《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠬᠠᠷᠠᠯᠲᠠ ᠵᠢᠨ ᠡᠭᠦᠷᠭᠡ ᠵᠢ ᠪᠦᠬᠦ ᠬᠦᠴᠦᠨ ᠵᠶ᠋ᠡᠷ ᠵᠶ᠋ᠡᠨ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠪᠠ 《ᠶᠡᠬᠡ ᠠᠮᠢ ᠠᠬᠤᠢ》 ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠲᠦᠷᠭᠡᠳᠬᠡᠨ ᠪᠡᠶᠡᠯᠡᠭᠦᠯᠬᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠰᠠᠢ᠌ᠲᠤᠷ ᠪᠠᠢ᠌ᠭᠤᠯᠬᠤ 《ᠨᠣᠮᠢᠨ ᠤᠰᠤᠨ᠎ᠤ ᠬᠠᠮᠠᠭ᠋ᠠᠯᠠᠭᠴᠢ》 ᠪᠣᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ᠎ᠬᠢᠨ ᠱᠠᠯᠠᠪᠳᠠᠭᠤᠯᠤᠨ ᠪᠠᠢ᠌ᠴᠠᠭ᠋ᠠᠬᠤ᠂ ᠬᠠᠤᠯᠢ ᠬᠡᠷᠡᠭᠵᠢᠭᠦᠯᠬᠦ᠂ ᠬᠢᠨᠠᠯᠲᠠ ᠲᠠᠯᠪᠢᠬᠤ ᠵᠢ ᠨᠡᠪᠲᠡᠷᠡᠭᠦᠯᠬᠦ ᠲᠠᠪᠴᠠᠩ᠎ᠤᠨ ᠭᠤᠷᠪᠠᠨ 《ᠬᠤᠷᠴᠠ ᠰᠡᠯᠡᠮ᠎ᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠂ ᠤᠰᠤᠨ᠎ᠤ ᠡᠬᠢ ᠪᠠᠶᠠᠯᠢᠭ᠂ ᠤᠰᠤᠨ᠎ᠤ ᠣᠷᠴᠢᠨ ᠲᠣᠭᠣᠷᠢᠨ᠂ ᠤᠰᠤᠨ᠎ᠤ ᠠᠮᠢ ᠠᠬᠤᠢ ᠵᠢᠨ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠪᠠᠷᠢᠮᠲᠠᠯᠠᠨ᠂ 《〈ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ〉 ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠣᠭᠲᠠᠴᠠ (ᠲᠤᠷᠰᠢᠨ ᠬᠡᠷᠡᠭᠵᠢᠭᠦᠯᠬᠦ)》 ᠵᠢ ᠬᠠᠮᠵᠢᠯᠴᠠᠨ ᠠᠬᠢᠭᠤᠯᠬᠤ 16 ᠵᠤᠷᠪᠤᠰ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠨ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠲᠠᠰᠤᠷᠠᠯᠲᠠ ᠦᠭᠡᠢ ᠡᠭᠦᠳᠴᠦ᠂ ᠡᠭᠦᠷᠭᠡ ᠴᠢᠳᠠᠪᠤᠷᠢ ᠵᠢᠨ ᠬᠡᠯᠪᠡᠷᠢ᠎ᠪᠠᠨ ᠬᠤᠪᠢᠷᠠᠭᠤᠯᠬᠤ ᠬᠠᠷᠠᠯᠲᠠ ᠪᠠ ᠠᠵᠢᠯ᠎ᠢ ᠨᠢᠭᠡᠳᠦᠯᠲᠡᠢ ᠲᠥᠯᠥᠪᠯᠡᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠪᠠ᠃
ᠱᠠᠯᠠᠪᠳᠠᠭᠤᠯᠤᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ᠂ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠨᠠᠢ᠌ᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠪᠠ
ᠤᠰᠤᠨ᠎ᠤ ᠡᠬᠢ ᠪᠠᠶᠠᠯᠢᠭ᠎ᠢ ᠪᠠᠲᠤᠯᠠᠬᠤ᠂ ᠤᠰᠤᠨ᠎ᠤ ᠣᠷᠴᠢᠨ ᠲᠣᠭᠣᠷᠢᠨ᠎ᠢ ᠵᠠᠰᠠᠬᠤ᠂ ᠤᠰᠤᠨ᠎ᠤ ᠠᠮᠢ ᠠᠬᠤᠢ ᠵᠢ ᠵᠠᠰᠠᠨ ᠰᠡᠷᠭᠦᠭᠡᠬᠦ ᠵᠢ ᠵᠤᠷᠰᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠭᠣᠣᠯᠳᠠᠯᠭ᠎ᠠ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠳᠤᠮᠳᠠ 《ᠳᠥᠷᠪᠡᠨ ᠤᠰᠤ᠎ᠪᠠᠷ ᠳᠥᠷᠪᠡ ᠵᠢ ᠲᠣᠭᠲᠠᠭ᠋ᠠᠬᠤ》 ᠪᠠ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠪᠡᠬᠢᠵᠢᠭᠦᠯᠦᠨ ᠰᠠᠢ᠌ᠵᠢᠷᠠᠭᠤᠯᠬᠤ ᠵᠡᠷᠭᠡ ᠬᠠᠮᠢᠶ᠎ᠠ ᠪᠦᠬᠦᠢ ᠠᠵᠢᠯ᠎ᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠪᠠᠢ᠌ᠴᠠᠭ᠋ᠠᠵᠤ ᠭᠦᠢ᠍ᠴᠡᠳᠬᠡᠪᠡ; ᠣᠷᠣᠨ᠎ᠤ ᠪᠠᠶ᠋ᠢᠳᠠᠯ ᠤᠰᠤᠨ᠎ᠤ ᠪᠠᠶ᠋ᠢᠳᠠᠯ᠎ᠳᠤ ᠰᠠᠭᠤᠷᠢᠯᠠᠨ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠤ ᠡᠯ᠎ᠡ ᠠᠶ᠋ᠢᠮᠠᠭ ᠬᠣᠲᠠ ᠵᠢ ᠨᠡᠩ ᠢᠯᠡᠭᠦᠦ ᠠᠩᠬᠠᠷᠴᠤ᠂ ᠬᠣᠰᠢᠭᠤ ᠰᠢᠶᠠᠨ (ᠬᠣᠲᠠ᠂ ᠲᠣᠭᠣᠷᠢᠭ) ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠡᠷᠦᠩᠬᠡᠢ ᠲᠥᠰᠥᠯ ᠪᠠ 《ᠨᠢᠭᠡ ᠠᠶ᠋ᠢᠮᠠᠭ (ᠬᠣᠲᠠ)᠎ᠳᠤ ᠨᠢᠭᠡ ᠪᠣᠳᠣᠯᠭ᠎ᠠ》 ᠵᠢᠨ ᠠᠵᠢᠯ᠎ᠤᠨ ᠲᠥᠰᠥᠯ᠎ᠢ ᠨᠠᠢ᠌ᠳᠠᠪᠤᠷᠢᠵᠢᠭᠤᠯᠵᠤ᠂ ᠭᠣᠣᠯ ᠨᠠᠭᠤᠷ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠪᠠ ᠤᠰᠤᠨ ᠠᠰᠢᠭᠯᠠᠯᠲᠠ ᠤᠰᠤᠨ ᠴᠠᠬᠢᠯᠭ᠋ᠠᠨ᠎ᠤ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠭᠠᠳᠠᠭᠰᠢᠯᠠᠭᠤᠯᠬᠤ᠂ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠠᠯᠲᠠ ᠵᠢ ᠪᠡᠶᠡᠯᠡᠭᠦᠯᠬᠦ᠂ ᠬᠣᠲᠠ ᠪᠠᠯᠭ᠋ᠠᠰᠤᠨ᠎ᠤ ᠪᠣᠷᠣᠭ᠋ᠠᠨ᠎ᠤ ᠪᠣᠬᠢᠷᠲᠤᠯ ᠬᠣᠭᠣᠯᠠᠢ ᠵᠢᠨ ᠲᠣᠣᠷ ᠵᠢᠴᠢ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠡᠷᠭᠡ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠣᠨᠴᠠᠭ᠋ᠠᠢ᠌ᠯᠠᠨ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠰᠤᠨ᠎ᠤ ᠡᠬᠢ ᠪᠠᠶᠠᠯᠢᠭ᠎ᠤᠨ ᠨᠤᠲᠠᠯᠠᠯᠲᠠ ᠵᠢᠴᠢ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠪᠠᠶ᠋ᠢᠳᠠᠯ ᠵᠡᠷᠭᠡ ᠱᠠᠯᠠᠪᠳᠠᠭᠤᠯᠤᠨ ᠪᠠᠢ᠌ᠴᠠᠭ᠋ᠠᠬᠤ ᠠᠷᠭ᠎ᠠ ᠮᠠᠶᠢᠭ᠎ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠶ᠋ᠢᠮᠠᠭ ᠬᠣᠲᠠ ᠵᠢᠨ ᠵᠤᠷᠰᠢᠯ ᠵᠶ᠋ᠠᠷ ᠱᠠᠯᠠᠪᠳᠠᠭᠤᠯᠤᠨ ᠪᠠᠢ᠌ᠴᠠᠭ᠋ᠠᠬᠤ ᠵᠢ ᠪᠠᠢ᠌ᠩᠭᠤᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠡᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠭᠣᠣᠯᠳᠠᠯᠭ᠎ᠠ᠎ᠲᠠᠢ ᠰᠠᠪᠠ ᠭᠠᠵᠠᠷ᠎ᠤᠨ 《ᠭᠤᠷᠪᠠᠨ ᠤᠰᠤ》 ᠵᠢᠨ ᠠᠰᠠᠭᠤᠳᠠᠯ ᠲᠣᠪᠣᠢ᠌ᠮ᠎ᠠ ᠬᠣᠰᠢᠭᠤ ᠰᠢᠶᠠᠨ (ᠬᠣᠲᠠ᠂ ᠲᠣᠭᠣᠷᠢᠭ)᠎ᠳᠤ ᠲᠤᠰᠬᠠᠢ ᠱᠠᠯᠠᠪᠳᠠᠭᠤᠯᠤᠨ ᠪᠠᠢ᠌ᠴᠠᠭ᠋ᠠᠬᠤ ᠰᠠᠨᠠᠭᠤᠯᠭ᠎ᠠ ᠥᠷᠨᠢᠭᠦᠯᠬᠦ ᠵᠢ ᠴᠠᠭᠲᠤᠨᠢ ᠲᠣᠬᠢᠷᠠᠭᠤᠯᠤᠨ ᠰᠤᠳᠤᠯᠤᠨ ᠳᠤᠷᠠᠳᠴᠤ᠂ ᠤᠰᠤᠨ᠎ᠤ ᠡᠬᠢ ᠪᠠᠶᠠᠯᠢᠭ᠎ᠢ ᠲᠣᠭᠲᠠᠭ᠋ᠠᠯ᠎ᠠᠴᠠ ᠵᠥᠷᠢᠴᠡᠨ ᠠᠰᠢᠭᠯᠠᠭᠰᠠᠨ᠂ ᠤᠰᠤᠨ᠎ᠤ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠵᠢᠴᠢ ᠤᠰᠤᠨ᠎ᠤ ᠠᠮᠢ ᠠᠬᠤᠢ ᠵᠢ ᠡᠪᠳᠡᠭᠰᠡᠨ ᠨᠢᠭᠡ ᠪᠦᠯᠦᠭ ᠨᠡᠢ᠌ᠲᠡᠯᠢᠭ ᠠᠰᠠᠭᠤᠳᠠᠯ᠎ᠢ 《ᠪᠠᠯᠴᠢᠷ ᠮᠠᠶᠢᠭ》 ᠵᠶ᠋ᠠᠷ ᠰᠢᠢ᠍ᠳᠪᠦᠷᠢᠯᠡᠬᠦ ᠵᠢ ᠠᠬᠢᠭᠤᠯᠪᠠ᠃
