ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠲᠤᠰᠬᠠᠢ ᠮᠡᠷᠭᠡᠵᠢᠯᠲᠡᠨ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠬᠦ ᠲᠤᠬᠠᠢ ᠲᠠᠢ᠌ᠯᠤᠮᠵᠢ ᠬᠢᠪᠡ
ᠨᠡᠶ᠋ᠢᠲᠡᠯᠡᠭᠰᠡᠨ ᠴᠠᠭ᠄ 2024-05-15

      2022 ᠣᠨ᠎ᠳᠤ᠂ ᠮᠠᠨ᠎ᠤ ᠤᠯᠤᠰ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠠᠷᠪᠠᠨ ᠲᠠᠪᠤᠳᠤᠭ᠋ᠠᠷ ᠤᠳᠠᠭ᠎ᠠ ᠵᠢᠨ ᠭᠡᠷᠡᠲᠦ ᠲᠠᠯ᠎ᠠ ᠵᠢᠨ ᠶᠡᠬᠡ ᠬᠤᠷᠠᠯ᠎ᠤᠨ ᠲᠡᠷᠢᠭᠦᠯᠡᠭᠴᠢ ᠤᠯᠤᠰ ᠪᠣᠯᠤᠭᠰᠠᠨ᠎ᠤ ᠬᠤᠪᠢ᠎ᠳᠤ᠂ ᠳᠡᠯᠡᠬᠡᠢ ᠨᠡᠢ᠌ᠭᠡᠮ᠎ᠢ ᠬᠥᠲᠥᠯᠥᠨ ᠳᠠᠭ᠋ᠠᠭᠤᠯᠵᠤ ᠪᠠᠶ᠋ᠢᠭ᠋ᠠᠳ 《ᠺᠦᠨᠮᠢᠩ — ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠪᠦᠳᠦᠭᠦᠪᠴᠢ ᠲᠥᠰᠥᠪ》 (ᠳᠣᠷᠣᠭᠰᠢ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》 ᠭᠡᠵᠦ ᠳᠥᠭᠥᠮᠴᠢᠯᠡᠨ᠎ᠡ) ᠲᠣᠬᠢᠷᠠᠯᠴᠠᠵᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠠᠷᠭ᠎ᠠ ᠵᠠᠮ᠎ᠢ ᠲᠣᠳᠣᠷᠬᠠᠢ᠌ᠯᠠᠵᠠᠢ᠃ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠤᠨ ᠬᠦᠴᠦᠲᠡᠢ ᠠᠬᠢᠭᠤᠯᠤᠭᠴᠢ ᠪᠣᠯᠤᠭᠰᠠᠨ᠎ᠤ ᠬᠤᠪᠢ᠎ᠳᠤ᠂ 《ᠺᠦᠨᠮᠢᠩ ᠮᠤᠨᠲᠷᠢᠶᠠᠯ᠎ᠤᠨ ᠪᠦᠳᠦᠭᠦᠪᠴᠢ ᠲᠥᠰᠥᠪ》᠎ᠢ ᠲᠣᠭᠲᠠᠭ᠋ᠠᠭᠰᠠᠨ᠎ᠤ ᠳᠠᠷᠠᠭ᠎ᠠ᠂ ᠲᠡᠭᠦᠨ᠎ᠤ ᠭᠣᠣᠯᠳᠠᠯᠭ᠎ᠠ ᠵᠢ ᠬᠡᠷᠬᠢᠨ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠣᠯᠪᠣᠭᠳᠠᠯ ᠪᠦᠬᠦᠢ ᠠᠵᠢᠯᠯᠠᠭ᠎ᠠ ᠠᠪᠴᠤ᠂ 《ᠺᠦᠨᠮᠢᠩ ᠮᠤᠨᠲᠷᠢᠶᠠᠯ᠎ᠤᠨ ᠪᠦᠳᠦᠭᠦᠪᠴᠢ ᠲᠥᠰᠥᠪ》᠎ᠤᠨ ᠬᠠᠷᠠᠯᠲᠠ ᠵᠢ ᠪᠦᠲᠦᠮᠵᠢᠲᠡᠢ ᠪᠡᠶᠡᠯᠡᠭᠦᠯᠬᠦ ᠵᠢ ᠠᠬᠢᠭᠤᠯᠬᠤ ᠪᠣᠯ ᠲᠠᠷᠠᠭ᠋ᠠᠴᠢ ᠵᠢᠨ ᠱᠠᠲᠤᠨ᠎ᠤ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠠᠵᠢᠯ ᠪᠣᠯᠣᠨ᠎ᠠ᠃
      2024 ᠣᠨ᠎ᠤ 1 ᠰᠠᠷ᠎ᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ 《ᠳᠤᠮᠳᠠᠳᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ ᠪᠠ ᠠᠵᠢᠯᠯᠠᠭ᠋ᠠᠨ᠎ᠤ ᠲᠥᠯᠥᠪᠯᠡᠭᠡ (2023 — 2030 ᠣᠨ)》 (ᠳᠣᠷᠣᠭᠰᠢ 《ᠠᠵᠢᠯᠯᠠᠭ᠋ᠠᠨ᠎ᠤ ᠲᠥᠯᠥᠪᠯᠡᠭᠡ》 ᠭᠡᠵᠦ ᠲᠣᠪᠴᠢᠯᠠᠨ᠎ᠠ) ᠵᠢ ᠨᠡᠢ᠌ᠲᠡᠯᠡᠵᠦ᠂ 4 ᠤᠷᠢᠳ ᠵᠶ᠋ᠠᠷ ᠬᠥᠭᠵᠢᠭᠦᠯᠬᠦ ᠬᠦᠷᠢᠶᠡᠨ᠎ᠳᠠᠬᠢ 27 ᠤᠷᠢᠳ ᠵᠶ᠋ᠠᠷ ᠬᠥᠭᠵᠢᠭᠦᠯᠬᠦ ᠠᠵᠢᠯᠯᠠᠭ᠎ᠠ ᠵᠢ ᠪᠠᠢ᠌ᠷᠢᠯᠠᠭᠤᠯᠵᠤ᠂ ᠮᠠᠨ᠎ᠤ ᠤᠯᠤᠰ᠎ᠤᠨ ᠰᠢᠨ᠎ᠡ ᠴᠠᠭ ᠦᠶ᠎ᠡ ᠵᠢᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ᠂ ᠤᠷᠢᠳ ᠵᠶ᠋ᠠᠷ ᠬᠥᠭᠵᠢᠭᠦᠯᠬᠦ ᠬᠦᠷᠢᠶ᠎ᠡ ᠪᠠ ᠤᠷᠢᠳ ᠵᠶ᠋ᠠᠷ ᠬᠥᠭᠵᠢᠭᠦᠯᠬᠦ ᠠᠵᠢᠯᠯᠠᠭ᠎ᠠ ᠵᠢ ᠲᠣᠳᠣᠷᠬᠠᠢ ᠲᠣᠭᠲᠠᠭ᠋ᠠᠵᠠᠢ᠃ ᠡᠨᠡ ᠪᠣᠯ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》 ᠪᠠ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠢᠳᠡᠪᠬᠢᠲᠡᠢ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ᠎ᠨᠢ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢᠨ ᠠᠵᠢᠯ᠎ᠢ ᠠᠬᠢᠭᠤᠯᠬᠤ᠎ᠳᠤ ᠵᠢᠯᠣᠭᠣᠳᠤᠯᠭ᠎ᠠ ᠬᠠᠩᠭ᠋ᠠᠭᠰᠠᠨ ᠪᠥᠭᠡᠳ ᠪᠥᠬᠥ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃
      ᠨᠢᠭᠡ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠭᠣᠣᠯ ᠤᠷᠤᠰᠬᠠᠯ ᠪᠣᠯᠬᠤ ᠵᠢ ᠦᠷᠭᠦᠯᠵᠢᠯᠡᠨ ᠠᠬᠢᠭᠤᠯᠬᠤ ᠪᠣᠯ ᠠᠵᠢᠯᠯᠠᠭ᠋ᠠᠨ᠎ᠤ ᠰᠠᠭᠤᠷᠢ ᠮᠥᠨ
      ᠭᠣᠣᠯ ᠤᠷᠤᠰᠬᠠᠯ ᠪᠣᠯᠭ᠋ᠠᠬᠤ ᠪᠣᠯ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠴᠢᠬᠤᠯᠠ ᠠᠷᠭ᠎ᠠ ᠪᠠᠷᠢᠯ ᠮᠥᠨ᠃ ᠮᠠᠨ᠎ᠤ ᠤᠯᠤᠰ ᠶᠡᠷᠦ᠎ᠠᠴᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠦᠬᠦ ᠶᠠᠪᠤᠴᠠ᠎ᠳᠤ ᠠᠭᠤᠰᠬᠠᠵᠤ᠂ ᠪᠣᠬᠢᠷᠲᠤᠯ ᠦᠭᠡᠢ ᠬᠥᠭᠵᠢᠭᠦᠯᠬᠦ᠂ ᠪᠣᠬᠢᠷᠲᠤᠯ᠎ᠢ ᠪᠠᠭ᠋ᠠᠰᠬᠠᠬᠤ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠶᠠᠳᠠᠭᠤ᠎ᠠᠴᠠ ᠠᠩᠭᠢᠵᠢᠷᠠᠭᠤᠯᠬᠤ ᠵᠡᠷᠭᠡ᠎ᠲᠠᠢ ᠬᠠᠮᠵᠢᠯᠴᠠᠨ ᠠᠬᠢᠭᠤᠯᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠤᠨ ᠬᠠᠮᠠᠭ᠋ᠠᠯᠠᠯᠲᠠ᠎ᠳᠤ ᠣᠷᠣᠯᠴᠠᠬᠤ ᠵᠢ ᠵᠣᠷᠢᠭᠵᠢᠭᠤᠯᠵᠤ᠂ ᠤᠬᠠᠭᠤᠯᠭ᠎ᠠ ᠬᠥᠮᠦᠵᠢᠯ ᠪᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠦᠬᠦ ᠨᠡᠢ᠌ᠭᠡᠮ᠎ᠤᠨ ᠥᠷᠭᠡᠨ ᠵᠶ᠋ᠡᠷ ᠣᠷᠣᠯᠴᠠᠬᠤ ᠵᠢ ᠲᠠᠢ᠍ᠢ᠍ᠴᠢᠯᠠᠵᠠᠢ᠃ ᠡᠲᠡᠭᠡᠷ ᠠᠵᠢᠯᠯᠠᠭ᠎ᠠ ᠪᠠ ᠠᠷᠭ᠎ᠠ ᠬᠡᠮᠵᠢᠶ᠎ᠡ᠎ᠳᠤ ᠰᠠᠭᠤᠷᠢᠯᠠᠨ᠂ ᠪᠥᠬᠥ ᠨᠡᠢ᠌ᠭᠡᠮ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠢᠳᠡᠪᠬᠢᠵᠢᠯ ᠲᠠᠰᠤᠷᠠᠯᠲᠠ ᠦᠭᠡᠢ ᠳᠡᠭᠡᠭᠰᠢᠯᠡᠵᠦ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠨᠢ ᠨᠢᠭᠡᠨᠲᠡ ᠪᠥᠬᠥ ᠨᠡᠢ᠌ᠭᠡᠮ᠎ᠤᠨ ᠬᠠᠮᠲᠤ ᠵᠢᠨ ᠲᠠᠨᠢᠯᠲᠠ ᠪᠠ ᠠᠵᠢᠯᠯᠠᠭ᠎ᠠ ᠪᠣᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠠᠮ᠎ᠢ ᠨᠡᠭᠡᠭᠡᠭᠰᠡᠨ ᠪᠠᠢ᠌ᠨ᠎ᠠ᠃ ᠭᠡᠪᠡᠴᠦ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠲᠡᠭᠦᠯᠳᠡᠷᠵᠢᠭᠦᠯᠬᠦ ᠴᠢᠬᠤᠯᠠᠲᠠᠢ ᠪᠠᠶ᠋ᠢᠬᠤ᠂ ᠠᠵᠤ ᠠᠬᠤᠢ᠌ᠯᠠᠯ ᠪᠠ ᠤᠯᠠᠨ ᠨᠠᠢ᠌ᠳᠠ ᠵᠢᠨ ᠬᠠᠮᠠᠭ᠋ᠠᠯᠠᠯᠲᠠ᠎ᠳᠤ ᠣᠷᠣᠯᠴᠠᠬᠤ ᠠᠷᠭ᠎ᠠ ᠵᠠᠮ ᠬᠢᠵᠠᠭ᠋ᠠᠷ᠎ᠲᠠᠢ ᠪᠠᠶ᠋ᠢᠬᠤ᠂ ᠬᠠᠮᠠᠭ᠋ᠠᠯᠠᠯᠲᠠ ᠵᠢᠨ ᠤᠬᠠᠮᠰᠠᠷ᠎ᠢ ᠳᠡᠭᠡᠭᠰᠢᠯᠡᠭᠦᠯᠬᠦ ᠴᠢᠬᠤᠯᠠᠲᠠᠢ ᠪᠠᠶ᠋ᠢᠬᠤ ᠵᠡᠷᠭᠡ ᠠᠰᠠᠭᠤᠳᠠᠯ ᠮᠥᠨ ᠬᠦ᠌ ᠣᠷᠣᠰᠢᠭᠰᠠᠭ᠋ᠠᠷ ᠪᠠᠢ᠌ᠨ᠎ᠠ᠃ ᠲᠣᠰ ᠤᠳᠠᠭ᠎ᠠ ᠨᠡᠢ᠌ᠲᠡᠯᠡᠭᠰᠡᠨ 《ᠠᠵᠢᠯᠯᠠᠭ᠋ᠠᠨ᠎ᠤ ᠲᠥᠯᠥᠪᠯᠡᠭᠡ》᠎ᠨᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠭᠣᠣᠯ ᠤᠷᠤᠰᠬᠠᠯ᠎ᠢ ᠲᠡᠷᠢᠭᠦᠨ᠎ᠳᠤ ᠲᠠᠯᠪᠢᠬᠤ ᠬᠦᠷᠢᠶᠡᠨ᠎ᠳᠤ 6 ᠤᠷᠢᠳ ᠵᠶ᠋ᠠᠷ ᠬᠢᠬᠦ ᠠᠵᠢᠯᠯᠠᠭ᠎ᠠ ᠪᠠ 17 ᠤᠷᠢᠳ ᠵᠶ᠋ᠠᠷ ᠬᠢᠬᠦ ᠳᠦᠷᠦᠯ ᠵᠦᠢ᠍ᠯ᠎ᠢ ᠪᠠᠢ᠌ᠷᠢᠯᠠᠭᠤᠯᠵᠤ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠵᠠᠰᠠᠯᠲᠠ ᠵᠢᠨ ᠪᠠᠢ᠌ᠭᠤᠯᠤᠮᠵᠢ᠂ ᠲᠥᠯᠦᠪᠵᠢᠭᠦᠯᠭᠡ ᠲᠥᠯᠥᠪᠯᠡᠭᠡ᠂ ᠤᠬᠠᠭᠤᠯᠭ᠎ᠠ ᠬᠥᠮᠦᠵᠢᠯ᠂ ᠠᠵᠤ ᠠᠬᠤᠢ᠌ᠯᠠᠯ᠎ᠤᠨ ᠣᠷᠣᠯᠴᠠᠭ᠎ᠠ᠂ ᠪᠥᠬᠥ ᠠᠷᠠᠳ᠎ᠤᠨ ᠠᠵᠢᠯᠯᠠᠭ᠎ᠠ ᠵᠡᠷᠭᠡ ᠲᠠᠯ᠎ᠠ᠎ᠠᠴᠠ ᠤᠷᠢᠳ ᠵᠶ᠋ᠠᠷ ᠬᠢᠬᠦ ᠠᠵᠢᠯᠯᠠᠭ᠎ᠠ ᠪᠠ ᠬᠠᠷᠠᠯᠲᠠ᠎ᠪᠠᠨ ᠪᠥᠬᠥ ᠲᠠᠯ᠎ᠠ᠎ᠪᠠᠷ ᠤᠯᠠᠨ ᠲᠠᠯ᠎ᠠ᠎ᠠᠴᠠ ᠲᠣᠭᠲᠠᠭ᠋ᠠᠭᠰᠠᠨ ᠪᠣᠯᠬᠣᠷ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠭᠣᠣᠯ ᠤᠷᠤᠰᠬᠠᠯ᠎ᠤᠨ ᠬᠢᠷᠢ ᠲᠦᠪᠰᠢᠨ᠎ᠢ ᠲᠤᠢ᠌ᠯ᠎ᠤᠨ ᠶᠡᠬᠡ᠎ᠪᠠᠷ ᠳᠡᠭᠡᠭᠰᠢᠯᠡᠭᠦᠯᠬᠦ᠎ᠨᠢ ᠯᠠᠪᠲᠠᠢ ᠶᠤᠮ᠃
      ᠬᠣᠶᠠᠷ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠰᠦᠷᠳᠡᠭᠦᠯᠦᠯ᠎ᠢ ᠪᠦᠲᠦᠮᠵᠢᠲᠡᠢ ᠠᠷᠭ᠋ᠠᠴᠠᠭ᠋ᠠᠬᠤ ᠪᠣᠯ ᠳᠣᠲᠣᠭ᠋ᠠᠳᠤ ᠱᠠᠭ᠋ᠠᠷᠳᠠᠯᠭ᠎ᠠ ᠮᠥᠨ
      ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠨᠢ ᠬᠥᠮᠥᠨ ᠲᠥᠷᠥᠯᠬᠢᠲᠡᠨ᠎ᠤ ᠠᠵᠠ ᠵᠢᠷᠭ᠋ᠠᠯ᠎ᠲᠠᠢ ᠬᠣᠯᠪᠣᠭᠳᠠᠵᠤ᠂ ᠬᠥᠮᠥᠨ ᠲᠥᠷᠥᠯᠬᠢᠲᠡᠨ᠎ᠤ ᠣᠷᠣᠰᠢᠨ ᠲᠣᠭᠲᠠᠨᠢᠬᠤ ᠪᠠ ᠬᠥᠭᠵᠢᠬᠦ ᠵᠢᠨ ᠴᠢᠬᠤᠯᠠ ᠰᠠᠭᠤᠷᠢ ᠮᠥᠨ᠃ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ᠎ᠨᠢ ᠨᠢᠭᠡᠨᠲᠡ ᠣᠳᠣᠬᠠᠨ᠎ᠤ ᠬᠥᠮᠥᠨ ᠲᠥᠷᠥᠯᠬᠢᠲᠡᠨ᠎ᠳᠤ ᠲᠤᠯᠭ᠋ᠠᠷᠠᠵᠤ ᠪᠠᠢ᠌ᠭ᠎ᠠ ᠬᠠᠮᠤᠭ᠎ᠤᠨ ᠶᠡᠬᠡ ᠰᠦᠷᠳᠡᠭᠦᠯᠦᠯ᠎ᠤᠨ ᠨᠢᠭᠡ ᠪᠣᠯᠵᠤ᠂ ᠪᠦᠬᠦ ᠪᠥᠮᠪᠥᠷᠴᠡᠭ᠎ᠤᠨ ᠠᠮᠤ ᠪᠤᠳᠠᠭ᠋ᠠᠨ᠎ᠤ ᠠᠮᠤᠷ ᠲᠦᠪᠰᠢᠨ᠂ ᠤᠰᠤ ᠬᠠᠩᠭ᠋ᠠᠬᠤ ᠪᠠ ᠠᠵᠤ ᠠᠮᠢᠳᠤᠷᠠᠯ ᠵᠡᠷᠭᠡ᠎ᠳᠤ ᠠᠶᠤᠯ ᠤᠴᠠᠷᠠᠭᠤᠯᠵᠤ ᠮᠡᠳᠡᠨ᠎ᠡ᠃ ᠡᠯ᠎ᠡ ᠤᠯᠤᠰ᠎ᠤᠨ᠎ᠬᠢᠨ ᠬᠡᠯᠪᠡᠷᠢ᠎ᠪᠠᠨ ᠬᠤᠪᠢᠷᠠᠭᠤᠯᠬᠤ ᠵᠢ ᠲᠤᠯᠭ᠋ᠠᠮ᠎ᠠ ᠱᠠᠭ᠋ᠠᠷᠳᠠᠵᠤ᠂ ᠪᠠᠴᠢᠮ ᠠᠵᠢᠯᠯᠠᠭ᠎ᠠ ᠠᠪᠴᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠵᠢ ᠬᠣᠷᠢᠭᠯᠠᠵᠤ ᠪᠠᠢ᠌ᠨ᠎ᠠ᠃
