠪᠯᠡᠭᠡ》 ᠭᠡᠵᠦ ᠲᠣᠪᠴᠢᠯᠠᠨ᠎ᠠ) ᠵᠢ ᠰᠢᠨᠡᠳᠬᠡᠨ ᠨᠡᠢ᠌ᠲᠡᠯᠡᠵᠦ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢᠨ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠮᠥᠨ᠂ ᠪᠠᠰᠠ ᠴᠤ᠌ COP15 ᠲᠡᠷᠢᠭᠦᠯᠡᠭᠴᠢ ᠤᠯᠤᠰ᠎ᠤᠨ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠤᠨ ᠨᠠᠢ᠌ᠳᠠᠪᠤᠷᠢᠵᠢᠭᠤᠯᠤᠯᠲᠠ ᠵᠢ ᠦᠷᠭᠦᠯᠵᠢᠯᠡᠨ ᠠᠬᠢᠭᠤᠯᠬᠤ ᠦᠨᠡᠨ ᠪᠣᠳᠠᠲᠠᠢ ᠠᠵᠢᠯᠯᠠᠭ᠎ᠠ ᠮᠥᠨ᠃
      ᠲᠥᠪ ᠪᠠ ᠣᠷᠣᠨ ᠨᠤᠲᠤᠭ ᠬᠣᠯᠪᠤᠭ᠋ᠠᠯᠠᠨ ᠬᠥᠳᠡᠯᠦᠯᠴᠡᠭᠰᠡᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠰᠢᠨ᠎ᠡ ᠠᠮᠵᠢᠯᠲᠠ ᠪᠦᠲᠦᠮᠵᠢ ᠣᠯᠪᠠ
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠣᠷ᠎ᠠ᠂ ᠮᠠᠨ᠎ᠤ ᠤᠯᠤᠰ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠢᠳᠡᠪᠬᠢᠲᠡᠢ ᠠᠬᠢᠭᠤᠯᠵᠤ᠂ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠪᠠᠢ᠌ᠨ᠎ᠠ᠃ ᠲᠥᠪ᠎ᠤᠨ ᠳᠠᠢ᠌ᠴᠢᠯᠠᠯᠲᠠ ᠪᠠ ᠵᠢᠯᠣᠭᠣᠳᠤᠯᠭ᠎ᠠ  ᠳᠣᠣᠷ᠎ᠠ᠂ ᠣᠷᠣᠨ ᠨᠤᠲᠤᠭ᠎ᠤᠨ ᠵᠠᠰᠠᠭ᠎ᠤᠨ ᠣᠷᠳᠣᠨ ᠢᠳᠡᠪᠬᠢᠲᠡᠢ᠎ᠪᠠᠷ ᠴᠤᠤᠷᠢᠶᠠᠲᠤᠨ ᠲᠠᠭ᠋ᠠᠵᠤ᠂ ᠮᠤᠵᠢ᠂ ᠬᠣᠲᠠ᠂ ᠰᠢᠶᠠᠨ ᠤᠯᠠᠨ ᠱᠠᠲᠤ᠎ᠪᠠᠷ ᠬᠥᠳᠡᠯᠦᠯᠴᠡᠵᠦ᠂ ᠤᠯᠠᠨ ᠭᠠᠵᠠᠷ᠎ᠲᠤ ᠴᠡᠴᠡᠭᠯᠡᠵᠦ᠂ ᠲᠥᠪ ᠪᠠ ᠣᠷᠣᠨ ᠨᠤᠲᠤᠭ ᠬᠣᠯᠪᠤᠭ᠋ᠠᠯᠠᠨ ᠬᠥᠳᠡᠯᠦᠯᠴᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠭᠠᠷ ᠬᠣᠯᠪᠣᠨ ᠠᠬᠢᠭᠤᠯᠬᠤ ᠠᠭᠤᠷ ᠠᠮᠢᠰᠬᠤᠯ ᠤᠯᠠᠮ ᠥᠳᠬᠡᠨ ᠵᠤᠵᠠᠭ᠋ᠠᠨ ᠪᠣᠯᠵᠤ᠂ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤᠪᠠᠷ ᠪᠠᠢ᠌ᠭᠤᠯᠬᠤ᠂ ᠬᠥᠮᠥᠨ ᠲᠥᠷᠥᠯᠬᠢᠲᠡᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠳᠤᠮᠳᠠᠳᠤ ᠤᠯᠤᠰ᠎ᠤᠨ ᠲᠥᠰᠥᠯ᠂ ᠳᠤᠮᠳᠠᠳᠤ ᠤᠯᠤᠰ᠎ᠤᠨ ᠲᠤᠷᠰᠢᠯᠭ᠎ᠠ ᠵᠢ ᠬᠠᠩᠭ᠋ᠠᠵᠠᠢ᠃
      ᠨᠢᠭᠡ᠎ᠳᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠨᠠᠩ ᠰᠢᠰᠲ᠋ᠧᠮᠵᠢᠭᠦᠯᠪᠡ᠃ ᠬᠠᠮᠤᠭ᠎ᠤᠨ ᠴᠢᠩᠭ᠎ᠠ ᠳᠦᠷᠢᠮ ᠪᠠ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠬᠤ᠎ᠪᠠᠷ ᠠᠮᠢ ᠠᠬᠤᠢ ᠵᠢᠨ ᠣᠷᠴᠢᠨ ᠲᠣᠭᠣᠷᠢᠨ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢ ᠪᠠᠷᠢᠮᠲᠠᠯᠠᠵᠤ᠂ ᠶᠡᠷᠦᠩᠬᠡᠢ᠌ᠯᠡᠭᠰᠡᠨ ᠬᠠᠤᠯᠢ᠂ ᠣᠷᠣᠨ ᠪᠦᠰᠡ ᠵᠢᠨ ᠬᠠᠤᠯᠢ᠂ ᠡᠯᠧᠮᠧᠨ᠋ᠲ᠎ᠤᠨ ᠬᠠᠤᠯᠢ ᠵᠢ ᠬᠠᠷᠢᠯᠴᠠᠨ ᠤᠶᠠᠯᠳᠤᠭᠤᠯᠤᠭᠰᠠᠨ 《1+4+N》 ᠬᠠᠤᠯᠢ ᠴᠠᠭ᠋ᠠᠵᠠ ᠵᠢᠨ ᠰᠢᠰᠲ᠋ᠧᠮ᠎ᠢ ᠪᠠᠢ᠌ᠭᠤᠯᠪᠠ᠃ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠵᠢ ᠬᠥᠲᠥᠯᠥᠨ ᠳᠠᠭ᠋ᠠᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢᠨ ᠭᠣᠣᠯ ᠤᠷᠤᠰᠬᠠᠯ ᠪᠣᠯᠬᠤ ᠵᠢ ᠦᠷᠭᠦᠯᠵᠢᠯᠡᠨ ᠲᠦᠯᠬᠢᠨ ᠠᠬᠢᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠵᠢᠨ ᠬᠠᠮᠠᠭ᠋ᠠᠯᠠᠯᠲᠠ ᠵᠢ ᠤᠯᠤᠰ ᠪᠠ ᠣᠷᠣᠨ ᠨᠤᠲᠤᠭ᠎ᠤᠨ ᠬᠥᠭᠵᠢᠯᠲᠡ ᠵᠢᠨ ᠲᠥᠯᠦᠪᠵᠢᠭᠦᠯᠭᠡ᠂ ᠣᠷᠣᠨ ᠵᠠᠢ ᠵᠢᠨ ᠲᠥᠯᠦᠪᠵᠢᠭᠦᠯᠭᠡ ᠵᠢᠴᠢ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠰᠬᠠᠢ ᠲᠥᠯᠦᠪᠵᠢᠭᠦᠯᠭᠡ᠎ᠳᠤ ᠣᠷᠣᠭᠤᠯᠤᠨ᠎ᠠ᠃ ᠶᠦᠨᠨᠠᠨ᠂ ᠵᠢᠶᠠᠩᠰᠤ᠂ ᠱᠠᠨᠳᠦ᠋ᠩ ᠵᠡᠷᠭᠡ ᠮᠤᠵᠢ ᠮᠤᠵᠢ ᠵᠢᠨ ᠳᠡᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠦᠷᠢᠮ᠎ᠢ ᠨᠡᠢ᠌ᠲᠡᠯᠡᠵᠦ᠂ ᠾᠧᠪᠧᠢ᠂ ᠬᠠᠷᠠᠮᠥ᠋ᠷᠡᠨ᠂ ᠵᠢᠶᠠᠩᠰᠤ᠂ ᠰᠢᠨᠵᠢᠶᠠᠩ᠂ ᠭᠠᠨᠰᠤ᠂ ᠲᠥᠪᠡᠳ ᠵᠡᠷᠭᠡ 18 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠤᠷᠢᠳ ᠬᠣᠵᠢᠳ 《ᠰᠠᠨᠠᠯ》᠎ᠢ ᠬᠡᠷᠡᠭᠵᠢᠭᠦᠯᠬᠦ ᠲᠥᠰᠥᠯ ᠳᠠᠷᠤᠮᠠᠯᠯᠠᠨ ᠲᠠᠷᠬᠠᠭ᠋ᠠᠪᠠ᠃ ᠪᠡᠭᠡᠵᠢᠩ᠂ ᠱᠠᠨᠳᠦ᠋ᠩ᠂ ᠾᠧᠪᠧᠢ᠂ ᠴᠦᠩᠴᠢᠩ᠂ ᠵᠧᠵᠢᠶᠠᠩ᠂ ᠬᠠᠷᠠᠮᠥ᠋ᠷᠡᠨ᠂ ᠬᠠᠢ᠌ᠨᠠᠨ ᠵᠡᠷᠭᠡ ᠭᠠᠵᠠᠷ ᠮᠤᠵᠢ ᠵᠢᠨ ᠱᠠᠲᠤᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠲᠥᠯᠦᠪᠵᠢᠭᠦᠯᠭᠡ ᠪᠤᠶᠤ ᠲᠥᠯᠥᠪᠯᠡᠭᠡ ᠵᠢ ᠵᠠᠯᠭ᠋ᠠᠭ᠎ᠠ᠎ᠪᠠᠷ ᠰᠢᠨᠡᠳᠬᠡᠨ ᠨᠡᠢ᠌ᠲᠡᠯᠡᠵᠦ᠂ ᠮᠠᠰᠢ ᠤᠯᠠᠨ ᠬᠣᠲᠠ ᠰᠢᠶᠠᠨ ᠴᠤ᠌ ᠣᠷᠣᠨ ᠨᠤᠲᠤᠭ᠎ᠤᠨ ᠬᠠᠮᠠᠭ᠋ᠠᠯᠠᠯᠲᠠ ᠵᠢᠨ ᠲᠥᠯᠦᠪᠵᠢᠭᠦᠯᠭᠡ ᠵᠢ ᠲᠣᠭᠲᠠᠭ᠋ᠠᠬᠤ ᠪᠤᠶᠤ ᠰᠢᠨᠡᠴᠢᠯᠡᠬᠦ ᠵᠢ ᠢᠳᠡᠪᠬᠢᠲᠡᠢ᠎ᠪᠠᠷ ᠠᠬᠢᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠤᠯᠢ ᠳᠦᠷᠢᠮ᠎ᠤᠨ ᠰᠠᠭᠤᠷᠢ ᠪᠠ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃
      ᠬᠣᠶᠠᠷ᠎ᠲᠤ᠂ ᠬᠠᠮᠠᠭ᠋ᠠᠯᠠᠵᠤ ᠰᠡᠷᠭᠦᠭᠡᠬᠦ ᠠᠵᠢᠯ᠎ᠢ ᠨᠡᠩ ᠤᠷᠳᠤ ᠬᠤᠭᠤᠴᠠᠭ᠎ᠠ᠎ᠪᠠᠷ ᠪᠦᠲᠦᠮᠵᠢᠲᠡᠢ ᠬᠢᠪᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠦᠷᠢᠮ᠎ᠢ ᠪᠠᠢ᠌ᠭᠤᠯᠵᠤ᠂ ᠡᠬᠡ ᠬᠠᠭᠤᠷᠠᠢ ᠵᠢᠨ ᠨᠤᠲᠤᠭ ᠳᠡᠪᠢᠰᠬᠡᠷ᠎ᠤᠨ ᠲᠠᠯᠠᠪᠠᠢ ᠵᠢᠨ 30%᠎ᠠᠴᠠ ᠳᠡᠭᠡᠭᠰᠢᠬᠢ ᠵᠢ ᠡᠵᠡᠯᠡᠬᠦ ᠣᠷᠣᠨ ᠪᠦᠰᠡ ᠵᠢ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠬᠤᠪᠢᠶᠠᠷᠢᠯᠠᠨ ᠣᠷᠣᠭᠤᠯᠬᠤ ᠵᠢᠨ ᠬᠠᠮᠲᠤ ᠴᠢᠩᠭ᠎ᠠ ᠬᠠᠮᠠᠭ᠋ᠠᠯᠠᠪᠠ᠃ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠢ᠌ᠭᠤᠯᠵᠤ᠂ ᠲᠦᠷᠦᠭᠦᠸ᠋ ᠪᠦᠯᠦᠭ᠎ᠤᠨ 5 ᠤᠯᠤᠰ᠎ᠤᠨ ᠴᠡᠴᠡᠷᠯᠢᠭ᠎ᠢ ᠵᠢᠩᠬᠢᠨᠢ᠎ᠪᠠᠷ ᠪᠠᠢ᠌ᠭᠤᠯᠵᠤ᠂ ᠡᠯ᠎ᠡ ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠠᠯᠠᠪᠠᠶ᠎ᠨᠢ ᠡᠬᠡ ᠬᠠᠭᠤᠷᠠᠢ ᠵᠢᠨ ᠨᠤᠲᠤᠭ ᠳᠡᠪᠢᠰᠬᠡᠷ᠎ᠤᠨ ᠲᠠᠯᠠᠪᠠᠶ ᠵᠢᠨ 18% ᠵᠢ ᠡᠵᠡᠯᠡᠪᠡ᠃ ᠤᠯᠤᠰ᠎ᠤᠨ ᠤᠷᠭᠤᠮᠠᠯ᠎ᠤᠨ ᠬᠦᠷᠢᠶᠡᠯᠡᠩ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠡᠮᠬᠢ ᠵᠢᠷᠤᠮ᠎ᠲᠠᠢ᠎ᠪᠠᠷ ᠠᠬᠢᠭᠤᠯᠵᠤ᠂ ᠤᠯᠤᠰ᠎ᠤᠨ ᠤᠷᠭᠤᠮᠠᠯ᠎ᠤᠨ ᠬᠦᠷᠢᠶᠡᠯᠡᠩ᠎ᠢ 2 ᠪᠠᠢ᠌ᠭᠤᠯᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ 51 ᠢᠨᠵᠧᠨᠧᠷᠢᠩ᠎ᠢ ᠪᠠᠢ᠌ᠷᠢᠯᠠᠭᠤᠯᠤᠨ ᠬᠡᠷᠡᠭᠵᠢᠭᠦᠯᠵᠦ᠂ ᠵᠠᠰᠠᠭᠰᠠᠨ ᠲᠠᠯᠠᠪᠠᠢ ᠵᠢ ᠨᠠᠢ᠌ᠳᠠ 500 ᠭᠠᠷᠤᠢ ᠲᠦᠮᠡᠨ ᠾᠧᠺᠲ᠋ᠠᠷ ᠪᠡᠶᠡᠯᠡᠭᠦᠯᠪᠡ᠃ ᠪᠦᠬᠦ ᠤᠯᠤᠰ᠎ᠤᠨ ᠴᠢᠬᠤᠯᠠ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ 100 ᠭᠣᠣᠯᠳᠠᠯᠭ᠎ᠠ᠎ᠲᠠᠢ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠪᠠ᠃ ᠬᠥᠬᠡᠮᠥ᠋ᠷᠡᠨ᠎ᠤ ᠠᠷᠪᠠᠨ ᠵᠢᠯ᠎ᠳᠤ ᠵᠢᠭ᠋ᠠᠰᠤ ᠠᠩᠨᠠᠬᠤ ᠵᠢ ᠴᠠᠭ᠋ᠠᠵᠠᠯᠠᠬᠤ ᠶᠠᠪᠤᠳᠠᠯ᠎ᠢ ᠭᠦᠨᠵᠡᠭᠡᠢ ᠠᠬᠢᠭᠤᠯᠵᠤ᠂ ᠬᠥᠬᠡᠮᠥ᠋ᠷᠡᠨ᠎ᠤ ᠰᠠᠪᠠ ᠭᠠᠵᠠᠷ᠎ᠤᠨ ᠤᠰᠤᠨ᠎ᠤ ᠠᠮᠢᠳᠤ ᠪᠣᠳᠠᠰ᠎ᠤᠨ ᠡᠬᠢ ᠪᠠᠶᠠᠯᠢᠭ᠎ᠤᠨ ᠬᠡᠮᠵᠢᠶ᠎ᠡ ᠰᠡᠷᠭᠦᠬᠦ ᠬᠠᠨᠳᠤᠰᠢ᠎ᠲᠠᠢ ᠪᠣᠯᠪᠠ᠃ ᠡᠯ᠎ᠡ ᠭᠠᠵᠠᠷ ᠣᠷᠣᠨ᠎ᠨᠤᠭᠤᠳ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠢᠳᠡᠪᠬᠢᠲᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠵᠠᠭ᠋ᠠᠭᠯᠠᠨ ᠲᠣᠭᠲᠠᠭ᠋ᠠᠬᠤ ᠵᠢᠨ ᠬᠠᠮᠲᠤ ᠴᠢᠩᠭ᠎ᠠ ᠰᠠᠬᠢᠵᠤ᠂ ᠡᠯ᠎ᠡ ᠲᠥᠷᠥᠯ᠎ᠤᠨ ᠬᠠᠮᠠᠭ᠋ᠠᠯᠠᠯᠲᠠ ᠵᠢᠨ ᠭᠠᠵᠠᠷ᠎ᠢ ᠲᠦᠷᠭᠡᠳᠬᠡᠨ ᠨᠡᠢ᠌ᠯᠡᠭᠦᠯᠦᠨ ᠰᠢᠯᠢᠳᠡᠭᠵᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠣᠷᠣᠨ ᠪᠦᠰᠡ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠴᠢᠬᠤᠯᠠ ᠶᠡᠬᠡ ᠲᠥᠷᠥᠯ ᠵᠦᠢ᠍ᠯ᠎ᠢ ᠯᠠᠪᠳᠠᠭᠤᠨ ᠵᠶ᠋ᠠᠷ ᠠᠬᠢᠭᠤᠯᠵᠤ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠡᠷᠴᠢᠮ᠂ ᠥᠷᠭᠡᠴᠡ ᠪᠠ ᠭᠦᠨᠴᠡ ᠵᠢ ᠤᠯᠠᠮ ᠨᠢᠭᠡ ᠠᠯᠬᠤᠮ ᠴᠢᠩᠭ᠋ᠠᠳᠬᠠᠪᠠ᠃
      ᠭᠤᠷᠪᠠ᠎ᠳᠤ ᠪᠠᠢ᠌ᠴᠠᠭ᠋ᠠᠨ ᠦᠨᠡᠯᠡᠬᠦ ᠵᠢ ᠨᠡᠩ ᠭᠦᠨᠵᠡᠭᠡᠢ᠌ᠷᠡᠭᠦᠯᠪᠡ᠃ ᠬᠥᠬᠡᠮᠥ᠋ᠷᠡᠨ᠎ᠤ ᠠᠵᠤ ᠠᠬᠤᠢ ᠵᠢᠨ ᠪᠦᠰᠡ᠂ ᠪᠡᠭᠡᠵᠢᠩ ᠲᠢᠶᠠᠨᠵᠢᠨ ᠾᠧᠪᠧᠢ ᠵᠡᠷᠭᠡ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠣᠷᠣᠨ ᠪᠦᠰᠡ ᠵᠢᠨ 180 ᠭᠠᠷᠤᠢ ᠰᠢᠶᠠᠨ᠎ᠤ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠠᠭᠤᠷᠢ ᠪᠠᠢ᠌ᠴᠠᠭ᠋ᠠᠯᠲᠠ ᠵᠢ ᠪᠡᠶᠡᠯᠡᠭᠦᠯᠵᠦ᠂ ᠰᠢᠪᠠᠭᠤᠨ᠎ᠤ ᠳᠦᠷᠦᠯ᠂ ᠬᠣᠶᠠᠷ ᠨᠤᠲᠤᠭᠲᠠᠨ᠂ ᠬᠥᠬᠥᠲᠡᠨ ᠠᠮᠢᠲᠠᠨ ᠪᠠ ᠡᠷᠪᠡᠬᠡᠢ ᠵᠡᠷᠭᠡ ᠵᠢᠨ ᠠᠵᠢᠭᠯᠠᠯᠲᠠ ᠵᠢᠨ ᠥᠯᠢᠭᠡᠷ ᠳᠠᠭᠤᠷᠢᠶᠠᠯᠳᠤ ᠣᠷᠣᠨ᠎ᠢ 749 ᠪᠠᠢ᠌ᠭᠤᠯᠵᠤ᠂ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ 《ᠭᠡᠷ᠎ᠤᠨ ᠴᠠᠳᠢᠭ》 ᠲᠠᠰᠤᠷᠠᠯᠳᠠ ᠦᠭᠡᠢ ᠪᠠᠶᠠᠯᠢᠭᠵᠢᠪᠠ᠃ ᠪᠦᠬᠦ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠠᠶ᠋ᠢᠳᠠᠯ᠎ᠢ ᠦᠨᠡᠯᠡᠨ ᠵᠢᠱ᠌ᠢᠬᠦ ᠵᠢ ᠪᠡᠶᠡᠯᠡᠭᠦᠯᠵᠦ᠂ ᠡᠭᠦᠨ ᠵᠶ᠋ᠡᠷ ᠰᠠᠭᠤᠷᠢ ᠪᠣᠯᠭ᠋ᠠᠨ ᠳᠤᠮᠳᠠᠳᠤ ᠤᠯᠤᠰ᠎ᠤᠨ ᠠᠩᠬᠠᠳᠠᠭᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠠᠭ᠋ᠠᠨ ᠭᠠᠳᠠᠷᠲᠤ ᠪᠢᠴᠢᠭ᠎ᠢ ᠨᠠᠢ᠌ᠷᠠᠭᠤᠯᠤᠨ ᠵᠣᠬᠢᠶᠠᠵᠤ ᠨᠡᠢ᠌ᠲᠡᠯᠡᠪᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠮᠥᠬᠥᠬᠦ ᠰᠢᠬᠠᠭᠰᠠᠨ ᠣᠳᠣᠬᠢ ᠪᠠᠶ᠋ᠢᠳᠠᠯ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠲᠠᠢ ᠬᠠᠮᠲᠤᠷᠠᠨ 《ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠤᠯᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠳᠡᠭᠡᠳᠦ ᠵᠡᠷᠭᠡ ᠵᠢᠨ ᠤᠷᠭᠤᠮᠠᠯ᠎ᠤᠨ ᠪᠣᠳᠢ ᠪᠠ ᠰᠡᠭᠡᠷᠲᠡᠨ ᠠᠮᠢᠳᠠᠨ᠎ᠤ ᠪᠣᠳᠢ ᠵᠢ ᠨᠡᠢ᠌ᠲᠡᠯᠡᠨ ᠰᠢᠨᠡᠳᠬᠡᠬᠦ᠎ᠨᠢ ᠲᠥᠷᠥ ᠵᠢᠨ ᠪᠣᠳᠣᠯᠭ᠎ᠠ ᠲᠣᠭᠲᠠᠭ᠋ᠠᠬᠤ ᠵᠢᠨ ᠴᠢᠬᠤᠯᠠ ᠰᠢᠨᠵᠢᠯᠡᠬᠦ ᠤᠬᠠᠭ᠋ᠠᠨ᠎ᠤ ᠦᠨᠳᠦᠰᠦᠯᠡᠯ ᠪᠣᠯᠤᠭᠰᠠᠨ ᠪᠠᠢ᠌ᠨ᠎ᠠ᠃ ᠵᠢᠶᠠᠩᠰᠤ᠂ ᠵᠧᠵᠢᠶᠠᠩ᠂ ᠬᠤᠪᠧᠢ᠂ ᠬᠠᠢ᠌ᠨᠠᠨ᠂ ᠯᠢᠶᠣᠤᠨᠢᠩ᠂ ᠾᠧᠪᠧᠢ᠂ ᠠᠨᠾᠦ᠋ᠢ ᠵᠡᠷᠭᠡ ᠮᠤᠵᠢ ᠨᠢᠭᠡᠨᠲᠡ ᠪᠦᠬᠦ ᠮᠤᠵᠢ ᠵᠢᠨ ᠬᠡᠪᠴᠢᠶᠡᠨ᠎ᠳᠤ ᠰᠢᠶᠠᠨ᠎ᠤ ᠬᠡᠪᠴᠢᠶᠡᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠤᠬᠠᠢ ᠪᠠᠢ᠌ᠴᠠᠭ᠋ᠠᠯᠲᠠ ᠬᠢᠵᠡᠢ᠃ ᠬᠠᠢ᠌ᠨᠠᠨ᠂ ᠭᠤᠸᠠᠩᠰᠢ᠂ ᠰᠢᠨᠵᠢᠶᠠᠩ ᠵᠡᠷᠭᠡ᠎ᠨᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠲᠡᠷᠢᠭᠦᠨ᠎ᠳᠤ ᠲᠠᠯᠪᠢᠬᠤ ᠣᠷᠣᠨ ᠪᠦᠰᠡ ᠵᠢᠨ ᠭᠠᠳᠠᠨ᠎ᠠ᠎ᠠᠴᠠ ᠣᠷᠣᠵᠤ ᠢᠷᠡᠭᠰᠡᠨ ᠪᠣᠳᠠᠰ᠎ᠤᠨ ᠳᠦᠷᠰᠦ ᠵᠢᠨ ᠪᠠᠢ᠌ᠴᠠᠭ᠋ᠠᠯᠲᠠ ᠪᠠ ᠦᠨᠡᠯᠡᠯᠲᠡ ᠵᠢ ᠠᠬᠢᠭᠤᠯᠵᠤ᠂ ᠵᠧᠵᠢᠶᠠᠩ᠂ ᠭᠦᠢ᠍ᠵᠧᠦ᠂ ᠬᠠᠢ᠌ᠨᠠᠨ ᠵᠡᠷᠭᠡ ᠭᠠᠵᠠᠷ ᠰᠠᠨᠠᠭ᠋ᠠᠴᠢᠯᠠᠭ᠎ᠠ᠎ᠠᠴᠠ᠎ᠪᠠᠨ ᠪᠦᠬᠦ ᠮᠤᠵᠢ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠬᠤᠨᠠᠨ᠂ ᠶᠦᠨᠨᠠᠨ ᠵᠡᠷᠭᠡ ᠮᠤᠵᠢ ᠵᠢᠴᠢ ᠱᠧᠨᠵᠧᠨ᠂ ᠯᠢᠱ᠌ᠦᠢ᠍ᠢ ᠵᠡᠷᠭᠡ ᠬᠤᠳᠠ ᠵᠢᠨ᠎ᠬᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠴᠠᠭ᠋ᠠᠨ ᠭᠠᠳᠠᠷᠲᠤ ᠪᠢᠴᠢᠭ᠎ᠢ ᠨᠡᠢ᠌ᠲᠡᠯᠡᠵᠦ᠂ ᠵᠧᠵᠢᠶᠠᠩ ᠮᠤᠵᠢ ᠵᠢᠨ᠎ᠬᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠥᠬᠥᠷᠰᠡᠭ ᠵᠢᠭ᠋ᠠᠯᠲᠠ ᠲᠣᠭ᠎ᠠ ᠵᠢ ᠲᠣᠭᠲᠠᠭ᠋ᠠᠭᠰᠠᠨ ᠪᠥᠭᠡᠳ ᠪᠦᠬᠦ ᠮᠤᠵᠢ ᠵᠢᠨ ᠬᠡᠪᠴᠢᠶᠡᠨ᠎ᠳᠤ ᠬᠡᠷᠡᠭᠵᠢᠭᠦᠯᠪᠡ᠃
      ᠳᠥᠷᠪᠡ᠎ᠳᠤ ᠥᠷᠲᠡᠭ᠎ᠤᠨ ᠪᠡᠶᠡᠯᠡᠭᠳᠡᠯ᠎ᠢ ᠨᠡᠩ ᠥᠪᠡᠷᠮᠢᠴᠡ ᠣᠨᠴᠠᠯᠢᠭ᠎ᠲᠠᠢ ᠪᠣᠯᠭ᠋ᠠᠪᠠ᠃ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠬᠦ ᠵᠢᠨ ᠬᠠᠮᠲᠤ ᠲᠤᠷᠰᠢᠯᠲᠠ ᠬᠢᠵᠦ᠂ ᠵᠧᠵᠢᠶᠠᠩ᠂ ᠹᠦᠵᠢᠶᠠᠨ᠂ ᠵᠢᠶᠠᠩᠰᠤ᠂ ᠬᠤᠪᠧᠢ᠂ ᠬᠥᠬᠡᠨᠠᠭᠤᠷ᠂ ᠭᠤᠸᠠᠩᠰᠢ᠂ ᠱᠠᠨᠳᠦ᠋ᠩ᠂ ᠾᠧᠨᠠᠨ᠂ ᠴᠦᠩᠴᠢᠩ ᠵᠡᠷᠭᠡ ᠭᠠᠵᠠᠷ ᠢᠳᠡᠪᠬᠢᠲᠡᠢ᠎ᠪᠠᠷ ᠬᠠᠢ᠌ᠨ ᠰᠦᠪᠡᠭᠴᠢᠯᠡᠯᠲᠡ ᠵᠢᠨ ᠦᠢ᠍ᠯᠡᠳᠦᠯᠭᠡ ᠵᠢ ᠥᠷᠨᠢᠭᠦᠯᠵᠦ᠂ ᠤᠯᠤᠰ᠎ᠠᠴᠠ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠦᠭᠰᠡᠨ ᠳᠥᠷᠪᠡᠨ ᠪᠦᠯᠦᠭ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠯᠭ᠋ᠠᠭ᠎ᠠ᠎ᠪᠠᠷ ᠨᠡᠢ᠌ᠲᠡᠯᠡᠪᠡ᠃ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ᠎ᠪᠠᠷ ᠠᠴᠢᠶᠠᠯᠠᠪᠤᠷᠢ ᠪᠣᠯᠭ᠋ᠠᠵᠤ᠂ ᠲᠤᠯᠤᠭ᠋ᠠᠨ ᠪᠦᠯᠦᠭ ᠨᠠᠢ᠌ᠳᠠ 572 ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠢᠴᠢ 240 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠵᠢᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠢ ᠨᠡᠷᠡᠶ᠋ᠢᠳᠪᠡ᠃ ᠠᠮᠢ ᠠᠬᠤᠢ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ (EOD) ᠵᠠᠭᠪᠤᠷ᠎ᠤᠨ ᠲᠤᠷᠰᠢᠯᠲᠠ ᠵᠢ ᠥᠷᠨᠢᠭᠦᠯᠵᠦ᠂ ᠠᠮᠢ ᠠᠬᠤᠢ ᠵᠢᠨ ᠦᠢ᠍ᠯᠡᠳᠬᠦᠨ᠎ᠤ ᠡᠵᠡᠩᠨᠡᠯᠲᠡ ᠨᠡᠭᠡᠭᠡᠨ ᠬᠥᠭᠵᠢᠭᠦᠯᠦᠯᠲᠡ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠳᠤ ᠨᠠᠢ᠌ᠳᠠ 229 EOD ᠳᠦᠷᠦᠯ ᠵᠦᠢ᠍ᠯ᠎ᠢ ᠬᠦᠷᠭᠡᠵᠦ᠂ ᠶᠡᠷᠦᠩᠬᠡᠢ ᠪᠡᠯᠡ ᠣᠷᠣᠭᠤᠯᠤᠯᠲᠠ᠎ᠨᠢ 9718 ᠳ᠋ᠦᠩᠰᠢᠭᠤᠷ ᠲᠥᠭᠥᠷᠢᠭ᠎ᠲᠤ ᠬᠦᠷᠴᠡᠢ᠃ ᠡᠯ᠎ᠡ ᠭᠠᠵᠠᠷ᠎ᠤᠨ᠎ᠬᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠴᠢᠨᠠᠷ ᠰᠠᠢ᠌ᠲᠠᠢ᠂ ᠤᠯᠠᠨ ᠶᠠᠩᠵᠤᠴᠢᠯᠠᠭᠰᠠᠨ ᠠᠮᠢ ᠠᠬᠤᠢ ᠵᠢᠨ ᠪᠦᠲᠦᠭᠡᠭᠳᠡᠬᠦᠨ᠎ᠤ ᠰᠢᠰᠲ᠋ᠧᠮ᠎ᠢ ᠪᠠᠢ᠌ᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠲᠠᠢ ᠨᠥᠬᠥᠷᠰᠡᠭ ᠬᠡᠯᠪᠡᠷᠢ ᠵᠢᠨ ᠪᠣᠬᠢᠷᠲᠤᠯ ᠦᠭᠡᠢ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠠᠮᠢᠳᠤ ᠪᠣᠳᠠᠰ᠎ᠤᠨ ᠡᠬᠢ ᠪᠠᠶᠠᠯᠢᠭ᠎ᠤᠨ ᠦᠷᠭᠦᠯᠵᠢᠯᠡᠬᠦ ᠠᠰᠢᠭᠯᠠᠯᠲᠠ ᠵᠢ ᠠᠬᠢᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ᠂ ᠠᠮᠢ ᠠᠬᠤᠢ ᠵᠢᠨ ᠡᠷᠬᠡ ᠠᠰᠢᠭ᠎ᠤᠨ ᠠᠷᠠᠯᠵᠢᠶ᠎ᠠ᠂ ᠡᠬᠢ ᠪᠠᠶᠠᠯᠢᠭ᠎ᠤᠨ ᠥᠮᠴᠢᠯᠡᠬᠦ ᠡᠷᠬᠡ ᠵᠢᠨ ᠡᠷᠭᠢᠯᠲᠡ᠂ ᠠᠮᠢ ᠠᠬᠤᠢ ᠵᠢᠨ ᠠᠵᠤ ᠦᠢ᠍ᠯᠡᠰ᠎ᠤᠨ ᠨᠡᠭᠡᠭᠡᠨ ᠬᠥᠭᠵᠢᠭᠦᠯᠦᠯᠲᠡ ᠪᠠ ᠠᠮᠢ ᠠᠬᠤᠢ ᠵᠢᠨ ᠬᠥᠷᠥᠩᠭᠡ ᠵᠢᠨ ᠠᠰᠢᠭ ᠣᠷᠣᠯᠭ᠎ᠠ ᠵᠡᠷᠭᠡ ᠲᠠᠯ᠎ᠠ᠎ᠪᠠᠷ ᠠᠯᠢ ᠤᠯᠠᠨ ᠥᠪᠡᠷᠮᠢᠴᠡ ᠣᠨᠴᠠᠯᠢᠭ᠎ᠲᠠᠢ᠂ ᠯᠠᠪᠯᠠᠯᠲᠠ ᠪᠣᠯᠭ᠋ᠠᠵᠤ ᠪᠣᠯᠬᠤ ᠦᠢ᠍ᠯᠡᠳᠦᠯᠭᠡ ᠪᠠ ᠵᠠᠭᠪᠤᠷ᠎ᠢ ᠪᠤᠢ ᠪᠣᠯᠭ᠋ᠠᠪᠠ᠃
      ᠲᠠᠪᠤ᠎ᠳᠤ ᠤᠬᠠᠭᠤᠯᠭ᠎ᠠ ᠬᠥᠮᠦᠵᠢᠯ᠎ᠢ ᠨᠡᠩ ᠪᠣᠰᠣᠭ᠎ᠠ ᠴᠣᠭᠴᠠᠲᠤ ᠪᠣᠯᠭ᠋ᠠᠪᠠ᠃ ᠡᠯ᠎ᠡ ᠰᠠᠯᠠᠭ᠎ᠠ ᠮᠥᠴᠢᠷ᠂ ᠡᠯ᠎ᠡ ᠭᠠᠵᠠᠷ ᠣᠷᠣᠨ᠎ᠤ᠎ᠬᠢᠨ COP15᠂ ᠪᠦᠬᠦ ᠤᠯᠤᠰ᠎ᠤᠨ ᠠᠮᠢ ᠠᠬᠤᠢ ᠵᠢᠨ ᠡᠳᠦᠷ᠂ 6· 5 ᠵᠢᠨ ᠣᠷᠴᠢᠨ ᠲᠣᠭᠣᠷᠢᠨ᠎ᠤ ᠡᠳᠦᠷ᠂ 5·22᠎ᠤᠨ ᠤᠯᠠᠨ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠡᠳᠦᠷ ᠵᠡᠷᠭᠡ ᠵᠠᠩᠭᠢᠯᠠᠭ᠎ᠠ ᠵᠢᠨ ᠠᠵᠠ ᠲᠣᠬᠢᠶᠠᠯ ᠪᠣᠯᠣᠨ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠰᠠᠶ᠋ᠢᠲᠤᠷ ᠠᠳᠬᠤᠵᠤ᠂ ᠭᠣᠣᠯ ᠵᠠᠭᠤᠴᠢᠯᠠᠭᠤᠷ᠎ᠯᠤᠭ᠎ᠠ ᠢᠳᠡᠪᠬᠢᠲᠡᠢ᠎ᠪᠠᠷ ᠬᠠᠮᠲᠤᠷᠠᠯᠴᠠᠵᠤ᠂ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠠᠰᠢᠭᠯᠠᠨ᠂ ᠤᠯᠠᠨ ᠬᠡᠯᠪᠡᠷᠢ ᠵᠢᠨ ᠤᠬᠠᠭᠤᠯᠭ᠎ᠠ ᠬᠥᠮᠦᠵᠢᠯ ᠪᠣᠯᠣᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠤᠬᠠᠭᠤᠯᠤᠨ ᠲᠠᠨᠢᠯᠴᠠᠭᠤᠯᠵᠤ᠂ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠢᠳᠡᠪᠬᠢᠲᠡᠢ᠎ᠪᠠᠷ ᠤᠬᠠᠭᠤᠯᠤᠨ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠪᠣᠯᠣᠨ ᠢᠯᠡᠷᠬᠡᠢ ᠠᠮᠵᠢᠯᠲᠠ ᠪᠦᠲᠦᠮᠵᠢ ᠵᠢ ᠪᠥᠬᠥ ᠲᠠᠯ᠎ᠠ᠎ᠪᠠᠷ ᠮᠡᠳᠡᠭᠡᠯᠡᠪᠡ᠃ ᠶᠦᠨᠨᠠᠨ᠂ ᠭᠤᠸᠠᠩᠰᠢ᠂ ᠵᠧᠵᠢᠶᠠᠩ᠂ ᠵᠢᠶᠠᠩᠰᠢ᠂ ᠰᠧᠴᠤᠸᠠᠨ᠂ ᠵᠢᠶᠠᠩᠰᠤ ᠵᠡᠷᠭᠡ ᠤᠯᠤᠰ COP15 ᠵᠢᠨ ᠳᠤᠮᠳᠠᠳᠤ ᠤᠯᠤᠰ᠎ᠤᠨ ᠬᠠᠷᠠᠭ᠋ᠠᠰᠤ ᠭᠣᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠠᠮᠵᠢᠯᠲᠠ᠎ᠲᠠᠢ᠎ᠪᠠᠷ ᠡᠷᠬᠢᠯᠡᠵᠦ᠂ ᠣᠷᠣᠨ ᠨᠤᠲᠤᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠭᠰᠠᠨ ᠦᠷ᠎ᠡ ᠪᠦᠲᠦᠮᠵᠢ ᠵᠢ ᠳᠡᠯᠡᠬᠡᠢ ᠳ᠋ᠠᠬᠢᠨ᠎ᠳᠤ ᠦᠵᠡᠭᠦᠯᠪᠡ᠃ ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ ᠪᠠ ᠤᠯᠠᠮᠵᠢᠯᠠᠯᠲᠤ ᠰᠣᠶᠣᠯ ᠵᠶ᠋ᠠᠨ ᠭᠦᠢ᠍ᠴᠡᠳ ᠠᠭᠤᠳᠠᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠳᠤᠯᠭ᠋ᠠᠨ ᠪᠠ ᠪᠡᠶᠡᠴᠢᠯᠡᠨ ᠣᠢ᠌ᠯᠠᠭ᠋ᠠᠬᠤ ᠵᠢ ᠰᠦᠪᠡᠭᠴᠢᠯᠡᠨ ᠠᠬᠢᠭᠤᠯᠵᠤ᠂ ᠲᠣᠰ ᠲᠣᠰ᠎ᠤᠨ ᠣᠨᠴᠠᠯᠢᠭ᠎ᠲᠠᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠥᠬᠥᠷᠰᠡᠭ ᠬᠣᠲᠠ᠂ ᠪᠡᠶᠡᠴᠢᠯᠡᠨ ᠣᠢ᠌ᠯᠠᠭ᠋ᠠᠬᠤ ᠭᠠᠵᠠᠷ᠂ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠵᠡᠷᠭᠡ ᠵᠢ ᠰᠢᠨ᠎ᠡ᠎ᠪᠠᠷ ᠡᠭᠦᠳᠦᠨ ᠪᠠᠢ᠌ᠭᠤᠯᠵᠤ᠂ ᠵᠤᠰᠠᠯᠠᠩ᠎ᠤᠨ ᠭᠠᠵᠠᠷ᠂ ᠪᠣᠯᠪᠠᠰᠤᠷᠠᠯ᠎ᠤᠨ ᠭᠠᠵᠠᠷ᠂ ᠰᠢᠪᠠᠭᠤ ᠰᠣᠨᠢᠷᠬᠠᠬᠤ ᠤᠷᠤᠯᠳᠤᠭ᠋ᠠᠨ᠂ ᠤᠳᠠᠭ᠋ᠠᠨ ᠰᠢᠭᠤᠳ ᠨᠡᠪᠲᠡᠷᠡᠭᠦᠯᠭᠡ ᠵᠡᠷᠭᠡ ᠠᠮᠢ ᠠᠬᠤᠢ ᠵᠢᠨ ᠰᠣᠶᠣᠯ᠎ᠤᠨ ᠭᠣᠣᠯ ᠰᠡᠳᠦᠪᠲᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠤᠨ ᠬᠠᠷᠢᠯᠴᠠᠨ ᠬᠥᠳᠡᠯᠦᠯᠴᠡᠬᠦ ᠴᠢᠨᠠᠷ ᠪᠠ ᠰᠣᠨᠢᠷᠬᠠᠯᠲᠤ ᠴᠢᠨᠠᠷ᠎ᠢ ᠳᠡᠭᠡᠭᠰᠢᠯᠡᠭᠦᠯᠦᠨ᠂ ᠤᠯᠠᠨ ᠨᠠᠢ᠌ᠳᠠ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠪᠡ᠃
      ᠭᠠᠷ ᠬᠣᠯᠪᠣᠨ ᠬᠠᠮᠲᠤᠪᠠᠷ ᠤᠷᠤᠭᠰᠢᠯᠠᠵᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠵᠠᠰᠠᠬᠤ ᠰᠢᠨ᠎ᠡ ᠪᠠᠶ᠋ᠢᠳᠠᠯ᠎ᠢ ᠡᠬᠢᠯᠡᠭᠦᠯᠦᠶ᠎ᠡ
      ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠪᠠᠶᠠᠷᠯᠠᠭᠤᠰᠢᠲᠠᠢ ᠠᠬᠢᠯᠲᠠ᠎ᠲᠠᠢ ᠪᠣᠯᠤᠭᠰᠠᠨ ᠪᠣᠯᠪᠠᠴᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠭᠰᠠᠨ ᠪᠤᠰᠤᠳᠴᠢ ᠪᠠᠶ᠋ᠢᠳᠠᠯ ᠮᠥᠨ ᠯᠡ ᠬᠦᠨᠳᠦ ᠬᠡᠴᠡᠭᠦᠦ ᠪᠠᠢ᠌ᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠲᠤ ᠲᠤᠯᠭ᠋ᠠᠷᠠᠵᠤ ᠪᠠᠢ᠌ᠭ᠎ᠠ ᠳᠠᠷᠤᠯᠲᠠ ᠮᠥᠨ ᠯᠡ ᠬᠡᠴᠡᠭᠦᠳᠡᠵᠦ ᠪᠠᠶ᠋ᠢᠬᠤ ᠵᠢ ᠪᠢᠳᠡ ᠰᠡᠷᠭᠡᠭ ᠵᠶ᠋ᠡᠷ ᠣᠯᠵᠤ ᠬᠠᠷᠠᠵᠤ ᠪᠠᠢ᠌ᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠪᠣᠯ ᠪᠦᠬᠦ ᠬᠥᠮᠥᠨ ᠲᠥᠷᠥᠯᠬᠢᠲᠡᠨ᠎ᠤ ᠡᠮᠦᠨ᠎ᠡ ᠲᠠᠯᠪᠢᠭᠳᠠᠵᠤ ᠪᠠᠢ᠌ᠭ᠎ᠠ ᠬᠠᠮᠲᠤ ᠵᠢᠨ ᠥᠷᠢᠰᠥᠯᠳᠦᠭᠡᠨ ᠮᠥᠨ᠂ ᠡᠷᠬᠡᠪᠰᠢ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠵᠤ᠂ ᠬᠦᠴᠦ᠎ᠪᠠᠨ ᠬᠠᠮᠲᠤᠳᠬᠠᠨ ᠠᠷᠭ᠋ᠠᠴᠠᠭ᠋ᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠬᠠᠨᠳᠤᠰᠢ ᠵᠢ ᠠᠯᠢ ᠲᠦᠷᠭᠡᠨ ᠵᠶ᠋ᠡᠷ ᠬᠤᠪᠢᠷᠠᠭᠤᠯᠵᠤ᠂ ᠪᠠᠶ᠋ᠢᠭ᠋ᠠᠯᠢ ᠵᠢ ᠰᠡᠷᠭᠦᠭᠡᠬᠦ ᠵᠠᠮ᠎ᠳᠤ ᠣᠷᠣᠭᠤᠯᠬᠤ ᠬᠡᠷᠡᠭᠲᠡᠶ᠃