ᠬᠠᠤᠯᠢ ᠬᠡᠷᠡᠭᠵᠢᠭᠦᠯᠬᠦ ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ᠂ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠬᠢᠨᠠᠯᠲᠠ ᠬᠠᠮᠢᠶᠠᠷᠤᠯᠲᠠ ᠵᠢ ᠡᠳᠦᠷ ᠲᠤᠲᠤᠮ᠎ᠤᠨ ᠠᠵᠢᠯ᠎ᠳᠠᠭᠠᠨ ᠠᠳᠬᠤᠪᠠ
ᠡᠳᠦᠷ ᠲᠤᠲᠤᠮ᠎ᠤᠨ ᠬᠠᠤᠯᠢ ᠬᠡᠷᠡᠭᠵᠢᠭᠦᠯᠬᠦ ᠶᠠᠪᠤᠴᠠ᠎ᠳᠤ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠵᠢ ᠴᠢᠩᠭ᠋ᠠᠳᠬᠠᠵᠤ᠂ ᠠᠶ᠋ᠢᠮᠠᠭ ᠬᠣᠲᠠ ᠵᠢᠨ ᠨᠢᠭᠡᠨᠲᠡ ᠬᠢᠨᠠᠨ ᠵᠥᠪᠰᠢᠶᠡᠷᠡᠭᠰᠡᠨ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢᠨ ᠪᠠᠷᠢᠮᠵᠢᠶ᠎ᠠ᠎ᠳᠤ ᠬᠦᠷᠦᠭᠰᠡᠨ ᠵᠢᠴᠢ ᠴᠡᠭᠴᠡᠯᠡᠨ ᠰᠠᠢ᠌ᠵᠢᠷᠠᠭᠤᠯᠤᠭᠰᠠᠨ ᠪᠠᠶ᠋ᠢᠳᠠᠯ᠎ᠳᠤ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠭᠣᠣᠯᠳᠠᠯᠭ᠎ᠠ᠎ᠲᠠᠢ ᠥᠷᠨᠢᠭᠦᠯᠦᠨ᠎ᠡ; ᠤᠰᠤᠨ ᠠᠰᠢᠭᠯᠠᠯᠲᠠ ᠵᠢᠨ ᠴᠠᠬᠢᠯᠭ᠋ᠠᠨ᠎ᠤ ᠢᠨᠵᠧᠨᠧᠷᠢᠩ᠎ᠤᠨ ᠠᠮᠢ ᠠᠬᠤᠢ ᠵᠢᠨ ᠤᠷᠤᠰᠴᠠ ᠵᠢᠨ ᠭᠠᠳᠠᠭᠰᠢᠯᠠᠭᠤᠯᠤᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠨ ᠴᠣᠬᠣᠯᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ ᠲᠤᠬᠠᠢ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠴᠢᠩᠭ᠎ᠠ ᠬᠢᠨᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠦᠪᠵᠢᠭᠦᠯᠭᠡ ᠪᠠ 《ᠬᠥᠯᠥᠨ ᠨᠠᠭᠤᠷ ᠳᠠᠭ᠎ᠠ ᠵᠢᠨ ᠨᠠᠭ᠋ᠠᠤᠷ ᠤᠯᠠᠭ᠋ᠠᠨᠰᠤᠬᠠᠢ》 ᠵᠢᠴᠢ ᠴᠠᠭ᠋ᠠᠨᠨᠠᠭᠤᠷᠢ ᠶᠡᠷᠦᠩᠬᠡᠢ᠌ᠯᠡᠨ ᠵᠠᠰᠠᠬᠤ ᠲᠥᠯᠦᠪᠵᠢᠭᠦᠯᠭᠡ (ᠲᠥᠰᠥᠯ)᠎ᠳᠠᠬᠢ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠵᠶ᠋ᠡᠷ ᠲᠦᠷᠦᠭᠦᠯᠡᠭᠦᠯᠦᠭᠰᠡᠨ ᠲᠥᠷᠥᠯ ᠵᠦᠢ᠍ᠯ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠥᠷᠨᠢᠭᠦᠯᠪᠡ᠃