      ᠮᠠᠨ᠎ᠤ ᠤᠯᠤᠰ ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠢ᠌ᠭᠤᠯᠤᠯᠲᠠ᠂ ᠤᠯᠤᠰ᠎ᠤᠨ ᠤᠷᠭᠤᠮᠠᠯ᠎ᠤᠨ ᠬᠦᠷᠢᠶᠡᠯᠡᠩ ᠵᠶ᠋ᠡᠷ ᠤᠳᠤᠷᠢᠳᠤᠮᠵᠢ ᠪᠣᠯᠭ᠋ᠠᠭᠰᠠᠨ ᠭᠠᠵᠠᠷ ᠨᠡᠭᠦᠯᠭᠡᠵᠦ ᠬᠠᠮᠠᠭ᠋ᠠᠯᠠᠬᠤ ᠲᠣᠣᠷ ᠰᠦᠯᠵᠢᠶ᠎ᠡ ᠪᠠ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠵᠡᠷᠭᠡ ᠵᠢ ᠦᠷᠭᠦᠯᠵᠢᠯᠡᠨ ᠠᠬᠢᠭᠤᠯᠵᠤ᠂ ᠪᠣᠳᠠᠰ᠎ᠤᠨ ᠳᠦᠷᠰᠦ ᠵᠢ ᠬᠠᠮᠠᠭ᠋ᠠᠯᠠᠬᠤ ᠪᠠ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠬᠡᠷᠡᠭᠵᠢᠭᠦᠯᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠦᠲᠦᠮᠵᠢᠲᠡᠢ᠎ᠪᠠᠷ ᠬᠠᠮᠠᠭ᠋ᠠᠯᠠᠨ ᠰᠡᠷᠭᠦᠭᠡᠬᠦ ᠵᠢ ᠪᠡᠶᠡᠯᠡᠭᠦᠯᠪᠡ᠃ ᠭᠡᠪᠡᠴᠦ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠨ ᠰᠡᠷᠭᠦᠭᠡᠬᠦ ᠰᠢᠨᠵᠢᠯᠡᠬᠦ ᠤᠬᠠᠭ᠋ᠠᠨᠴᠢ ᠴᠢᠨᠠᠷ ᠪᠠ ᠰᠢᠰᠲ᠋ᠧᠮᠲᠦ ᠴᠢᠨᠠᠷ᠎ᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠂ ᠠᠩᠬᠠᠨ᠎ᠤ ᠡᠭᠦᠳᠦᠯᠲᠡ ᠵᠢᠨ ᠴᠢᠨᠠᠷᠲᠠᠢ ᠰᠤᠳᠤᠯᠭ᠋ᠠᠨ ᠪᠠ ᠨᠤᠲᠤᠭ᠎ᠤᠨ ᠴᠢᠨᠠᠷᠲᠠᠢ ᠦᠨᠡᠯᠡᠨ ᠵᠢᠱ᠌ᠢᠯᠲᠡ ᠵᠢᠨ ᠲᠥᠯᠦᠪᠵᠢᠭᠦᠯᠭᠡ ᠪᠠ ᠪᠠᠢ᠌ᠯᠳᠤᠬᠤ ᠪᠣᠳᠣᠯᠭ᠎ᠠ᠎ᠳᠤ ᠰᠠᠭᠤᠷᠢᠯᠠᠭᠰᠠᠨ ᠵᠶ᠋ᠠᠷ ᠳᠤᠲᠠᠮᠠᠭ ᠪᠠᠢ᠌ᠵᠤ᠂ ᠤᠳᠤᠮᠰᠢᠯ᠎ᠤᠨ ᠤᠯᠠᠨ ᠶᠠᠩᠵᠤᠲᠤ ᠴᠢᠨᠠᠷ ᠪᠠ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠎ᠢ ᠠᠩᠬᠠᠷᠤᠭᠰᠠᠨ ᠵᠶ᠋ᠠᠷ ᠨᠡᠯᠢᠶᠡᠳ ᠪᠠᠭ᠎ᠠ ᠪᠠᠢ᠌ᠵᠤ᠂ ᠬᠡᠭᠡᠷ᠎ᠡ ᠵᠢᠨ ᠠᠮᠢᠳᠠᠨ᠎ᠤ ᠳᠦᠷᠰᠦ ᠵᠢᠨ ᠰᠦᠷᠦᠭ᠎ᠢ ᠬᠠᠮᠢᠶᠠᠷᠤᠨ ᠡᠵᠡᠮᠳᠡᠬᠦ ᠬᠣᠯᠪᠣᠭᠳᠠᠯ ᠪᠦᠬᠦᠢ ᠰᠤᠳᠤᠯᠭ᠋ᠠᠨ ᠪᠠ ᠲᠡᠯᠡᠢ ᠲᠠᠩᠭᠢᠰ᠎ᠤᠨ ᠬᠠᠮᠠᠭ᠋ᠠᠯᠠᠯᠲᠠ ᠵᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠲᠥᠯᠦᠪᠵᠢᠭᠦᠯᠭᠡ ᠰᠠᠶᠢᠬᠠᠨ ᠡᠬᠢᠯᠡᠵᠦ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠬᠠᠨᠳᠤᠰᠢ ᠵᠢ ᠮᠥᠨ ᠯᠡ ᠦᠨᠳᠦᠰᠦᠨ᠎ᠠᠴᠠ᠎ᠨᠢ ᠬᠣᠷᠢᠭᠯᠠᠵᠤ ᠴᠢᠳᠠᠭ᠋ᠠᠳᠤᠢ ᠪᠠᠢ᠌ᠭᠰᠠᠭ᠋ᠠᠷ᠃
      ᠲᠤᠰ ᠤᠳᠠᠭ᠎ᠠ ᠵᠢᠨ ᠨᠡᠢ᠌ᠲᠡᠯᠡᠭᠰᠡᠨ 《ᠠᠵᠢᠯᠯᠠᠭ᠋ᠠᠨ᠎ᠤ ᠲᠥᠯᠥᠪᠯᠡᠭᠡ》᠎ᠳᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠬᠤ ᠰᠦᠷᠳᠡᠭᠦᠯᠦᠯ᠎ᠢ ᠤᠷᠢᠳ ᠵᠶ᠋ᠠᠷ ᠠᠷᠭ᠋ᠠᠴᠠᠭ᠋ᠠᠬᠤ ᠬᠦᠷᠢᠶᠡᠨ᠎ᠳᠤ 8 ᠤᠷᠢᠳ ᠵᠶ᠋ᠠᠷ ᠬᠢᠬᠦ ᠠᠵᠢᠯᠯᠠᠭ᠎ᠠ ᠪᠠ 22 ᠤᠷᠢᠳ ᠵᠶ᠋ᠠᠷ ᠬᠢᠬᠦ ᠳᠦᠷᠦᠯ ᠵᠦᠢ᠍ᠯ᠎ᠢ ᠲᠣᠬᠢᠷᠠᠭᠤᠯᠵᠤ᠂ ᠠᠮᠢ ᠠᠬᠤᠢ ᠵᠢᠨ ᠣᠷᠣᠨ ᠵᠠᠢ ᠵᠢ ᠬᠠᠮᠠᠭ᠋ᠠᠯᠠᠬᠤ᠂ ᠠᠮᠢ ᠠᠬᠤᠢ ᠵᠢᠨ ᠰᠢᠰᠲ᠋ᠧᠮ᠎ᠢ ᠰᠡᠷᠭᠦᠭᠡᠬᠦ᠂ ᠲᠤᠬᠠᠢ ᠵᠢᠨ ᠭᠠᠵᠠᠷ᠎ᠲᠤᠨᠢ ᠬᠠᠮᠠᠭ᠋ᠠᠯᠠᠬᠤ᠂ ᠭᠠᠵᠠᠷ ᠰᠢᠯᠵᠢᠭᠦᠯᠦᠨ ᠬᠠᠮᠠᠭ᠋ᠠᠯᠠᠬᠤ᠂ ᠠᠮᠢᠳᠤ ᠪᠣᠳᠠᠰ᠎ᠤᠨ ᠳᠦᠷᠰᠦ ᠵᠢ ᠦᠷᠭᠦᠯᠵᠢᠯᠡᠨ ᠬᠠᠮᠢᠶᠠᠷᠬᠤ᠂ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠪᠠ ᠠᠭᠤᠷ ᠠᠮᠢᠰᠬᠤᠯ᠎ᠤᠨ ᠬᠤᠪᠢᠷᠠᠯᠲᠠ᠎ᠯᠤᠭ᠎ᠠ ᠬᠠᠮᠵᠢᠯᠴᠠᠬᠤ ᠵᠡᠷᠭᠡ ᠲᠠᠯ᠎ᠠ᠎ᠠᠴᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠠᠮᠢ ᠠᠬᠤᠢ ᠵᠢᠨ ᠰᠢᠰᠲ᠋ᠧᠮ᠎ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ᠎ᠢ ᠳᠡᠭᠡᠭᠰᠢᠯᠡᠭᠦᠯᠬᠦ᠎ᠪᠠᠷ ᠬᠦᠴᠦᠯᠡᠨ ᠴᠢᠷᠮᠠᠢ᠌ᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠵᠠᠮ᠎ᠢ ᠨᠡᠭᠡᠭᠡᠵᠦ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ ᠵᠶ᠋ᠠᠨ ᠠᠯᠳᠠᠭᠰᠠᠨ ᠥᠷᠢᠰᠥᠯᠳᠦᠭᠡᠨ᠎ᠢ ᠠᠷᠭ᠋ᠠᠴᠠᠭ᠋ᠠᠬᠤ᠎ᠳᠤ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
      ᠭᠤᠷᠪᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠦᠷᠭᠦᠯᠵᠢᠯᠡᠨ ᠠᠰᠢᠭᠯᠠᠬᠤ ᠪᠠ ᠠᠰᠢᠭ ᠲᠤᠰᠠ ᠵᠢ ᠬᠤᠪᠢᠶᠠᠨ ᠡᠳ᠋ᠯᠡᠬᠦ ᠵᠢ ᠬᠠᠢ᠌ᠨ ᠰᠦᠪᠡᠭᠴᠢᠯᠡᠬᠦ ᠪᠣᠯ ᠵᠥᠪ ᠴᠢᠭᠯᠡᠯ ᠵᠶ᠋ᠡᠷ ᠤᠷᠮᠠᠰᠢᠭᠤᠯᠬᠤ ᠶᠠᠪᠤᠳᠠᠯ ᠮᠥᠨ
      《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠲᠤᠬᠠᠢ ᠨᠠᠢ᠌ᠳᠠ ᠵᠢᠨ ᠭᠡᠷ᠎ᠡ》᠎ᠳᠤ ᠭᠤᠷᠪᠠᠨ ᠶᠡᠬᠡ ᠬᠠᠷᠠᠯᠲᠠ᠎ᠲᠠᠢ ᠪᠠᠢ᠌ᠳᠠᠭ᠂ ᠡᠨᠡ᠎ᠨᠢ ᠲᠤᠰ ᠲᠤᠰ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠂ ᠲᠡᠭᠦᠨ᠎ᠤ ᠪᠦᠷᠢᠯᠳᠦᠬᠦᠨ ᠬᠡᠰᠡᠭ᠎ᠢ ᠦᠷᠭᠦᠯᠵᠢᠯᠡᠨ ᠠᠰᠢᠭᠯᠠᠬᠤ ᠵᠢᠴᠢ ᠤᠳᠤᠮᠯᠠᠯ᠎ᠤᠨ ᠡᠬᠢ ᠪᠠᠶᠠᠯᠢᠭ᠎ᠢ ᠠᠰᠢᠭᠯᠠᠭᠰᠠᠨ᠎ᠠᠴᠠ ᠪᠤᠢ ᠪᠣᠯᠤᠭᠰᠠᠨ ᠠᠰᠢᠭ ᠲᠤᠰᠠ ᠵᠢ ᠲᠥᠪ ᠭᠣᠣᠯᠴᠢ ᠵᠦᠢ ᠵᠣᠬᠢᠰᠲᠠᠢ᠎ᠪᠠᠷ ᠬᠤᠪᠢᠶᠠᠨ ᠡᠳ᠋ᠯᠡᠬᠦ ᠶᠠᠪᠤᠳᠠᠯ ᠪᠣᠯᠣᠨ᠎ᠠ᠃ ᠮᠠᠨ᠎ᠤ ᠤᠯᠤᠰ᠎ᠲᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠨᠢ ᠨᠢᠭᠡᠨᠲᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠵᠢᠨ ᠨᠢᠭᠡ ᠪᠣᠯᠵᠤ᠂ ᠦᠷᠭᠦᠯᠵᠢᠯᠡᠬᠦ ᠠᠰᠢᠭᠯᠠᠯᠲᠠ ᠪᠠ ᠠᠰᠢᠭ ᠲᠤᠰᠠ ᠵᠢ ᠬᠤᠪᠢᠶᠠᠨ ᠡᠳ᠋ᠯᠡᠬᠦ᠎ᠨᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠲᠤᠢ᠌ᠯ᠎ᠤᠨ ᠴᠢᠬᠤᠯᠠ ᠪᠠᠢ᠌ᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠵᠥᠪ ᠴᠢᠭᠯᠡᠯ᠎ᠤᠨ ᠵᠣᠷᠢᠭᠵᠢᠭᠤᠯᠤᠯ ᠬᠠᠩᠭ᠋ᠠᠵᠤ ᠴᠢᠳᠠᠨ᠎ᠠ᠂ ᠭᠡᠪᠡᠴᠦ ᠣᠳᠣᠬᠠᠨ᠎ᠳᠤ ᠮᠠᠨ᠎ᠤ ᠤᠯᠤᠰ᠎ᠤᠨ ᠬᠣᠯᠪᠣᠭᠳᠠᠯ ᠪᠦᠬᠦᠢ ᠠᠵᠢᠯ᠎ᠨᠢ ᠨᠠᠢ᠌ᠳᠠ ᠵᠢᠨ ᠭᠡᠷ᠎ᠡ ᠵᠢᠨ ᠭᠤᠷᠪᠠᠨ ᠶᠡᠬᠡ ᠬᠠᠷᠠᠯᠲᠠ ᠵᠢ ᠪᠦᠲᠦᠮᠵᠢᠲᠡᠢ᠎ᠪᠠᠷ ᠲᠡᠩᠴᠡᠭᠦᠷᠢᠲᠡᠢ ᠪᠠᠢ᠌ᠯᠭ᠋ᠠᠬᠤ ᠱᠠᠭ᠋ᠠᠷᠳᠠᠯᠭ᠎ᠠ᠎ᠲᠠᠢ ᠮᠥᠨ ᠯᠡ ᠵᠥᠷᠢᠶ᠎ᠡ᠎ᠲᠠᠢ ᠪᠠᠢ᠌ᠨ᠎ᠠ᠃
      ᠲᠤᠰ ᠤᠳᠠᠭ᠎ᠠ ᠵᠢᠨ ᠨᠡᠢ᠌ᠲᠡᠯᠡᠭᠰᠡᠨ 《ᠠᠵᠢᠯᠯᠠᠭ᠋ᠠᠨ᠎ᠤ ᠲᠥᠯᠥᠪᠯᠡᠭᠡ》᠎ᠳᠤ᠂ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠤᠨ ᠠᠵᠢᠯᠯᠠᠭ᠋ᠠᠨ᠎ᠤ ᠬᠠᠷᠠᠯᠲᠠ᠎ᠲᠠᠢ ᠭᠦᠢ᠍ᠴᠡᠳ ᠬᠠᠷᠭᠤᠭᠤᠯᠵᠤ᠂ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠨᠠᠢ᠌ᠳᠠ ᠵᠢᠨ ᠭᠡᠷ᠎ᠡ》 ᠵᠢᠨ ᠭᠤᠷᠪᠠᠨ ᠶᠡᠬᠡ ᠬᠠᠷᠠᠯᠲᠠ ᠵᠢ ᠲᠡᠩᠴᠡᠭᠦᠷᠢᠲᠡᠢ ᠪᠣᠯᠭ᠋ᠠᠵᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠦᠷᠭᠦᠯᠵᠢᠯᠡᠨ ᠠᠰᠢᠭᠯᠠᠬᠤ ᠪᠠ ᠠᠰᠢᠭ ᠲᠤᠰᠠ ᠵᠢ ᠬᠠᠮᠲᠤ᠎ᠪᠠᠷ ᠡᠳ᠋ᠯᠡᠬᠦ ᠵᠢ ᠲᠡᠷᠢᠭᠦᠨ᠎ᠳᠤ ᠲᠠᠯᠪᠢᠬᠤ ᠬᠦᠷᠢᠶᠡᠨ᠎ᠳᠤ 6 ᠤᠷᠢᠳ ᠵᠶ᠋ᠠᠷ ᠬᠢᠬᠦ ᠠᠵᠢᠯᠯᠠᠭ᠎ᠠ ᠪᠠ 19 ᠤᠷᠢᠳ ᠵᠶ᠋ᠠᠷ ᠬᠢᠬᠦ ᠳᠦᠷᠦᠯ ᠵᠦᠢ᠍ᠯ᠎ᠢ ᠲᠣᠬᠢᠷᠠᠭᠤᠯᠵᠠᠢ᠃ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ》 ᠭᠡᠬᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠣᠨᠴᠠᠯᠢᠭᠲᠤ ᠠᠮᠢᠳᠤ ᠪᠣᠳᠠᠰ᠎ᠤᠨ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ᠂ ᠦᠷᠭᠦᠯᠵᠢᠯᠡᠬᠦ ᠬᠠᠮᠢᠶᠠᠷᠤᠯᠲᠠ᠂ ᠤᠳᠤᠮᠰᠢᠯ᠎ᠤᠨ ᠡᠬᠢ ᠪᠠᠶᠠᠯᠢᠭ᠎ᠢ ᠣᠯᠬᠤ ᠪᠠ ᠠᠰᠢᠭ ᠲᠤᠰᠠ ᠵᠢ ᠬᠤᠪᠢᠶᠠᠨ ᠡᠳ᠋ᠯᠡᠬᠦ᠂ ᠵᠢᠴᠢ ᠤᠯᠠᠮᠵᠢᠯᠠᠯᠲᠤ ᠮᠡᠳᠡᠯᠭᠡ ᠵᠢ ᠬᠠᠮᠠᠭ᠋ᠠᠯᠠᠬᠤ ᠪᠠ ᠤᠯᠠᠮᠵᠢᠯᠠᠨ ᠵᠠᠯᠭ᠋ᠠᠮᠵᠢᠯᠠᠬᠤ ᠵᠡᠷᠭᠡ᠎ᠪᠠᠷ ᠳᠠᠮᠵᠢᠭᠤᠯᠤᠨ᠂ ᠲᠠᠷᠢᠶᠠᠯᠠᠩ᠂ ᠠᠮᠢ ᠠᠬᠤᠢ ᠪᠠ ᠬᠣᠲᠠ ᠪᠠᠯᠭ᠋ᠠᠰᠤ ᠵᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠬᠦ ᠪᠣᠯᠣᠮᠵᠢᠲᠠᠢ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ ᠠᠮᠢ ᠠᠬᠤᠢ ᠵᠢᠨ ᠳᠠᠪᠠᠭᠤᠯᠢᠭ᠎ᠢ ᠠᠵᠤ ᠠᠬᠤᠢ ᠵᠢᠨ ᠳᠠᠪᠠᠭᠤᠯᠢᠭ ᠪᠣᠯᠭ᠋ᠠᠨ ᠬᠤᠪᠢᠷᠠᠭᠤᠯᠵᠤ᠂ ᠮᠠᠨ᠎ᠤ ᠤᠯᠤᠰ᠎ᠤᠨ ᠦᠷᠭᠦᠯᠵᠢᠯᠡᠬᠦ ᠬᠥᠭᠵᠢᠯᠲᠡ ᠵᠢᠨ ᠬᠠᠷᠠᠯᠲᠠ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠢ᠌ᠨ᠎ᠠ᠃
      ᠳᠥᠷᠪᠡ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠪᠣᠯ ᠨᠥᠬᠥᠴᠡᠯ᠎ᠤᠨ ᠪᠠᠲᠤᠯᠠᠭ᠎ᠠ ᠮᠥᠨ