      ᠣᠳᠣᠬᠠᠨ᠎ᠳᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠰᠢᠨ᠎ᠡ ᠴᠠᠭ ᠦᠶ᠎ᠡ ᠨᠢᠭᠡᠨᠲᠡ ᠡᠬᠢᠯᠡᠵᠦ᠂ ᠣᠲᠣ ᠪᠣᠯ ᠬᠠᠮᠲᠤ ᠵᠢᠨ ᠲᠠᠨᠢᠯᠲᠠ ᠵᠢ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠵᠢᠷᠤᠭ ᠲᠥᠯᠥᠪᠯᠡᠭᠡ ᠵᠢ ᠪᠣᠳᠠᠲᠤ ᠠᠬᠤᠢ ᠪᠣᠯᠭ᠋ᠠᠨ ᠬᠤᠪᠢᠷᠠᠭᠤᠯᠬᠤ ᠴᠠᠭ ᠦᠶ᠎ᠡ ᠪᠣᠯᠣᠨ᠎ᠠ᠃ ᠰᠢᠨ᠎ᠡ ᠴᠠᠭ ᠦᠶ᠎ᠡ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠮᠳᠠ 《ᠬᠠᠮᠵᠢᠯᠴᠠᠬᠤ》 ᠵᠢᠨ ᠴᠢᠬᠤᠯᠠ ᠴᠢᠨᠠᠷ᠎ᠨᠢ ᠨᠡᠩ ᠲᠣᠪᠣᠢ᠌ᠮ᠎ᠠ ᠪᠣᠯᠵᠠᠢ᠂ ᠡᠭᠦᠨ᠎ᠤ ᠳᠣᠲᠣᠷᠠᠬᠢ ᠲᠤᠢ᠌ᠯ᠎ᠤᠨ ᠴᠢᠬᠤᠯᠠ ᠨᠢᠭᠡ ᠵᠦᠢ᠍ᠯ᠎ᠨᠢ ᠳᠠᠷᠤᠢ ᠲᠥᠪ ᠪᠠ ᠣᠷᠣᠨ ᠨᠤᠲᠤᠭ᠎ᠤᠨ ᠬᠠᠮᠵᠢᠯᠴᠠᠭ᠎ᠠ ᠪᠣᠯᠣᠨ᠎ᠠ᠃ 《ᠰᠠᠨᠠᠯ》᠎ᠳᠤ᠂ ᠱᠠᠲᠤ ᠬᠤᠪᠢᠶᠠᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠥᠪ᠎ᠠᠴᠠ ᠦᠵᠦ ᠵᠢᠷᠤᠭ ᠲᠥᠯᠥᠪᠯᠡᠭᠡ ᠵᠢ ᠰᠠᠶ᠋ᠢᠲᠤᠷ ᠬᠢᠵᠦ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠲᠥᠯᠦᠪᠵᠢᠭᠦᠯᠭᠡ ᠪᠠ ᠮᠡᠷᠭᠡᠵᠢᠯ᠎ᠤᠨ ᠵᠢᠷᠤᠮᠵᠢᠯ ᠵᠡᠷᠭᠡ ᠵᠢ ᠲᠣᠭᠲᠠᠭ᠋ᠠᠨ ᠨᠡᠢ᠌ᠲᠡᠯᠡᠵᠦ᠂ ᠣᠷᠣᠨ ᠨᠤᠲᠤᠭ᠎ᠤᠨ ᠠᠵᠢᠯ᠎ᠳᠠᠬᠢ ᠵᠢᠯᠣᠭᠣᠳᠤᠯᠭ᠎ᠠ ᠪᠠ ᠳᠡᠮᠵᠢᠯᠭᠡ᠎ᠪᠠᠨ ᠴᠢᠩᠭ᠋ᠠᠳᠬᠠᠬᠤ ᠬᠡᠷᠡᠭᠲᠡᠶ; ᠣᠷᠣᠨ ᠨᠤᠲᠤᠭ᠎ᠤᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠳᠡᠭᠡᠷ᠎ᠡ ᠳᠣᠣᠷ᠎ᠠ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂ ᠬᠠᠮᠲᠤᠷᠠᠯ 《ᠠᠵᠢᠯᠯᠠᠭ᠋ᠠᠨ᠎ᠤ ᠲᠥᠯᠥᠪᠯᠡᠭᠡ》᠎ᠳᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠪᠠ ᠵᠠᠰᠠᠯᠲᠠ᠎ᠳᠠᠬᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠵᠤ᠂ ᠲᠥᠪ᠎ᠠᠴᠠ ᠨᠢᠭᠡᠳᠦᠯᠲᠡᠢ ᠲᠥᠯᠥᠪᠯᠡᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠵᠢ ᠬᠠᠷᠢᠭᠤᠴᠠᠬᠤ᠂ ᠬᠣᠲᠠ ᠰᠢᠶᠠᠨ᠎ᠠᠴᠠ ᠨᠠᠢ᠌ᠳᠠᠪᠤᠷᠢᠵᠢᠭᠤᠯᠤᠯᠲᠠ ᠵᠢ ᠠᠳᠬᠤᠬᠤ ᠠᠵᠢᠯ᠎ᠤᠨ ᠲᠣᠭᠲᠠᠴᠠ ᠶᠣᠰᠣᠭ᠋ᠠᠷ᠂ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠬᠦ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠨ᠎ᠠ ᠭᠡᠵᠦ ᠳᠤᠷᠠᠳᠤᠨ ᠭᠠᠷᠭ᠋ᠠᠪᠠ᠃ ᠲᠥᠪ ᠪᠠ ᠣᠷᠣᠨ ᠨᠤᠲᠤᠭ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠵᠦ᠂ ᠭᠠᠷ ᠬᠣᠯᠪᠣᠨ ᠬᠠᠮᠲᠤ᠎ᠪᠠᠷ ᠤᠷᠤᠭᠰᠢᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠵᠠᠰᠠᠬᠤ ᠴᠢᠳᠠᠪᠤᠷᠢ ᠵᠢ ᠲᠠᠰᠤᠷᠠᠯᠳᠠ ᠦᠭᠡᠢ ᠪᠠᠲᠤᠳᠬᠠᠵᠤ᠂ ᠠᠮᠢ ᠠᠬᠤᠢ ᠵᠢᠨ ᠪᠣᠯᠪᠠᠰᠤᠨ ᠪᠠ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠲᠦᠷᠭᠡᠪᠴᠢᠯᠡᠨ ᠪᠦᠲᠦᠭᠡᠨ ᠪᠠᠢ᠌ᠭᠤᠯᠬᠤ᠂ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢ ᠠᠬᠢᠭᠤᠯᠬᠤ᠎ᠳᠤ ᠬᠦᠴᠦᠲᠡᠢ ᠲᠦᠰᠢᠭ ᠲᠤᠯᠭ᠋ᠠᠭᠤᠷᠢ ᠬᠠᠩᠭ᠋ᠠᠪᠠ᠃
      ᠦᠵᠦ ᠵᠢᠷᠤᠭ ᠲᠥᠯᠥᠪᠯᠡᠭᠡ ᠵᠢ ᠴᠢᠩᠭ᠋ᠠᠳᠬᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠭᠣᠣᠯᠳᠠᠯᠭ᠎ᠠ᠎ᠲᠠᠢ ᠪᠡᠷᠬᠡ ᠠᠰᠠᠭᠤᠳᠠᠯ᠎ᠢ ᠰᠢᠢ᠍ᠳᠪᠦᠷᠢᠯᠡᠨ᠎ᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠰᠢᠨ᠎ᠡ ᠪᠠᠶ᠋ᠢᠳᠠᠯ᠂ ᠰᠢᠨ᠎ᠡ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠰᠲ᠋ᠧᠮ᠎ᠲᠠᠢ᠎ᠪᠠᠷ ᠲᠥᠯᠥᠪᠯᠡᠨ᠂ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠵᠤ᠂ ᠬᠦᠴᠦᠷᠬᠡᠭ᠎ᠢ ᠪᠠᠲᠤᠳᠬᠠᠨ ᠪᠠᠭᠤᠷᠠᠢ ᠵᠢ ᠨᠥᠬᠥᠪᠦᠷᠢᠯᠡᠵᠦ᠂ ᠣᠨᠣᠴᠠᠲᠠᠢ ᠬᠦᠴᠦᠯᠡᠵᠦ᠂ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠮᠳᠠ ᠣᠷᠣᠰᠢᠵᠤ ᠪᠠᠢ᠌ᠭ᠎ᠠ ᠵᠠᠩᠭᠢᠯᠠᠭ᠎ᠠ ᠵᠢᠨ 《ᠪᠣᠭᠣᠮᠢ》 ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠭᠣᠣᠯᠳᠠᠯᠭ᠎ᠠ᠎ᠲᠠᠢ ᠪᠡᠷᠬᠡ ᠠᠰᠠᠭᠤᠳᠠᠯ᠎ᠢ ᠪᠦᠲᠦᠮᠵᠢᠲᠡᠢ᠎ᠪᠠᠷ ᠠᠷᠭ᠋ᠠᠴᠠᠭ᠋ᠠᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠷᠭᠡᠳᠬᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠲᠥᠷᠥ ᠵᠢᠨ ᠪᠣᠳᠣᠯᠭ᠎ᠠ ᠵᠢᠴᠢ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠡᠯ᠎ᠡ ᠭᠠᠵᠠᠷ᠎ᠤᠨ᠎ᠬᠢᠨ᠎ᠤ ᠭᠠᠵᠠᠷ ᠣᠷᠣᠨ᠎ᠤ᠎ᠪᠠᠨ ᠪᠠᠶ᠋ᠢᠳᠠᠯ᠎ᠳᠤ ᠲᠣᠬᠢᠷᠠᠭᠤᠯᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠣᠬᠢᠴᠠᠩᠭᠤᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠨᠡᠢ᠌ᠲᠡᠯᠡᠬᠦ ᠵᠢ ᠵᠣᠷᠢᠭᠵᠢᠭᠤᠯᠤᠨ᠎ᠠ᠃ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠶᠡᠬᠡ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ》᠎ᠢ ᠨᠡᠢ᠌ᠲᠡᠯᠡᠵᠦ᠂ ᠡᠯ᠎ᠡ ᠭᠠᠵᠠᠷ᠎ᠤᠨ᠎ᠬᠢᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ ᠬᠢᠭᠡᠳ ᠠᠵᠢᠯᠯᠠᠭ᠋ᠠᠨ᠎ᠤ ᠲᠥᠯᠥᠪᠯᠡᠭᠡ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠶᠡᠬᠡ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠎ᠢ ᠲᠣᠭᠲᠠᠭ᠋ᠠᠬᠤ ᠪᠠ ᠰᠢᠨᠡᠳᠬᠡᠬᠦ ᠵᠢ ᠵᠣᠷᠢᠭᠵᠢᠭᠤᠯᠤᠨ ᠵᠢᠯᠤᠭᠣᠳᠴᠤ᠂ ᠮᠤᠵᠢ᠂ ᠬᠤᠳᠠ᠂ ᠰᠢᠶᠠᠨ᠎ᠤ ᠱᠠᠲᠤᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠷᠠᠯᠲᠠ᠂ ᠡᠭᠦᠷᠭᠡ ᠪᠠ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠵᠤ᠂ ᠤᠯᠤᠰ᠎ᠤᠨ ᠬᠠᠷᠠᠯᠲᠠ ᠪᠠ ᠠᠵᠢᠯᠯᠠᠭ᠎ᠠ᠎ᠲᠠᠢ ᠨᠢᠭᠡᠳᠦᠯᠲᠦ ᠴᠢᠨᠠᠷ᠎ᠢ ᠴᠢᠩᠭ᠋ᠠᠷᠠᠭᠤᠯᠤᠨ᠎ᠠ᠃
      ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠢ ᠰᠠᠶ᠋ᠢᠲᠤᠷ ᠠᠳᠬᠤᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠢᠨᠠᠯᠲᠠ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠠᠢ᠌ᠴᠠᠭ᠋ᠠᠵᠤ ᠬᠢᠨᠠᠨ ᠬᠡᠮᠵᠢᠬᠦ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ᠂ ᠪᠠᠢ᠌ᠴᠠᠭ᠋ᠠᠵᠤ ᠬᠢᠨᠠᠨ ᠬᠡᠮᠵᠢᠬᠦ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮ᠎ᠢ ᠪᠦᠷᠢᠨᠰᠢᠭᠦᠯᠦᠨ᠂ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠢᠨᠠᠨ ᠬᠠᠮᠢᠶᠠᠷᠬᠤ ᠲᠣᠭ᠎ᠠ ᠪᠠᠷᠢᠮᠲᠠ ᠵᠢᠨ ᠰᠠᠭᠤᠷᠢ ᠵᠢ ᠪᠡᠬᠢᠵᠢᠭᠦᠯᠦᠨ᠎ᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠢᠨᠠᠨ ᠬᠡᠮᠵᠢᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠠᠮᠢ ᠠᠬᠤᠢ ᠵᠢᠨ ᠶᠠᠰᠤ ᠴᠢᠨᠠᠷ᠎ᠢ ᠬᠢᠨᠠᠨ ᠬᠡᠮᠵᠢᠬᠦ᠎ᠳᠤ ᠣᠷᠣᠭᠤᠯᠤᠨ᠂ ᠪᠠᠢ᠌ᠴᠠᠭ᠋ᠠᠵᠤ ᠬᠢᠨᠠᠨ ᠬᠡᠮᠵᠢᠭᠰᠡᠨ ᠦᠷ᠎ᠡ ᠪᠦᠲᠦᠭᠡᠯ᠎ᠢ ᠦᠨᠳᠦᠰᠦᠯᠡᠨ ᠬᠠᠮᠢᠶ᠎ᠠ ᠪᠦᠬᠦᠢ ᠨᠡᠷᠡᠰ᠎ᠤᠨ ᠵᠢᠭᠰᠠᠭ᠋ᠠᠯᠲᠠ ᠵᠢ ᠴᠠᠭ ᠲᠤᠬᠠᠢ᠎ᠳᠤᠨᠢ ᠨᠠᠢ᠌ᠷᠠᠭᠤᠯᠤᠨ ᠵᠣᠬᠢᠶᠠᠬᠤ ᠪᠤᠶᠤ ᠰᠢᠨᠡᠳᠬᠡᠨ᠎ᠡ᠃ ᠤᠯᠠᠨ ᠲᠠᠯ᠎ᠠ ᠵᠢᠨ ᠬᠠᠮᠲᠤᠷᠠᠨ ᠪᠠᠢ᠌ᠴᠠᠭ᠋ᠠᠵᠤ ᠬᠢᠨᠠᠨ ᠬᠡᠮᠵᠢᠬᠦ ᠰᠢᠰᠲ᠋ᠧᠮ᠎ᠢ ᠨᠡᠢ᠌ᠳᠬᠡᠨ ᠪᠠᠢ᠌ᠭᠤᠯᠤᠨ᠂ ᠨᠡᠢ᠌ᠭᠡᠮ᠎ᠤᠨ ᠬᠦᠴᠦᠨ ᠪᠠ ᠬᠥᠷᠥᠩᠭᠡ ᠵᠢᠨ ᠪᠠᠢ᠌ᠴᠠᠭ᠋ᠠᠵᠤ ᠬᠢᠨᠠᠨ ᠬᠡᠮᠵᠢᠬᠦ ᠠᠵᠢᠯ᠎ᠳᠤ ᠣᠷᠣᠯᠴᠠᠬᠤ ᠵᠢ ᠭᠦᠢ᠍ᠴᠡᠳ ᠲᠠᠢ᠍ᠢ᠍ᠴᠢᠯᠠᠨ᠎ᠠ᠃ ᠴᠢᠬᠤᠯᠠ ᠠᠮᠢ ᠠᠬᠤᠢ ᠵᠢᠨ ᠰᠢᠰᠲ᠋ᠧᠮ᠂ ᠭᠣᠣᠯᠳᠠᠯᠭ᠎ᠠ᠎ᠲᠠᠢ ᠪᠣᠳᠠᠰ᠎ᠤᠨ ᠳᠦᠷᠰᠦ ᠪᠠ ᠴᠢᠬᠤᠯᠠ ᠤᠳᠤᠮᠯᠠᠯ᠎ᠤᠨ ᠡᠬᠢ ᠪᠠᠶᠠᠯᠢᠭ᠎ᠲᠤ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠶᠡᠷᠦᠩᠬᠡᠢ᠌ᠯᠡᠭᠰᠡᠨ ᠦᠨᠡᠯᠡᠨ ᠵᠢᠱ᠌ᠢᠯᠲᠡ ᠵᠢᠨ ᠮᠡᠳᠡᠭᠦᠯᠦᠯᠲᠡ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠠᠰᠠᠭᠤᠳᠠᠯ ᠪᠠ ᠳᠤᠲᠠᠭᠤᠳᠠᠯ᠎ᠢ ᠣᠨᠣᠪᠴᠢᠲᠠᠢ ᠡᠷᠢᠨ ᠣᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠲᠣᠭ᠎ᠠ ᠪᠠᠷᠢᠮᠲᠠ ᠵᠢ ᠠᠭᠤᠰᠤᠯᠴᠠᠭᠤᠯᠬᠤ ᠪᠠ ᠬᠠᠮᠲᠤᠪᠠᠷ ᠡᠳ᠋ᠯᠡᠬᠦ ᠵᠢ ᠠᠬᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠲᠣᠭ᠎ᠠ ᠪᠠᠷᠢᠮᠲᠠ ᠵᠢ ᠴᠤᠭᠯᠠᠷᠠᠭᠤᠯᠤᠨ ᠠᠭᠤᠰᠤᠯᠴᠠᠭᠤᠯᠬᠤ ᠵᠢ ᠠᠬᠢᠭᠤᠯᠵᠤ᠂ ᠨᠡᠢ᠌ᠭᠡᠮ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠳᠡᠭᠡᠭᠰᠢ ᠳᠠᠮᠵᠢᠭᠤᠯᠵᠤ ᠡᠮᠬᠢᠯᠡᠨ ᠨᠡᠶ᠋ᠢᠯᠡᠭᠦᠯᠬᠦ ᠵᠢ ᠠᠬᠢᠭᠤᠯᠵᠤ᠂ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠠᠲᠤᠯᠠᠭᠰᠠᠨ ᠤᠷᠢᠲᠠᠯ ᠳᠣᠣᠷ᠎ᠠ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠡᠮᠬᠢ ᠵᠢᠷᠤᠮ᠎ᠲᠠᠢ᠎ᠪᠠᠷ ᠠᠬᠢᠭᠤᠯᠤᠨ᠎ᠠ᠃