ᠬᠢᠨᠠᠯᠲᠠ ᠲᠠᠯᠪᠢᠬᠤ ᠵᠢ ᠨᠡᠪᠲᠡᠷᠡᠭᠦᠯᠬᠦ ᠲᠠᠪᠴᠠᠩ᠎ᠤᠨ ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ᠂ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠭᠣᠣᠯᠳᠠᠯᠭ᠎ᠠ᠎ᠲᠠᠢ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠪᠠ
ᠤᠰᠤᠨ᠎ᠤ ᠣᠷᠴᠢᠨ ᠲᠣᠭᠣᠷᠢᠨ᠎ᠤ ᠪᠠᠶ᠋ᠢᠳᠠᠯ᠎ᠢ ᠵᠠᠳᠠᠯᠤᠨ ᠵᠥᠪᠳᠡᠯᠴᠡᠬᠦ ᠪᠠ ᠬᠠᠮᠲᠤᠷᠠᠨ ᠱᠠᠯᠠᠪᠳᠠᠭᠤᠯᠤᠨ ᠰᠢᠢ᠍ᠳᠪᠦᠷᠢᠯᠡᠬᠦ ᠲᠣᠭᠲᠠᠴᠠ ᠵᠢ ᠭᠦᠨᠵᠡᠭᠡᠢ᠌ᠷᠡᠭᠦᠯᠵᠦ᠂ ᠵᠣᠷᠢᠭᠤᠳᠠ ᠪᠣᠬᠢᠷᠲᠤᠭᠤᠯᠤᠭᠰᠠᠨ᠎ᠠᠴᠠ ᠪᠣᠯᠵᠤ ᠤᠯᠤᠰ᠎ᠤᠨ ᠬᠢᠨᠠᠨ ᠰᠢᠯᠭ᠋ᠠᠯᠲᠠ ᠵᠢᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠪᠠᠭᠤᠷᠠᠭᠤᠯᠤᠭᠰᠠᠨ ᠬᠠᠮᠢᠶ᠎ᠠ ᠪᠦᠬᠦᠢ ᠠᠰᠠᠭᠤᠳᠠᠯ᠎ᠢ ᠴᠠᠭ ᠲᠤᠬᠠᠢᠳᠤᠨᠢ ᠵᠠᠳᠠᠯᠤᠨ ᠰᠤᠳᠤᠯᠤᠨ ᠮᠠᠭ᠋ᠠᠳᠯᠠᠵᠤ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠪᠠ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢᠨ ᠪᠠᠷᠢᠮᠵᠢᠶ᠎ᠠ᠎ᠠᠴᠠ ᠣᠷᠳᠣ ᠬᠤᠭᠤᠴᠠᠭ᠎ᠠ᠎ᠪᠠᠷ ᠬᠡᠲᠦᠷᠡᠭᠰᠡᠨ᠂ ᠭᠣᠣᠯᠳᠠᠯᠭ᠎ᠠ᠎ᠲᠠᠢ ᠠᠵᠢᠯ᠎ᠤᠨ ᠠᠬᠢᠴᠠ ᠬᠦᠨᠳᠦ ᠨᠣᠴᠢᠲᠠᠢ ᠤᠳᠠᠭ᠋ᠠᠰᠢᠷᠠᠭᠰᠠᠨ᠂ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ 《ᠤᠰᠤᠨ᠎ᠳᠤ ᠬᠣᠯᠪᠣᠭᠳᠠᠭᠰᠠᠨ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠨᠢ ᠤᠳᠠᠭ᠋ᠠᠨ ᠪᠤᠶᠤ ᠬᠠᠰᠢ ᠶᠠᠰᠢ᠎ᠪᠠᠷ ᠴᠡᠭᠴᠡᠯᠡᠨ ᠰᠠᠢ᠌ᠵᠢᠷᠠᠭᠤᠯᠤᠭᠰᠠᠨ᠂ ᠪᠠᠶ᠋ᠢᠨ ᠳᠠᠬᠢᠨ ᠵᠠᠰᠠᠵᠤ ᠪᠠᠶ᠋ᠢᠨ ᠳᠠᠬᠢᠨ ᠵᠥᠷᠢᠴᠡᠭᠰᠡᠨ᠂ ᠮᠠᠭᠤ ᠨᠥᠯᠥᠭᠡ ᠭᠠᠷᠭ᠋ᠠᠭᠰᠠᠨ ᠵᠡᠷᠭᠡ ᠠᠰᠠᠭᠤᠳᠠᠯ᠎ᠢ ᠲᠠᠰ ᠳᠠᠷᠠᠭ᠋ᠠᠯᠠᠯ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠬᠢᠨᠠᠯᠲᠠ ᠲᠠᠯᠪᠢᠬᠤ ᠵᠢ ᠨᠡᠪᠲᠡᠷᠡᠭᠦᠯᠬᠦ ᠲᠠᠪᠴᠠᠩ᠎ᠳᠤ ᠮᠡᠳᠡᠭᠦᠯᠦᠨ ᠴᠡᠭᠴᠡᠯᠡᠨ ᠰᠠᠢ᠌ᠵᠢᠷᠠᠭᠤᠯᠬᠤ ᠵᠢ ᠱᠠᠯᠠᠪᠳᠠᠭᠤᠯᠤᠨ᠎ᠠ᠃ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠪᠠ ᠱᠠᠯᠠᠪᠳᠠᠭᠤᠯᠤᠨ ᠪᠠᠢ᠌ᠴᠠᠭ᠋ᠠᠬᠤ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠵᠢᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠨᠡᠢ᠌ᠲᠡᠯᠡᠭᠰᠡᠨ 《ᠤᠰᠤᠨ᠎ᠳᠤ ᠬᠣᠯᠪᠣᠭᠳᠠᠬᠤ》 ᠲᠥᠷᠥ ᠵᠢᠨ ᠪᠣᠳᠣᠯᠭ᠎ᠠ ᠵᠢᠨ ᠲᠥᠯᠦᠪᠵᠢᠭᠦᠯᠭᠡ ᠵᠢ ᠴᠠᠭ ᠲᠤᠬᠠᠢᠳᠤᠨᠢ ᠬᠠᠮᠲᠤ᠎ᠪᠠᠷ ᠭᠥᠷᠳᠡᠵᠦ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠤᠮᠳᠠ ᠢᠯᠡᠷᠡᠭᠦᠯᠦᠭᠰᠡᠨ ᠲᠣᠪᠣᠢ᠌ᠮ᠎ᠠ ᠠᠰᠠᠭᠤᠳᠠᠯ᠎ᠢ ᠵᠥᠪᠳᠡᠯᠴᠡᠨ ᠱᠠᠯᠠᠪᠳᠠᠭᠤᠯᠤᠨ ᠭᠦᠢ᠍ᠴᠡᠳᠬᠡᠪᠡ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠭᠠᠵᠠᠷ ᠱᠠᠯᠠᠪᠳᠠᠭᠤᠯᠤᠨ ᠪᠠᠢ᠌ᠴᠠᠭ᠋ᠠᠬᠤ᠂ ᠬᠠᠤᠯᠢ ᠬᠡᠷᠡᠭᠵᠢᠭᠦᠯᠬᠦ᠂ ᠰᠢᠨᠵᠢᠯᠡᠬᠦ ᠤᠬᠠᠭ᠋ᠠᠨ ᠲᠡᠭᠨᠢᠭ ᠮᠡᠷᠭᠡᠵᠢᠯ᠂ ᠬᠢᠨᠠᠨ ᠬᠡᠮᠵᠢᠬᠦ ᠵᠡᠷᠭᠡ ᠭᠠᠵᠠᠷ ᠲᠠᠰᠤᠭ᠂ ᠨᠢᠭᠡᠴᠢ᠎ᠲᠠᠢ ᠪᠥᠬᠥ ᠶᠠᠪᠤᠴᠠ ᠵᠢᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠥᠷᠨᠢᠭᠦᠯᠵᠦ᠂ 《ᠤᠰᠤᠨ᠎ᠳᠤ ᠬᠣᠯᠪᠣᠭᠳᠠᠬᠤ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠨ ᠳᠡᠭᠡᠭᠰᠢᠯᠡᠭᠦᠯᠬᠦ ᠵᠢ ᠬᠢᠵᠠᠭ᠋ᠠᠷᠯᠠᠵᠤ ᠪᠠᠢ᠌ᠭ᠎ᠠ ᠨᠢᠭᠡ ᠪᠦᠯᠦᠭ ᠬᠦᠴᠢᠷ ᠠᠰᠠᠭᠤᠳᠠᠯ᠎ᠢ ᠬᠦᠴᠦ᠎ᠪᠠᠨ ᠬᠠᠮᠲᠤᠳᠬᠠᠨ ᠰᠢᠢ᠍ᠳᠪᠦᠷᠢᠯᠡᠵᠦ᠂ ᠡᠯ᠎ᠡ ᠠᠶ᠋ᠢᠮᠠᠭ ᠬᠣᠲᠠ ᠵᠢᠨ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ᠎ᠪᠠᠨ ᠪᠠᠲᠤᠳᠬᠠᠬᠤ ᠵᠢ ᠦᠨᠡᠨᠬᠦ ᠠᠬᠢᠭᠤᠯᠪᠠ᠃