ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
ᠨᠡᠶ᠋ᠢᠲᠡᠯᠡᠭᠰᠡᠨ ᠴᠠᠭ᠄ 2024-05-16

      ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠬᠤ ᠪᠣᠯ ᠴᠠᠭ ᠦᠶ᠎ᠡ᠎ᠠᠴᠠ ᠳᠤᠮᠳᠠᠳᠤ ᠤᠯᠤᠰ᠎ᠤᠨ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠳᠤ ᠣᠯᠭᠣᠭᠰᠠᠨ ᠴᠢᠬᠤᠯᠠ ᠰᠣᠶᠣᠯ᠎ᠤᠨ ᠡᠭᠦᠷᠭᠡ ᠮᠥᠨ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ ᠪᠣᠯ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠭᠳᠠᠬᠤᠨ᠂ ᠤᠨᠤᠯ᠂ ᠠᠷᠭ᠎ᠠ ᠵᠡᠷᠭᠡ ᠵᠢᠨ ᠣᠷᠭ᠋ᠠᠨᠢᠭ ᠤᠶᠠᠯᠳᠤᠯ ᠮᠥᠨ᠃ ᠡᠭᠦᠨ᠎ᠤ ᠵᠣᠷᠢᠯᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠲᠡᠦᠬᠡ ᠵᠢ ᠭᠦᠨᠵᠡᠭᠡᠢ ᠰᠤᠳᠤᠯᠤᠭᠰᠠᠨ ᠰᠠᠭᠤᠷᠢᠨ ᠳᠡᠭᠡᠷ᠎ᠡ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠪᠣᠷᠣ ᠲᠥᠰᠥᠪ᠎ᠢ ᠪᠠᠢ᠌ᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠠᠯᠳᠠᠷ ᠭᠤᠲᠤᠮᠰᠢᠭ ᠵᠶ᠋ᠡᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠡᠬᠢ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠵᠢᠨ ᠲᠥᠯᠥᠭᠡ ᠶᠤᠮ᠃
      ᠳᠤᠮᠳᠠᠳᠤ ᠤᠯᠤᠰ᠎ᠤᠨ ᠪᠡᠶ᠎ᠡ᠎ᠪᠠᠨ ᠳᠠᠭ᠋ᠠᠭ᠋ᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠡᠷᠳᠡᠮ ᠰᠢᠨᠵᠢᠯᠡᠭᠡᠨ᠎ᠤ ᠰᠤᠳᠤᠯᠭ᠋ᠠᠨ᠎ᠳᠤ ᠲᠠᠰᠤᠷᠠᠯᠲᠠ ᠦᠭᠡᠢ ᠰᠢᠪᠲᠤᠯᠤᠯᠲᠠ ᠭᠠᠷᠭ᠋ᠠᠬᠤ ᠵᠢ ᠱᠠᠭ᠋ᠠᠷᠳᠠᠵᠤ᠂ ᠳᠤᠮᠳᠠᠳᠤ ᠵᠢᠨ ᠪᠣᠯᠪᠠᠰᠤᠨ᠎ᠤ ᠲᠣᠪᠣᠢ᠌ᠮ᠎ᠠ ᠣᠨᠴᠠᠯᠢᠭ᠎ᠢ ᠭᠦᠨᠵᠡᠭᠡᠢ ᠡᠵᠡᠮᠰᠢᠵᠦ᠂ ᠳᠤᠮᠳᠠᠳᠤ ᠤᠯᠤᠰ ᠵᠶ᠋ᠠᠷ ᠦᠵᠡᠮᠦᠷᠢ᠎ᠪᠠᠨ ᠪᠣᠯᠭ᠋ᠠᠵᠤ᠂ ᠴᠠᠭ ᠦᠶ᠎ᠡ᠎ᠪᠠᠷ ᠦᠵᠡᠮᠦᠷᠢ᠎ᠪᠠᠨ ᠪᠣᠯᠭ᠋ᠠᠵᠤ᠂ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ᠂ ᠳᠤᠮᠳᠠᠳᠤ ᠤᠯᠤᠰ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠵᠠᠯᠭ᠋ᠠᠮᠵᠢᠯᠠᠬᠤ ᠴᠢᠨᠠᠷ ᠪᠠ ᠦᠨᠳᠦᠰᠦᠲᠡᠨ᠎ᠤ ᠴᠢᠨᠠᠷ᠂ ᠠᠩᠬᠠᠨ᠎ᠤ ᠡᠭᠦᠳᠦᠯᠲᠡ ᠵᠢᠨ ᠴᠢᠨᠠᠷ ᠪᠠ ᠴᠠᠭ ᠦᠶᠡᠴᠢ ᠴᠢᠨᠠᠷ᠂ ᠰᠢᠰᠲ᠋ᠧᠮᠲᠦ ᠴᠢᠨᠠᠷ ᠪᠠ ᠲᠤᠰᠬᠠᠢ ᠮᠡᠷᠭᠡᠵᠢᠯ᠎ᠤᠨ ᠴᠢᠨᠠᠷ᠎ᠢ ᠨᠢᠭᠡᠳᠬᠡᠭᠰᠡᠨ ᠦᠭᠡ ᠶᠠᠷᠢᠶᠠᠨ᠎ᠤ ᠰᠢᠰᠲ᠋ᠧᠮ᠎ᠢ ᠪᠠᠢ᠌ᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ᠂ ᠳᠤᠮᠳᠠᠳᠤ ᠤᠯᠤᠰ᠎ᠤᠨ ᠬᠡᠪ ᠨᠠᠮᠪᠠ᠎ᠲᠠᠢ᠂ ᠳᠤᠮᠳᠠᠳᠤ ᠤᠯᠤᠰ᠎ᠤᠨ ᠴᠤᠭ ᠰᠦᠯᠳᠡ᠎ᠲᠠᠢ ᠤᠨᠤᠯ᠎ᠤᠨ ᠰᠢᠰᠲ᠋ᠧᠮ᠎ᠢ ᠡᠭᠦᠳᠦᠨ ᠪᠠᠢ᠌ᠭᠤᠯᠤᠨ᠎ᠠ᠃