      ᠪᠦᠬᠦ ᠲᠠᠯ᠎ᠠ᠎ᠪᠠᠷ ᠪᠠᠢ᠌ᠴᠠᠭ᠋ᠠᠬᠤ ᠪᠠ ᠬᠢᠨᠠᠨ ᠬᠡᠮᠵᠢᠬᠦ ᠪᠣᠯ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠ ᠦᠷᠭᠦᠯᠵᠢᠯᠡᠨ ᠠᠰᠢᠭᠯᠠᠬᠤ ᠵᠢᠨ ᠰᠠᠭᠤᠷᠢ ᠮᠥᠨ᠂ ᠣᠨᠣᠪᠴᠢᠲᠠᠢ ᠦᠨᠡᠯᠡᠨ ᠵᠢᠱ᠌ᠢᠬᠦ ᠪᠣᠯ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠪᠦᠲᠦᠮᠵᠢᠲᠡᠢ ᠵᠠᠰᠠᠬᠤ ᠵᠢᠨ ᠤᠷᠢᠲᠠᠯ ᠮᠥᠨ᠂ ᠲᠡᠷᠡ᠎ᠨᠢ ᠬᠠᠮᠠᠭ᠋ᠠᠯᠠᠬᠤ ᠠᠵᠢᠯᠯᠠᠭ᠎ᠠ ᠵᠢᠨ ᠤᠷᠤᠭᠰᠢᠲᠠᠢ ᠶᠠᠪᠤᠭᠳᠠᠬᠤ ᠵᠢ ᠪᠠᠲᠤᠯᠠᠵᠤ ᠴᠢᠳᠠᠨ᠎ᠠ᠃ ᠡᠭᠦᠨ᠎ᠠᠴᠠ ᠡᠮᠦᠨ᠎ᠡ᠂ ᠮᠠᠨ᠎ᠤ ᠤᠯᠤᠰ ᠨᠢᠭᠡᠨᠲᠡ ᠶᠡᠬᠡ ᠬᠡᠪᠴᠢᠶᠡᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠢᠨᠠᠨ ᠬᠡᠮᠵᠢᠬᠦ ᠪᠠ ᠦᠨᠡᠯᠡᠨ ᠵᠢᠱ᠌ᠢᠬᠦ ᠠᠵᠢᠯ᠎ᠢ ᠥᠷᠨᠢᠭᠦᠯᠵᠦ᠂ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠡᠷᠴᠢᠮ ᠲᠠᠰᠤᠷᠠᠯᠲᠠ ᠦᠭᠡᠢ ᠴᠢᠩᠭ᠋ᠠᠷᠠᠵᠤ᠂ ᠤᠯᠠᠨ ᠤᠯᠤᠰ᠎ᠤᠨ ᠭᠡᠷ᠎ᠡ ᠵᠢ ᠭᠦᠢ᠍ᠴᠡᠳᠬᠡᠬᠦ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠢ᠌ᠷᠡᠭᠰᠡᠨ ᠪᠣᠯᠪᠠᠴᠤ ᠬᠢᠨᠠᠨ ᠬᠡᠮᠵᠢᠬᠦ ᠰᠢᠰᠲ᠋ᠧᠮ ᠲᠡᠭᠦᠯᠳᠡᠷᠵᠢᠭᠡᠳᠦᠢ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠣᠶᠤᠨᠴᠢᠯᠠᠬᠤ ᠪᠠ ᠡᠷᠴᠢᠮᠵᠢᠭᠦᠯᠬᠦ ᠲᠦᠪᠰᠢᠨ ᠥᠨᠳᠥᠷ ᠪᠢᠰᠢ᠂ ᠤᠯᠠᠨ ᠰᠠᠯᠠᠭ᠎ᠠ ᠮᠥᠴᠢᠷ᠎ᠤᠨ ᠬᠠᠮᠵᠢᠯᠴᠠᠭ᠎ᠠ ᠪᠠ ᠲᠥᠪ ᠪᠠ ᠣᠷᠣᠨ ᠨᠤᠲᠤᠭ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠴᠢᠬᠤᠯᠠᠲᠠᠢ ᠵᠡᠷᠭᠡ ᠠᠰᠠᠭᠤᠳᠠᠯ ᠮᠥᠨ ᠯᠡ ᠣᠷᠣᠰᠢᠵᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ᠎ᠳᠤ ᠣᠷᠣᠯᠴᠠᠬᠤ ᠪᠠ ᠬᠥᠲᠥᠯᠥᠨ ᠳᠠᠭ᠋ᠠᠭᠤᠯᠬᠤ ᠴᠢᠳᠠᠪᠤᠷᠢ ᠵᠢ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃
      ᠲᠣᠰ ᠤᠳᠠᠭ᠋ᠠᠨ᠎ᠤ ᠨᠡᠢ᠌ᠲᠡᠯᠡᠭᠰᠡᠨ 《ᠠᠵᠢᠯᠯᠠᠭ᠋ᠠᠨ᠎ᠤ ᠲᠥᠯᠥᠪᠯᠡᠭᠡ》᠎ᠨᠢ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢᠨ ᠤᠷᠢᠳ ᠵᠶ᠋ᠠᠷ ᠬᠢᠬᠦ ᠬᠦᠷᠢᠶᠡᠨ᠎ᠳᠤ 7 ᠤᠷᠢᠳ ᠵᠶ᠋ᠠᠷ ᠬᠢᠬᠦ ᠠᠵᠢᠯᠯᠠᠭ᠎ᠠ ᠪᠠ 17 ᠤᠷᠢᠳ ᠵᠶ᠋ᠠᠷ ᠬᠢᠬᠦ ᠳᠦᠷᠦᠯ ᠵᠦᠢ᠍ᠯ᠎ᠢ ᠲᠣᠬᠢᠷᠠᠭᠤᠯᠵᠤ᠂ ᠪᠠᠢ᠌ᠴᠠᠭ᠋ᠠᠨ ᠰᠢᠯᠭ᠋ᠠᠬᠤ᠂ ᠦᠨᠡᠯᠡᠨ ᠵᠢᠱ᠌ᠢᠬᠦ᠂ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠂ ᠣᠶᠤᠨᠴᠢ ᠵᠠᠰᠠᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠴᠢᠳᠠᠪᠤᠷᠢᠲᠠᠨ᠎ᠢ ᠬᠥᠮᠥᠵᠢᠭᠦᠯᠬᠦ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠣᠭᠲᠠᠴᠠ ᠪᠠ ᠤᠯᠠᠨ ᠤᠯᠤᠰ᠎ᠤᠨ ᠬᠠᠮᠲᠤᠷᠠᠯᠴᠠᠭ᠎ᠠ ᠵᠡᠷᠭᠡ ᠤᠯᠠᠨ ᠲᠠᠯ᠎ᠠ᠎ᠠᠴᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ᠎ᠪᠠᠷ ᠬᠦᠴᠦᠯᠡᠨ ᠴᠢᠷᠮᠠᠢ᠌ᠵᠠᠢ᠃
      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠶ ᠭᠡᠵᠦ ᠲᠣᠳᠣᠷᠬᠠᠢ ᠳᠤᠷᠠᠳᠤᠨ ᠭᠠᠷᠭ᠋ᠠᠵᠠᠢ᠃ ᠢᠷᠡᠭᠡᠳᠦᠢ᠎ᠳᠤ ᠮᠠᠨ᠎ᠤ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠠᠵᠢᠯ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠶ᠋ᠠᠷ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ᠎ᠳᠤ ᠬᠦᠴᠦ ᠨᠡᠮᠡᠷᠢᠯᠡᠵᠦ᠂ ᠤᠯᠤᠰ᠎ᠤᠨ ᠳᠠᠪᠬᠤᠷᠭ᠎ᠠ᠎ᠠᠴᠠ 《ᠺᠦᠨᠮᠢᠩ ᠮᠣᠨᠲᠷᠢᠶᠠᠯ (ᠺᠠᠨᠠᠳᠠ ᠵᠢᠨ ᠬᠣᠲᠠ)᠎ᠤᠨ ᠪᠦᠳᠦᠭᠦᠪᠴᠢ ᠲᠥᠰᠥᠪ》᠎ᠢ ᠰᠠᠶ᠋ᠢᠲᠤᠷ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠬᠦᠴᠦ ᠨᠡᠮᠡᠷᠢᠯᠡᠵᠦ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠪᠡᠶᠡᠯᠡᠭᠦᠯᠬᠦ᠎ᠳᠤ ᠬᠠᠪᠰᠤᠷᠴᠤ᠂ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠵᠠᠰᠠᠯᠲᠠ᠎ᠳᠤ ᠳᠤᠮᠳᠠᠳᠤ ᠤᠯᠤᠰ᠎ᠤᠨ ᠲᠤᠷᠰᠢᠯᠭ᠎ᠠ ᠪᠣᠯᠣᠨ ᠳᠤᠮᠳᠠᠳᠤ ᠤᠯᠤᠰ᠎ᠤᠨ ᠣᠶᠤᠨ ᠤᠬᠠᠭ᠋ᠠᠨ᠎ᠢ ᠨᠡᠮᠡᠷᠢᠯᠡᠵᠦ᠂ ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤᠪᠠᠷ ᠪᠠᠢ᠌ᠭᠤᠯᠤᠨ᠎ᠠ᠃
      (ᠵᠣᠬᠢᠶᠠᠭᠴᠢ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠣᠨᠴᠠ ᠤᠷᠢᠭᠰᠠᠨ ᠠᠵᠢᠭᠯᠠᠭᠴᠢ᠂ ᠵᠢᠶᠠᠩᠰᠢ ᠵᠢᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠵᠠᠬᠢᠷᠤᠯ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠠᠺᠠᠳᠧᠮᠢᠴᠢ ᠸᠧᠢ ᠹᠦ᠋ ᠸᠧᠨ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠬᠠᠭᠤᠯᠭ᠎ᠠ ᠬᠥᠮᠦᠵᠢᠯ᠎ᠤᠨ ᠲᠥᠪ᠎ᠤᠨ ᠨᠠᠮ᠎ᠤᠨ ᠡᠭᠦᠷ ᠨᠠᠮ᠎ᠤᠨ ᠭᠡᠰᠢᠭᠦᠳ᠎ᠤᠨ ᠶᠡᠬᠡ ᠬᠤᠷᠠᠯ ᠬᠤᠷᠠᠯᠳᠤᠭᠤᠯᠵᠤ ᠪᠦᠬᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ 2024 ᠣᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠵᠤ 《ᠭᠤᠷᠪᠠᠨ ᠤᠰᠤ ᠵᠢ ᠨᠢᠭᠡᠳᠦᠯᠲᠡᠢ ᠲᠥᠯᠥᠪᠵᠢᠭᠦᠯᠬᠦ》 ᠵᠢ ᠠᠬᠢᠭᠤᠯᠵᠤ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠪᠡ — ᠤᠰᠤ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢᠨ ᠰᠢᠨ᠎ᠡ ᠵᠢ ᠡᠭᠦᠳᠴᠦ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》 ᠠᠵᠢᠯ᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
 
             蒙ICP备05000248号