ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠥᠷᠥ ᠵᠢᠨ ᠪᠣᠳᠣᠯᠭ᠎ᠠ》 ᠵᠢ ᠨᠡᠢ᠌ᠲᠡᠯᠡᠪᠡ
ᠨᠡᠶ᠋ᠢᠲᠡᠯᠡᠭᠰᠡᠨ ᠴᠠᠭ᠄ 2024-05-11

      ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠦᠷᠦᠭᠦᠬᠡᠨ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ᠎ᠲᠤ ᠭᠠᠷ᠎ᠤᠨ ᠦᠰᠦᠭ ᠵᠢᠷᠤᠵᠤ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠨᠡᠢ᠌ᠲᠡᠯᠡᠵᠦ᠂ 2024 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ ᠪᠣᠯ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ 《ᠳᠦᠷᠢᠮ》᠎ᠳᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠭᠡᠬᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ ᠪᠠ ᠱᠠᠭ᠋ᠠᠷᠳᠠᠯᠭ᠎ᠠ ᠵᠢᠴᠢ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ᠎ᠢ ᠶᠡᠷᠦᠩᠬᠡᠢ᠌ᠯᠡᠭᠰᠡᠨ ᠴᠢᠨᠠᠷᠲᠠᠢ᠂ ᠰᠠᠭᠤᠷᠢ ᠴᠢᠨᠠᠷᠲᠠᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠪᠡᠬᠢᠵᠢᠭᠦᠯᠦᠨ ᠥᠷᠭᠡᠳᠬᠡᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠦᠨᠳᠦᠰᠦᠨ ᠳᠦᠷᠢᠮ ᠲᠣᠭᠲᠠᠭ᠋ᠠᠯ᠎ᠢ ᠲᠣᠭᠲᠠᠭ᠋ᠠᠵᠤ᠂ ᠬᠠᠤᠯᠢ᠎ᠪᠠᠷ ᠵᠠᠰᠠᠬᠤ᠎ᠪᠠᠷ ᠦᠨᠳᠦᠰᠦ ᠵᠢ ᠪᠠᠲᠤᠳᠬᠠᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠂ ᠠᠯᠤᠰ ᠬᠡᠲᠦ᠎ᠳᠤ ᠠᠰᠢᠭᠲᠠᠢ ᠪᠠᠢ᠌ᠯᠭ᠋ᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ 《ᠳᠦᠷᠢᠮ》᠎ᠨᠢ ᠨᠠᠢ᠌ᠳᠠ 6 ᠪᠦᠯᠦᠭ 33 ᠵᠦᠢ᠍ᠯ᠎ᠲᠠᠢ᠂ ᠭᠣᠣᠯᠳᠠᠭᠤ ᠳᠣᠣᠷᠠᠬᠢ ᠠᠭᠤᠯᠭ᠎ᠠ ᠵᠢ ᠲᠣᠭᠲᠠᠭ᠋ᠠᠵᠠᠢ᠄
