ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠨᠡᠶ᠋ᠢᠲᠡᠯᠡᠭᠰᠡᠨ ᠴᠠᠭ᠄ 2024-05-15

      2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠭᠠᠨ᠂ ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠠᠵᠢᠯ᠎ᠢ ᠪᠠᠢ᠌ᠷᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠲᠣᠮᠣ ᠶᠠᠪᠤᠳᠠᠯ》 ᠪᠣᠯᠣᠨ᠎ᠠ ᠭᠡᠵᠦ ᠴᠢᠬᠤᠯᠠᠴᠢᠯᠠᠵᠤ᠂ ᠥᠪᠥᠷ ᠮᠣᠩᠭᠣᠯ᠎ᠢ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ ᠵᠶ᠋ᠠᠨ ᠰᠠᠶ᠋ᠢᠲᠤᠷ ᠪᠠᠳᠠᠷᠠᠭᠤᠯᠵᠤ᠂ ᠣᠲᠣ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠡᠨᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ ᠭᠡᠵᠦ ᠱᠠᠭ᠋ᠠᠷᠳᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠲᠠᠯ᠎ᠠ᠎ᠳᠤ ᠵᠣᠭᠰᠣᠵᠤ᠂ ᠰᠢᠰᠲ᠋ᠧᠮ᠎ᠲᠠᠢ᠎ᠪᠠᠷ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠪᠠᠢ᠌ᠷᠢᠯᠠᠭᠤᠯᠤᠨ ᠬᠡᠷᠡᠭᠵᠢᠭᠦᠯᠪᠡ᠃ 3 ᠰᠠᠷ᠎ᠠ ᠵᠢᠨ 13᠎ᠤ ᠡᠳᠦᠷ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ 《ᠭᠡᠷᠡᠯ ᠴᠡᠨᠡᠭ᠎ᠤᠨ ᠤᠷᠳᠤ ᠴᠠᠭ᠋ᠠᠨ ᠬᠡᠷᠡᠮ》 ᠢᠨᠵᠧᠨᠧᠷᠢᠩ ᠳᠠᠯᠠᠳ ᠬᠣᠰᠢᠭᠤᠨ᠎ᠳᠤ ᠡᠬᠢᠯᠡᠵᠦ᠂ ᠬᠡᠳᠦᠨ ᠠᠷᠪᠠᠨ ᠰᠢᠷᠣᠢ ᠲᠦᠯᠬᠢᠬᠦ ᠮᠠᠰᠢᠨ᠎ᠤ ᠬᠦᠩᠭᠢᠨᠡᠬᠦ ᠲᠠᠭᠤᠨ᠎ᠢ ᠳᠠᠭ᠋ᠠᠯᠳᠤᠨ᠂ ᠵᠢᠯᠣᠭᠣᠴᠢ ᠦᠭᠡᠢ ᠨᠢᠰᠬᠡᠯ ᠣᠭᠲᠠᠷᠭᠤᠢ᠎ᠳᠤ ᠳᠡᠭᠳᠡᠵᠦ᠂ ᠠᠵᠢᠯᠴᠢᠳ ᠡᠮᠬᠢ ᠵᠢᠷᠤᠮ᠎ᠲᠠᠢ᠎ᠪᠠᠷ ᠡᠯᠡᠰᠦᠨ ᠬᠠᠯᠬᠠᠪᠴᠢ ᠳᠠᠷᠢᠪᠠ ᠁ ᠣᠷᠳᠣᠰ ᠬᠤᠳᠠ ᠵᠢᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠪᠦᠬᠦ ᠲᠠᠯ᠎ᠠ᠎ᠪᠠᠷ ᠥᠷᠨᠢᠪᠡ᠃
      ᠣᠷᠳᠣᠰ ᠬᠣᠲᠠ ᠵᠢᠨ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠲᠠᠯᠠᠪᠠᠶ ᠥᠷᠭᠡᠨ ᠠᠭᠤᠳᠠᠮ᠂ ᠭᠡᠷᠡᠯ ᠲᠤᠰᠤᠯᠲᠠ ᠭᠦᠢ᠍ᠴᠡᠳ ᠪᠠᠢ᠌ᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠭᠣᠣᠯᠳᠠᠯᠭ᠎ᠠ᠎ᠲᠠᠢ ᠣᠷᠣᠨ ᠪᠦᠰᠡ ᠪᠣᠯᠬᠤ᠎ᠪᠠᠷ ᠪᠠᠷᠠᠬᠤ ᠦᠭᠡᠢ ᠪᠠᠰᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠲᠥᠷᠥᠯ ᠵᠦᠢ᠍ᠯ᠎ᠢ ᠪᠦᠲᠦᠭᠡᠨ ᠪᠠᠢ᠌ᠭᠤᠯᠬᠤ ᠵᠢᠨ ᠲᠣᠬᠢᠲᠠᠢ ᠰᠣᠩᠭᠣᠯᠲᠠ ᠵᠢᠨ ᠭᠠᠵᠠᠷ ᠪᠣᠯᠣᠨ᠎ᠠ᠃ 2024 ᠣᠨ᠎ᠳᠤ᠂ ᠣᠷᠳᠣᠰ ᠬᠤᠳᠠ ᠵᠢᠨ᠎ᠬᠢᠨ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠡᠭᠦᠷᠭᠡ ᠵᠢᠨ ᠬᠠᠳᠤᠨ ᠭᠣᠣᠯ᠎ᠤᠨ 《ᠲᠣᠬᠣᠢ ᠬᠡᠰᠡᠭ》᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠬᠡᠰᠡᠭ ᠣᠷᠣᠨ᠎ᠤ 70%᠎ᠢ ᠡᠵᠡᠯᠡᠬᠦ ᠪᠣᠳᠠᠲᠤ ᠪᠠᠶ᠋ᠢᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠪᠴᠢ ᠵᠢᠨ ᠡᠯᠡᠰᠦ ᠮᠠᠩᠬ᠎ᠠ ᠵᠢ ᠪᠦᠬᠦ ᠲᠠᠯ᠎ᠠ᠎ᠪᠠᠷ ᠵᠠᠰᠠᠬᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠤᠰᠠᠳᠬᠠᠬᠤ ᠵᠡᠷᠭᠡ 《ᠠᠷᠪᠠᠨ ᠶᠡᠬᠡ ᠠᠵᠢᠯᠯᠠᠭ᠎ᠠ》 ᠵᠢ ᠡᠬᠢᠯᠡᠭᠦᠯᠵᠡᠢ᠃ ᠬᠥᠪᠴᠢ ᠵᠢᠨ ᠡᠯᠡᠰᠦᠨ ᠴᠦᠯ᠎ᠤᠨ ᠬᠣᠢ᠌ᠲᠤ ᠵᠠᠬ᠎ᠠ᠂ ᠬᠠᠲᠤᠨ ᠭᠣᠣᠯ᠎ᠤᠨ ᠡᠮᠦᠨ᠎ᠡ ᠡᠷᠭᠢ ᠵᠢᠨ ᠲᠥᠯᠦᠪᠵᠢᠭᠦᠯᠭᠡ ᠵᠢᠨ ᠪᠦᠲᠦᠭᠡᠨ ᠪᠠᠢ᠌ᠭᠤᠯᠤᠯᠲᠠ ᠵᠢᠨ ᠪᠥᠬᠥ ᠣᠷᠳᠣ᠎ᠨᠢ ᠪᠠᠷᠤᠭ 400 ᠺᠢᠯᠣᠮᠧᠲᠷ᠂ ᠳᠤᠮᠳᠠᠴᠢ ᠥᠷᠭᠡᠨ᠎ᠨᠢ ᠪᠠᠷᠤᠭ 5 ᠺᠢᠯᠣᠮᠧᠲᠷ᠂ ᠶᠡᠷᠦᠩᠬᠡᠢ ᠲᠠᠯᠠᠪᠠᠶ᠎ᠨᠢ 2000 ᠭᠠᠷᠤᠢ ᠲᠡᠭᠰᠢ ᠳᠥᠷᠪᠡᠯᠵᠢᠨ ᠺᠢᠯᠣᠮᠧᠲᠷ᠎ᠤᠨ 《ᠭᠡᠷᠡᠯ ᠴᠡᠨᠡᠭ᠎ᠤᠨ ᠣᠷᠳᠣ ᠴᠠᠭ᠋ᠠᠨ ᠬᠡᠷᠡᠮ》 ᠪᠣᠯᠣᠨ᠎ᠠ᠃ ᠮᠤᠤᠠᠤᠰᠤ ᠵᠢᠨ ᠡᠯᠡᠰᠦᠷᠬᠡᠭ ᠭᠠᠵᠠᠷ᠎ᠲᠤ 《ᠨᠢᠭᠡ ᠬᠣᠩᠭᠢᠯ ᠤᠯᠠᠨ ᠴᠡᠭ》᠎ᠤᠨ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠵᠶ᠋ᠡᠷ ᠴᠠᠬᠢᠯᠭ᠋ᠠᠨ ᠭᠠᠷᠭ᠋ᠠᠬᠤ ᠡᠯᠡᠰᠦ ᠵᠢ ᠵᠠᠰᠠᠬᠤ ᠲᠥᠷᠥᠯ ᠵᠦᠢ᠍ᠯ᠎ᠢ ᠪᠦᠲᠦᠭᠡᠨ ᠪᠠᠢ᠌ᠭᠤᠯᠵᠤ᠂ 