      ᠣᠲᠣ᠂ ᠳᠡᠯᠡᠬᠡᠢ ᠵᠢᠨ ᠵᠠᠭᠤᠨ ᠵᠢᠯ᠎ᠳᠤ ᠲᠣᠬᠢᠶᠠᠯᠳᠤᠭ᠎ᠠ ᠦᠭᠡᠢ ᠶᠡᠬᠡ ᠬᠤᠪᠢᠷᠠᠯᠲᠠ ᠲᠦᠷᠭᠡᠨ ᠬᠤᠪᠢᠰᠴᠤ᠂ ᠮᠠᠨ᠎ᠤ ᠤᠯᠤᠰ ᠶᠠᠭ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠭᠦᠯᠬᠦ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ ᠪᠠᠢ᠌ᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢ ᠠᠬᠢᠭᠤᠯᠬᠤ᠎ᠳᠤ᠂ ᠡᠷᠬᠡᠪᠰᠢ ᠪᠦᠬᠦ ᠪᠥᠮᠪᠥᠷᠴᠡᠭ᠎ᠤᠨ ᠤᠯᠤᠰ ᠲᠥᠷᠥ ᠠᠵᠤ ᠠᠬᠤᠢ ᠵᠢᠨ ᠣᠷᠴᠢᠨ ᠲᠣᠭᠣᠷᠢᠨ᠎ᠤ ᠬᠤᠪᠢᠷᠠᠯᠲᠠ ᠵᠢ ᠭᠦᠨᠵᠡᠭᠡᠢ ᠡᠵᠡᠮᠳᠡᠵᠦ᠂ ᠲᠤᠰ ᠪᠡᠶ᠎ᠡ ᠵᠢᠨ ᠮᠡᠳᠡᠯᠭᠡ ᠵᠢᠨ ᠵᠠᠭ᠋ᠠᠭ ᠬᠢᠵᠠᠭ᠋ᠠᠷ ᠵᠶ᠋ᠠᠨ ᠥᠷᠭᠡᠳᠬᠡᠵᠦ᠂ ᠲᠤᠰ ᠭᠠᠵᠠᠷ ᠣᠷᠣᠨ᠎ᠤ ᠮᠡᠳᠡᠯᠭᠡ ᠵᠢᠨ ᠪᠣᠷᠣ ᠲᠥᠯᠥᠪ᠎ᠤᠨ ᠰᠢᠨ᠎ᠡ ᠵᠢ ᠡᠭᠦᠳᠴᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠬᠠᠷᠠᠯᠲᠠ ᠪᠣᠯᠣᠨ ᠪᠦᠲᠦᠭᠡᠨ ᠪᠠᠢ᠌ᠭᠤᠯᠤᠯᠲᠠ ᠵᠢᠨ ᠵᠢᠭ᠋ᠠᠬᠤ ᠴᠡᠭ ᠨᠡᠩ ᠰᠠᠢ᠌ᠨ ᠵᠣᠬᠢᠴᠠᠬᠤ ᠬᠡᠷᠡᠭᠳᠡᠢ᠃
      ᠳᠤᠮᠳᠠᠳᠤ ᠤᠯᠤᠰ᠎ᠤᠨ ᠲᠣᠰ ᠪᠡᠶ᠎ᠡ ᠵᠢᠨ ᠥᠭᠡᠷᠡᠴᠢᠯᠡᠯᠲᠡ ᠬᠥᠭᠵᠢᠯᠲᠡ ᠵᠢᠨ ᠦᠢ᠍ᠯᠡᠳᠦᠯᠭᠡ᠎ᠠᠴᠠ ᠰᠢᠨ᠎ᠡ ᠮᠠᠲ᠋ᠧᠷᠢᠶᠠᠯ᠎ᠢ ᠠᠭᠤᠳᠠᠯᠵᠤ᠂ ᠰᠢᠨ᠎ᠡ ᠠᠰᠠᠭᠤᠳᠠᠯ᠎ᠢ ᠢᠯᠡᠷᠡᠭᠦᠯᠵᠦ᠂ ᠰᠢᠨ᠎ᠡ ᠦᠵᠡᠯᠲᠡ ᠵᠢ ᠳᠤᠷᠠᠳᠤᠨ᠂ ᠰᠢᠨ᠎ᠡ ᠤᠨᠤᠯ᠎ᠢ ᠪᠤᠢ ᠪᠣᠯᠭ᠋ᠠᠵᠤ᠂ ᠨᠡᠢ᠌ᠭᠡᠮ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ᠃ ᠬᠣᠯᠪᠣᠭᠳᠠᠯ ᠪᠦᠬᠦᠢ ᠤᠬᠠᠭᠳᠠᠬᠤᠨ᠂ ᠨᠡᠷ᠎ᠡ ᠲᠣᠮᠢᠶ᠎ᠠ᠂ ᠦᠵᠡᠯᠲᠡ᠂ ᠦᠵᠡᠯ ᠰᠠᠨᠠᠭ᠎ᠠ᠂ ᠤᠨᠤᠯ᠂ ᠯᠣᠭᠢᠭ᠎ᠢ ᠪᠦᠬᠦ ᠲᠠᠯ᠎ᠠ᠎ᠪᠠᠷ ᠰᠢᠰᠲ᠋ᠧᠮ᠎ᠲᠠᠢ ᠡᠮᠬᠢᠯᠡᠨ ᠲᠢᠭᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠰᠢᠨᠵᠢᠯᠡᠬᠦ ᠤᠬᠠᠭ᠋ᠠᠨ ᠹᠢᠽᠢᠺ ᠬᠢᠮᠢ ᠵᠢᠨ ᠲᠠᠢ᠌ᠯᠪᠤᠷᠢᠯᠠᠯᠲᠠ ᠬᠢᠬᠦ᠂ ᠡᠷᠳᠡᠮ ᠰᠢᠨᠵᠢᠯᠡᠭᠡᠨ᠎ᠤ ᠬᠡᠯᠪᠡᠷᠢ᠎ᠪᠠᠷ ᠢᠯᠡᠳᠬᠡᠬᠦ᠂ ᠤᠯᠠᠨ ᠲᠦᠮᠡᠨᠴᠢᠯᠡᠨ ᠤᠯᠠᠮᠵᠢᠯᠠᠬᠤ ᠵᠢ ᠪᠡᠶᠡᠯᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠤᠨ᠎ᠠ᠃ ᠦᠨᠳᠦᠰᠦᠲᠡᠨ᠎ᠤ ᠴᠢᠨᠠᠷ᠂ ᠨᠤᠲᠤᠭ᠎ᠤᠨ ᠴᠢᠨᠠᠷ᠎ᠢ ᠢᠮᠠᠭᠲᠠ ᠪᠠᠷᠢᠮᠲᠠᠯᠠᠵᠤ᠂ ᠪᠡᠶᠡᠴᠢ ᠴᠣᠭᠴᠠ ᠵᠢᠨ ᠴᠢᠨᠠᠷ᠂ ᠠᠩᠬᠠᠨ᠎ᠤ ᠡᠭᠦᠳᠦᠯᠲᠡ ᠵᠢᠨ ᠴᠢᠨᠠᠷ᠎ᠢ ᠲᠠᠰᠤᠷᠠᠯᠳᠠ ᠦᠭᠡᠢ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠲᠡᠦᠬᠡ ᠰᠣᠶᠣᠯ ᠵᠶ᠋ᠠᠷ ᠰᠠᠭᠤᠷᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠦᠢ᠍ᠯᠡᠳᠦᠯᠭᠡ᠎ᠪᠠᠷ ᠰᠠᠭᠤᠷᠢ ᠪᠣᠯᠭ᠋ᠠᠨ᠂ ᠳᠤᠮᠳᠠᠳᠤ ᠵᠢᠨ ᠪᠣᠯᠪᠠᠰᠤᠨ᠎ᠢ ᠢᠯᠡᠷᠡᠭᠦᠯᠬᠦ ᠣᠶᠤᠨ ᠰᠠᠨᠠᠭ᠋ᠠᠨ᠎ᠤ ᠢᠯᠡᠳᠬᠡᠮᠵᠢ ᠲᠡᠮᠳᠡᠭ ᠪᠠ ᠰᠣᠶᠣᠯ᠎ᠤᠨ ᠣᠭᠢ ᠰᠣᠳᠣ ᠵᠢ ᠪᠣᠯᠪᠠᠰᠤᠷᠠᠭᠤᠯᠵᠤ᠂ ᠮᠡᠳᠡᠯᠭᠡ ᠵᠢᠨ ᠦᠢ᠍ᠯᠡᠳᠪᠦᠷᠢᠯᠡᠯ᠎ᠤᠨ ᠲᠠᠯ᠎ᠠ᠎ᠪᠠᠷ ᠦᠷᠭᠦᠯᠵᠢᠯᠡᠨ ᠰᠢᠨ᠎ᠡ ᠵᠢ ᠡᠭᠦᠳᠬᠦ ᠵᠢ ᠪᠡᠶᠡᠯᠡᠭᠦᠯᠦᠨ᠎ᠡ᠃
      ᠳᠤᠮᠳᠠᠳᠤ ᠤᠯᠤᠰ᠎ᠤᠨ ᠲᠡᠦᠬᠡᠨ᠎ᠳᠤ ᠰᠠᠭᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠴᠢᠬᠤᠯᠠ ᠶᠡᠬᠡ ᠰᠠᠭᠤᠷᠢ ᠴᠢᠨᠠᠷᠲᠠᠢ ᠠᠰᠠᠭᠤᠳᠠᠯ᠎ᠤᠨ ᠰᠤᠳᠤᠯᠭ᠋ᠠᠨ᠎ᠢ ᠭᠦᠨᠵᠡᠭᠡᠢ᠌ᠷᠡᠭᠦᠯᠦᠨ᠎ᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠠᠴᠠ ᠦᠵᠡᠯ ᠰᠠᠨᠠᠭ᠋ᠠᠨ᠎ᠤ ᠡᠯᠧᠮᠧᠨ᠋ᠲ᠎ᠢ ᠡᠷᠢᠵᠦ᠂ ᠳᠤᠮᠳᠠᠳᠤ ᠵᠢᠨ ᠦᠨᠳᠦᠰᠦᠲᠡᠨ᠎ᠤ ᠡᠯᠪᠡᠭ ᠳᠡᠯᠪᠡᠭ ᠲᠡᠦᠬᠡ ᠵᠢᠨ ᠡᠬᠢ ᠪᠠᠶᠠᠯᠢᠭ ᠵᠶ᠋ᠠᠷ ᠮᠡᠳᠡᠯᠭᠡ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠴᠢᠬᠤᠯᠠ ᠰᠠᠭᠤᠷᠢ ᠪᠣᠯᠭ᠋ᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠶᠠᠨᠳᠠᠭ᠋ᠠᠨ ᠣᠷᠣᠰᠢᠵᠤ ᠪᠠᠢ᠌ᠭᠰᠠᠨ᠎ᠠᠴᠠ᠎ᠪᠠᠨ ᠤᠬᠠᠮᠰᠠᠷ᠎ᠠᠴᠠ᠎ᠪᠠᠨ ᠤᠯᠠᠷᠢᠨ ᠬᠤᠪᠢᠰᠬᠤ ᠶᠠᠪᠤᠴᠠ ᠵᠢ ᠰᠢᠰᠲ᠋ᠧᠮ᠎ᠲᠠᠢ ᠡᠮᠬᠢᠯᠡᠵᠦ᠂ ᠲᠡᠭᠦᠨ᠎ᠤ ᠪᠦᠷᠢᠯᠳᠦᠭᠰᠡᠨ ᠣᠨᠴᠠᠯᠢᠭ᠂ ᠬᠥᠭᠵᠢᠯᠲᠡ ᠵᠢᠨ ᠵᠢᠮ᠎ᠡ ᠶᠣᠰᠣ ᠵᠢ ᠳ᠋ᠦᠩᠨᠡᠨ ᠬᠤᠷᠢᠶᠠᠩᠭᠤᠢ᠌ᠯᠠᠵᠤ᠂ ᠲᠡᠦᠬᠡᠨ ᠬᠡᠷᠡᠭ ᠶᠠᠪᠤᠳᠠᠯ᠎ᠢ ᠵᠠᠳᠠᠯᠵᠤ᠂ ᠰᠣᠶᠣᠯ᠎ᠤᠨ ᠲᠣᠭᠲᠠᠴᠠ ᠵᠢᠨ ᠪᠤᠢ ᠪᠣᠯᠤᠭᠰᠠᠨ ᠰᠢᠯᠲᠠᠭ᠋ᠠᠨ᠎ᠢ ᠲᠠᠢ᠌ᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠠᠭᠤᠯᠤᠭᠳᠠᠬᠤᠨ ᠠᠭᠤᠯᠬᠤᠨ᠂ ᠮᠥᠨ ᠴᠢᠨᠠᠷ᠎ᠤᠨ ᠣᠨᠴᠠᠯᠢᠭ ᠵᠢᠴᠢ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ᠎ᠳᠠᠬᠢ ᠲᠦᠭᠡᠮᠡᠯ ᠥᠷᠲᠡᠭ᠎ᠢ ᠣᠢ᠌ᠯᠠᠭ᠋ᠠᠨ᠎ᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠵᠢ ᠦᠷᠭᠦᠯᠵᠢᠯᠡᠨ ᠰᠤᠳᠤᠯᠵᠤ᠂ ᠦᠨᠳᠦᠰᠦᠲᠡᠨ᠎ᠨᠦᠭᠦᠳ᠎ᠤᠨ ᠠᠭᠤᠰᠤᠯᠴᠠᠯ ᠳᠤᠮᠳᠠᠳᠤ ᠵᠢᠨ ᠦᠨᠳᠦᠰᠦᠲᠡᠨ᠎ᠤ ᠶᠡᠬᠡ ᠭᠡᠷ ᠪᠦᠯᠢ ᠪᠣᠯᠵᠤ ᠪᠦᠷᠢᠯᠳᠦᠭᠰᠡᠨ ᠲᠡᠦᠬᠡ ᠵᠢᠨ ᠪᠣᠳᠠᠲᠤ ᠶᠠᠪᠤᠳᠠᠯ᠎ᠢ ᠭᠦᠨᠵᠡᠭᠡᠢ ᠰᠢᠨᠵᠢᠯᠡᠨ ᠰᠤᠳᠤᠯᠵᠤ᠂ ᠳᠤᠮᠳᠠᠳᠤ ᠵᠢᠨ ᠦᠨᠳᠦᠰᠦᠲᠡᠨ᠎ᠤ ᠤᠯᠠᠨ ᠡᠰᠢᠲᠦ ᠨᠢᠭᠡ ᠴᠣᠭᠴᠠᠵᠢᠭᠰᠠᠨ ᠪᠠᠢ᠌ᠷᠢᠰᠢᠯ᠎ᠤᠨ ᠪᠦᠷᠢᠯᠳᠦᠭᠰᠡᠨ ᠲᠡᠦᠬᠡ ᠵᠢᠨ ᠱᠠᠲᠤ᠂ ᠠᠬᠢᠭᠤᠯᠬᠤ ᠡᠯᠧᠮᠧᠨ᠋ᠲ᠂ ᠬᠥᠭᠵᠢᠯᠲᠡ ᠵᠢᠨ ᠰᠢᠯᠲᠠᠭ᠋ᠠᠨ᠎ᠢ ᠡᠵᠡᠮᠳᠡᠵᠦ᠂ ᠦᠨᠳᠦᠰᠦᠲᠡᠨ᠎ᠨᠦᠭᠦᠳ᠎ᠤᠨ ᠳᠤᠮᠳᠠᠳᠤ ᠵᠢᠨ ᠦᠨᠳᠦᠰᠦᠲᠡᠨ᠎ᠤ ᠲᠡᠦᠬᠡ ᠵᠢᠨ ᠲᠤᠬᠠᠢ ᠲᠠᠨᠢᠯᠲᠠ ᠵᠢ ᠭᠦᠨᠵᠡᠭᠡᠢ᠌ᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠲᠤᠬᠠᠢ ᠮᠡᠳᠡᠷᠡᠮᠵᠢ ᠵᠢ ᠨᠡᠮᠡᠭᠳᠡᠭᠦᠯᠦᠨ᠎ᠡ᠃ 《ᠳᠥᠷᠪᠡᠨ ᠬᠠᠮᠲᠤ᠎ᠪᠠᠷ》 ᠭᠡᠬᠦ ᠦᠵᠡᠯ ᠵᠶ᠋ᠠᠨ ᠭᠦᠨᠵᠡᠭᠡᠢ ᠲᠠᠢ᠌ᠯᠪᠤᠷᠢᠯᠠᠵᠤ᠂ ᠦᠨᠳᠦᠰᠦᠲᠡᠨ᠎ᠨᠦᠭᠦᠳ᠎ᠤᠨ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠭᠰᠡᠨ ᠶᠠᠪᠤᠴᠠ ᠵᠢ ᠭᠦᠨᠵᠡᠭᠡᠢ ᠰᠤᠳᠤᠯᠵᠤ᠂ ᠦᠨᠳᠦᠰᠦᠲᠡᠨ᠎ᠨᠦᠭᠦᠳ᠎ᠤᠨ ᠥᠨᠢ ᠤᠳᠠᠭ᠋ᠠᠨ ᠲᠡᠦᠬᠡ ᠵᠢ ᠬᠠᠮᠲᠤ᠎ᠪᠠᠷ ᠪᠢᠴᠢᠭᠯᠡᠭᠰᠡᠨ ᠦᠯᠢᠭᠡᠷ ᠵᠢᠱ᠌ᠢᠶ᠎ᠡ ᠵᠢ ᠠᠮᠢᠳᠤᠯᠢᠭ ᠵᠶ᠋ᠠᠷ ᠳᠦᠷᠰᠦᠯᠡᠨ ᠲᠣᠭ᠋ᠠᠴᠢᠵᠤ᠂ ᠦᠨᠳᠦᠰᠦᠲᠡᠨ᠎ᠨᠦᠭᠦᠳ᠎ᠤᠨ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠭᠰᠡᠨ ᠪᠣᠳᠠᠲᠤ ᠬᠡᠷᠡᠭ᠎ᠢ ᠨᠠᠷᠢᠨ ᠨᠢᠮᠪᠠᠢ ᠡᠮᠬᠢᠯᠡᠵᠦ᠂ ᠦᠨᠳᠦᠰᠦᠲᠡᠨ᠎ᠨᠦᠭᠦᠳ᠎ᠤᠨ ᠠᠭᠤᠤ ᠶᠡᠬᠡ ᠵᠣᠷᠢᠭ ᠰᠠᠨᠠᠭ᠎ᠠ ᠵᠢ ᠬᠠᠮᠲᠤ᠎ᠪᠠᠷ ᠪᠤᠢ ᠪᠣᠯᠭ᠋ᠠᠭᠰᠠᠨ ᠶᠠᠪᠤᠴᠠ ᠵᠢ ᠭᠦᠨᠵᠡᠭᠡᠢ ᠲᠠᠢ᠌ᠯᠪᠤᠷᠢᠯᠠᠨ᠎ᠠ᠃ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠠᠢ᠌ᠬᠤ ᠬᠠᠮᠲᠤ᠎ᠪᠠᠷ ᠡᠳ᠋ᠯᠡᠬᠦ ᠰᠣᠶᠣᠯ᠎ᠤᠨ ᠭᠧᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠣᠶᠣᠯ᠎ᠤᠨ ᠢᠯᠡᠳᠬᠡᠮᠵᠢ ᠲᠡᠮᠳᠡᠭ᠎ᠢ ᠭᠦᠢ᠍ᠴᠡᠳ ᠠᠭᠤᠳᠠᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠤ ᠪᠠᠢ᠌ᠭᠤᠯᠤᠯᠲᠠ ᠵᠢ ᠠᠬᠢᠭᠤᠯᠤᠨ᠎ᠠ᠃ ᠳᠤᠮᠳᠠᠳᠤ ᠵᠢᠨ ᠪᠣᠯᠪᠠᠰᠤᠨ᠎ᠤ ᠲᠣᠪᠣᠢ᠌ᠮ᠎ᠠ ᠦᠷᠭᠦᠯᠵᠢᠯᠡᠬᠦ ᠴᠢᠨᠠᠷ᠂ ᠰᠢᠨ᠎ᠡ ᠵᠢ ᠡᠭᠦᠳᠬᠦ ᠴᠢᠨᠠᠷ᠂ ᠨᠢᠭᠡᠳᠦᠯᠲᠦ ᠴᠢᠨᠠᠷ᠂ ᠪᠠᠭᠲᠠᠭ᠋ᠠᠮᠵᠢᠲᠤ ᠴᠢᠨᠠᠷ᠂ ᠡᠨᠭᠭᠡ ᠲᠠᠶ᠋ᠢᠪᠤᠩ ᠴᠢᠨᠠᠷ᠎ᠢ ᠭᠦᠢ᠍ᠴᠡᠳ ᠢᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠥᠨᠢ ᠤᠳᠠᠭ᠋ᠠᠨ ᠲᠡᠦᠬᠡ ᠪᠠ ᠭᠡᠷᠡᠯ ᠰᠠᠴᠤᠷᠠᠩᠭᠤᠢ ᠰᠣᠶᠣᠯ᠎ᠤᠨ ᠣᠨᠴᠠᠯᠢᠭ᠎ᠢ ᠣᠨᠣᠪᠴᠢᠲᠠᠢ ᠡᠵᠡᠮᠰᠢᠵᠦ᠂ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠢ ᠪᠠᠢ᠌ᠭᠤᠯᠬᠤ ᠡᠭᠦᠷᠭᠡ ᠵᠢ ᠭᠦᠨᠵᠡᠭᠡᠢ ᠣᠢ᠌ᠯᠠᠭ᠋ᠠᠬᠤ ᠬᠡᠷᠡᠭᠲᠡᠶ᠃ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ᠎ᠤ ᠬᠥᠭᠵᠢᠯᠲᠡ ᠵᠢᠨ ᠲᠡᠦᠬᠡ ᠵᠢᠨ ᠯᠣᠭᠢᠭ᠂ ᠤᠨᠤᠯ᠎ᠤᠨ ᠯᠣᠭᠢᠭ᠎ᠢ ᠵᠢᠷᠤᠮᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠣᠷᠣᠰᠢᠵᠤ ᠪᠠᠢ᠌ᠭ᠎ᠠ ᠴᠢᠨᠠᠷ᠎ᠤᠨ ᠤᠬᠠᠭᠳᠠᠬᠤᠨ ᠪᠠ ᠣᠷᠣᠨ ᠨᠤᠲᠤᠭᠴᠢᠯᠠᠬᠤ ᠤᠨᠤᠯ᠎ᠢ ᠠᠭᠤᠳᠠᠯᠤᠨ ᠡᠮᠬᠢᠯᠡᠵᠦ᠂ ᠳᠤᠮᠳᠠᠳᠤ ᠵᠢᠨ ᠰᠣᠶᠣᠯ᠎ᠤᠨ ᠵᠣᠭᠰᠣᠯᠲᠠ ᠵᠢ ᠪᠠᠲᠤ ᠰᠠᠬᠢᠵᠤ᠂ ᠳᠤᠮᠳᠠᠳᠤ ᠵᠢᠨ ᠪᠣᠯᠪᠠᠰᠤᠨ᠎ᠤ ᠣᠭᠢ ᠰᠣᠳᠣ ᠵᠢ ᠪᠣᠯᠪᠠᠰᠤᠷᠠᠭᠤᠯᠤᠨ ᠢᠯᠡᠷᠡᠭᠦᠯᠵᠦ᠂ ᠳᠤᠮᠳᠠᠳᠤ ᠵᠢᠨ ᠪᠣᠯᠪᠠᠰᠤᠨ᠎ᠤ ᠭᠦᠨ ᠠᠭᠤᠯᠤᠭᠳᠠᠬᠤᠨ ᠪᠠ ᠥᠪᠡᠷᠮᠢᠴᠡ ᠴᠤᠭ ᠵᠢᠪᠬᠤᠭ᠎ᠠ ᠵᠢ ᠢᠯᠡᠷᠡᠭᠦᠯᠦᠨ᠎ᠡ᠃
      ᠳᠤᠮᠳᠠᠳᠤ ᠤᠯᠤᠰ᠎ᠤᠨ ᠦᠢ᠍ᠯᠡᠳᠦᠯᠭᠡ ᠵᠢ ᠲᠠᠢ᠌ᠯᠪᠤᠷᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠥᠯᠢᠭᠡᠷ᠎ᠢ ᠰᠠᠶ᠋ᠢᠲᠤᠷ ᠶᠠᠷᠢᠨ᠎ᠠ᠃ ᠭᠦᠨ ᠤᠬᠠᠭ᠋ᠠᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠠᠵᠢᠯᠲᠠᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠶᠡᠷᠦᠩᠬᠡᠢ᠌ᠯᠡᠨ ᠴᠢᠩᠭ᠋ᠠᠳᠬᠠᠬᠤ ᠪᠠ ᠮᠠᠨ᠎ᠤ ᠤᠯᠤᠰ᠎ᠤᠨ ᠦᠨᠳᠦᠰᠦᠲᠡᠨ᠎ᠤ ᠰᠤᠳᠤᠯᠤᠯ᠎ᠤᠨ ᠰᠤᠳᠤᠯᠭ᠋ᠠᠨ᠎ᠤ ᠳᠤᠮᠳᠠ ᠣᠷᠣᠰᠢᠵᠤ ᠪᠠᠢ᠌ᠭ᠎ᠠ ᠥᠷᠥᠨᠡᠳᠠᠬᠢᠨ᠎ᠤ ᠦᠨᠳᠦᠰᠦᠲᠡᠨ᠎ᠤ ᠤᠨᠤᠯ᠎ᠤᠨ ᠦᠵᠡᠯ ᠰᠠᠨᠠᠭ᠎ᠠ ᠪᠠ ᠦᠭᠡ ᠶᠠᠷᠢᠶᠠᠨ᠎ᠤ ᠰᠢᠰᠲ᠋ᠧᠮ᠎ᠳᠤ ᠨᠥᠯᠥᠭᠡᠯᠡᠭᠳᠡᠵᠦ ᠪᠠᠢ᠌ᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠦᠨᠳᠦᠰᠦᠲᠡᠨ᠎ᠤ ᠠᠰᠠᠭᠤᠳᠠᠯ᠎ᠢ ᠰᠢᠢ᠍ᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ ᠪᠦᠬᠦᠢ ᠰᠢᠨ᠎ᠡ ᠣᠢ᠌ᠯᠠᠭ᠋ᠠᠭᠳᠠᠬᠤᠨ᠂ ᠰᠢᠨ᠎ᠡ ᠠᠷᠭ᠎ᠠ ᠵᠠᠮ᠎ᠢ ᠳ᠋ᠦᠩᠨᠡᠨ ᠲᠤᠰᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠢᠰᠲ᠋ᠧᠮ᠂ ᠦᠭᠡ ᠶᠠᠷᠢᠶᠠᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠦᠢ᠍ᠯᠡᠳᠦᠯᠭᠡ᠎ᠲᠠᠢ ᠨᠢᠭᠲᠠ ᠤᠶᠠᠯᠳᠤᠭᠤᠯᠵᠤ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠭᠦᠢ᠍ᠴᠡᠳ ᠲᠤᠰᠬᠠᠨ᠎ᠠ᠃ ᠳᠤᠮᠳᠠᠳᠤ ᠤᠯᠤᠰ᠎ᠤᠨ ᠡᠬᠡ ᠭᠠᠵᠠᠷ᠎ᠲᠤ ᠰᠠᠭᠤᠷᠢᠯᠠᠵᠤ᠂ ᠦᠢ᠍ᠯᠡᠳᠦᠯᠭᠡ ᠵᠢᠨ ᠪᠠᠢ᠌ᠴᠠᠭ᠋ᠠᠯᠲᠠ ᠵᠢᠨ ᠳᠤᠮᠳᠠ᠎ᠠᠴᠠ ᠠᠩᠬᠠᠨ᠎ᠤ ᠮᠠᠲ᠋ᠧᠷᠢᠶᠠᠯ᠎ᠢ ᠣᠯᠵᠤ᠂ ᠳᠤᠮᠳᠠᠳᠤ ᠤᠯᠤᠰ᠎ᠤᠨ ᠲᠤᠷᠰᠢᠯᠭ᠎ᠠ ᠵᠢ ᠰᠢᠰᠲ᠋ᠧᠮ᠎ᠲᠠᠢ ᠤᠬᠠᠭᠳᠠᠬᠤᠨ᠎ᠤ ᠰᠢᠰᠲ᠋ᠧᠮ ᠪᠠ ᠰᠤᠳᠤᠯᠭ᠋ᠠᠨ᠎ᠤ ᠬᠡᠪ ᠵᠠᠭᠪᠤᠷ ᠪᠣᠯᠭ᠋ᠠᠨ ᠳᠡᠬᠡᠭᠰᠢᠯᠡᠬᠦᠯᠦᠨ᠎ᠡ᠃ ᠳᠤᠮᠳᠠᠳᠤ ᠤᠯᠤᠰ᠎ᠤᠨ ᠦᠨᠳᠦᠰᠦᠲᠡᠨ᠎ᠤ ᠦᠵᠡᠯ ᠰᠠᠨᠠᠭ᠋ᠠᠨ᠎ᠤ ᠡᠭᠦᠰᠦᠯ᠂ ᠬᠥᠭᠵᠢᠯᠲᠡ᠂ ᠬᠤᠪᠢᠷᠠᠯᠲᠠ ᠵᠢ ᠭᠦᠨᠵᠡᠭᠡᠢ ᠰᠤᠳᠤᠯᠵᠤ᠂ ᠲᠡᠦᠬᠡ ᠵᠢᠨ ᠲᠤᠯᠭᠤᠷ ᠪᠢᠴᠢᠭ᠎ᠲᠠᠬᠢ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠦᠵᠡᠯ ᠰᠠᠨᠠᠭ᠎ᠠ ᠵᠢ ᠨᠠᠷᠢᠨ ᠨᠢᠮᠪᠠᠢ ᠡᠮᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠪᠦᠷᠢᠯᠳᠦᠨ ᠬᠥᠭᠵᠢᠭᠰᠡᠨ ᠶᠠᠪᠤᠴᠠ ᠵᠢ ᠪᠦᠬᠦ ᠲᠠᠯ᠎ᠠ᠎ᠪᠠᠷ ᠭᠦᠨᠵᠡᠭᠡᠢ ᠣᠢ᠌ᠯᠠᠭ᠋ᠠᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠥᠭᠵᠢᠯᠲᠡ ᠪᠦᠲᠦᠭᠡᠨ ᠪᠠᠢ᠌ᠭᠤᠯᠤᠯᠲᠠ ᠵᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠵᠢᠨ ᠠᠷᠤ᠎ᠳᠠᠬᠢ ᠵᠠᠮ᠂ ᠤᠨᠤᠯ᠂ ᠪᠠᠢ᠌ᠭᠤᠯᠤᠯ᠂ ᠰᠣᠶᠣᠯ᠎ᠤᠨ ᠳᠠᠪᠠᠭᠤᠯᠢᠭ᠎ᠢ ᠳ᠋ᠦᠩᠨᠡᠨ ᠪᠣᠯᠪᠠᠰᠤᠷᠠᠭᠤᠯᠤᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠭᠣᠣᠯ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠩᠭᠤᠢ ᠨᠡᠢ᠌ᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠵᠢ ᠪᠡᠬᠢᠵᠢᠭᠦᠯᠦᠨ ᠬᠥᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠳᠦᠯᠭᠡ ᠵᠢᠨ ᠲᠤᠷᠰᠢᠯᠭ᠎ᠠ ᠵᠢ ᠳ᠋ᠦᠩᠨᠡᠨ ᠪᠣᠯᠪᠠᠰᠤᠷᠠᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠵᠢ ᠠᠬᠢᠭᠤᠯᠤᠨ᠎ᠠ᠃
      ᠳᠤᠮᠳᠠᠳᠤ ᠤᠯᠤᠰ᠎ᠤᠨ ᠠᠰᠠᠭᠤᠯᠲᠠ ᠵᠢ ᠬᠠᠷᠢᠭᠤᠯᠵᠤ᠂ ᠳᠤᠮᠳᠠᠳᠤ ᠤᠯᠤᠰ᠎ᠤᠨ ᠲᠡᠦᠬᠡ ᠵᠢᠨ ᠬᠥᠭᠵᠢᠯᠲᠡ ᠪᠣᠯᠣᠨ ᠣᠲᠣ ᠦᠶ᠎ᠡ ᠵᠢᠨ ᠵᠠᠰᠠᠯᠲᠠ ᠵᠢᠨ ᠦᠢ᠍ᠯᠡᠳᠦᠯᠭᠡ᠎ᠳᠤ ᠰᠢᠰᠲ᠋ᠧᠮᠲᠦ ᠴᠢᠨᠠᠷᠲᠠᠢ ᠰᠤᠳᠤᠯᠭ᠋ᠠᠨ ᠬᠢᠨ᠎ᠡ᠃ ᠳᠤᠮᠳᠠᠳᠤ ᠤᠯᠤᠰ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠨ ᠬᠠᠨᠳᠤᠯᠭ᠋ᠠᠲᠤ ᠴᠢᠨᠠᠷᠲᠠᠢ᠎ᠪᠠᠷ ᠰᠢᠨ᠎ᠡ ᠵᠢ ᠡᠭᠦᠳᠴᠦ᠂ ᠳᠤᠮᠳᠠᠳᠤ ᠤᠯᠤᠰ᠎ᠤᠨ ᠪᠠᠶ᠋ᠢᠳᠠᠯ᠎ᠳᠤ ᠲᠣᠬᠢᠷᠠᠭᠰᠠᠨ ᠰᠢᠨᠵᠢᠯᠡᠬᠦ ᠤᠬᠠᠭ᠋ᠠᠨᠴᠢ ᠤᠨᠤᠯ᠎ᠤᠨ ᠪᠣᠷᠣ ᠲᠥᠯᠥᠪ᠎ᠢ ᠪᠣᠯᠪᠠᠰᠤᠷᠠᠭᠤᠯᠬᠤ ᠬᠡᠷᠡᠭᠲᠡᠶ᠃ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠰᠠᠭᠤᠷᠢᠨ ᠳᠡᠭᠡᠷ᠎ᠡ᠂ ᠰᠢᠨᠵᠢᠯᠡᠬᠦ ᠤᠬᠠᠭ᠋ᠠᠨᠴᠢ ᠰᠤᠳᠤᠯᠭ᠋ᠠᠨ᠎ᠤ ᠠᠷᠭ᠎ᠠ ᠵᠢᠨ ᠤᠨᠤᠯ᠎ᠢ ᠪᠠᠢ᠌ᠭᠤᠯᠵᠤ᠂ ᠥᠷᠥᠨᠡᠳᠠᠬᠢᠨ᠎ᠤ ᠦᠭᠡ ᠶᠠᠷᠢᠶᠠᠨ᠎ᠤ ᠰᠢᠰᠲ᠋ᠧᠮ᠎ᠤᠨ ᠡᠷᠳᠡᠮ ᠰᠢᠨᠵᠢᠯᠡᠭᠡᠨ᠎ᠤ ᠭᠠᠭᠴᠠᠭ᠋ᠠᠷ ᠡᠵᠡᠮᠰᠢᠯ᠎ᠤᠨ ᠪᠠᠶ᠋ᠢᠳᠠᠯ᠎ᠢ ᠴᠢᠷᠮᠠᠢ᠌ᠨ ᠡᠪᠳᠦᠨ᠎ᠡ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠠᠭ ᠦᠶ᠎ᠡ ᠵᠢᠨ ᠤᠷᠢᠶᠠᠯᠠᠭ᠎ᠠ᠎ᠳᠤ ᠬᠠᠷᠢᠭᠤᠯᠲᠠ ᠥᠭᠭᠦᠨ᠎ᠡ᠃ ᠨᠢᠭᠡ ᠲᠠᠯ᠎ᠠ᠎ᠪᠠᠷ᠂ ᠤᠨᠤᠯ᠎ᠤᠨ ᠠᠰᠠᠭᠤᠳᠠᠯ᠎ᠳᠤ ᠰᠠᠭᠤᠷᠢᠯᠠᠭᠰᠠᠨ ᠠᠰᠠᠭᠤᠳᠠᠯ᠎ᠤᠨ ᠲᠤᠬᠠᠢ ᠤᠬᠠᠮᠰᠠᠷ ᠵᠶ᠋ᠠᠨ ᠴᠢᠩᠭ᠋ᠠᠳᠬᠠᠵᠤ᠂ ᠤᠨᠤᠯ᠎ᠤᠨ ᠲᠤᠬᠠᠢ ᠪᠣᠳᠣᠯᠬᠢᠯᠠᠯ ᠪᠠ ᠰᠦᠪᠡᠭᠴᠢᠯᠡᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠢ᠌ᠰᠪᠦᠷᠢ᠂ ᠭᠦᠨ ᠭᠦᠨᠵᠡᠭᠡᠢ ᠤᠬᠠᠭᠳᠠᠬᠤᠨ᠎ᠤ ᠠᠢ ᠪᠠ ᠤᠨᠤᠯ᠎ᠤᠨ ᠲᠠᠢ᠌ᠯᠪᠤᠷᠢᠯᠠᠯᠲᠠ ᠵᠢ ᠡᠷᠢᠵᠦ᠂ ᠡᠷᠳᠡᠮ ᠰᠢᠨᠵᠢᠯᠡᠭᠡᠨ᠎ᠤ ᠦᠵᠡᠯ ᠰᠠᠨᠠᠭ᠋ᠠᠨ᠎ᠤ ᠲᠠᠯ᠎ᠠ᠎ᠪᠠᠷ ᠰᠢᠨ᠎ᠡ ᠵᠢ ᠡᠭᠦᠳᠬᠦ ᠵᠢ ᠠᠬᠢᠭᠤᠯᠬᠤ ᠬᠡᠷᠡᠭᠲᠡᠶ; ᠨᠥᠭᠥᠭᠡ ᠲᠠᠯ᠎ᠠ᠎ᠪᠠᠷ᠂ ᠪᠣᠳᠠᠲᠤ ᠠᠰᠠᠭᠤᠳᠠᠯ᠎ᠳᠤ ᠰᠠᠭᠤᠷᠢᠯᠠᠭᠰᠠᠨ ᠠᠰᠠᠭᠤᠳᠠᠯ᠎ᠤᠨ ᠲᠤᠬᠠᠢ ᠤᠬᠠᠮᠰᠠᠷ ᠵᠶ᠋ᠠᠨ ᠴᠢᠩᠭ᠋ᠠᠳᠬᠠᠵᠤ᠂ ᠨᠡᠢ᠌ᠭᠡᠮ᠎ᠤᠨ ᠪᠣᠳᠠᠲᠤ ᠠᠰᠠᠭᠤᠳᠠᠯ᠎ᠢ ᠪᠣᠳᠠᠲᠠᠢ᠎ᠪᠠᠷ ᠬᠡᠷᠡᠭᠯᠡᠬᠦ ᠪᠠ ᠰᠢᠢ᠍ᠳᠪᠦᠷᠢᠯᠡᠬᠦ ᠵᠢ ᠠᠩᠬᠠᠷᠴᠤ᠂ ᠨᠡᠢ᠌ᠭᠡᠮ᠎ᠤᠨ ᠬᠥᠭᠵᠢᠯᠲᠡ᠎ᠳᠤ ᠪᠣᠳᠠᠲᠤ ᠬᠡᠷᠡᠭᠯᠡᠭᠡᠨ᠎ᠤ ᠰᠢᠢ᠍ᠳᠪᠦᠷᠢᠯᠡᠬᠦ ᠲᠥᠰᠥᠯ ᠪᠠ ᠠᠷᠭ᠋ᠠᠴᠠᠭ᠋ᠠᠬᠤ ᠪᠣᠳᠣᠯᠭ᠎ᠠ ᠵᠢ ᠬᠠᠩᠭ᠋ᠠᠬᠤ ᠬᠡᠷᠡᠭᠲᠡᠶ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠲᠡᠦᠬᠡᠨ ᠠᠬᠢᠴᠠ ᠪᠠ ᠳᠤᠮᠳᠠᠳᠤ ᠵᠢᠨ ᠦᠨᠳᠦᠰᠦᠲᠡᠨ᠎ᠤ ᠣᠲᠣ ᠦᠶ᠎ᠡ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠰᠢᠨ᠎ᠡ ᠡᠭᠦᠷᠭᠡ᠎ᠳᠤ ᠰᠠᠭᠤᠷᠢᠯᠠᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠵᠠᠮ᠎ᠤᠨ ᠬᠥᠭᠵᠢᠯᠲᠡ ᠪᠦᠲᠦᠭᠡᠨ ᠪᠠᠢ᠌ᠭᠤᠯᠤᠯᠲᠠ ᠵᠢᠨ ᠦᠢ᠍ᠯᠡᠳᠦᠯᠭᠡ ᠵᠢᠨ ᠲᠤᠷᠰᠢᠯᠭ᠎ᠠ ᠵᠢ ᠪᠣᠯᠪᠠᠰᠤᠷᠠᠭᠤᠯᠬᠤ ᠵᠢᠨ ᠬᠠᠮᠲᠤ ᠲᠡᠭᠦᠨ᠎ᠳᠤ ᠤᠬᠠᠭᠳᠠᠬᠤᠨᠴᠢᠯᠠᠬᠤ᠂ ᠣᠨᠣᠯᠵᠢᠭᠤᠯᠬᠤ ᠲᠠᠢ᠌ᠯᠪᠤᠷᠢᠯᠠᠯᠲᠠ ᠬᠢᠬᠦ ᠬᠡᠷᠡᠭᠲᠡᠶ᠃