      ᠨᠢᠭᠡ᠎ᠳᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠠᠭᠤᠯᠤᠭᠳᠠᠬᠤᠨ᠎ᠢ ᠲᠣᠳᠣᠷᠬᠠᠢ᠌ᠯᠠᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠭᠡᠳᠡᠭ ᠪᠣᠯ ᠡᠳ᠋᠎ᠤᠨ ᠵᠠᠰᠠᠭ᠎ᠤᠨ ᠭᠤᠯᠳᠤ᠎ᠪᠠᠷ ᠨᠥᠬᠥᠪᠦᠷᠢ ᠥᠭᠬᠦ᠂ ᠭᠠᠵᠠᠷ ᠣᠷᠣᠨ᠎ᠤ ᠬᠣᠭᠣᠷᠣᠨᠳᠤ ᠬᠥᠨᠳᠡᠯᠡᠨ ᠵᠶ᠋ᠡᠷ ᠨᠥᠬᠥᠪᠦᠷᠢ ᠥᠭᠬᠦ᠂ ᠵᠠᠬ᠎ᠠ ᠳᠡᠯᠭᠡᠭᠦᠷ᠎ᠤᠨ ᠲᠣᠭᠲᠠᠴᠠ᠎ᠪᠠᠷ ᠨᠥᠬᠥᠪᠦᠷᠢ ᠥᠭᠬᠦ ᠵᠡᠷᠭᠡ ᠲᠣᠭᠲᠠᠴᠠ᠎ᠪᠠᠷ ᠳᠠᠮᠵᠢᠭᠤᠯᠤᠨ᠂ ᠲᠣᠭᠲᠠᠭ᠋ᠠᠯ ᠪᠤᠶᠤ ᠪᠣᠯᠵᠣᠯ ᠶᠣᠰᠣᠭ᠋ᠠᠷ ᠠᠮᠢ ᠠᠬᠤᠢ ᠵᠢᠨ ᠬᠠᠮᠠᠭ᠋ᠠᠯᠠᠯᠲᠠ ᠵᠢ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ᠎ᠳᠤ ᠨᠥᠬᠥᠪᠦᠷᠢ ᠥᠭᠬᠦ ᠵᠣᠷᠢᠭᠵᠢᠭᠤᠯᠤᠯ᠎ᠤᠨ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠵᠢ ᠵᠢᠭ᠋ᠠᠵᠤ ᠪᠠᠢ᠌ᠨ᠎ᠠ᠃
      ᠬᠣᠶᠠᠷ᠎ᠲᠤ᠂ ᠠᠵᠢᠯ᠎ᠤᠨ ᠵᠠᠷᠴᠢᠮ᠎ᠢ ᠲᠣᠳᠣᠷᠬᠠᠢ᠌ᠯᠠᠵᠤ᠂ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠨᠡᠢ᠌ᠭᠡᠮ᠎ᠤᠨ᠎ᠬᠢᠨ ᠣᠷᠣᠯᠴᠠᠬᠤ᠂ ᠵᠠᠬ᠎ᠠ ᠳᠡᠯᠭᠡᠭᠦᠷ ᠵᠶ᠋ᠡᠷ ᠲᠣᠬᠢᠷᠠᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠷᠮᠠᠰᠢᠭᠤᠯᠬᠤ ᠪᠠ ᠬᠢᠵᠠᠭ᠋ᠠᠷᠯᠠᠬᠤ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠬᠠᠮᠵᠢᠯᠴᠠᠨ ᠠᠬᠢᠭᠤᠯᠬᠤ ᠵᠢ ᠪᠠᠷᠢᠮᠲᠠᠯᠠᠵᠤ᠂ ᠠᠮᠢ ᠠᠬᠤᠢ ᠵᠢᠨ ᠦᠷ᠎ᠡ ᠠᠰᠢᠭ ᠪᠣᠯᠣᠨ ᠠᠵᠤ ᠠᠬᠤᠢ ᠵᠢᠨ ᠦᠷ᠎ᠡ ᠠᠰᠢᠭ᠂ ᠨᠡᠢ᠌ᠭᠡᠮ᠎ᠤᠨ ᠦᠷ᠎ᠡ ᠠᠰᠢᠭ᠎ᠢ ᠨᠢᠭᠡᠳᠦᠯᠲᠡᠢ ᠪᠠᠢ᠌ᠯᠭ᠋ᠠᠬᠤ ᠵᠢ ᠪᠠᠷᠢᠮᠲᠠᠯᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠵᠠᠰᠠᠭ᠎ᠤᠨ ᠣᠷᠳᠣᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠲᠤᠰᠢᠶᠠᠯ ᠬᠠᠷᠢᠭᠤᠴᠠᠯᠭ᠎ᠠ᠎ᠪᠠᠨ ᠦᠨᠳᠦᠰᠦᠯᠡᠵᠦ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
