ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠨᠠᠮ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2024-05-15

      4 ᠰᠠᠷ᠎ᠠ ᠵᠢᠨ 9᠎ᠤ ᠡᠳᠦᠷ᠂ ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ 2024 ᠣᠨ᠎ᠤ ᠭᠤᠷᠪᠠᠳᠤᠭ᠋ᠠᠷ ᠤᠳᠠᠭ᠋ᠠᠨ᠎ᠤ ᠨᠠᠮ᠎ᠤᠨ ᠭᠡᠰᠢᠭᠦᠨ᠎ᠤ ᠶᠡᠬᠡ ᠬᠤᠷᠠᠯ᠎ᠢ ᠬᠤᠷᠠᠯᠳᠤᠭᠤᠯᠵᠤ᠂ 2024 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠤᠬᠠᠭᠤᠯᠭ᠎ᠠ ᠬᠥᠮᠦᠵᠢᠯ᠎ᠤᠨ ᠲᠥᠪ᠎ᠤᠨ ᠪᠦᠬᠦ ᠨᠠᠮ᠎ᠤᠨ ᠭᠡᠰᠢᠭᠦᠨ ᠬᠤᠷᠠᠯ᠎ᠳᠤ ᠣᠷᠣᠯᠴᠠᠪᠠ᠃
      ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠶᠡᠬᠡ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠬᠡ ᠬᠤᠷᠠᠯ᠎ᠤᠨ ᠦᠨᠳᠦᠰᠦᠨ ᠪᠠᠶ᠋ᠢᠳᠠᠯ ᠵᠢᠴᠢ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠠᠵᠢᠯᠯᠠᠭ᠎ᠠ ᠵᠢᠨ ᠪᠠᠶ᠋ᠢᠳᠠᠯ᠎ᠢ ᠮᠡᠳᠡᠭᠳᠡᠵᠦ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠤᠨ ᠭᠣᠣᠯ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠪᠠ᠃
      ᠬᠤᠷᠠᠯ᠎ᠠᠴᠠ᠂ ᠡᠨᠡ ᠤᠳᠠᠭ᠋ᠠᠨ᠎ᠤ ᠶᠡᠬᠡ ᠬᠤᠷᠠᠯ᠎ᠨᠢ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠳᠠᠢ᠍ᠢ᠍ᠴᠢᠯᠠᠨ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳᠤ ᠨᠡᠩ ᠨᠢᠭᠲᠠᠷᠠᠨ ᠪᠦᠯᠬᠦᠮᠳᠡᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠭᠡᠬᠦ ᠡᠨᠡᠬᠦ ᠭᠣᠣᠯ ᠡᠭᠦᠷᠭᠡ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠪᠠᠷᠢᠮᠲᠠᠯᠠᠬᠤ ᠡᠨᠡᠬᠦ ᠰᠢᠨ᠎ᠡ ᠴᠠᠭ ᠦᠶ᠎ᠡ ᠵᠢᠨ ᠬᠠᠲᠠᠭᠤ ᠶᠣᠰᠣ ᠵᠢᠨ ᠲᠣᠭᠣᠷᠢᠨ᠎ᠳᠤ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠪᠦᠯᠬᠦᠮᠳᠡᠨ ᠲᠡᠮᠡᠴᠡᠵᠦ᠂ ᠨᠠᠮ᠎ᠤᠨ ᠲᠥᠪ ᠬᠣᠷᠢᠶᠠᠨ᠎ᠤ ᠲᠣᠭᠲᠠᠭ᠋ᠠᠭᠰᠠᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ ᠵᠶ᠋ᠠᠷ ᠬᠣᠯᠠ ᠠᠶᠠᠯᠠᠬᠤ ᠵᠢ ᠪᠠᠲᠤᠯᠠᠬᠤ᠎ᠨᠢ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠭᠡᠵᠦ ᠵᠢᠠᠭ᠋ᠠᠵᠦ ᠭᠠᠷᠭ᠋ᠠᠪᠠ᠃
      ᠬᠤᠷᠠᠯ᠎ᠠᠴᠠ᠂ ᠪᠦᠬᠦ ᠤᠯᠤᠰ᠎ᠤᠨ ᠬᠣᠶᠠᠷ ᠬᠤᠷᠠᠯ᠎ᠤᠨ ᠭᠣᠣᠯ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠵᠢᠨ ᠴᠥᠬᠥᠷᠡᠰᠢ ᠦᠭᠡᠢ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠥᠪᠥᠷ ᠮᠣᠩᠭᠣᠯ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠴᠢᠬᠤᠯᠠ ᠠᠷᠭ᠎ᠠ ᠬᠡᠮᠵᠢᠶ᠎ᠡ ᠪᠠ ᠣᠯᠣᠭᠰᠠᠨ ᠯᠤᠲᠤ ᠶᠡᠬᠡ ᠦᠷ᠎ᠡ ᠪᠦᠲᠦᠮᠵᠢ ᠵᠢ ᠥᠷᠭᠡᠨ ᠵᠶ᠋ᠡᠷ ᠤᠬᠠᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠰᠦᠷ ᠳᠠᠯᠠᠢ᠌ᠴᠠᠲᠠᠢ ᠬᠦᠴᠦᠨ᠎ᠢ ᠲᠠᠰᠤᠷᠠᠯᠲᠠ ᠦᠭᠡᠢ ᠨᠢᠭᠲᠠᠷᠠᠭᠤᠯᠤᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠦᠷᠭᠦᠯᠵᠢᠯᠡᠨ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ ᠭᠡᠵᠦ ᠴᠢᠬᠤᠴᠢᠯᠠᠵᠠᠢ᠃
      ᠬᠤᠷᠠᠯ᠎ᠠᠴᠠ ᠪᠠᠰᠠ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠪᠡ — ᠤᠰᠤ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
ᠪᠤᠭᠤᠲᠤ ᠬᠣᠲᠠ ᠣᠷᠴᠢᠨ ᠲᠣᠭᠣᠷᠢᠨ᠎ᠤ ᠢᠲᠡᠭᠡᠮᠵᠢ᠎ᠪᠠᠷ 《ᠠᠮᠢ ᠠᠬᠤᠢ ᠵᠢᠨ ᠢᠲᠡᠭᠡᠮᠵᠢ᠎ᠲᠠᠢ ᠪᠠᠶ᠋ᠢᠬᠤ》 ᠵᠢ ᠬᠥᠲᠥᠯᠥᠨ ᠳᠠᠭ᠋ᠠᠭᠤᠯᠪᠠ
 
             蒙ICP备05000248号