      ᠰᠤᠳᠤᠯᠭ᠋ᠠᠨ᠎ᠤ ᠣᠢ᠌ᠯᠠᠭ᠋ᠠᠭᠳᠠᠬᠤᠨ᠂ ᠰᠤᠳᠤᠯᠭ᠋ᠠᠨ᠎ᠤ ᠠᠷᠭ᠎ᠠ᠂ ᠰᠤᠳᠤᠯᠭ᠋ᠠᠨ᠎ᠤ ᠠᠭᠤᠯᠭ᠎ᠠ᠂ ᠰᠤᠳᠤᠯᠭ᠋ᠠᠨ᠎ᠤ ᠴᠢᠳᠠᠪᠤᠷᠢ ᠵᠢ ᠦᠷᠭᠦᠯᠵᠢᠯᠡᠨ ᠰᠢᠯᠢᠳᠡᠭᠵᠢᠭᠦᠯᠪᠡ᠃ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠬᠥᠭᠵᠢᠯᠲᠡ ᠵᠢᠨ ᠦᠢ᠍ᠯᠡᠳᠦᠯᠭᠡ᠎ᠳᠤ ᠰᠠᠭᠤᠷᠢᠯᠠᠨ᠂ ᠡᠷᠲᠡᠨ ᠡᠳᠦᠭᠡ ᠳᠣᠲᠣᠭ᠋ᠠᠳᠤ ᠭᠠᠳᠠᠭ᠋ᠠᠳᠤ ᠵᠢᠨ ᠠᠯᠢᠪᠠ ᠰᠢᠯᠢᠳᠡᠭ ᠪᠣᠯᠪᠠᠰᠤᠨ᠎ᠤ ᠦᠷ᠎ᠡ ᠪᠦᠲᠦᠭᠡᠯ ᠵᠶ᠋ᠡᠷ ᠲᠣᠯᠢ ᠪᠣᠯᠭ᠋ᠠᠵᠤ᠂ ᠮᠡᠳᠡᠯᠭᠡ ᠵᠢᠨ ᠰᠢᠰᠲ᠋ᠧᠮ᠎ᠤᠨ ᠦᠵᠡᠯ ᠤᠬᠠᠮᠰᠠᠷ᠎ᠤᠨ ᠬᠡᠯᠪᠡᠷᠢ᠎ᠳᠤ ᠦᠵᠡᠭᠦᠯᠬᠦ ᠲᠤᠯᠭ᠋ᠠᠭᠤᠷᠢᠯᠠᠬᠤ ᠦᠢ᠍ᠯᠡᠳᠦᠯ᠎ᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠰᠠᠭᠤᠷᠢ ᠵᠢ ᠪᠠᠲᠤᠳᠬᠠᠪᠠ᠃ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠳᠤ ᠵᠣᠬᠢᠴᠠᠬᠤ᠂ ᠳᠤᠮᠳᠠᠳᠤ ᠤᠯᠤᠰ᠎ᠤᠨ ᠬᠥᠭᠵᠢᠯᠲᠡ᠎ᠳᠤ ᠦᠢ᠍ᠯᠡᠴᠢᠯᠡᠬᠦ ᠡᠷᠳᠡᠮ ᠰᠢᠨᠵᠢᠯᠡᠭᠡᠨ᠎ᠤ ᠦᠢ᠍ᠯᠡᠳᠦᠯᠭᠡ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ᠎ᠳᠤ ᠪᠠᠲᠤ ᠪᠡᠬᠢ ᠮᠡᠳᠡᠯᠭᠡ ᠵᠢᠨ ᠲᠤᠯᠭ᠋ᠠᠭᠤᠷᠢᠯᠠᠯ ᠬᠠᠩᠭ᠋ᠠᠪᠠ᠃
      (ᠵᠣᠬᠢᠶᠠᠭᠴᠢ ᠵᠢᠨ ᠲᠣᠪᠴᠢ ᠲᠠᠨᠢᠯᠴᠠᠭᠤᠯᠭ᠎ᠠ᠄ ᠹᠧᠩ ᠰᠢᠤᠸᠠᠢ ᠬᠣᠩ᠂ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠡᠷᠳᠡᠮ ᠰᠢᠨᠵᠢᠯᠡᠭᠡᠨ᠎ᠤ ᠰᠡᠳᠬᠦᠯ᠎ᠤᠨ ᠨᠠᠶ᠋ᠢᠷᠠᠭᠤᠯᠬᠤ ᠬᠡᠯᠲᠡᠰ᠎ᠤᠨ ᠫᠷᠣᠹᠧᠰᠰᠣᠷ᠂ ᠠᠨ ᠢᠦᠢ᠂ ᠤᠮᠠᠷᠠᠲᠤ ᠵᠢᠨ ᠦᠨᠳᠦᠰᠦᠲᠡᠨ᠎ᠤ ᠶᠡᠬᠡ ᠰᠤᠷᠭ᠋ᠠᠭᠤᠯᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠳᠡᠭᠡᠳᠦ ᠰᠤᠷᠭ᠋ᠠᠭᠤᠯᠢ ᠵᠢᠨ ᠳ᠋ᠣᠺᠲ᠋ᠣᠷ᠂ ᠠᠰᠫᠢᠷᠠᠨᠲ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
ᠪᠤᠭᠤᠲᠤ ᠬᠣᠲᠠ ᠣᠷᠴᠢᠨ ᠲᠣᠭᠣᠷᠢᠨ᠎ᠤ ᠢᠲᠡᠭᠡᠮᠵᠢ᠎ᠪᠠᠷ 《ᠠᠮᠢ ᠠᠬᠤᠢ ᠵᠢᠨ ᠢᠲᠡᠭᠡᠮᠵᠢ᠎ᠲᠠᠢ ᠪᠠᠶ᠋ᠢᠬᠤ》 ᠵᠢ ᠬᠥᠲᠥᠯᠥᠨ ᠳᠠᠭ᠋ᠠᠭᠤᠯᠪᠠ
ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ ᠥᠷᠨᠢᠭᠦᠯᠪᠡ
ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢ ᠡᠷᠬᠢᠮᠯᠡᠬᠦ᠂ ᠢᠲᠡᠭᠡᠮᠵᠢ᠎ᠲᠠᠢ ᠪᠠᠶ᠋ᠢᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠥᠬᠥ ᠬᠦᠴᠦᠨ ᠵᠶ᠋ᠡᠷ ᠵᠶ᠋ᠡᠨ ᠪᠤᠢ ᠪᠣᠯᠭ᠋ᠠᠪᠠ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
 
             蒙ICP备05000248号