ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠥᠪᠥᠷ ᠮᠣᠩᠭᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠴᠢᠷᠮᠠᠢ᠌ᠨ ᠦᠢ᠍ᠯᠡᠳᠦᠯᠭᠡᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠴᠢᠬᠤᠯᠠ ᠶᠡᠬᠡ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠠᠮᠢ ᠠᠬᠤᠢ ᠵᠢ ᠬᠠᠮᠠᠭ᠋ᠠᠯᠠᠬᠤ᠂ ᠪᠣᠬᠢᠷᠲᠤᠯ᠎ᠢ ᠵᠠᠰᠠᠬᠤ᠂ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠬᠤ ᠵᠢ ᠠᠬᠢᠭᠤᠯᠪᠠ᠃
ᠡᠬᠡ ᠤᠯᠤᠰ᠎ᠤᠨ ᠤᠮᠠᠷᠠᠲᠤ ᠵᠢᠨ ᠡᠨᠡᠬᠦ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ ᠵᠶ᠋ᠠᠨ ᠰᠠᠶ᠋ᠢᠲᠤᠷ ᠰᠠᠬᠢᠨ ᠬᠠᠮᠠᠭ᠋ᠠᠯᠠᠨ᠎ᠠ
ᠥᠪᠥᠷ ᠮᠣᠩᠭᠣᠯ ᠪᠣᠯ ᠵᠡᠭᠦᠨ ᠬᠣᠢ᠌ᠲᠤ ᠣᠷᠣᠨ᠂ ᠤᠮᠠᠷᠠᠲᠤ ᠣᠷᠣᠨ᠂ ᠪᠠᠷᠠᠭᠤᠨ ᠬᠣᠢ᠌ᠲᠤ ᠣᠷᠣᠨ᠎ᠢ ᠰᠤᠨᠳᠠᠯᠠᠭᠰᠠᠨ ᠡᠬᠡ ᠤᠯᠤᠰ᠎ᠤᠨ 《ᠤᠮᠠᠷᠠᠲᠤ ᠶᠡᠬᠡ ᠡᠭᠦᠳᠡ》 ᠮᠥᠨ᠂ ᠵᠡᠭᠦᠨ᠎ᠠᠴᠠ ᠪᠠᠷᠠᠭᠤᠨᠰᠢ ᠲᠠᠷᠬᠠᠵᠤ ᠪᠠᠢ᠌ᠭ᠎ᠠ ᠶᠡᠬᠡ ᠬᠢᠩᠭ᠋ᠠᠨ ᠳᠠᠪᠠᠭ᠎ᠠ᠂ ᠮᠤᠨᠢ ᠠᠭᠤᠯᠠ ᠨᠢᠷᠤᠭᠤ ᠪᠠ ᠠᠯᠠᠱ᠌ᠠ ᠠᠭᠤᠯᠠ ᠨᠢᠷᠤᠭᠤ᠎ᠨᠢ ᠡᠬᠡ ᠤᠯᠤᠰ᠎ᠤᠨ ᠤᠮᠠᠷᠠᠲᠤ ᠬᠢᠯᠢ ᠵᠢᠨ 《ᠠᠮᠢ ᠠᠬᠤᠢ ᠵᠢᠨ ᠨᠢᠷᠤᠭᠤ》 ᠪᠣᠯᠵᠤ ᠪᠤᠢ᠃ ᠡᠯᠪᠡᠭ ᠳᠡᠯᠪᠡᠭ ᠨᠤᠲᠤᠭ ᠪᠡᠯᠴᠢᠭᠡᠷ᠂ ᠤᠢ ᠰᠢᠭᠤᠢ᠂ ᠨᠤᠭᠤ ᠭᠠᠵᠠᠷ᠂ ᠡᠯᠡᠰᠦ ᠮᠠᠩᠬ᠎ᠠ᠂ ᠭᠣᠣᠯ ᠮᠥᠷᠡᠨ ᠪᠣᠯᠣᠨ ᠨᠠᠭᠤᠷ ᠴᠥᠭᠥᠷᠥᠮ᠎ᠤᠨ ᠡᠬᠢ ᠪᠠᠶᠠᠯᠢᠭ᠎ᠨᠢ ᠡᠨᠡᠬᠦ ᠬᠡᠰᠡᠭ ᠭᠠᠵᠠᠷ ᠰᠢᠷᠣᠢ ᠵᠢ ᠥᠩᠭᠡ ᠪᠦᠷᠢ᠎ᠪᠠᠷ ᠰᠣᠯᠣᠩᠭ᠋ᠠᠷᠠᠭᠤᠯᠵᠤ᠂ ᠨᠤᠲᠤᠭ ᠪᠡᠯᠴᠢᠭᠡᠷ ᠪᠣᠯᠣᠨ ᠤᠢ ᠰᠢᠭᠤᠢ ᠵᠢᠨ ᠲᠠᠯᠠᠪᠠᠢ᠎ᠨᠢ ᠪᠦᠬᠦ ᠤᠯᠤᠰ᠎ᠤᠨ ᠲᠡᠷᠢᠭᠦᠨ᠎ᠳᠤ ᠣᠷᠣᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠲᠠᠯᠠᠪᠠᠢ᠎ᠨᠢ 19.1%᠎ᠢ ᠡᠵᠡᠯᠡᠵᠦ᠂ ᠨᠤᠭᠤ ᠭᠠᠵᠠᠷ᠎ᠤᠨ ᠲᠠᠯᠠᠪᠠᠢ᠎ᠨᠢ ᠪᠦᠬᠦ ᠤᠯᠤᠰ᠎ᠤᠨ 16%᠎ᠢ ᠡᠵᠡᠯᠡᠵᠦ᠂ ᠡᠯᠡᠰᠦᠷᠬᠡᠭᠵᠢᠭᠰᠡᠨ ᠲᠠᠯᠠᠪᠠᠢ᠎ᠨᠢ ᠪᠦᠬᠦ ᠤᠯᠤᠰ᠎ᠤᠨ ᠳᠥᠷᠪᠡᠨ᠎ᠤ ᠨᠢᠭᠡ ᠰᠢᠬᠠᠮ᠎ᠢ ᠡᠵᠡᠯᠡᠵᠦ᠂ ᠥᠪᠥᠷ ᠮᠣᠩᠭᠣᠯ ᠴᠤ᠌ ᠡᠭᠦᠨ᠎ᠠᠴᠠ ᠪᠣᠯᠵᠤ ᠮᠠᠨ᠎ᠤ ᠤᠯᠤᠰ᠎ᠤᠨ ᠲᠠᠯᠠᠪᠠᠢ᠎ᠪᠠᠷ ᠬᠠᠮᠤᠭ᠎ᠤᠨ ᠶᠡᠬᠡ᠂ ᠳᠦᠷᠦᠯ ᠵᠦᠢ᠍ᠯ ᠵᠶ᠋ᠡᠷ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠲᠤ ᠣᠷᠣᠨ ᠪᠣᠯᠤᠭᠰᠠᠨ ᠪᠠᠢ᠌ᠨ᠎ᠠ᠃ ᠥᠪᠥᠷ ᠮᠣᠩᠭᠣᠯ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠨᠢᠭᠡ ᠪᠣᠯᠣᠨ᠎ᠠ᠃
ᠥᠪᠥᠷ ᠮᠣᠩᠭᠣᠯ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠰᠡᠳᠬᠢᠯ ᠵᠢᠷᠦᠬᠡᠨ᠎ᠳᠤ 《ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ》 ᠪᠣᠯᠣᠨ᠎ᠠ᠂ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠭᠰᠠᠨ ᠴᠤ᠌ ᠲᠡᠷᠡ᠂ ᠪᠦᠬᠦ ᠤᠯᠤᠰ᠎ᠤᠨ ᠬᠣᠶᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠭᠰᠠᠨ ᠴᠤ᠌ ᠲᠡᠷᠡ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠢᠮᠠᠭᠲᠠ ᠠᠩᠬᠠᠷᠴᠤ ᠲᠠᠬᠢᠨ ᠳᠠᠪᠲᠠᠨ ᠴᠢᠬᠤᠯᠠᠴᠢᠯᠠᠭᠰᠠᠭ᠋ᠠᠷ ᠢᠷᠡᠭᠰᠡᠨ ᠭᠣᠣᠯᠳᠠᠯᠭ᠎ᠠ ᠪᠣᠯᠣᠨ᠎ᠠ᠃ 2019 ᠣᠨ᠎ᠤ 3 ᠰᠠᠷ᠎ᠠ ᠵᠢᠨ 5᠎ᠤ ᠦᠳᠡ ᠵᠢᠨ ᠬᠣᠢ᠌ᠨ᠎ᠠ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠎ᠢ ᠰᠦᠪᠡᠭᠴᠢᠯᠡᠵᠦ᠂ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠵᠦ᠂ ᠡᠬᠡ ᠤᠯᠤᠰ᠎ᠤᠨ ᠤᠮᠠᠷᠠᠲᠤ ᠵᠢᠨ ᠡᠨᠡᠬᠦ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠠᠵᠢᠯ ᠪᠠᠢ᠌ᠴᠠᠭ᠋ᠠᠬᠤ᠎ᠳᠠᠭᠠᠨ᠂ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠠᠬᠢ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠰᠢᠵᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠡᠨᠡᠬᠦ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠬᠥᠭᠵᠢᠯᠲᠡ ᠪᠠ ᠠᠮᠤᠷ ᠲᠦᠪᠰᠢᠨ᠎ᠢ ᠵᠡᠷᠭᠡ᠎ᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠎ᠳᠤ ᠢᠳᠡᠪᠬᠢᠲᠡᠢ ᠠᠭᠤᠰᠤᠯᠴᠠᠬᠤ ᠪᠠ ᠦᠢ᠍ᠯᠡᠴᠢᠯᠡᠵᠦ᠂ 《ᠬᠣᠶᠠᠷ ᠬᠠᠯᠬᠠᠪᠴᠢ》 《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢ ᠪᠠᠢ᠌ᠭᠤᠯᠬᠤ ᠳᠡᠭᠡᠷ᠎ᠡ ᠰᠢᠨ᠎ᠡ ᠵᠢᠳᠬᠦᠯ ᠴᠢᠷᠮᠠᠢ᠌ᠯᠭ᠎ᠠ᠎ᠪᠠᠨ ᠢᠯᠡᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠵᠢ ᠴᠢᠬᠤᠯᠠᠴᠢᠯᠠᠵᠠᠢ᠃
ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠵᠤ᠂ ᠴᠢᠨᠠᠷ ᠰᠠᠢ᠌ᠲᠠᠢ ᠠᠮᠢ ᠠᠬᠤᠢ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠠᠯᠲᠠᠲᠤ ᠦᠨᠡᠯᠡᠨ ᠰᠢᠯᠭ᠋ᠠᠬᠤ ᠠᠷᠭ᠎ᠠ》 《〈ᠭᠤᠷᠪᠠᠨ ᠱᠤᠭᠤᠮ ᠨᠢᠭᠡ ᠬᠠᠭᠤᠳᠠᠰᠤ〉 ᠵᠢᠨ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠨᠠᠯ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠵᠢ ᠠᠬᠢᠭᠤᠯᠬᠤ ᠳᠦᠷᠢᠮ》᠎ᠢ ᠨᠡᠢ᠌ᠲᠡᠯᠡᠪᠡ᠃ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ᠎ᠤᠨ 《ᠳᠥᠷᠪᠡᠨ ᠨᠢᠷᠤᠭᠤ ᠨᠠᠢ᠍ᠮᠠᠨ ᠲᠤᠯᠭ᠋ᠠᠭᠤᠷᠢ》 ᠵᠢ ᠪᠠᠢ᠌ᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠴᠢᠩᠭ᠎ᠠ ᠬᠦᠴᠦᠲᠡᠢ ᠳᠦᠷᠢᠮ᠎ᠤᠨ ᠪᠠᠲᠤᠯᠠᠭ᠎ᠠ ᠬᠠᠩᠭ᠋ᠠᠵᠠᠢ᠃
ᠰᠦᠨ ᠱᠣᠣ ᠴᠧᠩ ᠱᠦᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶᠠᠨ᠎ᠳᠠᠭᠠᠨ᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠣᠣᠯᠳᠠᠯᠭ᠎ᠠ᠎ᠲᠠᠢ ᠢᠨᠵᠧᠨᠧᠷᠢᠩ᠎ᠤᠨ ᠳᠦᠷᠦᠯ ᠵᠦᠢ᠍ᠯ᠎ᠢ ᠠᠳᠬᠤᠬᠤ᠎ᠲᠠᠢ ᠠᠳᠠᠯᠢ᠎ᠪᠠᠷ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠬᠤ᠎ᠳᠤ ᠲᠦᠰᠢᠭᠯᠡᠬᠦ ᠬᠡᠷᠡᠭᠲᠡᠶ᠂ ᠡᠭᠦᠨ᠎ᠳᠤ ᠬᠣᠶᠠᠳᠤᠭ᠋ᠠᠷ ᠵᠦᠢ᠍ᠯ᠎ᠤᠨ ᠢᠨᠵᠧᠨᠧᠷᠢᠩ ᠪᠣᠯ ᠳᠠᠷᠤᠢ 《ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ》 ᠪᠣᠯᠣᠨ᠎ᠠ᠂ ᠳᠠᠷᠤᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ ᠪᠠ ᠰᠢᠨ᠎ᠡ ᠡᠨᠧᠷᠭᠢ ᠵᠢᠨ ᠰᠤᠷᠪᠤᠯᠵᠢ ᠵᠢᠨ ᠪᠦᠲᠦᠭᠡᠨ ᠪᠠᠢ᠌ᠭᠤᠯᠤᠯᠲᠠ ᠵᠢ ᠨᠢᠭᠡ ᠴᠣᠭᠴᠠᠵᠢᠭᠤᠯᠵᠤ᠂ ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ ᠵᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠶ ᠭᠡᠵᠦ ᠳᠤᠷᠠᠳᠤᠨ ᠭᠠᠷᠭ᠋ᠠᠵᠠᠢ᠃
ᠡᠬᠢ ᠪᠠᠶᠠᠯᠢᠭ᠎ᠤᠨ ᠬᠡᠯᠪᠡᠷᠢ ᠵᠢᠨ ᠭᠠᠵᠠᠷ ᠣᠷᠣᠨ᠎ᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠦᠬᠦ ᠲᠠᠯ᠎ᠠ ᠵᠢᠨ ᠠᠵᠢᠯ᠎ᠤᠨ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ᠂ ᠪᠦᠬᠦ ᠣᠷᠣᠨ ᠪᠦᠰᠡ᠂ ᠪᠦᠬᠦ ᠶᠠᠪᠤᠴᠠ᠎ᠪᠠᠷ ᠴᠢᠩᠭ᠋ᠠᠳᠬᠠᠵᠤ᠂ ᠭᠣᠣᠯᠳᠠᠯᠭ᠎ᠠ᠎ᠲᠠᠢ ᠴᠡᠭᠴᠡᠯᠡᠨ ᠵᠠᠰᠠᠬᠤ᠎ᠠᠴᠠ ᠰᠢᠰᠲ᠋ᠧᠮ᠎ᠲᠠᠢ ᠵᠠᠰᠠᠯᠲᠠ ᠬᠢᠬᠦ᠂ ᠰᠠᠨᠠᠭ᠋ᠠᠴᠢᠯᠠᠭ᠎ᠠ ᠦᠭᠡᠢ ᠪᠠᠶ᠋ᠢᠳᠠᠯ᠎ᠢ ᠠᠷᠭ᠋ᠠᠴᠠᠭ᠋ᠠᠬᠤ᠎ᠠᠴᠠ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠭ᠎ᠠ ᠬᠢᠬᠦ᠂ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠭᠰᠠᠳ᠎ᠠᠴᠠ ᠬᠥᠲᠥᠯᠥᠨ ᠳᠠᠭ᠋ᠠᠭᠤᠯᠤᠭᠴᠢ ᠪᠣᠯᠬᠤ᠂ ᠦᠢ᠍ᠯᠡᠳᠦᠯᠭᠡ ᠵᠢᠨ ᠰᠦᠪᠡᠭᠴᠢᠯᠡᠯᠲᠡ᠎ᠠᠴᠠ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠣᠭᠣᠳᠤᠯᠭ᠎ᠠ᠎ᠳᠤ ᠬᠦᠷᠬᠦ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠪᠤᠴᠠ᠎ᠳᠤ᠂ ᠥᠪᠥᠷ ᠮᠣᠩᠭᠣᠯ ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠥᠨᠳᠥᠷᠴᠡ᠎ᠠᠴᠠ ᠬᠥᠭᠵᠢᠯᠲᠡ ᠵᠢ ᠲᠥᠯᠥᠪᠵᠢᠭᠦᠯᠵᠦ᠂ ᠥᠩᠭᠡ ᠢᠯᠭ᠋ᠠᠷᠠᠮ᠎ᠠ ᠬᠠᠭᠤᠳᠠᠰᠤ ᠵᠢ ᠪᠢᠴᠢᠭᠯᠡᠵᠡᠢ᠃
(ᠨᠢᠭᠡ) ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠭᠰᠠᠨ ᠭᠠᠶ᠋ᠢᠬᠠᠮᠰᠢᠭ᠎ᠢ ᠡᠭᠦᠳᠪᠡ
ᠥᠪᠥᠷ ᠮᠣᠩᠭᠣᠯ᠎ᠤᠨ ᠬᠢᠯᠢ ᠳᠣᠲᠣᠷ᠎ᠠ ᠪᠠᠳᠠᠢ ᠵᠢᠨ ᠵᠢᠷᠢᠨ᠂ ᠲᠡᠭᠷᠢ᠂ ᠤᠯᠠᠭ᠋ᠠᠨᠪᠤᠬ᠎ᠠ᠂ ᠬᠥᠪᠴᠢ ᠵᠢᠨ 《ᠳᠥᠷᠪᠡᠨ ᠶᠡᠬᠡ ᠡᠯᠡᠰᠦ》 ᠪᠣᠯᠣᠨ ᠮᠤᠤᠠᠤᠰᠤ᠂ ᠬᠤᠯᠠᠨ ᠰᠢᠷᠭ᠎ᠠ ᠲᠠᠭ᠎ᠠ᠂ ᠬᠣᠷᠴᠢᠨ᠂ ᠬᠥᠯᠥᠨ ᠪᠣᠢ᠌ᠷ 《ᠳᠥᠷᠪᠡᠨ ᠶᠡᠬᠡ ᠡᠯᠡᠰᠦᠷᠬᠡᠭ ᠭᠠᠵᠠᠷ》 ᠲᠠᠷᠬᠠᠵᠤ ᠪᠤᠢ᠃ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠲᠡᠢ᠌ᠨ᠎ᠤ ᠲᠠᠯᠠᠪᠤᠷ᠂ ᠡᠯᠡᠰᠦᠨ ᠰᠢᠭᠤᠷᠭ᠎ᠠ ᠵᠢ ᠰᠡᠷᠭᠡᠢ᠌ᠯᠡᠬᠦ ᠭᠣᠣᠯ ᠰᠡᠷᠭᠡᠢ᠌ᠯᠡᠯᠲᠡ ᠵᠢᠨ ᠱᠤᠭᠤᠮ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠭᠠᠮᠰᠢᠭ᠎ᠠᠴᠠ ᠪᠣᠯᠵᠤ ᠰᠡᠷᠭᠡᠢ᠌ᠯᠡᠯᠲᠡ ᠪᠠᠢ᠌ᠷᠢᠯᠠᠭᠤᠯᠵᠤ᠂ ᠣᠷᠣᠨ ᠬᠤᠪᠢᠶᠠᠨ ᠲᠥᠷᠥ ᠵᠢᠨ ᠪᠣᠳᠣᠯᠭ᠎ᠠ ᠬᠡᠷᠡᠭᠵᠢᠭᠦᠯᠵᠦ᠂ ᠭᠣᠣᠯ ᠡᠭᠦᠷᠭᠡ ᠵᠢ ᠡᠭᠦᠷᠭᠡᠯᠡᠬᠦ᠂ ᠬᠦᠨᠳᠦ ᠡᠭᠦᠷᠭᠡ ᠵᠢ ᠡᠭᠦᠷᠭᠡᠯᠡᠬᠦ ᠭᠣᠣᠯ ᠬᠦᠴᠦᠨ᠎ᠤ ᠬᠣᠰᠢᠭᠤᠴᠢ ᠳᠦᠷᠢ᠎ᠪᠠᠷ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠡᠯᠡᠰᠦ ᠵᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯ ᠸᠣᠯᠲᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠬᠠᠳᠤᠨ ᠭᠣᠣᠯ᠎ᠤᠨ 《ᠲᠣᠬᠣᠢ ᠬᠡᠰᠡᠭ》᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠂ ᠬᠣᠷᠴᠢᠨ ᠪᠣᠯᠣᠨ ᠬᠤᠯᠠᠨ ᠰᠢᠷᠭ᠎ᠠ ᠲᠠᠭ᠎ᠠ ᠵᠢᠨ ᠬᠣᠶᠠᠷ ᠶᠡᠬᠡ ᠡᠯᠡᠰᠦᠷᠬᠡᠭ ᠭᠠᠵᠠᠷ᠎ᠢ ᠰᠥᠨᠥᠭᠡᠬᠦ ᠳᠠᠢ᠌ᠯᠠᠯᠳᠤᠭ᠋ᠠᠨ᠂ ᠬᠠᠳᠤᠨ ᠭᠣᠣᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠦᠯ᠎ᠤᠨ ᠵᠠᠬ᠎ᠠ ᠵᠢᠨ ᠬᠣᠷᠢᠭᠯᠠᠨ ᠴᠣᠬᠢᠬᠤ ᠳᠠᠢ᠌ᠯᠠᠯᠳᠤᠭ᠋ᠠᠨ᠎ᠤ ᠪᠣᠳᠠᠲᠠᠢ ᠡᠭᠦᠷᠭᠡ ᠵᠢ ᠲᠣᠳᠣᠷᠬᠠᠢ᠌ᠯᠠᠪᠠ᠃ ᠣᠷᠣᠨ ᠪᠦᠰᠡ ᠵᠢᠨ ᠬᠣᠯᠪᠤᠭ᠋ᠠᠯᠠᠨ ᠰᠡᠷᠭᠡᠢ᠌ᠯᠡᠵᠦ ᠬᠣᠯᠪᠤᠭ᠋ᠠᠯᠠᠨ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠪᠠ᠃ 70 ᠭᠠᠷᠤᠢ ᠵᠢᠯ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠦᠢ᠍ᠯᠡᠳᠦᠯᠭᠡ ᠳᠤᠮᠳᠠ᠂ ᠪᠠᠶᠠᠨᠨᠠᠭᠤᠷ ᠬᠤᠳᠠ ᠵᠢᠨ ᠳ᠋ᠥ᠋ᠩᠺᠸᠤ ᠰᠢᠶᠠᠨ᠎ᠤ 《ᠮᠣᠳᠣ᠎ᠪᠠᠷ ᠡᠯᠡᠰᠦ ᠵᠢ ᠬᠠᠰᠢᠬᠤ᠂ ᠡᠪᠡᠰᠦ᠎ᠪᠠᠷ ᠡᠯᠡᠰᠦ ᠵᠢ ᠲᠣᠭᠲᠠᠪᠤᠷᠢᠵᠢᠭᠤᠯᠬᠤ᠂ ᠭᠡᠷᠡᠯ ᠵᠶ᠋ᠡᠷ ᠡᠯᠡᠰᠦ ᠵᠢ ᠴᠣᠣᠵᠢᠯᠠᠬᠤ》 ᠰᠢᠰᠲ᠋ᠧᠮ᠎ᠲᠠᠢ ᠡᠯᠡᠰᠦ ᠵᠢ ᠵᠠᠰᠠᠬᠤ ᠰᠢᠨ᠎ᠡ ᠵᠢ ᠡᠭᠦᠳᠬᠦ ᠵᠠᠭᠪᠤᠷ᠎ᠨᠢ 210 ᠲᠦᠮᠡᠨ ᠮᠦ᠍ ᠤᠯᠠᠭ᠋ᠠᠨᠪᠤᠬ᠎ᠠ ᠵᠢᠨ ᠡᠯᠡᠰᠦᠨ᠎ᠳᠤ ᠨᠣᠭᠣᠭ᠋ᠠᠨ ᠬᠦᠷᠮ᠎ᠡ ᠡᠮᠦᠰᠬᠡᠵᠡᠢ᠃ ᠣᠷᠳᠣᠰ ᠬᠤᠳᠠ 《ᠨᠠᠮ᠎ᠤᠨ ᠬᠣᠷᠢᠶ᠎ᠠ ᠵᠠᠰᠠᠭ᠎ᠤᠨ ᠣᠷᠳᠣᠨ ᠳᠦᠷᠦ ᠵᠢᠨ ᠪᠣᠳᠣᠯᠭ᠎ᠠ ᠵᠢᠨ ᠴᠢᠨᠠᠷᠲᠠᠢ᠎ᠪᠠᠷ ᠭᠣᠣᠯᠯᠠᠨ ᠤᠳᠤᠷᠢᠳᠬᠤ᠂ ᠠᠵᠤ ᠠᠬᠤᠢ᠌ᠯᠠᠯ᠎ᠤᠨ ᠠᠵᠤ ᠦᠢ᠍ᠯᠡᠰᠵᠢᠯᠲᠡ᠎ᠪᠠᠷ ᠪᠡᠯᠡ ᠣᠷᠣᠭᠤᠯᠬᠤ᠂ ᠮᠠᠯᠴᠢᠨ ᠲᠠᠷᠢᠶᠠᠴᠢᠨ᠎ᠢ ᠵᠠᠬ᠎ᠠ ᠳᠡᠯᠭᠡᠭᠦᠷᠴᠢᠯᠡᠨ ᠣᠷᠣᠯᠴᠠᠭᠤᠯᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷᠭᠦᠯᠵᠢᠯᠡᠨ ᠰᠢᠨ᠎ᠡ ᠵᠢ ᠡᠭᠦᠳᠬᠦ》 ᠬᠥᠪᠴᠢ ᠵᠢᠨ ᠵᠠᠭᠪᠤᠷ᠎ᠢ ᠬᠠᠢ᠌ᠨ ᠰᠦᠪᠡᠭᠴᠢᠯᠡᠵᠦ᠂ ᠡᠯᠡᠰᠦᠷᠬᠡᠭᠵᠢᠯ᠎ᠢ ᠵᠠᠰᠠᠬᠤ᠂ ᠠᠮᠢ ᠠᠬᠤᠢ᠂ ᠠᠵᠤ ᠠᠬᠤᠢ᠂ ᠠᠷᠠᠳ᠎ᠤᠨ ᠠᠮᠢᠳᠤᠷᠠᠯ᠎ᠢ ᠲᠡᠩᠴᠡᠭᠦᠷᠢᠲᠡᠢ ᠪᠠᠢ᠌ᠯᠭ᠋ᠠᠬᠤ᠎ᠪᠠᠷ ᠬᠥᠳᠡᠯᠭᠡᠭᠦᠷ ᠪᠣᠯᠭ᠋ᠠᠭᠰᠠᠨ ᠦᠷᠭᠦᠯᠵᠢᠯᠡᠬᠦ ᠬᠥᠭᠵᠢᠯᠲᠡ ᠵᠢᠨ ᠵᠠᠮ᠎ᠢ ᠨᠡᠭᠡᠭᠡᠵᠡᠢ᠃ ᠢᠯᠠᠩᠭᠤᠶ᠎ᠠ 2023 ᠣᠨ᠎ᠤ 6 ᠰᠠᠷ᠎ᠠ᠎ᠠᠴᠠ ᠨᠠᠭ᠋ᠠᠰᠢ᠂ ᠪᠦᠬᠦ ᠣᠷᠣᠨ ᠵᠶ᠋ᠠᠷ ᠵᠶ᠋ᠠᠨ ᠡᠳᠦᠷ ᠪᠦᠷᠢ ᠳᠤᠮᠳᠠᠴᠢ᠎ᠪᠠᠷ 1.7 ᠲᠦᠮᠡᠨ ᠮᠦ᠍ ᠮᠣᠳᠣ ᠲᠠᠷᠢᠵᠤ᠂ 8.8 ᠲᠦᠮᠡᠨ ᠮᠦ᠍ ᠡᠪᠡᠰᠦ ᠲᠠᠷᠢᠵᠤ᠂ 4.3 ᠲᠦᠮᠡᠨ ᠮᠦ᠍ ᠡᠯᠡᠰᠦᠷᠬᠡᠭᠵᠢᠯ᠎ᠢ ᠰᠡᠷᠭᠡᠢ᠌ᠯᠡᠨ ᠵᠠᠰᠠᠵᠤ᠂ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠪᠠ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ 《ᠬᠤᠷᠳᠤᠴᠠ》 ᠵᠢ ᠨᠡᠮᠡᠭᠳᠡᠭᠦᠯᠵᠦ᠂ ᠥᠪᠥᠷ ᠮᠣᠩᠭᠣᠯ ᠨᠢᠭᠡᠨᠲᠡ 《ᠤᠮᠠᠷᠠᠲᠤ ᠵᠢᠨ ᠭᠤᠷᠪᠠᠨ ᠣᠷᠣᠨ》᠎ᠤ ᠲᠦᠮᠡᠨ ᠭᠠᠵᠠᠷ᠎ᠤᠨ ᠰᠠᠯᠬᠢ ᠰᠢᠭᠤᠷᠭ᠋ᠠᠨ᠎ᠤ ᠱᠤᠭᠤᠮ ᠳᠡᠭᠡᠷᠡᠬᠢ ᠨᠣᠭᠣᠭ᠋ᠠᠨ ᠰᠤᠪᠤᠳ ᠪᠣᠯᠵᠠᠢ᠃
(ᠬᠣᠶᠠᠷ) ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠠᠵᠢᠯ ᠢᠯᠡᠳᠲᠡ ᠦᠷ᠎ᠡ ᠪᠦᠲᠦᠮᠵᠢ ᠣᠯᠪᠠ