      ᠭᠤᠷᠪᠠ᠎ᠳᠤ ᠡᠳ᠋᠎ᠤᠨ ᠵᠠᠰᠠᠭ᠎ᠤᠨ ᠭᠤᠯᠳᠤ᠎ᠪᠠᠷ ᠨᠥᠬᠥᠪᠦᠷᠢ ᠥᠭᠬᠦ ᠵᠢ ᠤᠯᠤᠰ᠎ᠠᠴᠠ ᠡᠳ᠋᠎ᠤᠨ ᠵᠠᠰᠠᠭ᠎ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠢᠬᠤᠯᠠ ᠠᠮᠢ ᠠᠬᠤᠢ ᠵᠢᠨ ᠣᠷᠴᠢᠨ ᠨᠥᠬᠥᠴᠡᠯ᠎ᠤᠨ ᠴᠢᠬᠤᠯᠠ ᠡᠯᠧᠮᠧᠨ᠋ᠲ᠎ᠤᠨ ᠬᠠᠮᠠᠭ᠋ᠠᠯᠠᠯᠲᠠ ᠵᠢ ᠥᠷᠨᠢᠭᠦᠯᠬᠦ ᠵᠢᠴᠢ ᠠᠮᠢ ᠠᠬᠤᠢ ᠵᠢᠨ ᠴᠢᠳᠠᠮᠵᠢ ᠵᠢᠨ ᠴᠢᠬᠤᠯᠠ ᠣᠷᠣᠨ ᠪᠦᠰᠡ᠎ᠳᠤ ᠠᠮᠢ ᠠᠬᠤᠢ ᠵᠢᠨ ᠬᠠᠮᠠᠭ᠋ᠠᠯᠠᠯᠲᠠ ᠵᠢ ᠥᠷᠨᠢᠭᠦᠯᠬᠦ ᠨᠢᠭᠡᠴᠢ ᠪᠠ ᠬᠤᠪᠢ ᠬᠥᠮᠥᠨ᠎ᠳᠤ ᠨᠥᠬᠥᠪᠦᠷᠢ ᠥᠭᠭᠦᠨ᠎ᠡ᠃ ᠣᠷᠣᠨ ᠨᠤᠲᠤᠭ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠥᠬᠥᠪᠦᠷᠢ ᠪᠡᠯᠡ ᠮᠥᠩᠭᠥ᠎ᠪᠠᠨ ᠠᠮᠢ ᠠᠬᠤᠢ ᠵᠢᠨ ᠬᠠᠮᠠᠭ᠋ᠠᠯᠠᠯᠲᠠ ᠵᠢ ᠥᠷᠨᠢᠭᠦᠯᠵᠦ ᠪᠠᠢ᠌ᠭ᠎ᠠ ᠨᠢᠭᠡᠴᠢ ᠪᠠ ᠬᠤᠪᠢ ᠬᠥᠮᠥᠨ᠎ᠳᠤ ᠴᠠᠭ ᠲᠤᠬᠠᠢ᠎ᠳᠤᠨᠢ ᠨᠥᠬᠥᠪᠦᠷᠢᠯᠡᠵᠦ ᠥᠭᠬᠦ ᠬᠡᠷᠡᠭᠲᠡᠶ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠥ ᠵᠢ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠠᠮᠠᠭ᠋ᠠᠯᠠᠬᠤ᠂ ᠠᠮᠢ ᠠᠬᠤᠢ ᠵᠢᠨ ᠣᠷᠴᠢᠨ ᠲᠣᠭᠣᠷᠢᠨ᠎ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ᠎ᠳᠤ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠶ᠃
      ᠳᠥᠷᠪᠡ᠎ᠳᠤ᠂ ᠭᠠᠵᠠᠷ ᠣᠷᠣᠨ᠎ᠤ ᠬᠣᠭᠤᠷᠤᠨᠳᠤᠬᠢ ᠬᠥᠨᠳᠡᠯᠡᠨ᠎ᠤ ᠨᠥᠬᠥᠪᠦᠷᠢ ᠵᠢ ᠲᠡᠭᠦᠯᠳᠡᠷᠵᠢᠭᠦᠯᠦᠨ᠎ᠡ᠃ ᠠᠮᠢ ᠠᠬᠤᠢ ᠵᠢᠨ ᠠᠰᠢᠭ ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠵᠢᠨ ᠬᠠᠮᠠᠭ᠋ᠠᠯᠠᠯᠲᠠ ᠵᠢᠨ ᠭᠠᠵᠠᠷ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠥᠪᠳᠡᠯᠴᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢᠯᠡᠬᠦ ᠲᠣᠭᠲᠠᠴᠠ ᠵᠢ ᠪᠠᠢ᠌ᠭᠤᠯᠬᠤ ᠵᠢ ᠵᠣᠷᠢᠭᠵᠢᠭᠤᠯᠤᠨ ᠵᠢᠯᠤᠭᠣᠳᠴᠤ ᠠᠬᠢᠭᠤᠯᠤᠨ᠎ᠠ᠃ ᠠᠮᠢ ᠠᠬᠤᠢ ᠵᠢᠨ ᠴᠢᠳᠠᠮᠵᠢ ᠵᠢᠨ ᠣᠨᠴᠠᠭ᠋ᠠᠢ ᠴᠢᠬᠤᠯᠠ ᠣᠷᠣᠨ ᠪᠦᠰᠡ᠎ᠳᠤ ᠭᠠᠵᠠᠷ ᠣᠷᠣᠨ᠎ᠤ ᠬᠣᠭᠤᠷᠤᠨᠳᠤᠬᠢ ᠬᠥᠨᠳᠡᠯᠡᠨ ᠴᠢᠭᠯᠡᠯ ᠵᠶ᠋ᠡᠷ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠥᠭᠬᠦ ᠵᠢ ᠥᠷᠨᠢᠭᠦᠯᠦᠭᠰᠡᠨ ᠪᠠᠢ᠌ᠪᠠᠯ᠂ ᠲᠥᠪ᠎ᠤᠨ ᠡᠳ᠋᠎ᠤᠨ ᠵᠠᠰᠠᠭ ᠪᠠ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠠᠴᠠ ᠬᠥᠲᠥᠯᠥᠨ ᠵᠢᠯᠤᠭᠣᠳᠴᠤ ᠳᠠᠮᠵᠢᠵᠤ ᠪᠣᠯᠣᠨ᠎ᠠ᠃ ᠨᠥᠬᠥᠪᠦᠷᠢ ᠥᠭᠬᠦ ᠲᠣᠭᠲᠠᠴᠠ ᠵᠢᠨ ᠪᠠᠢ᠌ᠭᠤᠯᠤᠯᠲᠠ᠎ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠢ᠌ᠪᠠᠯ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ ᠵᠡᠷᠭᠡ ᠰᠠᠯᠠᠭ᠎ᠠ ᠮᠥᠴᠢᠷ᠎ᠤᠳ ᠲᠥᠯᠦᠪᠵᠢᠭᠦᠯᠭᠡ᠂ ᠪᠡᠯᠡ ᠮᠥᠩᠭᠥ᠂ ᠳᠦᠷᠦᠯ ᠵᠦᠢ᠍ᠯ᠎ᠤᠨ ᠲᠣᠬᠢᠷᠠᠭᠤᠯᠤᠯᠲᠠ ᠵᠡᠷᠭᠡ ᠲᠠᠯ᠎ᠠ᠎ᠪᠠᠷ ᠵᠣᠬᠢᠰᠲᠠᠢ ᠳᠡᠮᠵᠢᠯᠭᠡ ᠦᠵᠡᠭᠦᠯᠵᠦ ᠪᠣᠯᠣᠨ᠎ᠠ᠃
      ᠲᠠᠪᠤ᠎ᠳᠤ᠂ ᠵᠠᠬ᠎ᠠ ᠳᠡᠯᠭᠡᠭᠦᠷ᠎ᠤᠨ ᠲᠣᠭᠲᠠᠴᠠ ᠵᠢᠨ ᠨᠥᠬᠥᠪᠦᠷᠢ ᠵᠢ ᠠᠬᠢᠭᠤᠯᠬᠤ ᠵᠢ ᠵᠣᠷᠢᠭᠵᠢᠭᠤᠯᠤᠨ᠎ᠠ᠃ ᠵᠠᠬ᠎ᠠ ᠳᠡᠯᠭᠡᠭᠦᠷ᠎ᠤᠨ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠬᠦᠴᠦᠨ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠠᠬ᠎ᠠ ᠳᠡᠯᠭᠡᠭᠦᠷ᠎ᠤᠨ ᠳᠦᠷᠢᠮ ᠶᠣᠰᠣᠭ᠋ᠠᠷ᠂ ᠠᠮᠢ ᠠᠬᠤᠢ ᠵᠢᠨ ᠦᠢ᠍ᠯᠡᠳᠬᠦᠨ ᠪᠠ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠥᠭᠬᠦ ᠵᠢ ᠵᠣᠷᠢᠭᠵᠢᠭᠤᠯᠤᠨ᠎ᠠ᠃ ᠨᠡᠢ᠌ᠭᠡᠮ᠎ᠤᠨ ᠪᠡᠯᠡ ᠮᠥᠩᠭᠥ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ ᠪᠠᠶ᠋ᠢᠭ᠋ᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠰᠠᠭᠤᠷᠢ ᠮᠥᠩᠭᠥ ᠪᠠᠢ᠌ᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ᠎ᠳᠤ ᠬᠠᠤᠯᠢ ᠶᠣᠰᠣᠭ᠋ᠠᠷ ᠡᠮᠬᠢ ᠵᠢᠷᠤᠮ᠎ᠲᠠᠢ᠎ᠪᠠᠷ ᠣᠷᠣᠯᠴᠠᠭᠤᠯᠤᠨ᠎ᠠ᠃
      ᠵᠢᠷᠭᠤᠭ᠎ᠠ᠎ᠳᠤ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠪᠡᠯᠡ ᠮᠥᠩᠭᠥ ᠵᠢ ᠴᠠᠭ ᠲᠤᠬᠠᠢ᠎ᠳᠤᠨᠢ ᠪᠠᠭᠤᠯᠭ᠋ᠠᠬᠤ ᠪᠠ ᠬᠠᠷᠭᠤᠭᠤᠯᠤᠨ ᠥᠭᠬᠦ ᠬᠡᠷᠡᠭᠲᠡᠶ᠂ ᠪᠡᠯᠡ ᠮᠥᠩᠭᠥ ᠵᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠵᠦ ᠤᠳᠠᠭ᠋ᠠᠰᠢᠷᠠᠭᠤᠯᠤᠭᠰᠠᠨ ᠪᠤᠶᠤ ᠲᠣᠭᠲᠠᠭ᠋ᠠᠯ ᠶᠣᠰᠣᠭ᠋ᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠢ᠌ᠪᠠᠯ᠂ ᠪᠡᠯᠡ ᠮᠥᠩᠭᠥ ᠵᠢ ᠬᠣᠢ᠌ᠰᠢᠯᠠᠭᠤᠯᠤᠨ ᠥᠭᠬᠦ᠂ ᠪᠠᠭ᠋ᠠᠰᠬᠠᠨ ᠥᠭᠬᠦ᠂ ᠥᠭᠬᠦ ᠵᠢ ᠵᠣᠭᠰᠤᠭ᠋ᠠᠬᠤ ᠪᠤᠶᠤ ᠨᠡᠬᠡᠮᠵᠢᠯᠡᠨ ᠠᠪᠴᠢᠷᠠᠵᠤ ᠪᠣᠯᠣᠨ᠎ᠠ᠃ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠠᠵᠢᠯ᠎ᠤᠨ ᠪᠠᠶ᠋ᠢᠳᠠᠯ᠎ᠢ ᠬᠠᠤᠯᠢ ᠶᠣᠰᠣᠭ᠋ᠠᠷ ᠴᠠᠭ ᠲᠤᠬᠠᠢ᠎ᠳᠤᠨᠢ ᠢᠯᠡ ᠪᠣᠯᠭ᠋ᠠᠵᠤ᠂ ᠪᠡᠯᠡ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢᠨ ᠪᠠᠶ᠋ᠢᠳᠠᠯ᠎ᠢ ᠬᠢᠨᠠᠨ ᠪᠤᠳᠤᠬᠤ ᠪᠠᠢ᠌ᠭᠤᠯᠭ᠎ᠠ᠎ᠠᠴᠠ ᠬᠠᠤᠯᠢ ᠶᠣᠰᠣᠭ᠋ᠠᠷ ᠬᠢᠨᠠᠨ ᠪᠤᠳᠤᠵᠤ ᠬᠢᠨᠠᠯᠲᠠ ᠲᠠᠯᠪᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠤᠰᠬᠠᠢ ᠮᠡᠷᠭᠡᠵᠢᠯᠲᠡᠨ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠲᠤᠬᠠᠢ ᠲᠠᠢ᠌ᠯᠤᠮᠵᠢ ᠬᠢᠪᠡ
ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠨᠠᠮ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠪᠡ — ᠤᠰᠤ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
 
             蒙ICP备05000248号