《ᠰᠢᠨ᠎ᠡ ᠡᠨᠧᠷᠭᠢ +》 ᠦᠢ᠍ᠯᠡᠳᠪᠦᠷᠢᠯᠡᠯ ᠪᠣᠷᠣᠯᠠᠭᠤᠯᠭ᠎ᠠ ᠵᠢ ᠨᠢᠭᠡ ᠴᠣᠭᠴᠠᠵᠢᠭᠤᠯᠬᠤ ᠵᠠᠭᠪᠤᠷ᠎ᠢ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ 2030 ᠣᠨ ᠪᠣᠯᠬᠤ᠎ᠳᠤ ᠰᠢᠨ᠎ᠡ ᠡᠨᠧᠷᠭᠢ ᠵᠢᠨ ᠶᠡᠷᠦᠩᠬᠡᠢ ᠮᠠᠰᠢᠨ ᠴᠣᠭᠴᠠᠯᠠᠪᠤᠷᠢ ᠵᠢ 1.5 ᠳ᠋ᠦᠩᠰᠢᠭᠤᠷ ᠺᠢᠯᠣᠸᠠᠲ ᠪᠠᠢ᠌ᠭᠤᠯᠵᠤ᠂ ᠬᠥᠪᠴᠢ ᠵᠢᠨ ᠡᠯᠡᠰᠦᠵᠢᠭᠰᠡᠨ ᠭᠠᠵᠠᠷ ᠰᠢᠷᠣᠢ ᠵᠢ 1200 ᠲᠦᠮᠡᠨ ᠮᠦ᠍ ᠵᠠᠰᠠᠵᠤ᠂ ᠵᠠᠰᠠᠬᠤ ᠨᠣᠷᠮ᠎ᠠ ᠵᠢ 70%᠎ᠳᠤ ᠬᠦᠷᠦᠭᠦᠯᠵᠦ᠂ ᠮᠤᠤᠠᠤᠰᠤ ᠵᠢᠨ ᠨᠢᠴᠦᠭᠦᠨ ᠡᠯᠡᠰᠦᠷᠬᠡᠭ ᠭᠠᠵᠠᠷ᠎ᠢ 300 ᠲᠦᠮᠡᠨ ᠮᠦ᠍ ᠵᠠᠰᠠᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠰᠥᠨᠥᠭᠡᠬᠦ ᠲᠡᠢ᠌ᠨ᠎ᠤ ᠢᠯᠠᠯᠲᠠ ᠵᠢ ᠣᠯᠬᠤ᠎ᠪᠠᠷ ᠲᠥᠯᠥᠪᠯᠡᠵᠦ ᠪᠤᠢ᠃
      ᠡᠯᠡᠰᠦ ᠮᠠᠩᠬ᠎ᠠ ᠵᠢ ᠵᠠᠰᠠᠬᠤ᠂ ᠬᠠᠲᠤᠨ ᠭᠣᠣᠯ᠎ᠢ ᠬᠠᠮᠠᠭ᠋ᠠᠯᠠᠬᠤ 《ᠭᠣᠶᠣ ᠰᠠᠢ᠌ᠬᠠᠨ ᠠᠮᠢ ᠠᠬᠤᠢ》 ᠵᠢᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠣᠷᠳᠣᠰ ᠬᠤᠳᠠ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ ᠤᠢ ᠰᠢᠭᠤᠢ ᠡᠪᠡᠰᠦ ᠪᠡᠯᠴᠢᠭᠡᠷ᠎ᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢ ᠨᠠᠢ᠌ᠳᠠ 6500 ᠲᠦᠮᠡᠨ ᠮᠦ᠍ ᠪᠡᠶᠡᠯᠡᠭᠦᠯᠵᠦ᠂ ᠬᠠᠳᠤᠨ ᠭᠣᠣᠯ᠎ᠤᠨ 《ᠲᠣᠬᠣᠢ ᠬᠡᠰᠡᠭ》᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠦᠭᠰᠡᠨ᠎ᠠᠴᠠ ᠨᠠᠭ᠋ᠠᠰᠢ ᠡᠳᠦᠷ ᠳᠤᠮᠳᠠᠴᠢ᠎ᠪᠠᠷ 1 ᠲᠦᠮᠡᠨ ᠮᠦ᠍ ᠡᠯᠡᠰᠦ ᠵᠠᠰᠠᠵᠤ᠂ ᠪᠦᠬᠦ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠣᠷᠣᠨ ᠵᠶ᠋ᠠᠷ ᠦᠨᠡᠯᠡᠭᠳᠡᠪᠡ᠃ ᠣᠳᠣᠬᠠᠨ᠎ᠳᠤ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠠᠵᠢᠯ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠭ᠋ᠠᠳ ᠪᠠᠢ᠌ᠭ᠎ᠠ ᠪᠣᠯᠬᠣᠷ ᠪᠢᠳᠡ ᠰᠢᠨᠲᠠᠷᠠᠰᠢ ᠦᠭᠡᠢ ᠴᠢᠷᠮᠠᠢ᠌ᠬᠤ ᠵᠣᠷᠢᠭ ᠰᠠᠨᠠᠭ᠎ᠠ ᠵᠢ ᠪᠠᠷᠢᠮᠲᠠᠯᠠᠨ᠂ ᠨᠡᠩ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠭᠠᠷᠭ᠋ᠠᠬᠤ ᠴᠢᠬᠤᠯᠠᠲᠠᠢ ᠪᠠᠢ᠌ᠨ᠎ᠠ᠃ ᠣᠷᠳᠣᠰ ᠬᠣᠲᠠ ᠵᠢᠨ᠎ᠬᠢᠨ ᠬᠠᠲᠤᠨ ᠭᠣᠣᠯ᠎ᠤᠨ 《ᠲᠣᠬᠣᠢ ᠬᠡᠰᠡᠭ》᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ 2024 ᠣᠨ᠎ᠤ ᠲᠥᠷᠥᠯ ᠵᠦᠢ᠍ᠯ᠎ᠢ ᠪᠥᠬᠥ ᠲᠠᠯ᠎ᠠ᠎ᠪᠠᠷ ᠡᠬᠢᠯᠡᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠪᠦᠲᠦᠭᠡᠨ ᠪᠠᠢ᠌ᠭᠤᠯᠤᠯᠲᠠ᠎ᠪᠠᠷ ᠬᠥᠲᠥᠯᠥᠮᠵᠢ ᠪᠣᠯᠭ᠋ᠠᠵᠤ᠂ ᠬᠥᠪᠴᠢ ᠵᠢᠨ ᠬᠣᠢ᠌ᠲᠤ ᠵᠠᠬ᠎ᠠ ᠵᠢᠨ ᠣᠢ ᠰᠢᠭᠤᠢ ᠵᠢᠨ ᠪᠦᠰᠡ᠂ ᠥᠷᠥᠴᠡ ᠭᠠᠵᠠᠷ᠎ᠤᠨ ᠰᠠᠯᠬᠢ ᠡᠯᠡᠰᠦᠨ᠎ᠤ ᠵᠠᠮ᠎ᠤᠨ ᠬᠣᠷᠢᠭᠯᠠᠯᠲᠠ ᠵᠢᠨ ᠪᠦᠰᠡ ᠵᠡᠷᠭᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ᠎ᠢ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠵᠤ᠂ ᠭᠡᠷᠡᠯ ᠸᠣᠯᠲ᠎ᠤᠨ ᠴᠠᠬᠢᠯᠭ᠋ᠠᠨ ᠭᠠᠷᠭ᠋ᠠᠬᠤ ᠥᠷᠲᠡᠭᠡ ᠵᠢᠴᠢ ᠡᠷᠬᠢᠨ ᠲᠣᠭᠣᠷᠢᠨ᠎ᠤ ᠠᠮᠢ ᠠᠬᠤᠢ ᠵᠢᠨ ᠤᠯᠠᠭ᠋ᠠᠨ ᠱᠤᠭᠤᠮ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠠᠮᠢ ᠠᠬᠤᠢ ᠵᠢᠨ ᠰᠡᠷᠭᠦᠭᠡᠯᠲᠡ ᠵᠢ ᠥᠷᠨᠢᠭᠦᠯᠵᠦ᠂ ᠵᠢᠯ᠎ᠤᠨ ᠳᠣᠲᠣᠷ᠎ᠠ 500 ᠲᠦᠮᠡᠨ ᠮᠦ᠍ ᠡᠯᠡᠰᠦᠷᠬᠡᠭᠵᠢᠭᠰᠡᠨ ᠭᠠᠵᠠᠷ ᠰᠢᠷᠣᠢ ᠵᠢ ᠵᠠᠰᠠᠬᠤ ᠵᠢ ᠪᠡᠶᠡᠯᠡᠭᠦᠯᠦᠨ᠎ᠡ᠃ ᠤᠯᠠᠨ ᠲᠠᠯᠠᠪᠤᠷ᠎ᠢ ᠠᠭᠤᠰᠤᠯᠴᠠᠭᠤᠯᠤᠨ ᠵᠠᠰᠠᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠨᠢᠭᠡᠨᠲᠡ ᠲᠣᠣᠷ᠎ᠲᠤ ᠨᠡᠢ᠌ᠯᠡᠭᠦᠯᠦᠭᠰᠡᠨ ᠪᠠ ᠰᠢᠨ᠎ᠡ᠎ᠪᠠᠷ ᠪᠠᠢ᠌ᠭᠤᠯᠤᠭᠰᠠᠨ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠎ᠤᠨ ᠲᠥᠷᠥᠯ ᠵᠦᠢ᠍ᠯ᠎ᠳᠤ 《ᠣᠢ ᠰᠢᠭᠤᠢ ᠡᠪᠡᠰᠦ ᠪᠡᠯᠴᠢᠭᠡᠷ᠎ᠢ ᠤᠶᠠᠯᠳᠤᠭᠤᠯᠬᠤ》 ᠵᠠᠭᠪᠤᠷ᠎ᠢ ᠠᠪᠴᠤ᠂ 《ᠣᠢ ᠰᠢᠭᠤᠢ ᠭᠡᠷᠡᠯ ᠴᠡᠨᠡᠭ᠎ᠢ ᠬᠠᠷᠢᠯᠴᠠᠨ ᠨᠥᠬᠥᠪᠦᠷᠢᠯᠡᠬᠦ》 《ᠡᠪᠡᠰᠦ ᠪᠡᠯᠴᠢᠭᠡᠷ ᠭᠡᠷᠡᠯ ᠴᠡᠨᠡᠭ᠎ᠢ ᠬᠠᠷᠢᠯᠴᠠᠨ ᠨᠥᠬᠥᠪᠦᠷᠢᠯᠡᠬᠦ》 ᠠᠮᠢ ᠠᠬᠤᠢ ᠵᠢᠨ ᠮᠡᠷᠭᠡᠵᠢᠯ᠎ᠢ ᠬᠡᠷᠡᠭᠯᠡᠨ᠂ ᠲᠠᠷᠢᠵᠤ ᠲᠡᠵᠢᠭᠡᠨ ᠦᠷᠡᠵᠢᠭᠦᠯᠬᠦ᠂ ᠠᠮᠢ ᠠᠬᠤᠢ ᠵᠢᠨ ᠵᠢᠭᠤᠯᠴᠢᠯᠠᠯ ᠵᠡᠷᠭᠡ 《ᠭᠡᠷᠡᠯ ᠴᠡᠨᠡᠭ +》 ᠲᠥᠷᠥᠯ ᠵᠦᠢ᠍ᠯ᠎ᠯᠦᠭᠡ ᠬᠠᠷᠢᠯᠴᠠᠨ ᠤᠶᠠᠯᠳᠤᠭᠤᠯᠵᠤ᠂ 《ᠬᠠᠪᠲᠠᠰᠤᠨ ᠳᠡᠭᠡᠷ᠎ᠡ ᠪᠣᠬᠢᠷᠳᠤᠯ ᠦᠭᠡᠢ ᠴᠠᠬᠢᠯᠭ᠋ᠠᠨ ᠭᠠᠷᠭ᠋ᠠᠬᠤ᠂ ᠬᠠᠪᠲᠠᠰᠤᠨ ᠳᠣᠣᠷ᠎ᠠ ᠤᠷᠭᠤᠮᠠᠯ ᠤᠷᠭᠤᠭᠤᠯᠬᠤ᠂ ᠬᠠᠪᠠᠳᠠᠰᠤ ᠵᠢᠨ ᠭᠠᠳᠠᠨ᠎ᠠ ᠪᠦᠰᠡ ᠵᠢᠨ ᠵᠢᠭᠤᠯᠴᠢᠯᠠᠯ ᠬᠢᠬᠦ》 ᠭᠤᠷᠪᠠᠨ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ᠎ᠢ ᠪᠤᠢ ᠪᠣᠯᠭ᠋ᠠᠵᠤ᠂ ᠨᠢᠭᠡ ᠬᠡᠰᠡᠭ ᠡᠯᠡᠰᠦ ᠮᠠᠩᠬ᠎ᠠ ᠵᠢ ᠰᠠᠶ᠋ᠢᠲᠤᠷ ᠵᠠᠰᠠᠬᠤ᠂ ᠡᠵᠢ ᠭᠣᠣᠯ᠎ᠢ ᠰᠠᠶ᠋ᠢᠲᠤᠷ ᠬᠠᠮᠠᠭ᠋ᠠᠯᠠᠬᠤ ᠰᠠᠶ᠋ᠢᠨ ᠰᠠᠢ᠌ᠬᠠᠨ ᠠᠮᠢ ᠠᠬᠤᠢ ᠵᠢᠨ ᠵᠢᠷᠤᠭ ᠲᠥᠰᠥᠪ᠎ᠢ ᠪᠡᠶᠡᠯᠡᠭᠦᠯᠦᠨ᠎ᠡ᠃
      ᠡᠨᠧᠷᠭᠢ ᠵᠢᠨ ᠰᠤᠷᠪᠤᠯᠵᠢ ᠵᠢᠨ ᠬᠡᠯᠪᠡᠷᠢ ᠵᠢ ᠬᠤᠪᠢᠷᠠᠭᠤᠯᠬᠤ᠂ ᠪᠠᠭᠲᠠᠭ᠋ᠠᠮᠵᠢ ᠵᠢ ᠥᠷᠭᠡᠳᠬᠡᠨ 《ᠪᠣᠬᠢᠷᠳᠤᠯ ᠦᠭᠡᠢ ᠴᠠᠬᠢᠯᠭ᠋ᠠᠨ》᠎ᠢ ᠨᠡᠮᠡᠭᠳᠡᠭᠦᠯᠬᠦ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠰᠢᠨ᠎ᠡ ᠡᠨᠧᠷᠭᠢ ᠵᠢᠨ ᠶᠡᠬᠡ ᠬᠡᠪᠴᠢᠶ᠎ᠡ᠎ᠪᠠᠷ ᠦᠷᠭᠦᠯᠵᠢᠯᠡᠬᠦ ᠬᠥᠭᠵᠢᠯᠲᠡ ᠵᠢ ᠲᠤᠯᠭ᠋ᠠᠭᠤᠷᠢᠯᠠᠬᠤ᠎ᠳᠤ᠂ ᠴᠠᠬᠢᠯᠭ᠋ᠠᠨ ᠡᠭᠦᠰᠬᠡᠭᠴᠢ ᠴᠠᠬᠢᠯᠭ᠋ᠠᠨ ᠲᠣᠣᠷ᠎ᠤᠨ ᠪᠦᠲᠦᠭᠡᠨ ᠪᠠᠢ᠌ᠭᠤᠯᠤᠯᠲᠠ ᠪᠣᠯᠣᠨ ᠴᠠᠬᠢᠯᠭ᠋ᠠᠨ ᠬᠦᠴᠦᠨ᠎ᠢ ᠰᠢᠩᠭᠡᠬᠡᠨ ᠠᠪᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠬᠢᠬᠦ ᠴᠢᠬᠤᠯᠠᠲᠠᠢ᠃ ᠣᠷᠳᠣᠰ ᠬᠤᠳᠠ ᠵᠢᠨ᠎ᠬᠢᠨ ᠰᠢᠰᠲ᠋ᠧᠮ᠎ᠲᠠᠢ᠎ᠪᠠᠷ ᠲᠥᠷᠥ ᠵᠢᠨ ᠪᠣᠳᠣᠯᠭ᠎ᠠ ᠬᠡᠷᠡᠭᠵᠢᠭᠦᠯᠬᠦ ᠵᠢ ᠪᠠᠷᠢᠮᠲᠠᠯᠠᠵᠤ᠂ ᠪᠣᠬᠢᠷᠲᠤᠯ ᠦᠭᠡᠢ ᠴᠠᠬᠢᠯᠭ᠋ᠠᠨ᠎ᠢ ᠭᠠᠷᠭ᠋ᠠᠬᠤ ᠪᠠ ᠰᠠᠶ᠋ᠢᠲᠤᠷ ᠬᠡᠷᠡᠭᠯᠡᠬᠦ ᠵᠢ ᠪᠠᠲᠤᠯᠠᠵᠠᠢ᠃ ᠴᠠᠬᠢᠯᠭ᠋ᠠᠨ ᠭᠠᠷᠭ᠋ᠠᠬᠤ ᠳᠦᠷᠦᠯ ᠵᠦᠢ᠍ᠯ᠎ᠢ ᠬᠦᠴᠦᠯᠡᠨ ᠠᠳᠬᠤᠨ᠎ᠠ᠃ ᠣᠳᠣᠬᠠᠨ᠎ᠳᠤ᠂ ᠬᠥᠪᠴᠢ ᠵᠢᠨ ᠡᠯᠡᠰᠦᠨ ᠴᠥᠯ᠎ᠤᠨ 《ᠭᠡᠷᠡᠯ ᠴᠡᠨᠡᠭ᠎ᠤᠨ ᠣᠷᠳᠣ ᠴᠠᠭ᠋ᠠᠨ ᠬᠡᠷᠡᠮ》᠎ᠤᠨ ᠲᠥᠯᠦᠪᠵᠢᠭᠦᠯᠭᠡ ᠵᠢᠨ ᠬᠡᠪᠴᠢᠶᠡᠨ᠎ᠳᠤ ᠭᠡᠷᠡᠯ ᠴᠡᠨᠡᠭ᠎ᠤᠨ ᠲᠥᠷᠥᠯ ᠵᠦᠢ᠍ᠯ᠎ᠢ ᠨᠢᠭᠡᠨᠲᠡ 542 ᠲᠦᠮᠡᠨ ᠺᠢᠯᠣᠸᠠᠲ᠎ᠲᠤ ᠬᠦᠷᠭᠡᠵᠦ᠂ ᠪᠠᠢ᠌ᠭᠤᠯᠵᠤ ᠪᠠᠢ᠌ᠭ᠎ᠠ ᠲᠥᠷᠥᠯ ᠵᠦᠢ᠍ᠯ᠎ᠢ 2167 ᠲᠦᠮᠡᠨ ᠺᠢᠯᠣᠸᠠᠲ᠎ᠲᠤ ᠬᠦᠷᠭᠡᠵᠦ᠂ 2024 ᠣᠨ᠎ᠳᠤ ᠮᠠᠰᠢᠨ ᠴᠣᠭᠴᠠᠯᠠᠪᠤᠷᠢ ᠵᠢ 800 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠪᠣᠯᠬᠤ᠎ᠳᠤ ᠮᠠᠰᠢᠨ ᠴᠣᠭᠴᠠᠯᠠᠪᠤᠷᠢ ᠵᠢ 5000 ᠲᠦᠮᠡᠨ ᠺᠢᠯᠣᠸᠠᠲ᠎ᠲᠤ ᠬᠦᠷᠭᠡᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠳᠠᠬᠢᠨ 5000 ᠲᠦᠮᠡᠨ ᠺᠢᠯᠣᠸᠠᠲ᠎ᠲᠤ ᠬᠦᠷᠭᠡᠨ᠎ᠡ᠃ ᠮᠤᠤᠠᠤᠰᠤ ᠵᠢᠨ ᠡᠯᠡᠰᠦᠷᠬᠡᠭ ᠭᠠᠵᠠᠷ᠎ᠤᠨ 《ᠨᠢᠭᠡ ᠬᠣᠩᠭᠢᠯ ᠤᠯᠠᠨ ᠴᠡᠭ》᠎ᠤᠨ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠳᠦᠷᠦᠯ ᠵᠦᠢ᠍ᠯ ᠶᠠᠭ ᠡᠮᠦᠨᠡᠬᠢ ᠬᠤᠭᠤᠴᠠᠭ᠋ᠠᠨ᠎ᠤ ᠠᠵᠢᠯ ᠵᠶ᠋ᠠᠨ ᠥᠷᠨᠢᠭᠦᠯᠵᠦ᠂ 2030 ᠣᠨ ᠪᠣᠯᠬᠤ᠎ᠳᠤ 5000 ᠲᠦᠮᠡᠨ ᠺᠢᠯᠣᠸᠠᠲ᠎ᠤᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠪᠦᠷᠢᠯᠳᠦᠭᠦᠯᠦᠨ᠎ᠡ᠃ ᠪᠣᠬᠢᠷᠳᠤᠯ ᠦᠭᠡᠢ ᠴᠠᠬᠢᠯᠭ᠋ᠠᠨ᠎ᠢ ᠭᠠᠳᠠᠭᠰᠢ ᠬᠦᠷᠭᠡᠬᠦ ᠵᠢ ᠬᠦᠴᠦᠯᠡᠨ ᠠᠳᠬᠤᠨ᠎ᠠ᠃ ᠣᠳᠣᠬᠠᠨ᠎ᠳᠤ᠂ ᠪᠦᠬᠦ ᠬᠣᠲᠠ᠎ᠳᠤ ᠨᠢᠭᠡᠨᠲᠡ 2 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠬᠦ ᠵᠠᠮ᠎ᠢ ᠪᠠᠢ᠌ᠭᠤᠯᠵᠤ᠂ ᠣᠳᠣ ᠶᠠᠭ ᠬᠥᠪᠴᠢ ᠵᠢᠨ ᠡᠯᠡᠰᠦᠨ ᠴᠥᠯ᠎ᠤᠨ ᠳᠤᠮᠳᠠ ᠬᠣᠢ᠌ᠲᠤ ᠬᠡᠰᠡᠭ᠂ ᠡᠮᠦᠨᠡᠲᠦ ᠬᠡᠰᠡᠭ᠎ᠤᠨ ᠰᠠᠭᠤᠷᠢᠨ ᠭᠠᠵᠠᠷ᠎ᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠠᠴᠠ ᠪᠡᠭᠡᠵᠢᠩ ᠲᠢᠶᠠᠨᠵᠢᠨ ᠾᠧᠪᠧᠢ ᠪᠠ ᠱᠠᠩᠬᠠᠢ ᠬᠦᠷᠬᠦ 2 ᠵᠤᠷᠪᠤᠰ ᠵᠠᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠪᠠᠢ᠌ᠨ᠎ᠠ᠃ ᠬᠥᠪᠴᠢ᠎ᠠᠴᠠ ᠵᠢᠶᠠᠩᠰᠤ᠂ ᠳᠣᠷᠣᠨᠠᠲᠤ ᠣᠷᠣᠨ ᠬᠦᠷᠲᠡᠯᠡᠬᠢ 2 ᠵᠤᠷᠪᠤᠰ᠎ᠢ ᠤᠯᠤᠰ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠴᠠᠬᠢᠯᠭ᠋ᠠᠨ ᠬᠦᠴᠦᠨ᠎ᠤ ᠬᠥᠭᠵᠢᠯᠲᠡ ᠵᠢᠨ ᠲᠥᠯᠦᠪᠵᠢᠭᠦᠯᠭᠡ ᠵᠢᠨ ᠨᠡᠪᠲᠡᠷᠡᠬᠦ ᠵᠠᠮ᠎ᠤᠨ ᠡᠬᠢᠯᠡᠯᠲᠡ ᠵᠢᠨ ᠴᠡᠭ᠎ᠲᠤ ᠣᠷᠣᠭᠤᠯᠤᠨ 《ᠭᠡᠷᠡᠯ ᠸᠣᠯᠲ᠎ᠤᠨ ᠣᠷᠳᠣ ᠴᠠᠭ᠋ᠠᠨ ᠬᠡᠷᠡᠮ》᠎ᠤᠨ ᠣᠷᠣᠨ ᠪᠦᠰᠡ᠎ᠳᠤ ᠪᠠᠢ᠌ᠷᠢᠰᠢᠭᠤᠯᠬᠤ᠎ᠪᠠᠷ ᠢᠳᠡᠪᠬᠢᠲᠡᠢ ᠴᠢᠷᠮᠠᠢ᠌ᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠤ ᠳᠠᠬᠢᠨ 2 ᠵᠤᠷᠪᠤᠰ ᠨᠡᠪᠲᠡᠷᠡᠬᠦ ᠵᠠᠮ᠎ᠢ ᠲᠥᠯᠦᠪᠵᠢᠭᠦᠯᠭᠡ᠎ᠳᠤ ᠣᠷᠣᠭᠤᠯᠤᠨ ᠪᠦᠲᠦᠭᠡᠨ ᠪᠠᠢ᠌ᠭᠤᠯᠬᠤ᠎ᠪᠠᠷ ᠴᠢᠷᠮᠠᠢ᠌ᠵᠤ᠂ 《2+2+4》 ᠨᠡᠪᠲᠡᠷᠡᠬᠦ ᠵᠠᠮ᠎ᠤᠨ ᠪᠠᠢ᠌ᠷᠢᠰᠢᠯ᠎ᠢ ᠪᠠᠢ᠌ᠭᠤᠯᠤᠨ ᠪᠦᠷᠢᠯᠳᠦᠭᠦᠯᠵᠦ᠂ ᠲᠤᠬᠠᠢ ᠵᠢᠨ ᠴᠠᠭ᠎ᠲᠤ ᠴᠠᠬᠢᠯᠭ᠋ᠠᠨ ᠬᠦᠴᠦᠨ᠎ᠢ ᠭᠠᠳᠠᠭᠰᠢ ᠬᠦᠷᠭᠡᠵᠦ ᠪᠠᠭᠲᠠᠭ᠋ᠠᠨ ᠣᠷᠣᠭᠤᠯᠬᠤ ᠬᠡᠪᠴᠢᠶ᠎ᠡ ᠵᠢ 6000 ᠲᠦᠮᠡᠨ ᠺᠢᠯᠣᠸᠠᠲ᠎ᠠᠴᠠ ᠳᠡᠭᠡᠭᠰᠢ᠎ᠳᠤ ᠬᠦᠷᠦᠭᠦᠯᠵᠦ᠂ ᠶᠡᠷᠦᠩᠬᠡᠢ ᠮᠠᠰᠢᠨ ᠴᠣᠭᠴᠠᠯᠠᠪᠤᠷᠢ ᠵᠢᠨ ᠡᠵᠡᠯᠡᠬᠦ ᠬᠤᠪᠢ ᠵᠢᠨ ᠵᠢᠩ᠎ᠤᠨ 40%᠎ᠠᠴᠠ ᠳᠡᠭᠡᠭᠰᠢ᠎ᠳᠤ ᠬᠦᠷᠦᠭᠦᠯᠦᠨ᠎ᠡ᠃ ᠲᠤᠬᠠᠢ ᠵᠢᠨ ᠭᠠᠵᠠᠷ᠎ᠤᠨ ᠰᠢᠩᠭᠡᠬᠡᠨ ᠠᠪᠬᠤ ᠵᠢ ᠬᠦᠴᠦᠯᠡᠨ ᠠᠳᠬᠤᠨ᠎ᠠ᠃ 2023 ᠣᠨ᠎ᠳᠤ᠂ ᠣᠷᠳᠣᠰ ᠬᠣᠲᠠ ᠵᠢᠨ ᠪᠥᠬᠥ ᠨᠡᠢ᠌ᠭᠡᠮ᠎ᠤᠨ ᠴᠠᠬᠢᠯᠭ᠋ᠠᠨ ᠬᠡᠷᠡᠭᠯᠡᠬᠦ ᠬᠡᠮᠵᠢᠶ᠎ᠡ ᠪᠠ ᠠᠵᠤ ᠦᠢ᠍ᠯᠡᠳᠪᠦᠷᠢ ᠵᠢᠨ ᠴᠠᠬᠢᠯᠭ᠋ᠠᠨ ᠬᠡᠷᠡᠭᠯᠡᠬᠦ ᠬᠡᠮᠵᠢᠶ᠎ᠡ ᠲᠣᠰ ᠲᠣᠰ 957.9 ᠳ᠋ᠦᠩᠰᠢᠭᠤᠷ ᠺᠢᠯᠣᠸᠠᠲ ᠴᠠᠭ ᠪᠠ 876.6 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠣᠳᠣᠬᠠᠨ᠎ᠳᠤ ᠶᠠᠭ ᠳᠥᠷᠪᠡᠨ ᠳᠡᠯᠡᠬᠡᠢ ᠵᠢᠨ ᠲᠠᠰ᠎ᠤᠨ ᠠᠵᠤ ᠦᠢ᠍ᠯᠡᠰ᠎ᠢ ᠪᠠᠢ᠌ᠭᠤᠯᠬᠤ᠎ᠪᠠᠷ ᠭᠣᠣᠯ ᠭᠠᠷᠳᠠᠴᠠ ᠪᠣᠯᠭ᠋ᠠᠵᠤ᠂ ᠠᠵᠤ ᠦᠢ᠍ᠯᠡᠳᠪᠦᠷᠢ ᠵᠢᠨ ᠣᠷᠳᠣᠰ᠎ᠢ ᠳᠠᠬᠢᠨ ᠪᠠᠢ᠌ᠭᠤᠯᠬᠤ ᠵᠢ ᠲᠦᠷᠭᠡᠳᠬᠡᠵᠦ᠂ ᠴᠠᠬᠢᠯᠭ᠋ᠠᠨ ᠬᠦᠴᠦᠨ᠎ᠤ ᠬᠡᠷᠡᠭᠴᠡᠭᠡ ᠦᠷᠭᠦᠯᠵᠢᠯᠡᠨ ᠨᠡᠮᠡᠭᠳᠡᠬᠦ ᠬᠠᠨᠳᠤᠰᠢ᠎ᠲᠠᠢ ᠪᠠᠢ᠌ᠨ᠎ᠠ᠃ ᠡᠭᠦᠨ᠎ᠤ ᠲᠤᠯᠠᠳᠠ᠂ ᠬᠣᠲᠠ ᠵᠢᠨ ᠵᠠᠰᠠᠭ᠎ᠤᠨ ᠣᠷᠳᠣᠨ ᠥᠪᠥᠷ ᠮᠣᠩᠭᠣᠯ᠎ᠤᠨ ᠴᠠᠬᠢᠯᠭ᠋ᠠᠨ ᠬᠦᠴᠦᠨ᠎ᠤ ᠪᠦᠯᠦᠭᠯᠡᠯ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠪᠣᠬᠢᠷᠳᠤᠯ ᠦᠭᠡᠢ ᠴᠠᠬᠢᠯᠭ᠋ᠠᠨ᠎ᠢ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠬᠢᠯᠭ᠋ᠠᠨ ᠲᠣᠣᠷ᠎ᠲᠤ ᠰᠢᠩᠭᠡᠬᠡᠨ ᠠᠪᠬᠤ ᠵᠢ ᠠᠬᠢᠭᠤᠯᠬᠤ ᠵᠢᠨ ᠬᠠᠮᠲᠤ᠂ ᠬᠣᠲᠠ ᠵᠢᠨ ᠬᠡᠪᠴᠢᠶᠡᠨ᠎ᠳᠠᠬᠢ ᠴᠠᠬᠢᠯᠭ᠋ᠠᠨ ᠲᠣᠣᠷ᠎ᠤᠨ ᠭᠣᠣᠯ ᠲᠣᠣᠷ᠎ᠤᠨ ᠵᠢᠶᠠᠰᠠ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ 5 ᠰᠠᠭᠤᠷᠢ ᠰᠢᠨ᠎ᠡ᠎ᠪᠠᠷ ᠪᠠᠢ᠌ᠭᠤᠯᠵᠤ᠂ 500 ᠺᠢᠯᠣᠸᠠᠲ᠎ᠤᠨ ᠴᠠᠬᠢᠯᠭ᠋ᠠᠨ ᠬᠤᠪᠢᠰᠬᠠᠬᠤ ᠥᠷᠲᠡᠭᠡ ᠵᠢ 2 ᠥᠷᠭᠡᠳᠬᠡᠨ ᠪᠠᠢ᠌ᠭᠤᠯᠵᠤ᠂ 2160 ᠲᠦᠮᠡᠨ ᠺᠢᠯᠣᠸᠠᠲ᠎ᠤᠨ ᠴᠠᠬᠢᠯᠭ᠋ᠠᠨ ᠬᠤᠪᠢᠰᠬᠠᠬᠤ ᠪᠠᠭᠲᠠᠭ᠋ᠠᠮᠵᠢ ᠵᠢ ᠰᠢᠨ᠎ᠡ᠎ᠪᠠᠷ ᠨᠡᠮᠡᠭᠳᠡᠭᠦᠯᠦᠨ᠂ ᠬᠣᠲᠠ ᠵᠢᠨ ᠳᠣᠲᠣᠷᠠᠬᠢ ᠪᠣᠬᠢᠷᠳᠤᠯ ᠦᠭᠡᠢ ᠴᠠᠬᠢᠯᠭ᠋ᠠᠨ᠎ᠤ 3 ᠵᠤᠷᠪᠤᠰ ᠨᠡᠪᠲᠡᠷᠡᠬᠦ ᠵᠠᠮ᠎ᠢ ᠲᠥᠯᠥᠪᠵᠢᠭᠦᠯᠦᠨ ᠪᠦᠲᠦᠭᠡᠨ ᠪᠠᠢ᠌ᠭᠤᠯᠵᠤ᠂ ᠪᠣᠬᠢᠷᠳᠤᠯ ᠦᠭᠡᠢ ᠴᠠᠬᠢᠯᠭ᠋ᠠᠨ᠎ᠢ ᠠᠯᠢ ᠴᠢᠳᠠᠬᠤ᠎ᠪᠠᠷ ᠤᠯᠠᠨ ᠭᠠᠵᠠᠷ᠎ᠲᠤ ᠰᠢᠩᠭᠡᠬᠡᠨ ᠠᠪᠬᠤ ᠵᠢ ᠪᠡᠶᠡᠯᠡᠭᠦᠯᠦᠨ᠎ᠡ᠃
      ᠰᠠᠭᠤᠷᠢ ᠵᠢ ᠴᠢᠩᠭ᠋ᠠᠳᠬᠠᠵᠤ ᠬᠡᠯᠬᠢᠶ᠎ᠡ ᠵᠢ ᠨᠢᠭᠲᠠᠷᠠᠭᠤᠯᠬᠤ᠂ ᠬᠠᠷᠢᠯᠴᠠᠨ ᠨᠥᠬᠥᠪᠦᠷᠢᠯᠡᠵᠦ ᠬᠠᠮᠲᠤᠪᠠᠷ ᠠᠰᠢᠭ ᠬᠦᠷᠲᠡᠬᠦ《ᠠᠵᠤ ᠦᠢ᠍ᠯᠡᠰ᠎ᠢ ᠬᠥᠭᠵᠢᠭᠦᠯᠬᠦ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ 《ᠬᠣᠣᠰ ᠨᠠᠭᠦᠷᠡᠰᠦᠲᠦ᠋ᠷᠦᠭᠴᠢ》 ᠵᠢᠨ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠳᠣᠣᠷ᠎ᠠ᠂ ᠡᠨᠧᠷᠭᠢ ᠵᠢᠨ ᠬᠡᠯᠪᠡᠷᠢ ᠵᠢᠨ ᠬᠤᠪᠢᠷᠠᠭᠤᠯᠤᠯᠲᠠ 《ᠰᠢᠨ᠎ᠡ ᠲᠡᠢ᠌ᠰᠢ ᠬᠤᠪᠢᠷᠠᠭᠤᠯᠬᠤ》 ᠵᠢ ᠲᠦᠷᠭᠡᠳᠬᠡᠵᠦ᠂ ᠠᠵᠤ ᠦᠢ᠍ᠯᠡᠰ᠎ᠤᠨ ᠲᠡᠰ ᠳᠠᠪᠰᠢᠯᠲᠠ 《ᠪᠣᠬᠢᠷᠲᠤᠯ ᠦᠭᠡᠢ ᠲᠡᠢ᠌ᠰᠢ ᠤᠷᠤᠭᠰᠢᠯᠠᠬᠤ》 ᠵᠢ ᠲᠦᠷᠭᠡᠳᠬᠡᠪᠡ᠃ ᠣᠷᠳᠣᠰ ᠬᠤᠳᠠ ᠵᠢᠨ᠎ᠬᠢᠨ ᠡᠨᠧᠷᠭᠢ ᠵᠢᠨ ᠬᠡᠯᠪᠡᠷᠢ ᠵᠢ ᠬᠤᠪᠢᠷᠠᠭᠤᠯᠬᠤ᠎ᠪᠠᠷ ᠠᠵᠤ ᠦᠢ᠍ᠯᠡᠰ᠎ᠤᠨ ᠲᠡᠰ ᠳᠡᠪᠰᠢᠬᠦ ᠵᠢ ᠲᠠᠢ᠍ᠢ᠍ᠴᠢᠯᠠᠵᠦ᠂ ᠠᠵᠤ ᠦᠢ᠍ᠯᠡᠰ᠎ᠤᠨ ᠲᠡᠰ ᠳᠡᠪᠰᠢᠬᠦ᠎ᠪᠠᠷ ᠰᠢᠨ᠎ᠡ ᠡᠨᠧᠷᠭᠢ ᠵᠢᠨ ᠬᠥᠭᠵᠢᠯᠲᠡ ᠵᠢ ᠠᠬᠢᠭᠤᠯᠵᠤ᠂ ᠪᠣᠬᠢᠷᠲᠤᠯ ᠦᠭᠡᠢ ᠴᠠᠬᠢᠯᠭ᠋ᠠᠨ᠎ᠤ ᠳᠠᠪᠠᠭᠤᠯᠢᠭ᠎ᠲᠤ ᠲᠦᠰᠢᠭᠯᠡᠨ᠂ ᠳᠡᠯᠡᠬᠡᠢ ᠵᠢᠨ ᠲᠡᠰ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠂ ᠪᠣᠬᠢᠷᠲᠤᠯ ᠦᠭᠡᠢ ᠦᠢ᠍ᠯᠡᠳᠬᠦ ᠦᠢ᠍ᠯᠡᠰ᠎ᠤᠨ ᠲᠥᠪᠯᠡᠷᠡᠭᠰᠡᠨ ᠭᠠᠵᠠᠷ᠎ᠢ ᠲᠦᠷᠭᠡᠨ ᠴᠣᠭᠴᠠᠯᠠᠨ᠎ᠠ᠃ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠶᠡᠬᠡᠪᠡᠷ ᠠᠬᠢᠭᠤᠯᠤᠨ᠎ᠠ᠃ ᠰᠢᠨ᠎ᠡ ᠡᠨᠧᠷᠭᠢ ᠵᠢ ᠶᠡᠬᠡ ᠬᠡᠪᠴᠢᠶ᠎ᠡ᠎ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠢ᠌ᠭᠤᠯᠬᠤ ᠠᠵᠠ ᠲᠣᠬᠢᠶᠠᠯ᠎ᠢ ᠠᠮᠵᠢᠵᠤ᠂ 《ᠮᠠᠰᠢᠨ ᠴᠣᠭᠴᠠᠯᠠᠪᠤᠷᠢ + ᠲᠣᠨᠣᠭᠯᠠᠯ》᠎ᠤᠨ ᠬᠣᠣᠰ ᠴᠢᠭᠯᠡᠯ ᠵᠶ᠋ᠡᠷ ᠡᠨᠧᠷᠭᠢ ᠣᠯᠭᠣᠬᠤ ᠵᠢ ᠵᠡᠷᠭᠡ᠎ᠪᠠᠷ ᠠᠬᠢᠭᠤᠯᠵᠤ᠂ 《ᠰᠠᠯᠬᠢ ᠭᠡᠷᠡᠯ ᠤᠰᠤᠲᠥ᠋ᠷᠥᠭᠴᠢ ᠬᠠᠳᠠᠭ᠋ᠠᠯᠠᠬᠤ ᠲᠡᠷᠭᠡ》 ᠵᠢᠨ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠪᠦᠯᠦᠭᠵᠢᠯ᠎ᠢ ᠶᠡᠬᠡ᠎ᠪᠠᠷ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠲᠣᠯᠣᠭ᠋ᠠᠢ ᠵᠢᠨ ᠬᠡᠰᠡᠭ᠂ 52 ᠢᠵᠢ ᠪᠦᠷᠢᠳᠦᠭᠦᠯᠬᠦ ᠠᠵᠤ ᠠᠬᠤᠢ᠌ᠯᠠᠯ᠎ᠢ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠭᠡᠷᠡᠯ ᠴᠡᠨᠡᠭ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ᠂ ᠠᠩᠬᠠᠳᠠᠭᠴᠢ ᠬᠥᠳᠡᠯᠭᠡᠭᠴᠢ ᠬᠦᠴᠦᠨ᠎ᠤ ᠳ᠋ᠢᠶᠠᠨ ᡂᠢ ᠵᠢᠨ ᠦᠢ᠍ᠯᠡᠳᠪᠦᠷᠢᠯᠡᠯ᠎ᠤᠨ ᠱᠤᠭᠤᠮ᠂ ᠠᠩᠬᠠᠳᠠᠭᠴᠢ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠠᠩᠬᠠᠳᠠᠭᠴᠢ ᠰᠢᠨ᠎ᠡ ᠡᠨᠧᠷᠭᠢ ᠵᠢᠨ ᠰᠤᠷᠪᠤᠯᠵᠢ ᠵᠢᠨ ᠰᠠᠭᠤᠳᠠᠯ᠎ᠤᠨ ᠮᠠᠰᠢᠨ᠎ᠤ ᠦᠢ᠍ᠯᠡᠳᠪᠦᠷᠢᠯᠡᠯ᠎ᠤᠨ ᠱᠤᠭᠤᠮ᠎ᠢ ᠪᠠᠢ᠌ᠭᠤᠯᠵᠤ᠂ 2025 ᠣᠨ᠎ᠳᠤ ᠭᠡᠷᠡᠯ ᠴᠡᠨᠡᠭ ᠰᠠᠯᠬᠢᠨ ᠬᠦᠴᠦᠨ᠎ᠤ ᠴᠠᠬᠢᠯᠭ᠋ᠠᠨ᠎ᠤ ᠲᠣᠨᠣᠭ ᠲᠥᠬᠦᠭᠡᠷᠦᠮᠵᠢ 160GW᠂ ᠤᠰᠤᠲᠥ᠋ᠷᠥᠭᠴᠢ ᠲᠦᠯᠡᠰᠢᠨ ᠳ᠋ᠢᠶᠠᠨ ᡂᠢ ᠵᠢᠨ ᠰᠢᠰᠲ᠋ᠧᠮ 3 ᠲᠦᠮᠡᠨ ᠢᠵᠢ᠂ ᠬᠥᠳᠡᠯᠭᠡᠭᠴᠢ ᠬᠦᠴᠦᠨ ᠵᠢᠴᠢ ᠡᠨᠧᠷᠭᠢ ᠬᠠᠳᠠᠭ᠋ᠠᠯᠠᠬᠤ ᠳ᠋ᠢᠶᠠᠨ ᡂᠢ 100GWh᠂ ᠠᠷᠭ᠎ᠠ ᠪᠢᠯᠢᠭ ᠲᠤᠢ᠌ᠯ᠎ᠤᠨ ᠮᠠᠲ᠋ᠧᠷᠢᠶᠠᠯ 100 ᠲᠦᠮᠡᠨ ᠲᠣᠨ᠂ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡ 50 ᠲᠦᠮᠡᠨ ᠮᠠᠰᠢᠨ ᠲᠡᠷᠭᠡ ᠵᠢᠨ ᠦᠢ᠍ᠯᠡᠳᠪᠦᠷᠢᠯᠡᠬᠦ ᠴᠢᠳᠠᠪᠤᠷᠢ ᠵᠢᠨ ᠬᠡᠪᠴᠢᠶ᠎ᠡ ᠵᠢ ᠪᠤᠢ ᠪᠣᠯᠭ᠋ᠠᠨ᠎ᠠ᠃ ᠤᠯᠠᠮᠵᠢᠯᠠᠯᠲᠤ ᠠᠵᠤ ᠦᠢ᠍ᠯᠡᠰ ᠬᠢᠭᠡᠳ ᠰᠢᠨ᠎ᠡ ᠡᠨᠧᠷᠭᠢ ᠵᠢᠨ ᠰᠤᠷᠪᠤᠯᠵᠢ ᠵᠢᠨ ᠬᠣᠯᠪᠣᠯᠳᠤᠨ ᠬᠥᠭᠵᠢᠬᠦ ᠵᠢ ᠲᠦᠷᠭᠡᠪᠴᠢᠯᠡᠨ ᠠᠬᠢᠭᠤᠯᠤᠨ᠎ᠠ᠃ ᠣᠷᠳᠣᠰ ᠬᠤᠳᠠ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠴᠢᠳᠠᠪᠤᠷᠢ ᠵᠢ 2000 ᠲᠦᠮᠡᠨ ᠲᠣᠨ᠂ ᠬᠡᠦᠷᠰᠢᠭᠦᠯᠬᠦ ᠦᠢ᠍ᠯᠡᠳᠪᠦᠷᠢᠯᠡᠯ᠎ᠤᠨ ᠴᠢᠳᠠᠪᠤᠷᠢ ᠵᠢ 1190 ᠲᠦᠮᠡᠨ ᠲᠣᠨ᠂ ᠲᠡᠮᠦᠷᠯᠢᠭ ᠪᠣᠯᠪᠠᠰᠤᠷᠠᠭᠤᠯᠬᠤ ᠦᠢ᠍ᠯᠡᠳᠪᠦᠷᠢᠯᠡᠯ᠎ᠤᠨ ᠴᠢᠳᠠᠪᠤᠷᠢ ᠵᠢ 478 ᠲᠦᠮᠡᠨ ᠲᠣᠨ ᠪᠠᠢ᠌ᠭᠤᠯᠪᠠ᠃ ᠣᠳᠣᠬᠠᠨ᠎ᠳᠤ᠂ ᠪᠣᠬᠢᠷᠳᠤᠯ ᠦᠭᠡᠢ ᠴᠠᠬᠢᠯᠭ᠋ᠠᠨ ᠵᠶ᠋ᠠᠷ ᠤᠷᠤᠭᠯᠠᠭᠤᠯᠬᠤ᠎ᠳᠤ ᠬᠦᠴᠦᠯᠡᠵᠦ᠂ ᠤᠯᠠᠮᠵᠢᠯᠠᠯᠲᠤ ᠠᠵᠤ ᠦᠢ᠍ᠯᠡᠰ ᠪᠣᠯᠣᠨ ᠰᠢᠨ᠎ᠡ ᠡᠨᠧᠷᠭᠢ ᠵᠢᠨ ᠰᠤᠷᠪᠤᠯᠵᠢ ᠵᠢᠨ ᠬᠣᠯᠪᠣᠯᠳᠤᠨ ᠬᠥᠭᠵᠢᠬᠦ ᠵᠢ ᠶᠡᠬᠡ᠎ᠪᠠᠷ ᠠᠬᠢᠭᠤᠯᠵᠤ᠂ ᠪᠦᠬᠦ ᠪᠥᠮᠪᠥᠷᠴᠡᠭ᠎ᠤᠨ ᠠᠩᠬᠠᠳᠠᠭᠴᠢ ᠨᠠᠭᠦᠷᠡᠰᠦᠲᠦ᠋ᠷᠦᠭᠴᠢ ᠦᠭᠡᠢ ᠠᠵᠤ ᠦᠢ᠍ᠯᠡᠰ᠎ᠤᠨ ᠬᠦᠷᠢᠶᠡᠯᠡᠩ᠎ᠢ ᠪᠠᠢ᠌ᠭᠤᠯᠵᠤ᠂ ᠡᠯ᠎ᠡ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠨᠠᠭᠦᠷᠡᠰᠦᠲᠦ᠋ᠷᠦᠭᠴᠢ ᠪᠠᠭ᠎ᠠ᠂ ᠨᠠᠭᠦᠷᠡᠰᠦᠲᠦ᠋ᠷᠦᠭᠴᠢ ᠦᠭᠡᠢ ᠬᠦᠷᠢᠶᠡᠯᠡᠩ ᠲᠣᠭᠣᠷᠢᠭ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢ ᠠᠬᠢᠭᠤᠯᠵᠤ᠂ ᠤᠰᠤᠲᠥ᠋ᠷᠥᠭᠴᠢ ᠡᠨᠧᠷᠭᠢ ᠵᠢᠨ ᠠᠵᠤ ᠦᠢ᠍ᠯᠡᠰ᠎ᠤᠨ ᠬᠦᠷᠢᠶᠡᠯᠡᠩ᠎ᠢ ᠲᠦᠷᠭᠡᠳᠬᠡᠨ ᠪᠠᠢ᠌ᠭᠤᠯᠵᠤ᠂ ᠬᠡᠮᠵᠢᠶ᠎ᠡ ᠵᠢ ᠨᠡᠮᠡᠭᠳᠡᠭᠦᠯᠦᠨ ᠴᠠᠬᠢᠯᠭ᠋ᠠᠨ ᠲᠦᠭᠡᠭᠡᠬᠦ ᠲᠣᠣᠷ᠎ᠤᠨ ᠰᠢᠨ᠎ᠡ ᠡᠨᠧᠷᠭᠢ ᠰᠢᠩᠭᠡᠭᠡᠬᠦ ᠲᠤᠷᠰᠢᠯᠲᠠ ᠪᠠ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠵᠢᠱ᠌ᠢᠶ᠎ᠡ ᠦᠵᠡᠭᠦᠯᠬᠦ ᠠᠵᠢᠯ᠎ᠢ ᠢᠳᠡᠪᠬᠢᠲᠡᠢ᠎ᠪᠠᠷ ᠥᠷᠨᠢᠭᠦᠯᠵᠦ᠂ 2025 ᠣᠨ ᠪᠣᠯᠬᠤ᠎ᠳᠤ ᠡᠨᠧᠷᠭᠢ ᠵᠢᠨ ᠳᠠᠭ᠋ᠠᠭ᠋ᠠᠴᠠ ᠶᠡᠬᠡᠲᠡᠢ ᠠᠵᠢᠯ ᠲᠥᠷᠥᠯ᠎ᠤᠨ ᠴᠠᠬᠢᠯᠭ᠋ᠠᠨ ᠬᠡᠷᠡᠭᠯᠡᠬᠦ ᠬᠡᠮᠵᠢᠶ᠎ᠡ ᠵᠢ 800 ᠳ᠋ᠦᠩᠰᠢᠭᠤᠷ ᠺᠢᠯᠣᠸᠠᠲ ᠴᠠᠭ᠎ᠠᠴᠠ ᠳᠠᠪᠠᠭᠤᠯᠵᠤ᠂ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ᠎ᠳᠤ ᠨᠡᠶ᠋ᠢᠴᠡᠬᠦ ᠡᠨᠧᠷᠭᠢ ᠵᠢᠨ ᠳᠠᠭ᠋ᠠᠭ᠋ᠠᠴᠠ ᠶᠡᠬᠡᠲᠡᠢ᠂ ᠨᠠᠭᠦᠷᠡᠰᠦᠲᠦ᠋ᠷᠦᠭᠴᠢ ᠶᠡᠬᠡ ᠭᠠᠳᠠᠭᠰᠢᠯᠠᠭᠤᠯᠬᠤ ᠠᠵᠤ ᠦᠢ᠍ᠯᠡᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠬᠢᠷᠢ ᠲᠦᠪᠰᠢᠨ ᠳᠠᠰᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠨᠠᠩ ᠤᠯᠠᠨ ᠲᠡᠷᠢᠭᠦᠨ᠎ᠤ ᠡᠨᠧᠷᠭᠢ ᠵᠢᠨ ᠳᠠᠭ᠋ᠠᠭ᠋ᠠᠴᠠ ᠶᠡᠬᠡᠲᠡᠢ ᠠᠵᠤ ᠠᠬᠤᠢ᠌ᠯᠠᠯ᠎ᠤᠨ ᠲᠥᠷᠥᠯ ᠵᠦᠢ᠍ᠯ᠎ᠢ ᠣᠷᠳᠣᠰ᠎ᠲᠤ ᠣᠷᠣᠭᠤᠯᠵᠤ᠂ ᠤᠯᠠᠮᠵᠢᠯᠠᠯᠲᠤ ᠠᠵᠤ ᠦᠢ᠍ᠯᠡᠰ᠎ᠤᠨ ᠪᠦᠯᠦᠭᠵᠢᠯ᠎ᠢ ᠦᠷᠭᠦᠯᠵᠢᠯᠡᠨ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠦᠨ᠎ᠡ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠬᠤ᠂ ᠠᠬᠤᠢ ᠲᠠᠯᠠᠪᠠᠶ ᠵᠢ ᠠᠭᠤᠰᠤᠯᠴᠠᠭᠤᠯᠬᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠢ ᠬᠦᠴᠦᠷᠬᠡᠭᠵᠢᠭᠦᠯᠦᠨ ᠰᠢᠨ᠎ᠡ ᠵᠢ ᠡᠭᠦᠳᠬᠦ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠴᠢᠨᠠᠷ ᠰᠠᠢ᠌ᠲᠠᠢ ᠬᠡᠷᠡᠭᠵᠢᠭᠦᠯᠬᠦ᠎ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠷ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠢ᠃ ᠣᠢ᠌ᠷ᠎ᠠ ᠵᠢᠨ ᠵᠢᠯ᠎ᠠᠴᠠ᠂ ᠣᠷᠳᠣᠰ ᠬᠤᠳᠠ ᠵᠢᠨ᠎ᠬᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠭᠣᠣᠯ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠲᠣᠭᠣᠷᠢᠭ᠎ᠢ ᠪᠠᠢ᠌ᠭᠤᠯᠬᠤ᠎ᠪᠠᠷ ᠵᠥᠪᠰᠢᠶᠡᠷᠡᠭᠳᠡᠵᠦ᠂ ᠴᠢᠩᠬᠤᠸᠠ᠂ ᠪᠡᠭᠡᠵᠢᠩ ᠶᠡᠬᠡ ᠰᠤᠷᠭ᠋ᠠᠭᠤᠯᠢ ᠵᠡᠷᠭᠡ ᠣᠷᠣᠢ᠌ᠯᠠᠭᠰᠠᠨ ᠶᠡᠬᠡ ᠳᠡᠭᠡᠳᠦ ᠰᠤᠷᠭ᠋ᠠᠭᠤᠯᠢ ᠪᠣᠯᠣᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠯᠴᠠᠨ ᠨᠢᠭᠡ ᠪᠦᠯᠦᠭ ᠳᠡᠭᠡᠳᠦ ᠲᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠬᠠᠮᠲᠤᠪᠠᠷ ᠪᠠᠢ᠌ᠭᠤᠯᠵᠤ᠂ ᠨᠢᠭᠡ ᠪᠦᠯᠦᠭ ᠠᠵᠢᠯ ᠳᠦᠷᠦᠯ᠎ᠤᠨ ᠲᠡᠷᠢᠭᠦᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠪᠤᠢ ᠪᠣᠯᠭ᠋ᠠᠪᠠ᠃ ᠳᠠᠷᠠᠭ᠋ᠠᠴᠢ ᠵᠢᠨ ᠠᠯᠬᠤᠮ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠲᠠᠢ ᠤᠶᠠᠯᠳᠤᠭᠤᠯᠤᠨ᠂ 《ᠤᠯᠤᠰ᠎ᠤᠨ ᠨᠡᠷᠡᠲᠦ ᠲᠡᠮᠳᠡᠭᠲᠦ》 《ᠥᠪᠥᠷ ᠮᠣᠩᠭᠣᠯ ᠨᠡᠷᠡᠲᠦ ᠲᠡᠮᠳᠡᠭᠲᠦ》 ᠵᠢᠨ ᠰᠢᠨ᠎ᠡ ᠵᠢ ᠡᠭᠦᠳᠬᠦ ᠲᠠᠪᠴᠠᠩ᠎ᠢ ᠥᠷᠭᠡᠨ ᠵᠶ᠋ᠡᠷ ᠪᠠᠢ᠌ᠭᠤᠯᠵᠤ᠂ ᠰᠠᠯᠬᠢ ᠬᠡᠷᠡᠯ᠎ᠢ ᠥᠨᠳᠥᠷ ᠪᠦᠲᠦᠮᠵᠢᠲᠡᠢ᠎ᠪᠠᠷ ᠨᠡᠭᠡᠭᠡᠨ ᠬᠥᠭᠵᠢᠭᠦᠯᠬᠦ᠂ ᠳᠠᠬᠢᠨ ᠡᠭᠦᠰᠴᠦ ᠪᠣᠯᠬᠤ ᠡᠨᠧᠷᠭᠢ ᠵᠢᠨ ᠰᠤᠷᠪᠤᠯᠵᠢ ᠵᠢ ᠥᠨᠳᠥᠷ ᠪᠦᠲᠦᠮᠵᠢᠲᠡᠢ᠎ᠪᠠᠷ ᠤᠰᠤᠲᠥ᠋ᠷᠥᠭᠴᠢ ᠦᠢ᠍ᠯᠡᠳᠬᠦ᠂ ᠲᠡᠷᠢᠭᠦᠨ᠎ᠤ ᠶᠡᠬᠡ ᠬᠡᠪᠴᠢᠶ᠎ᠡ᠎ᠪᠠᠷ ᠡᠨᠧᠷᠭᠢ ᠬᠠᠳᠠᠭ᠋ᠠᠯᠠᠬᠤ᠂ ᠬᠥᠷᠥᠰᠥ ᠰᠢᠷᠣᠢ ᠵᠢ ᠬᠠᠮᠠᠭ᠋ᠠᠯᠠᠬᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ᠎ᠤᠨ ᠰᠤᠳᠤᠯᠭ᠋ᠠᠨ᠎ᠤ ᠵᠢᠱ᠌ᠢᠶ᠎ᠡ ᠦᠵᠡᠭᠦᠯᠬᠦ ᠵᠡᠷᠭᠡ ᠵᠠᠩᠭᠢᠯᠠᠭ᠎ᠠ ᠵᠢᠨ ᠭᠣᠣᠯᠯᠠᠭᠴᠢ ᠮᠡᠷᠭᠡᠵᠢᠯ᠎ᠤᠨ ᠪᠡᠷᠬᠡ ᠰᠡᠳᠦᠪ᠎ᠢ ᠪᠦᠬᠦ ᠬᠦᠴᠦᠨ ᠵᠶ᠋ᠡᠷ ᠵᠶ᠋ᠡᠨ ᠰᠢᠢ᠍ᠳᠪᠦᠷᠢᠯᠡᠵᠦ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠷᠢᠰᠢᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠦᠨ ᠨᠢᠭᠡ ᠪᠦᠯᠦᠭ ᠵᠠᠪᠰᠠᠷ᠎ᠤᠨ ᠲᠤᠷᠰᠢᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ 《ᠠᠩᠬᠠᠨ᠎ᠤ ᠢᠵᠢ ᠲᠥᠬᠦᠭᠡᠷᠦᠮᠵᠢ》 ᠵᠢᠨ ᠴᠢᠬᠤᠯᠠ ᠶᠡᠬᠡ ᠮᠡᠷᠭᠡᠵᠢᠯ᠎ᠤᠨ ᠲᠣᠨᠣᠭᠯᠠᠯ᠎ᠤᠨ ᠵᠢᠱ᠌ᠢᠶ᠎ᠡ ᠦᠵᠡᠭᠦᠯᠬᠦ ᠬᠡᠷᠡᠭᠯᠡᠯᠲᠡ ᠵᠢ ᠠᠬᠢᠭᠤᠯᠵᠤ᠂ ᠪᠣᠬᠢᠷᠲᠤᠯ ᠦᠭᠡᠢ᠂ ᠦᠷᠭᠦᠯᠵᠢᠯᠡᠬᠦ ᠮᠡᠷᠭᠡᠵᠢᠯ᠎ᠤᠨ ᠰᠢᠰᠲ᠋ᠧᠮ᠎ᠢ ᠪᠦᠬᠦ ᠲᠠᠯ᠎ᠠ᠎ᠪᠠᠷ ᠪᠠᠢ᠌ᠭᠤᠯᠵᠤ᠂ ᠴᠦᠯᠯᠡᠷᠬᠡᠭᠵᠢᠯ᠎ᠢ ᠰᠡᠷᠭᠡᠢ᠌ᠯᠡᠨ ᠵᠠᠰᠠᠬᠤ ᠪᠠ ᠪᠣᠬᠢᠷᠲᠤᠯ ᠦᠭᠡᠢ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠭᠴᠢ ᠡᠨᠧᠷᠭᠢ ᠨᠡᠮᠡᠷᠢᠯᠡᠨ᠎ᠡ᠃
      ᠨᠣᠭᠣᠭ᠋ᠠᠷᠠᠭᠤᠯᠬᠤ ᠪᠠᠶᠠᠵᠢᠭᠤᠯᠬᠤ ᠵᠢ ᠬᠠᠮᠲᠤ᠎ᠳᠤᠨᠢ ᠮᠠᠨᠳᠤᠭᠤᠯᠬᠤ᠂ ᠠᠵᠤ ᠠᠬᠤᠢ᠌ᠯᠠᠯ᠎ᠳᠤ ᠠᠰᠢᠭ ᠣᠯᠭᠣᠵᠤ ᠠᠷᠠᠳ᠎ᠲᠤ ᠠᠰᠢᠭ ᠬᠦᠷᠲᠡᠭᠡᠬᠦ 《ᠬᠠᠮᠲᠤ᠎ᠪᠠᠷ ᠪᠠᠶᠠᠵᠢᠬᠤ ᠵᠢ ᠠᠬᠢᠭᠤᠯᠬᠤ》 ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠪᠡ᠃ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ ᠵᠶ᠋ᠡᠷ ᠴᠠᠬᠢᠯᠭ᠋ᠠᠨ ᠭᠠᠷᠭ᠋ᠠᠬᠤ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠨᠢ ᠮᠠᠰᠢ ᠴᠢᠩᠭ᠎ᠠ ᠳᠠᠢ᠌ᠴᠢᠯᠠᠬᠤ ᠰᠠᠴᠤᠷᠠᠭ᠎ᠤᠨ ᠦᠢ᠍ᠯᠡᠳᠦᠯ᠎ᠲᠠᠢ ᠪᠠᠢ᠌ᠵᠤ᠂ ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ᠎ᠳᠤ 《ᠨᠢᠭᠡ ᠯᠡ ᠳᠡᠭᠡᠷ᠎ᠡ ᠤᠯᠠᠨ ᠵᠦᠢ᠍ᠯ᠎ᠢ ᠪᠦᠲᠦᠭᠡᠬᠦ》 ᠵᠢ ᠪᠡᠶᠡᠯᠡᠭᠦᠯᠵᠦ ᠴᠢᠳᠠᠨ᠎ᠠ᠃ ᠣᠷᠳᠣᠰ ᠬᠤᠳᠠ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠳᠦᠷᠦᠯ᠎ᠤᠨ ᠠᠵᠢᠯ᠎ᠤᠨ ᠭᠣᠣᠯ ᠱᠤᠭᠤᠮ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠢ ᠭᠦᠢ᠍ᠴᠡᠳ ᠳᠠᠢ᠍ᠢ᠍ᠴᠢᠯᠠᠨ ᠪᠣᠬᠢᠷᠲᠤᠯ ᠦᠭᠡᠢ ᠭᠡᠷ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠠᠮᠲᠤᠪᠠᠷ ᠣᠷᠣᠯᠴᠠᠭᠤᠯᠵᠤ᠂ ᠠᠷᠠᠳ᠎ᠢ ᠪᠠᠶᠠᠵᠢᠭᠤᠯᠬᠤ ᠢᠨᠵᠧᠨᠧᠷᠢᠩ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠪᠦᠬᠦ ᠠᠵᠢᠯᠲᠠᠨ ᠵᠶ᠋ᠠᠷ ᠵᠶ᠋ᠠᠨ ᠬᠦᠴᠦᠯᠡᠬᠦ᠂ ᠲᠦᠷᠭᠡᠨ ᠠᠵᠢᠯᠯᠠᠬᠤ ᠵᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠴᠢᠩᠭ᠎ᠠ ᠠᠳᠬᠤᠬᠤ ᠥᠳᠬᠡᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠪᠠ᠃ ᠤᠯᠠᠨ ᠡᠰᠢᠲᠦ ᠪᠡᠯᠡ ᠣᠷᠣᠭᠤᠯᠤᠯᠲᠠ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠠᠷᠠᠳ᠎ᠤᠨ ᠡᠵᠡᠩᠨᠡᠯᠲᠡ ᠵᠢᠨ ᠬᠥᠷᠥᠩᠭᠡ ᠵᠢᠨ ᠣᠷᠣᠯᠴᠠᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠵᠤ᠂ 《ᠰᠠᠭᠤᠷᠢᠨ ᠭᠠᠵᠠᠷ + ᠠᠵᠤ ᠠᠬᠤᠢ᠌ᠯᠠᠯ + ᠬᠣᠷᠰᠢᠶ᠎ᠠ + ᠲᠠᠷᠢᠶᠠᠴᠢᠨ ᠡᠷᠦᠬᠡ》 ᠵᠢᠨ ᠠᠰᠢᠭ ᠲᠤᠰᠠ ᠵᠢᠨ ᠬᠣᠯᠪᠣᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢ᠌ᠭᠤᠯᠤᠯᠲᠠ ᠵᠢᠨ ᠪᠡᠯᠡ ᠮᠥᠩᠭᠥ᠂ ᠡᠬᠢ ᠪᠠᠶᠠᠯᠢᠭ᠂ ᠡᠳ᠋ ᠬᠥᠷᠥᠩᠭᠡ ᠵᠡᠷᠭᠡ᠎ᠪᠠᠷ ᠵᠶ᠋ᠡᠨ ᠬᠤᠪᠢ ᠣᠷᠣᠬᠤ ᠵᠢ ᠳᠡᠮᠵᠢᠵᠦ᠂ ᠡᠯᠡᠰᠦᠷᠬᠡᠭᠵᠢᠬᠦ ᠵᠢ ᠰᠡᠷᠭᠡᠢ᠌ᠯᠡᠨ ᠡᠯᠡᠰᠦ ᠵᠢ ᠵᠠᠰᠠᠬᠤ ᠢᠨᠵᠧᠨᠧᠷᠢᠩ᠎ᠳᠤ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠵᠢᠱ᠌ᠢᠯᠲᠡ᠎ᠪᠠᠷ 5 ᠲᠦᠮᠡᠨ ᠲᠣᠭᠲᠠᠪᠤᠷᠢᠲᠠᠢ ᠠᠵᠢᠯ᠎ᠤᠨ ᠪᠠᠶ᠋ᠢᠷᠢ ᠬᠠᠩᠭ᠋ᠠᠵᠤ᠂ ᠮᠠᠯᠴᠢᠨ ᠲᠠᠷᠢᠶᠠᠴᠢᠨ᠎ᠤ ᠡᠵᠡᠩᠨᠡᠯᠲᠡ ᠵᠢᠨ ᠣᠷᠣᠯᠭ᠎ᠠ ᠪᠠ ᠴᠠᠯᠢᠩ᠎ᠤᠨ ᠴᠢᠨᠠᠷᠲᠠᠢ ᠣᠷᠣᠯᠭ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠬᠥᠮᠥᠨ ᠪᠦᠷᠢ ᠵᠢᠨ ᠳᠤᠮᠳᠠᠴᠢ ᠵᠢᠯ᠎ᠤᠨ ᠣᠷᠣᠯᠭ᠎ᠠ ᠵᠢ 2 ᠲᠦᠮᠡᠨ ᠲᠥᠭᠥᠷᠢᠭ᠎ᠠᠴᠠ ᠳᠡᠭᠡᠭᠰᠢ ᠨᠡᠮᠡᠭᠳᠡᠭᠦᠯᠵᠦ᠂ ᠠᠮᠢ ᠠᠬᠤᠢ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ ᠵᠢᠯ ᠪᠦᠷᠢ ᠳᠤᠮᠳᠠᠴᠢ᠎ᠪᠠᠷ 10 ᠳ᠋ᠦᠩᠰᠢᠭᠤᠷ ᠲᠥᠭᠥᠷᠢᠭ ᠨᠡᠮᠡᠭᠳᠡᠭᠦᠯᠬᠦ᠎ᠪᠠᠷ ᠴᠢᠷᠮᠠᠢ᠌ᠨ᠎ᠠ᠃ 《ᠦᠢ᠍ᠯᠡᠳᠪᠦᠷᠢᠯᠡᠵᠦ ᠦᠢ᠍ᠯᠡᠳᠬᠦ + ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ + ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡ》 ᠵᠢᠨ ᠰᠢᠨ᠎ᠡ ᠡᠨᠧᠷᠭᠢ ᠵᠢᠨ ᠪᠣᠬᠢᠷᠲᠤᠯ ᠦᠭᠡᠢ ᠶᠡᠷᠦᠩᠬᠡᠢ ᠬᠡᠯᠲᠡᠰ᠎ᠤᠨ ᠠᠵᠤ ᠠᠬᠤᠢ ᠵᠢᠨ ᠰᠠᠭᠤᠷᠢᠨ ᠭᠠᠵᠠᠷ᠎ᠢ ᠬᠦᠴᠦᠯᠡᠨ ᠪᠠᠢ᠌ᠭᠤᠯᠵᠤ᠂ ᠴᠠᠬᠢᠯᠭ᠋ᠠᠨ ᠭᠠᠷᠭ᠋ᠠᠬᠤ ᠠᠵᠤ ᠠᠬᠤᠢ᠌ᠯᠠᠯ᠎ᠤᠨ ᠡᠯᠡᠰᠦ ᠵᠢ ᠵᠠᠰᠠᠬᠤ ᠢᠨᠵᠧᠨᠧᠷᠢᠩ ᠥᠷᠨᠢᠭᠦᠯᠬᠦ ᠵᠢ ᠵᠣᠷᠢᠭᠵᠢᠭᠤᠯᠤᠨ᠂ 《ᠰᠢᠨ᠎ᠡ ᠡᠨᠧᠷᠭᠢ + ᠡᠯᠡᠰᠦ ᠵᠢ ᠵᠠᠰᠠᠬᠤ》 ᠲᠥᠷᠥᠯ ᠵᠦᠢ᠍ᠯ ᠬᠢᠭᠡᠳ ᠢᠵᠢ ᠪᠦᠷᠢᠳᠦᠭᠦᠯᠬᠦ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ ᠵᠢ ᠠᠬᠢᠭᠤᠯᠤᠨ᠎ᠠ᠃
      ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠢᠨ᠎ᠡ ᠡᠨᠧᠷᠭᠢ ᠵᠢᠨ ᠬᠥᠭᠵᠢᠯᠲᠡ᠎ᠨᠢ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠂ ᠡᠨᠧᠷᠭᠢ ᠵᠢᠨ ᠠᠮᠤᠷ ᠲᠦᠪᠰᠢᠨ᠎ᠳᠤ ᠬᠣᠯᠪᠣᠭᠳᠠᠵᠤ᠂ ᠣᠷᠳᠣᠰ ᠬᠣᠲᠠ ᠢᠮᠠᠭᠲᠠ ᠤᠯᠤᠰ ᠲᠥᠷᠥ ᠵᠢ ᠡᠷᠬᠢᠮᠯᠡᠬᠦ᠂ ᠶᠡᠬᠡ ᠲᠠᠯ᠎ᠠ ᠵᠢ ᠡᠷᠬᠢᠮᠯᠡᠬᠦ ᠥᠨᠳᠥᠷᠴᠡ ᠳᠡᠭᠡᠷ᠎ᠡ ᠵᠣᠭᠰᠣᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠰᠦᠪᠡᠭᠴᠢᠯᠡᠨ ᠠᠬᠢᠭᠤᠯᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠠ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠠᠯᠢᠪᠠ ᠠᠰᠢᠭᠲᠠᠢ ᠴᠠᠭ ᠲᠣᠬᠢᠶᠠᠯ᠎ᠢ ᠵᠠᠪᠳᠤᠨ ᠠᠳᠬᠤᠵᠤ᠂ ᠠᠯᠢᠪᠠ ᠠᠰᠢᠭᠲᠠᠢ ᠨᠥᠬᠥᠴᠡᠯ᠎ᠢ ᠠᠰᠢᠭᠯᠠᠵᠤ᠂ ᠥᠷᠯᠥᠭᠡ ᠦᠳᠡᠰᠢ ᠵᠢ ᠲᠡᠮᠡᠴᠡᠨ ᠰᠢᠷᠭ᠋ᠠᠭᠤ ᠬᠠᠲᠠᠭᠤᠵᠢᠯᠲᠠᠢ ᠠᠵᠢᠯᠯᠠᠵᠤ᠂ ᠦᠵᠡᠰᠬᠦᠯᠡᠩᠲᠦ ᠰᠠᠢ᠌ᠬᠠᠨ ᠠᠮᠢ ᠠᠬᠤᠢ ᠵᠢ ᠲᠡᠭᠦᠯᠳᠡᠷᠵᠢᠭᠦᠯᠬᠦ᠂ ᠪᠣᠬᠢᠷᠳᠤᠯ ᠦᠭᠡᠢ ᠴᠠᠬᠢᠯᠭ᠋ᠠᠨ᠎ᠢ ᠨᠡᠮᠡᠭᠳᠡᠭᠦᠯᠬᠦ᠂ ᠠᠵᠤ ᠦᠢ᠍ᠯᠡᠰ᠎ᠢ ᠬᠥᠭᠵᠢᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠦᠴᠦᠷᠬᠡᠭᠵᠢᠭᠦᠯᠬᠦ᠂ ᠬᠠᠮᠲᠤᠪᠠᠷ ᠪᠠᠶᠠᠵᠢᠬᠤ ᠵᠢ ᠠᠬᠢᠭᠤᠯᠬᠤ ᠵᠡᠷᠭᠡ ᠡᠯ᠎ᠡ ᠵᠦᠢ᠍ᠯ᠎ᠤᠨ ᠬᠠᠷᠠᠯᠲᠠ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠨᠠᠷᠢᠨ ᠲᠠᠩᠰᠠᠵᠢᠭᠤᠯᠤᠨ ᠬᠠᠮᠢᠶᠠᠷᠬᠤ᠂ ᠳᠦᠷᠦᠯ ᠵᠦᠢ᠍ᠯᠵᠢᠭᠦᠯᠦᠨ ᠠᠬᠢᠭᠤᠯᠬᠤ᠂ ᠬᠠᠷᠢᠭᠤᠴᠠᠯᠭ᠋ᠠᠵᠢᠭᠤᠯᠤᠨ ᠨᠠᠢ᠌ᠳᠠᠪᠤᠷᠢᠵᠢᠭᠤᠯᠵᠤ᠂ ᠪᠦᠬᠦ ᠬᠦᠴᠦᠨ ᠵᠶ᠋ᠡᠷ ᠵᠶ᠋ᠡᠨ ᠰᠢᠨ᠎ᠡ ᠣᠷᠣᠨ ᠵᠠᠢ ᠵᠢ ᠡᠭᠦᠳᠴᠦ᠂ ᠲᠡᠷᠢᠭᠦᠨ᠎ᠤ ᠰᠢᠨ᠎ᠡ ᠠᠮᠵᠢᠯᠲᠠ ᠪᠦᠲᠦᠮᠵᠢ ᠵᠢ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠭᠣᠭ᠋ᠠᠨ ᠬᠠᠯᠬᠠᠪᠴᠢ ᠵᠢ ᠨᠡᠩ ᠪᠠᠲᠤ ᠪᠡᠬᠢ ᠪᠠᠢ᠌ᠭᠤᠯᠬᠤ᠂ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ᠎ᠢ ᠨᠡᠩ ᠡᠷᠴᠢᠮᠲᠡᠢ ᠪᠠᠢ᠌ᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      (ᠵᠣᠬᠢᠶᠠᠭᠴᠢ ᠪᠣᠯ ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠲᠠ ᠵᠢᠨ ᠳᠠᠷᠤᠭ᠎ᠠ ᠮᠥᠨ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠪᠡ — ᠤᠰᠤ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
ᠪᠤᠭᠤᠲᠤ ᠬᠣᠲᠠ ᠣᠷᠴᠢᠨ ᠲᠣᠭᠣᠷᠢᠨ᠎ᠤ ᠢᠲᠡᠭᠡᠮᠵᠢ᠎ᠪᠠᠷ 《ᠠᠮᠢ ᠠᠬᠤᠢ ᠵᠢᠨ ᠢᠲᠡᠭᠡᠮᠵᠢ᠎ᠲᠠᠢ ᠪᠠᠶ᠋ᠢᠬᠤ》 ᠵᠢ ᠬᠥᠲᠥᠯᠥᠨ ᠳᠠᠭ᠋ᠠᠭᠤᠯᠪᠠ
ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ ᠥᠷᠨᠢᠭᠦᠯᠪᠡ
 
             蒙ICP备05000248号