ᠪᠠᠶ᠋ᠢᠭ᠋ᠠᠯᠢ ᠵᠢᠨ ᠰᠢᠯᠲᠠᠭ᠋ᠠᠨ ᠪᠠ ᠬᠥᠮᠥᠨ᠎ᠤ ᠠᠵᠢᠯᠯᠠᠭ᠎ᠠ᠎ᠠᠴᠠ ᠪᠣᠯᠵᠤ᠂ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ᠎ᠲᠤ ᠠᠳᠠᠯᠢ ᠪᠤᠰᠤ ᠬᠡᠮᠵᠢᠶ᠎ᠡ᠎ᠪᠠᠷ ᠨᠠᠭᠤᠷ᠎ᠤᠨ ᠲᠠᠯᠠᠪᠠᠢ ᠪᠠᠭ᠋ᠠᠰᠴᠤ᠂ ᠤᠰᠤᠨ᠎ᠤ ᠴᠢᠨᠠᠷ ᠮᠠᠭᠤᠳᠠᠭᠰᠠᠨ ᠵᠡᠷᠭᠡ ᠠᠰᠠᠭᠤᠳᠠᠯ ᠢᠯᠡᠷᠡᠵᠦ᠂ 《ᠲᠠᠯ᠎ᠠ ᠨᠤᠲᠤᠭ᠎ᠤᠨ ᠬᠡᠷᠡᠯᠳᠦ ᠰᠤᠪᠤᠳ》 ᠨᠢᠭᠡ ᠦᠶ᠎ᠡ ᠲᠣᠭᠣᠰᠣᠨ᠎ᠳᠤ ᠳᠠᠷᠤᠭᠳᠠᠵᠠᠢ᠃ 《ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ》᠎ᠤᠨ ᠪᠣᠬᠢᠷᠲᠤᠯ᠎ᠤᠨ ᠪᠠᠶ᠋ᠢᠳᠠᠯ ᠶᠡᠷᠦᠩᠬᠡᠢ ᠱᠦᠵᠢ ᠵᠢᠨ ᠠᠩᠬᠠᠷᠤᠯ᠎ᠢ ᠲᠠᠲᠠᠯ᠎ᠠ᠃ ᠥᠪᠥᠷ ᠮᠣᠩᠭᠣᠯ ᠶᠡᠷᠦᠩᠬᠡᠢ ᠱᠦᠵᠢ ᠵᠢᠨ ᠴᠢᠬᠤᠯᠠ ᠴᠣᠬᠣᠯᠠᠪᠤᠷᠢ᠂ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠯᠢᠭᠵᠢᠭᠤᠯᠵᠤ᠂ ᠬᠠᠷᠢᠭᠤᠴᠠᠯᠭ᠎ᠠ ᠵᠢ ᠲᠣᠳᠣᠷᠬᠠᠢ ᠨᠠᠢ᠌ᠳᠠᠪᠤᠷᠢᠵᠢᠭᠤᠯᠵᠤ᠂ ᠲᠤᠢ᠌ᠯ᠎ᠤᠨ ᠣᠨᠣᠴᠠᠲᠠᠢ᠎ᠪᠠᠷ ᠪᠣᠬᠢᠷᠲᠤᠯ᠎ᠢ ᠵᠠᠰᠠᠬᠤ᠂ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠵᠢ ᠪᠠᠷᠢᠮᠲᠠᠯᠠᠵᠤ᠂ ᠡᠷᠴᠢᠮ ᠵᠶ᠋ᠡᠨ ᠴᠢᠩᠭ᠋ᠠᠷᠠᠭᠤᠯᠵᠤ᠂ ᠭᠦᠨᠴᠡ ᠵᠢ ᠤᠷᠲᠤᠳᠬᠠᠨ᠂ ᠥᠷᠭᠡᠴᠡ ᠵᠢ ᠥᠷᠭᠡᠳᠬᠡᠵᠦ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠭᠦᠨᠵᠡᠭᠡᠢ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠨ᠎ᠡ ᠪᠠᠶ᠋ᠢᠳᠠᠯ ᠰᠢᠨ᠎ᠡ ᠱᠠᠭ᠋ᠠᠷᠳᠠᠯᠭ᠎ᠠ᠎ᠳᠤ ᠢᠳᠡᠪᠬᠢᠲᠡᠢ ᠵᠣᠬᠢᠴᠠᠵᠤ᠂ 《ᠤᠯᠠᠭ᠋ᠠᠨᠰᠤᠬᠠᠢ ᠵᠢᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ ᠪᠦᠰᠡ ᠠᠯᠤᠰᠯᠠᠨ ᠬᠠᠮᠵᠢᠯᠴᠠᠨ ᠨᠢᠭᠡᠳᠦᠯᠲᠡᠢ ᠠᠵᠢᠯᠯᠠᠭ᠎ᠠ ᠬᠢᠬᠦ ᠠᠵᠢᠯ᠎ᠤᠨ ᠲᠥᠰᠥᠯ》᠎ᠢ ᠨᠡᠢ᠌ᠲᠡᠯᠡᠵᠦ᠂ 《ᠨᠠᠭᠤᠷ ᠴᠥᠭᠥᠷᠥᠮ᠎ᠢ ᠵᠠᠰᠠᠬᠤ》᠎ᠠᠴᠠ《ᠰᠠᠪᠠ ᠭᠠᠵᠠᠷ᠎ᠢ ᠵᠠᠰᠠᠬᠤ》 ᠲᠡᠶ᠋ᠢᠰᠢ ᠬᠤᠪᠢᠷᠠᠭᠤᠯᠵᠤ᠂ 《ᠴᠡᠭ》 ᠵᠶ᠋ᠠᠷ ᠵᠠᠰᠠᠵᠤ ᠪᠠᠢ᠌ᠭᠰᠠᠨ᠎ᠠᠴᠠ 《ᠲᠠᠯ᠎ᠠ》 ᠪᠠᠷ ᠵᠠᠰᠠᠬᠤ ᠲᠡᠶ᠋ᠢᠰᠢ ᠬᠤᠪᠢᠷᠠᠭᠤᠯᠵᠤ᠂ ᠬᠥᠯᠥᠨ ᠨᠠᠭᠤᠷ᠂ ᠤᠯᠠᠭ᠋ᠠᠨᠰᠤᠬᠠᠢ᠂ ᠲᠠᠭ᠎ᠠ ᠵᠢᠨ ᠨᠠᠭᠤᠷ ᠠᠮᠢ ᠠᠮᠢᠵᠢᠷᠠᠯ ᠵᠶ᠋ᠠᠷ ᠪᠢᠯᠬᠠᠪᠠ᠃ ᠡᠳᠦᠭᠡ᠂ ᠰᠢᠪᠠᠭᠤ ᠵᠢᠷᠭᠢᠨ ᠵᠢᠭ᠋ᠠᠰᠤ ᠳᠡᠪᠬᠡᠷᠴᠦ᠂ 《ᠭᠤᠷᠪᠠᠨ ᠨᠠᠭᠤᠷ》᠎ᠨᠢ ᠶᠠᠭ ᠭᠤᠷᠪᠠᠨ ᠬᠢᠯᠠᠯᠵᠠᠭᠰᠠᠨ ᠬᠡᠷᠡᠯᠳᠦ ᠰᠤᠪᠤᠳ ᠰᠢᠭ᠋ ᠵᠶ᠋ᠡᠷ ᠤᠮᠠᠷᠠᠲᠤ ᠬᠢᠯᠢ ᠵᠢᠨ ᠡᠬᠡ ᠭᠠᠵᠠᠷ᠎ᠲᠤ ᠰᠢᠭᠢᠳᠬᠡᠭᠳᠡᠪᠡ᠃
(ᠭᠤᠷᠪᠠ) ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠢᠳᠡᠪᠬᠢᠲᠡᠢ ᠠᠬᠢᠭᠤᠯᠪᠠ
ᠥᠪᠥᠷ ᠮᠣᠩᠭᠣᠯ ᠪᠣᠯ ᠮᠠᠨ᠎ᠤ ᠤᠯᠤᠰ᠎ᠤᠨ ᠴᠢᠬᠤᠯᠠ ᠡᠨᠧᠷᠭᠢ ᠵᠢᠨ ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ ᠪᠣᠯᠣᠨ᠎ᠠ᠂ ᠡᠨᠧᠷᠭᠢ ᠵᠢᠨ ᠰᠤᠷᠪᠤᠯᠵᠢ ᠵᠢᠨ ᠪᠦᠲᠦᠴᠡ᠎ᠨᠢ ᠤᠷᠳᠤ ᠬᠤᠭᠤᠴᠠᠭ᠎ᠠ᠎ᠪᠠᠷ ᠨᠡᠭᠦᠷᠡᠰᠦ᠎ᠪᠠᠷ ᠭᠣᠣᠯ ᠪᠣᠯᠭ᠋ᠠᠵᠤ᠂ ᠮᠠᠨ᠎ᠤ ᠤᠯᠤᠰ᠎ᠤᠨ ᠰᠢᠨ᠎ᠡ ᠡᠷᠦᠳᠡᠰᠦ ᠵᠢ ᠬᠠᠮᠤᠭ ᠤᠯᠠᠨ ᠢᠯᠡᠷᠡᠭᠦᠯᠦᠭᠰᠡᠨ ᠮᠤᠵᠢ ᠣᠷᠣᠨ ᠪᠣᠯᠣᠨ᠎ᠠ᠂ ᠨᠡᠩ ᠴᠤ᠌ ᠳᠡᠯᠡᠬᠡᠢ ᠵᠢᠨ ᠬᠠᠮᠤᠭ᠎ᠤᠨ ᠲᠣᠮᠣ 《ᠵᠠᠳᠠᠭ᠋ᠠᠢ ᠨᠡᠭᠦᠷᠡᠰᠦᠨ ᠠᠭᠤᠷᠬᠠᠢ》 ᠵᠢᠨ ᠨᠤᠲᠤᠭ ᠪᠣᠯᠣᠨ᠎ᠠ᠃ ᠥᠪᠥᠷ ᠮᠣᠩᠭᠣᠯ 《ᠬᠣᠣᠰ ᠨᠠᠭᠦᠷᠡᠰᠦᠲᠦ᠋ᠷᠦᠭᠴᠢ》 ᠵᠢᠨ ᠬᠠᠷᠠᠯᠲᠠ᠎ᠪᠠᠨ ᠲᠣᠭᠲᠠᠭ᠋ᠠᠵᠤ᠂ 