      ᠬᠠᠢ᠌ᠨ ᠰᠦᠪᠡᠭᠴᠢᠯᠡᠵᠦ ᠦᠢ᠍ᠯᠡᠳᠦᠯᠭᠡᠵᠢᠭᠦᠯᠬᠦ ᠵᠢ ᠴᠢᠩᠭ᠋ᠠᠳᠬᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠤᠨᠤᠯ᠎ᠢ ᠦᠢ᠍ᠯᠡᠳᠦᠯᠭᠡ᠎ᠳᠤ ᠣᠷᠣᠭᠤᠯᠬᠤ ᠠᠷᠭ᠎ᠠ ᠵᠠᠮ᠎ᠢ ᠨᠡᠪᠲᠡᠷᠡᠭᠦᠯᠦᠨ᠎ᠡ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠰᠡᠷᠭᠦᠭᠡᠬᠦ ᠵᠠᠭᠪᠤᠷ ᠪᠠ ᠮᠡᠷᠭᠡᠵᠢᠯ᠎ᠤᠨ ᠰᠤᠳᠤᠯᠭ᠋ᠠᠨ᠎ᠢ ᠥᠷᠨᠢᠭᠦᠯᠵᠦ᠂ ᠨᠡᠢ᠌ᠲᠡᠯᠢᠭ ᠣᠷᠣᠨ ᠪᠦᠰᠡ ᠵᠢ ᠰᠣᠩᠭᠣᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠰᠡᠷᠭᠦᠭᠡᠬᠦ ᠲᠤᠷᠰᠢᠯᠲᠠ ᠵᠢᠨ ᠴᠡᠭ᠎ᠤᠨ ᠪᠠᠢ᠌ᠭᠤᠯᠤᠯᠲᠠ ᠵᠢ ᠥᠷᠨᠢᠭᠦᠯᠵᠦ᠂ ᠳᠡᠯᠭᠡᠷᠡᠭᠦᠯᠵᠦ ᠪᠣᠯᠬᠤ᠂ ᠬᠠᠭᠤᠯᠪᠤᠷᠢᠯᠠᠵᠤ ᠪᠣᠯᠬᠤ ᠰᠢᠷᠢᠰ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠪᠤᠢ ᠪᠣᠯᠭ᠋ᠠᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠠᠮᠢ ᠠᠬᠤᠢ ᠵᠢᠨ ᠢᠨᠵᠧᠨᠧᠷᠢᠩ᠎ᠤᠨ ᠠᠮᠵᠢᠯᠲᠠ ᠪᠦᠲᠦᠮᠵᠢ ᠵᠢ ᠦᠨᠡᠯᠡᠬᠦ ᠰᠢᠰᠲ᠋ᠧᠮ᠎ᠳᠤ ᠣᠷᠣᠭᠤᠯᠵᠤ᠂ ᠠᠮᠢ ᠠᠬᠤᠢ ᠵᠢᠨ ᠢᠨᠵᠧᠨᠧᠷᠢᠩ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠵᠠᠰᠠᠬᠤ ᠦᠢ᠍ᠯᠡᠳᠦᠯ ᠴᠢᠳᠠᠪᠤᠷᠢ ᠵᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠥᠯᠥᠭᠡ ᠵᠢᠨ ᠦᠨᠡᠯᠡᠯᠲᠡ ᠵᠢ ᠰᠦᠪᠡᠭᠴᠢᠯᠡᠨ ᠥᠷᠨᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠲᠣᠮᠣ ᠬᠡᠯᠪᠡᠷᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠪᠥᠬᠥ ᠶᠠᠪᠤᠴᠠ᠎ᠳᠤ ᠣᠷᠣᠭᠤᠯᠤᠨ ᠬᠢᠨᠠᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠦᠷᠭᠦᠯᠵᠢᠯᠡᠨ ᠠᠰᠢᠭᠯᠠᠬᠤ ᠰᠤᠳᠤᠯᠭ᠋ᠠᠨ᠎ᠢ ᠥᠷᠨᠢᠭᠦᠯᠵᠦ᠂ ᠨᠥᠬᠥᠴᠡᠯ᠎ᠲᠠᠢ ᠭᠠᠵᠠᠷ ᠣᠷᠣᠨ᠎ᠤ ᠤᠷᠢᠳᠠᠪᠠᠷ ᠵᠢᠱ᠌ᠢᠶ᠎ᠡ ᠦᠵᠡᠭᠦᠯᠬᠦ ᠠᠵᠢᠯ ᠥᠷᠨᠢᠭᠦᠯᠬᠦ ᠵᠢ ᠳᠡᠮᠵᠢᠵᠦ᠂ ᠠᠮᠢᠳᠤ ᠪᠣᠳᠠᠰ᠎ᠤᠨ ᠤᠳᠤᠮᠯᠠᠯ᠎ᠤᠨ ᠡᠬᠢ ᠪᠠᠶᠠᠯᠢᠭ᠎ᠢ ᠣᠯᠬᠤ ᠪᠠ ᠠᠰᠢᠭ ᠬᠦᠷᠲᠡᠭᠡᠬᠦ ᠵᠢ ᠬᠠᠮᠲᠤ᠎ᠪᠠᠷ ᠡᠳ᠋ᠯᠡᠬᠦ ᠵᠠᠭᠪᠤᠷ᠎ᠤᠨ ᠰᠢᠨ᠎ᠡ ᠵᠢ ᠡᠭᠦᠳᠴᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠥᠷᠲᠡᠭ᠎ᠢ ᠪᠡᠶᠡᠯᠡᠭᠦᠯᠬᠦ ᠥᠯᠢᠭᠡᠷ ᠵᠢᠱ᠌ᠢᠶ᠎ᠡ ᠵᠢ ᠪᠤᠢ ᠪᠣᠯᠭ᠋ᠠᠨ᠎ᠠ᠃ ᠬᠤᠳᠠ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢ ᠠᠬᠢᠭᠤᠯᠵᠤ᠂ ᠪᠦᠲᠦᠮᠵᠢᠲᠡᠢ ᠵᠠᠭᠪᠤᠷ ᠪᠠ ᠠᠰᠢᠭᠲᠠᠢ ᠲᠤᠷᠰᠢᠯᠭ᠎ᠠ ᠵᠢ ᠬᠠᠢ᠌ᠨ ᠰᠦᠪᠡᠭᠴᠢᠯᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠲᠠᠢ ᠨᠥᠬᠥᠷᠰᠡᠭ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠥᠯᠢᠭᠡᠷ ᠳᠠᠭᠤᠷᠢᠶᠠᠯ᠎ᠢ ᠪᠤᠢ ᠪᠣᠯᠭ᠋ᠠᠨ᠎ᠠ᠃
      ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠴᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠤᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠎ᠠ᠃ ᠡᠯ᠎ᠡ ᠱᠠᠲᠤᠨ᠎ᠤ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠰᠢᠯᠢᠳᠡᠭᠵᠢᠭᠦᠯᠦᠨ ᠲᠣᠬᠢᠷᠠᠭᠤᠯᠬᠤ ᠵᠢ ᠴᠢᠩᠭ᠋ᠠᠷᠠᠭᠤᠯᠵᠤ᠂ ᠬᠡᠷᠡᠭᠴᠡᠭᠡ᠎ᠪᠠᠨ ᠦᠨᠳᠦᠰᠦᠯᠡᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠭᠣᠣᠯᠳᠠᠯᠭ᠎ᠠ᠎ᠲᠠᠢ ᠳᠡᠮᠵᠢᠯᠭᠡ ᠦᠵᠡᠭᠦᠯᠬᠦ ᠬᠡᠷᠡᠭᠲᠡᠶ᠃ ᠡᠯ᠎ᠡ ᠲᠥᠷᠥᠯ᠎ᠤᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠢᠳᠡᠪᠬᠢᠵᠢᠯ᠎ᠢ ᠳᠠᠶ᠋ᠢᠴᠢᠯᠠᠵᠤ᠂ ᠵᠠᠰᠠᠭ᠎ᠤᠨ ᠣᠷᠳᠣᠨ᠎ᠤ ᠬᠥᠲᠥᠯᠥᠨ ᠵᠢᠯᠤᠭᠣᠳᠬᠤ ᠪᠡᠯᠡ ᠮᠥᠩᠭᠥ ᠵᠢᠨ ᠲᠣᠬᠢᠷᠠᠭᠤᠯᠤᠨ ᠡᠵᠡᠮᠳᠡᠵᠦ ᠳᠠᠢ᠌ᠴᠢᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠨᠡᠢ᠌ᠭᠡᠮ᠎ᠤᠨ ᠬᠥᠷᠥᠩᠭᠡ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠨ ᠰᠡᠷᠭᠦᠭᠡᠬᠦ᠎ᠳᠤ ᠣᠷᠣᠯᠴᠠᠭᠤᠯᠵᠤ᠂ ᠤᠯᠠᠨ ᠤᠯᠤᠰ᠎ᠤᠨ ᠪᠡᠯᠡ ᠮᠥᠩᠭᠥ ᠵᠢᠨ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠨ᠎ᠠ᠃ ᠠᠮᠢ ᠠᠬᠤᠢ ᠵᠢᠨ ᠰᠢᠰᠲ᠋ᠧᠮ᠎ᠤᠨ ᠦᠢ᠍ᠯᠡᠴᠢᠯᠡᠭᠡᠨ᠎ᠤ ᠰᠦᠢ᠍ᠳᠬᠡᠯ ᠲᠤᠰᠢᠶᠠᠬᠤ ᠲᠣᠭᠲᠠᠴᠠ ᠵᠢ ᠭᠦᠨᠵᠡᠭᠡᠢ᠌ᠷᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠨ ᠰᠡᠷᠭᠦᠭᠡᠬᠦ ᠨᠥᠬᠥᠪᠦᠷᠢ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠠᠮᠢᠳᠤ ᠪᠣᠳᠠᠰ᠎ᠤᠨ ᠤᠳᠤᠮᠯᠠᠯ᠎ᠤᠨ ᠡᠬᠢ ᠪᠠᠶᠠᠯᠢᠭ᠎ᠤᠨ ᠠᠰᠢᠭ ᠲᠤᠰᠠ ᠵᠢ ᠬᠤᠪᠢᠶᠠᠨ ᠡᠳ᠋ᠯᠡᠬᠦ ᠲᠣᠭᠲᠠᠴᠠ ᠵᠢ ᠲᠡᠭᠦᠯᠳᠡᠷᠵᠢᠭᠦᠯᠦᠨ᠂ ᠠᠮᠢ ᠠᠬᠤᠢ ᠵᠢᠨ ᠪᠦᠲᠦᠭᠡᠭᠳᠡᠬᠦᠨ᠎ᠢ ᠠᠷᠠᠯᠵᠢᠶᠠᠯᠠᠵᠤ ᠪᠣᠯᠬᠤ ᠪᠠᠷᠢᠴᠠᠭ᠋ᠠᠯᠠᠵᠤ ᠪᠣᠯᠬᠤ ᠪᠡᠯᠡᠨ ᠵᠣᠭᠣᠰ ᠪᠣᠯᠭ᠋ᠠᠵᠤ ᠪᠣᠯᠬᠤ ᠵᠢ ᠠᠬᠢᠭᠤᠯᠤᠨ᠎ᠠ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠥᠷᠥᠯ ᠵᠦᠢ᠍ᠯ᠎ᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠲᠥᠷᠥᠯ ᠵᠦᠢ᠍ᠯ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠣᠭᠣᠰᠤᠨ᠎ᠤ ᠲᠥᠷᠥ ᠵᠢᠨ ᠪᠣᠳᠣᠯᠭ᠎ᠠ ᠵᠢᠨ ᠪᠠᠭ᠋ᠠᠵᠢ ᠵᠢ ᠭᠦᠢ᠍ᠴᠡᠳ ᠵᠣᠯᠭ᠋ᠠᠭᠤᠯᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠪᠠ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠬᠠᠮᠲᠤ ᠵᠢᠨ ᠠᠰᠢᠭ ᠲᠤᠰᠠ ᠪᠠ ᠬᠠᠮᠵᠢᠯᠴᠠᠬᠤ ᠦᠢ᠍ᠯᠡᠳᠦᠯ᠎ᠢ ᠰᠢᠯᠢᠳᠡᠭᠵᠢᠭᠦᠯᠦᠨ᠎ᠡ᠃
      ᠮᠡᠳᠡᠯᠭᠡ ᠵᠢᠨ ᠳᠠᠮᠵᠢᠭᠤᠯᠭ᠎ᠠ ᠵᠢ ᠠᠬᠢᠭᠤᠯᠵᠤ᠂ ᠪᠦᠬᠦ ᠠᠷᠠᠳ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠠᠯᠠᠭᠤᠨ ᠰᠡᠳᠬᠢᠯᠭᠡ ᠵᠢ ᠬᠥᠭᠵᠢᠭᠡᠨ᠎ᠡ᠃ ᠣᠲᠣ ᠵᠢᠨ ᠪᠠᠢ᠌ᠭ᠎ᠠ ᠪᠠᠶ᠋ᠢᠭ᠋ᠠᠯᠢ ᠵᠢᠨ ᠮᠦᠽᠧᠢ᠂ ᠠᠮᠢᠲᠠᠨ ᠤᠷᠭᠤᠮᠠᠯ᠎ᠤᠨ ᠬᠦᠷᠢᠶᠡᠯᠡᠩ᠂ ᠦᠷ᠎ᠡ ᠡᠳ᠋᠎ᠤᠨ ᠡᠬᠢ ᠪᠠᠶᠠᠯᠢᠭ᠎ᠤᠨ ᠬᠥᠮᠥᠷᠭᠡ ᠵᠡᠷᠭᠡ᠎ᠳᠤ ᠭᠦᠢ᠍ᠴᠡᠳ ᠲᠦᠰᠢᠭᠯᠡᠨ᠂ ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠮᠦᠽᠧᠢ ᠵᠢᠨ ᠰᠢᠰᠲ᠋ᠧᠮ᠎ᠢ ᠪᠦᠷᠢᠯᠳᠦᠬᠦ ᠵᠢ ᠠᠬᠢᠭᠤᠯᠵᠤ᠂ ᠣᠷᠣᠨ ᠨᠤᠲᠤᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠦᠵᠡᠭᠦᠯᠭᠡ ᠵᠢᠨ ᠲᠥᠪ ᠬᠢᠭᠡᠳ ᠮᠦᠽᠧᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠨ᠎ᠡ᠃ ᠠᠮᠢᠳᠤ ᠪᠣᠳᠠᠰ᠎ᠤᠨ ᠳᠦᠷᠰᠦ ᠵᠢᠨ ᠡᠬᠢ ᠪᠠᠶᠠᠯᠢᠭ᠂ ᠠᠮᠢᠳᠤ ᠪᠣᠳᠠᠰ᠎ᠤᠨ ᠤᠳᠤᠮᠯᠠᠯ᠎ᠤᠨ ᠡᠬᠢ ᠪᠠᠶᠠᠯᠢᠭ ᠵᠢᠴᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠢᠶ᠎ᠠ ᠪᠦᠬᠦᠢ ᠤᠯᠠᠮᠵᠢᠯᠠᠯᠲᠤ ᠮᠡᠳᠡᠯᠭᠡ ᠵᠢᠨ ᠭᠠᠷᠴᠠᠭᠯᠠᠯ ᠵᠢᠴᠢ ᠣᠷᠣᠨ ᠨᠤᠲᠤᠭ᠎ᠤᠨ ᠣᠶ᠋ᠢᠯᠠᠯᠭ᠎ᠠ ᠵᠢᠨ ᠨᠠᠢ᠌ᠷᠠᠭᠤᠯᠤᠨ ᠵᠣᠬᠢᠶᠠᠬᠤ ᠠᠵᠢᠯ᠎ᠢ ᠲᠦᠷᠭᠡᠳᠬᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠢᠨᠵᠢᠯᠡᠭᠡᠨ᠎ᠤ ᠰᠠᠯᠠᠭ᠎ᠠ ᠵᠢᠨ ᠪᠠᠢ᠌ᠭᠤᠯᠤᠯᠲᠠ ᠪᠠ ᠴᠢᠳᠠᠪᠤᠷᠢᠲᠠᠨ᠎ᠢ ᠬᠥᠮᠥᠵᠢᠭᠦᠯᠬᠦ ᠵᠢ ᠳᠡᠮᠵᠢᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠥᠮᠦᠵᠢᠯ᠎ᠤᠨ ᠨᠢᠭᠡ ᠪᠦᠯᠦᠭ ᠨᠣᠮ ᠪᠢᠴᠢᠭ᠎ᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠲᠠᠢ ᠨᠥᠬᠥᠷᠰᠡᠭ ᠬᠣᠲᠠ᠂ ᠭᠣᠣᠯ ᠰᠡᠳᠦᠪᠲᠦ ᠰᠣᠶᠣᠯ᠎ᠤᠨ ᠴᠡᠴᠡᠷᠯᠢᠭ᠂ ᠪᠠᠶᠠᠳᠠᠨ ᠣᠢ᠌ᠯᠠᠭ᠋ᠠᠬᠤ ᠭᠠᠵᠠᠷ ᠪᠠ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠲᠣᠭ᠋ᠠᠴᠢᠯᠠᠭᠰᠠᠨ ᠮᠦᠽᠧᠢ᠂ ᠰᠦᠯᠵᠢᠶᠡᠨ ᠳᠡᠭᠡᠷᠡᠬᠢ ᠦᠵᠡᠰᠬᠦᠯᠡᠩ᠂ ᠡᠭᠦᠯᠡᠨ ᠬᠢᠴᠢᠶᠡᠯ᠎ᠤᠨ ᠲᠠᠩᠬᠢᠮ ᠵᠡᠷᠭᠡ᠎ᠪᠠᠷ ᠪᠦᠷᠢᠯᠳᠦᠭᠰᠡᠨ ᠰᠦᠯᠵᠢᠶᠡᠨ᠎ᠤ ᠤᠬᠠᠭᠤᠯᠭ᠎ᠠ ᠬᠥᠮᠦᠵᠢᠯ᠎ᠤᠨ ᠰᠢᠰᠲ᠋ᠧᠮ᠎ᠢ ᠪᠠᠢ᠌ᠭᠤᠯᠵᠤ᠂ ᠢᠯᠡ ᠲᠣᠳᠣ ᠣᠷᠣᠨ ᠨᠤᠲᠤᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠣᠨᠴᠠᠯᠢᠭ᠎ᠲᠠᠢ ᠰᠣᠶᠣᠯ᠎ᠤᠨ ᠪᠦᠲᠦᠭᠡᠯᠴᠢ ᠪᠦᠲᠦᠭᠡᠭᠳᠡᠬᠦᠨ᠎ᠢ ᠨᠡᠭᠡᠭᠡᠨ ᠬᠥᠭᠵᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠰᠣᠶᠣᠯ᠎ᠤᠨ ᠢᠲᠡᠭᠡᠯ᠎ᠢ ᠪᠠᠲᠤᠳᠬᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠪᠦᠬᠦ ᠠᠷᠠᠳ᠎ᠤᠨ ᠤᠬᠠᠮᠰᠠᠷᠲᠤ ᠠᠵᠢᠯᠯᠠᠭ᠎ᠠ ᠪᠣᠯᠭ᠋ᠠᠬᠤ ᠵᠢ ᠠᠬᠢᠭᠤᠯᠤᠨ᠎ᠠ᠃
      (ᠵᠣᠬᠢᠶᠠᠭᠴᠢ ᠪᠣᠯ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠶ᠋ᠢᠭ᠋ᠠᠯᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠵᠤᠷᠭ᠋ᠠᠨ᠎ᠤ ᠳᠠᠷᠤᠭ᠎ᠠ ᠵᠠᠩ ᠢᠦᠢ ᠵᠢᠶᠦ᠋ᠨ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠥᠷᠥ ᠵᠢᠨ ᠪᠣᠳᠣᠯᠭ᠎ᠠ》 ᠵᠢ ᠨᠡᠢ᠌ᠲᠡᠯᠡᠪᠡ
ᠲᠤᠰᠬᠠᠢ ᠮᠡᠷᠭᠡᠵᠢᠯᠲᠡᠨ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠲᠤᠬᠠᠢ ᠲᠠᠢ᠌ᠯᠤᠮᠵᠢ ᠬᠢᠪᠡ
ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠨᠠᠮ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠪᠡ — ᠤᠰᠤ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
 
             蒙ICP备05000248号