《ᠬᠣᠣᠰ》 ᠬᠦᠨᠳᠦ ᠡᠭᠦᠷᠭᠡ ᠵᠢ ᠡᠭᠦᠷᠭᠡᠯᠡᠵᠦ᠂ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ 《ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠵᠤ᠂ ᠪᠣᠬᠢᠷᠲᠤᠯ ᠦᠭᠡᠢ᠎ᠪᠠᠷ ᠬᠥᠭᠵᠢᠭᠦᠯᠬᠦ》 ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠠᠵᠤ ᠦᠢ᠍ᠯᠡᠳᠪᠦᠷᠢ ᠵᠢᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠬᠥᠲᠥᠯᠥᠨ 《ᠨᠡᠭᠦᠷᠡᠰᠦ᠎ᠪᠠᠷ ᠭᠣᠣᠯᠯᠠᠭᠤᠯᠵᠤ》 ᠪᠠᠢ᠌ᠭᠰᠠᠨ᠎ᠠᠴᠠ᠎ᠪᠠᠨ ᠠᠯᠬᠤᠮ ᠠᠯᠬᠤᠮ ᠵᠶ᠋ᠠᠷ 《ᠤᠯᠠᠨ ᠡᠰᠢᠲᠦ ᠬᠥᠭᠵᠢᠯᠲᠡ》 ᠪᠣᠯᠵᠤ᠂ ᠡᠨᠧᠷᠭᠢ ᠵᠢᠨ ᠠᠵᠤ ᠦᠢ᠍ᠯᠡᠳᠪᠦᠷᠢ᠂ ᠲᠡᠮᠦᠷᠯᠢᠭ ᠪᠠᠷᠢᠯᠭ᠎ᠠ ᠵᠢᠨ ᠮᠠᠲ᠋ᠧᠷᠢᠶᠠᠯ᠂ ᠬᠢᠮᠢ ᠵᠢᠨ ᠠᠵᠤ ᠦᠢ᠍ᠯᠡᠳᠪᠦᠷᠢ᠂ ᠲᠣᠨᠣᠭ ᠲᠥᠬᠦᠭᠡᠷᠦᠮᠵᠢ ᠦᠢ᠍ᠯᠡᠳᠬᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠪᠠ ᠬᠠᠷᠢᠴᠠᠩᠭᠤᠢ ᠳᠠᠪᠠᠭᠤᠯᠢᠭ ᠪᠦᠬᠦᠢ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ ᠵᠡᠷᠭᠡ ᠵᠢᠷᠭᠤᠭ᠋ᠠᠨ ᠶᠡᠬᠡ ᠳᠠᠪᠠᠭᠤᠯᠢᠭ ᠣᠨᠴᠠᠯᠢᠭᠲᠤ ᠠᠵᠤ ᠦᠢ᠍ᠯᠡᠰ ᠵᠶ᠋ᠡᠷ ᠲᠤᠯᠭ᠋ᠠᠭᠤᠷᠢᠯᠠᠯ ᠪᠣᠯᠭ᠋ᠠᠭᠰᠠᠨ ᠠᠵᠤ ᠦᠢ᠍ᠯᠡᠳᠪᠦᠷᠢ ᠵᠢᠨ ᠰᠢᠰᠲ᠋ᠧᠮ᠎ᠢ ᠪᠤᠢ ᠪᠣᠯᠭ᠋ᠠᠵᠤ᠂ ᠨᠡᠭᠦᠷᠡᠰᠦ ᠵᠢ ᠬᠤᠪᠢᠷᠠᠭᠤᠯᠬᠤ ᠵᠢᠴᠢ ᠨᠡᠭᠦᠷᠡᠰᠦ᠎ᠪᠠᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠴᠢᠩᠭ᠋ᠠᠷᠠᠭᠤᠯᠵᠤ᠂ ᠨᠡᠭᠦᠷᠡᠰᠦ᠎ᠪᠠᠷ ᠲᠣᠰᠣ ᠦᠢ᠍ᠯᠡᠳᠬᠦ᠂ ᠨᠡᠭᠦᠷᠡᠰᠦ᠎ᠪᠠᠷ ᠠᠯᠺᠸᠨ ᠦᠢ᠍ᠯᠡᠳᠬᠦ᠂ ᠨᠡᠭᠦᠷᠡᠰᠦ᠎ᠪᠠᠷ ᠬᠣᠶᠠᠷ ᠮᠧᠲ᠋ᠢᠯᠲᠦ ᠡᠲ᠋ᠧᠷ ᠦᠢ᠍ᠯᠡᠳᠬᠦ᠂ ᠨᠡᠭᠦᠷᠡᠰᠦ᠎ᠪᠠᠷ ᠮᠧᠲ᠋ᠠᠨ ᠬᠡᠢ ᠦᠢ᠍ᠯᠡᠳᠬᠦ᠂ ᠨᠡᠭᠦᠷᠡᠰᠦ᠎ᠪᠠᠷ ᠡᠲ᠋ᠢᠯ ᠬᠣᠶᠠᠷᠴᠢ ᠠᠯᠺᠤᠤᠯ ᠦᠢ᠍ᠯᠡᠳᠬᠦ ᠰᠢᠨ᠎ᠡ ᠬᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠠᠵᠤ ᠦᠢ᠍ᠯᠡᠳᠪᠦᠷᠢᠵᠢᠯᠲᠡ ᠵᠢ ᠪᠡᠶᠡᠯᠡᠭᠦᠯᠬᠦ ᠵᠢ ᠠᠬᠢᠭᠤᠯᠵᠠᠢ᠃ 《ᠠᠷᠢᠭᠤᠨ ᠴᠡᠪᠡᠷ》᠎ᠤᠨ ᠲᠣᠭᠣᠷᠢᠨ᠎ᠳᠤ ᠡᠬᠢ ᠪᠠᠶᠠᠯᠢᠭ᠎ᠤᠨ ᠬᠤᠪᠢᠷᠠᠭᠤᠯᠤᠯᠲᠠ ᠵᠢ ᠰᠠᠶ᠋ᠢᠲᠤᠷ ᠬᠢᠵᠦ᠂ ᠬᠡᠪᠴᠢᠶ᠎ᠡ ᠪᠠ ᠮᠡᠷᠭᠡᠵᠢᠯ ᠲᠣᠨᠣᠭᠯᠠᠯ᠎ᠨᠢ ᠳᠡᠯᠡᠬᠡᠢ ᠵᠢᠨ ᠲᠡᠷᠢᠭᠦᠨ᠎ᠤ ᠬᠢᠷᠢ ᠲᠦᠪᠰᠢᠨ᠎ᠳᠤ ᠬᠦᠷᠦᠭᠰᠡᠨ ᠨᠢᠭᠡ ᠪᠦᠯᠦᠭ ᠲᠣᠮᠣ ᠬᠡᠯᠪᠡᠷᠢ ᠵᠢᠨ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠬᠢᠮᠢ ᠵᠢᠨ ᠠᠵᠤ ᠦᠢ᠍ᠯᠡᠳᠪᠦᠷᠢ ᠵᠢᠨ ᠳᠦᠷᠦᠯ ᠵᠦᠢ᠍ᠯ᠎ᠢ 《ᠲᠣᠭ᠋ᠠᠴᠢᠯᠠᠭᠰᠠᠨ ᠮᠡᠷᠭᠡᠵᠢᠯ᠎ᠤᠨ ᠬᠡᠷᠡᠭᠯᠡᠭᠡ》᠎ᠪᠠᠷ ᠭᠣᠣᠯᠳᠠᠯᠭ᠎ᠠ ᠪᠣᠯᠭ᠋ᠠᠵᠤ᠂ ᠪᠣᠯᠣᠳ ᠲᠡᠮᠦᠷ᠂ ᠬᠣᠪᠣᠷ ᠰᠢᠷᠣᠢ᠂ ᠬᠢᠮᠢ ᠵᠢᠨ ᠠᠵᠤ ᠦᠢ᠍ᠯᠡᠳᠪᠦᠷᠢ᠂ ᠲᠣᠨᠣᠭ ᠲᠥᠬᠦᠭᠡᠷᠦᠮᠵᠢ ᠵᠡᠷᠭᠡ ᠠᠵᠢᠯ ᠳᠦᠷᠦᠯ᠎ᠤᠨ ᠦᠢ᠍ᠯᠡᠴᠢᠯᠡᠭᠡᠨ᠎ᠤ ᠬᠡᠯᠪᠡᠷᠢ ᠵᠢᠨ ᠦᠢ᠍ᠯᠡᠳᠬᠦ ᠰᠢᠨ᠎ᠡ ᠬᠡᠪ ᠵᠠᠭᠪᠤᠷ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠥᠷᠨᠢᠭᠦᠯᠬᠦ ᠵᠢ ᠠᠬᠢᠭᠤᠯᠵᠤ᠂ ᠲᠣᠭ᠋ᠠᠴᠢᠯᠠᠭᠰᠠᠨ ᠠᠵᠤ ᠠᠬᠤᠢ ᠵᠢ ᠠᠯᠬᠤᠮ ᠠᠯᠬᠤᠮ ᠵᠶ᠋ᠠᠷ ᠥᠪᠥᠷ ᠮᠣᠩᠭᠣᠯ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ ᠰᠢᠨ᠎ᠡ ᠬᠥᠳᠡᠯᠭᠡᠭᠦᠷ ᠪᠣᠯᠭ᠋ᠠᠪᠠ᠃ ᠠᠵᠤ ᠦᠢ᠍ᠯᠡᠳᠪᠦᠷᠢ 《ᠬᠠᠷ᠎ᠠ》 ᠪᠠᠢ᠌ᠭᠰᠠᠨ᠎ᠠᠴᠠ᠎ᠪᠠᠨ 《ᠨᠣᠭᠣᠭ᠋ᠠᠨ》 ᠬᠤᠪᠢᠷᠠᠵᠤ᠂ 《ᠢᠮᠠᠭ᠋ᠠᠨ ᠨᠤᠭᠤᠯᠤᠤᠷ ᠨᠡᠭᠦᠷᠡᠰᠦ ᠬᠣᠪᠣᠷ ᠰᠢᠷᠣᠢ ᠰᠢᠲᠠᠮᠠᠬᠠᠢ ᠬᠡᠢ》 ᠪᠠᠢ᠌ᠭᠰᠠᠨ᠎ᠠᠴᠠ᠎ᠪᠠᠨ 《ᠰᠠᠨᠠᠭ᠎ᠠ ᠠᠭᠤᠵᠢᠷᠠᠵᠤ ᠰᠡᠳᠬᠢᠯ ᠪᠠᠶᠠᠰᠬᠤ》᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠪᠠ᠃
ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠬᠢᠯᠢ ᠬᠢᠵᠠᠭ᠋ᠠᠷ᠎ᠤᠨ ᠥᠯᠢᠭᠡᠷ ᠳᠠᠭᠤᠷᠢᠶᠠᠯ᠎ᠢ ᠪᠢᠴᠢᠭᠯᠡᠪᠡ
ᠡᠬᠡ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠡᠭᠦᠷᠭᠡ ᠬᠦᠨᠳᠦ ᠵᠠᠮ ᠬᠣᠯᠠ ᠪᠠᠢ᠌ᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠥᠪᠥᠷ ᠮᠣᠩᠭᠣᠯ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠥᠨᠢ ᠤᠳᠠᠭ᠋ᠠᠨ ᠴᠢᠷᠮᠠᠢ᠌ᠨ ᠠᠬᠢᠭᠤᠯᠬᠤ ᠬᠡᠷᠡᠭᠲᠡᠢ᠃
(ᠨᠢᠭᠡ) ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭᠴᠡᠭᠡ ᠵᠢ ᠬᠠᠩᠭ᠋ᠠᠬᠤ᠎ᠪᠠᠷ ᠬᠠᠷᠠᠯᠲᠠ ᠪᠣᠯᠭ᠋ᠠᠬᠤ ᠵᠢ ᠪᠠᠷᠢᠮᠲᠠᠯᠠᠪᠠ
ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠲᠦᠭᠡᠨ ᠪᠠᠢ᠌ᠭᠤᠯᠬᠤ᠎ᠳᠤ ᠡᠷᠬᠡᠪᠰᠢ ᠠᠷᠠᠳ ᠤᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠬᠡᠷᠡᠭᠴᠡᠭᠡ ᠵᠢ ᠲᠠᠰᠤᠷᠠᠯᠳᠠ ᠦᠭᠡᠢ ᠬᠠᠩᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠷᠠᠳ᠎ᠤᠨ ᠠᠮᠢᠳᠤᠷᠠᠯ᠎ᠢ ᠲᠡᠷᠢᠭᠦᠨ᠎ᠳᠤ ᠲᠠᠯᠪᠢᠬᠤ ᠬᠦᠷᠢᠶ᠎ᠡ ᠪᠣᠯᠭ᠋ᠠᠵᠤ᠂ ᠤᠯᠠᠨ ᠲᠦᠮᠡᠨ᠎ᠤ ᠰᠡᠷᠡᠵᠦ ᠮᠡᠳᠡᠵᠦ ᠪᠣᠯᠬᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠣᠳᠠᠲᠤ ᠶᠠᠪᠤᠳᠠᠯ᠎ᠢ ᠰᠠᠶ᠋ᠢᠲᠤᠷ ᠠᠳᠬᠤᠵᠤ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠷᠣᠯᠴᠠᠬᠤ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠥᠷᠭᠡᠨ ᠵᠶ᠋ᠡᠷ ᠨᠢᠭᠲᠠᠷᠠᠭᠤᠯᠬᠤ ᠬᠡᠷᠡᠭᠲᠡᠶ᠃ ᠪᠦᠲᠦᠮᠵᠢᠲᠡᠢ ᠵᠠᠰᠠᠬᠤ ᠪᠠ ᠴᠢᠩᠭ᠎ᠠ ᠬᠠᠮᠠᠭ᠋ᠠᠯᠠᠬᠤ ᠤᠷᠢᠲᠠᠯ ᠳᠣᠣᠷ᠎ᠠ᠂ ᠥᠪᠥᠷ ᠮᠣᠩᠭᠣᠯ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠰᠡᠷᠭᠡᠢ᠌ᠯᠡᠨ ᠵᠠᠰᠠᠬᠤ ᠵᠢ ᠵᠡᠷᠭᠡ᠎ᠪᠡᠷ ᠴᠢᠬᠤᠯᠠᠴᠢᠯᠠᠵᠤ᠂ ᠵᠠᠰᠠᠬᠤ ᠪᠠ ᠬᠡᠷᠡᠭᠯᠡᠬᠦ ᠵᠢ ᠤᠶᠠᠯᠳᠤᠭᠤᠯᠵᠤ᠂ ᠵᠠᠬ᠎ᠠ ᠳᠡᠯᠭᠡᠭᠦᠷᠴᠢᠯᠡᠬᠦ᠂ ᠠᠵᠤ ᠦᠢ᠍ᠯᠡᠰᠵᠢᠭᠦᠯᠬᠦ ᠰᠡᠳᠬᠢᠬᠦᠢ ᠵᠢ ᠪᠤᠢ ᠪᠣᠯᠭ᠋ᠠᠵᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠵᠢ ᠣᠷᠣᠨ ᠨᠤᠲᠤᠭ᠎ᠤᠨ ᠠᠵᠤ ᠠᠬᠤᠢ ᠵᠢ ᠬᠥᠭᠵᠢᠭᠦᠯᠬᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠨᠡᠮᠡᠭᠳᠡᠭᠦᠯᠬᠦ᠎ᠲᠠᠢ ᠨᠢᠭᠲᠠ ᠤᠶᠠᠯᠳᠤᠭᠤᠯᠵᠤ᠂ ᠡᠯᠡᠰᠦᠨ᠎ᠤ ᠤᠷᠭᠤᠮᠠᠯ᠎ᠢ ᠲᠠᠷᠢᠬᠤ ᠪᠠ ᠨᠡᠭᠡᠭᠡᠨ ᠠᠰᠢᠭᠯᠠᠬᠤ᠂ ᠣᠨᠴᠠ ᠲᠥᠷᠥᠯ᠎ᠤᠨ ᠡᠮ᠎ᠳᠤ ᠣᠷᠣᠬᠤ ᠤᠷᠭᠤᠮᠠᠯ᠎ᠢ ᠲᠠᠷᠢᠬᠤ ᠪᠠ ᠡᠳ᠋ᠰᠢᠭᠦᠯᠦᠨ ᠡᠵᠡᠩᠨᠡᠬᠦ᠂ ᠣᠢ ᠰᠢᠭᠤᠢ ᠴᠠᠭ᠋ᠠᠰᠤ ᠵᠢ ᠨᠢᠭᠡ ᠴᠣᠭᠴᠠᠵᠢᠭᠤᠯᠬᠤ ᠪᠠ ᠠᠮᠢᠳᠤ ᠪᠣᠳᠠᠰ᠎ᠤᠨ ᠮᠠᠰ ᠡᠨᠧᠷᠭᠢ ᠵᠢᠨ ᠰᠤᠷᠪᠤᠯᠵᠢ ᠵᠢ ᠠᠵᠤ ᠦᠢ᠍ᠯᠡᠰᠵᠢᠭᠦᠯᠬᠦ᠂ ᠡᠯᠡᠰᠦᠷᠬᠡᠭ ᠣᠷᠣᠨ᠎ᠤ ᠣᠨᠴᠠ ᠲᠥᠷᠥᠯ᠎ᠤᠨ ᠡᠬᠢ ᠪᠠᠶᠠᠯᠢᠭ᠎ᠢ ᠶᠡᠷᠦᠩᠬᠡᠢ᠌ᠯᠡᠨ ᠨᠡᠭᠡᠭᠡᠨ ᠠᠰᠢᠭᠯᠠᠬᠤ᠂ ᠡᠯᠡᠰᠦᠨ ᠴᠥᠯ᠎ᠤᠨ ᠦᠵᠡᠮᠵᠢ ᠵᠢᠨ ᠵᠢᠭᠤᠯᠴᠢᠯᠠᠯ᠂ ᠤᠰᠤ ᠠᠷᠪᠢᠯᠠᠬᠤ ᠤᠰᠤᠯᠠᠯᠲᠠ ᠪᠠ ᠰᠠᠯᠬᠢᠨ ᠡᠨᠧᠷᠭᠢ ᠵᠢᠨ ᠨᠡᠷᠡᠨ ᠡᠨᠧᠷᠭᠢ ᠵᠢ ᠠᠰᠢᠭᠯᠠᠬᠤ ᠵᠡᠷᠭᠡ ᠵᠢᠷᠭᠤᠭ᠋ᠠᠨ ᠶᠡᠬᠡ ᠲᠥᠷᠥᠯ ᠬᠡᠯᠪᠡᠷᠢ ᠵᠢᠨ ᠡᠯᠡᠰᠦᠨ᠎ᠤ ᠠᠵᠤ ᠦᠢ᠍ᠯᠡᠰ᠎ᠢ ᠪᠣᠢ᠌ᠵᠢᠭᠤᠯᠤᠨ ᠬᠥᠭᠵᠢᠭᠦᠯᠪᠡ᠃ ᠡᠯᠡᠰᠦ ᠮᠠᠩᠬ᠎ᠠ ᠵᠢ ᠨᠣᠭᠣᠭ᠋ᠠᠷᠠᠭᠤᠯᠬᠤ᠂ ᠠᠷᠠᠳ ᠤᠯᠠᠨ᠎ᠤ ᠣᠷᠣᠯᠭ᠎ᠠ ᠵᠢ ᠨᠡᠮᠡᠭᠳᠡᠭᠦᠯᠬᠦ᠂ ᠠᠵᠤ ᠠᠬᠤᠢ᠌ᠯᠠᠯ᠎ᠤᠨ ᠦᠷ᠎ᠡ ᠠᠰᠢᠭ᠎ᠢ ᠨᠡᠮᠡᠭᠳᠡᠭᠦᠯᠬᠦ ᠬᠥᠭᠵᠢᠯᠲᠡ ᠵᠢᠨ ᠵᠠᠮ ᠵᠶ᠋ᠠᠷ ᠵᠠᠮᠨᠠᠪᠠ᠃ ᠰᠠᠢ᠍ᠢ᠍ᠨ ᠰᠠᠢ᠌ᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠡᠷᠬᠡ ᠲᠡᠭᠰᠢ ᠤᠯᠠᠨ ᠨᠠᠢ᠌ᠳᠠ ᠵᠢᠨ ᠪᠦᠲᠦᠭᠡᠭᠳᠡᠬᠦᠨ᠂ ᠬᠠᠮᠤᠭ᠎ᠤᠨ ᠲᠦᠭᠡᠮᠡᠯ ᠠᠰᠢᠭ ᠬᠦᠷᠲᠡᠭᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ ᠮᠥᠨ ᠭᠡᠳᠡᠭ᠎ᠢ ᠥᠪᠥᠷ ᠮᠣᠩᠭᠣᠯ᠎ᠤᠨ ᠡᠯᠡᠰᠦ ᠵᠢ ᠵᠠᠰᠠᠭᠰᠠᠨ ᠦᠢ᠍ᠯᠡᠳᠦᠯᠭᠡ ᠭᠦᠨᠵᠡᠭᠡᠢ ᠬᠠᠷᠠᠭᠤᠯᠵᠠᠢ᠃
(ᠬᠣᠶᠠᠷ) ᠪᠦᠬᠦ ᠡᠯᠧᠮᠧᠨ᠋ᠲ ᠪᠦᠬᠦ ᠦᠶᠡᠯᠡᠯ᠎ᠤᠨ ᠬᠤᠭᠤᠴᠠᠭ᠋ᠠᠨ᠎ᠤ ᠰᠢᠰᠲ᠋ᠧᠮᠲᠦ ᠵᠠᠰᠠᠯᠲᠠ᠎ᠪᠠᠷ ᠭᠠᠷᠳᠠᠴᠠ ᠪᠣᠯᠭ᠋ᠠᠬᠤ ᠵᠢ ᠪᠠᠷᠢᠮᠲᠠᠯᠠᠪᠠ
ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠬᠦ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠮᠥᠨ᠂ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ 《ᠤᠯᠤᠰ᠎ᠤᠨ ᠶᠡᠬᠡ ᠶᠠᠪᠤᠳᠠᠯ》 ᠮᠥᠨ᠃ 2023 ᠣᠨ᠎ᠤ 6 ᠰᠠᠷ᠎ᠠ ᠵᠢᠨ 5᠎ᠤ ᠡᠳᠦᠷ᠎ᠠᠴᠠ 6᠎ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠪᠠᠶᠠᠨᠨᠠᠭᠤᠷ ᠬᠤᠳᠠ᠎ᠳᠤ ᠰᠢᠨᠵᠢᠯᠡᠨ ᠪᠠᠢ᠌ᠴᠠᠭ᠋ᠠᠵᠤ᠂ ᠴᠦᠯᠯᠡᠷᠬᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠡᠯᠡᠰᠦ ᠵᠢ ᠵᠠᠰᠠᠬᠤ ᠵᠢᠨ ᠴᠢᠬᠤᠯᠠ ᠴᠢᠨᠠᠷ ᠪᠣᠯᠣᠨ ᠲᠤᠯᠭ᠋ᠠᠮ᠎ᠠ ᠴᠢᠨᠠᠷ᠎ᠢ ᠴᠢᠬᠤᠯᠠᠴᠢᠯᠠᠵᠤ᠂ ᠪᠢᠳᠡᠨ᠎ᠢ ᠡᠷᠬᠡᠪᠰᠢ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮᠲᠦ ᠵᠠᠰᠠᠯᠲᠠ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠠᠯᠢ ᠡᠷᠲᠡ 2021 ᠣᠨ᠎ᠤ ᠪᠦᠬᠦ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ᠎ᠳᠠᠭᠠᠨ᠄ 《ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ᠎ᠤ ᠰᠢᠰᠲ᠋ᠧᠮ᠎ᠤᠨ ᠵᠠᠰᠠᠯᠲᠠ ᠵᠢ ᠨᠢᠭᠡᠳᠦᠯᠲᠡᠢ ᠲᠥᠯᠥᠪᠵᠢᠭᠦᠯᠬᠦ᠎ᠳᠤ᠂ ᠠᠲᠠ 〈ᠡᠯᠡᠰᠦ〉 ᠭᠡᠰᠡᠨ ᠦᠭᠡ ᠵᠢ ᠨᠡᠮᠡᠬᠦ ᠬᠡᠷᠡᠭᠲᠡᠢ》 ᠭᠡᠵᠦ ᠳᠤᠷᠠᠳᠴᠠᠢ᠃ ᠠᠮᠢ ᠠᠬᠤᠢ ᠵᠢᠨ ᠡᠯᠧᠮᠧᠨ᠋ᠲ᠎ᠢ ᠨᠡᠩ ᠪᠦᠬᠦ ᠲᠠᠯ᠎ᠠ᠎ᠪᠠᠷ᠂ ᠰᠢᠰᠲ᠋ᠧᠮ᠎ᠲᠠᠢ ᠵᠠᠰᠠᠬᠤ ᠣᠢ᠌ᠯᠠᠭ᠋ᠠᠭᠳᠠᠬᠤᠨ᠎ᠢ ᠠᠯᠬᠤᠮ ᠠᠯᠬᠤᠮ ᠵᠶ᠋ᠠᠷ ᠥᠷᠭᠡᠳᠬᠡᠨ ᠭᠦᠨᠵᠡᠭᠡᠢ᠌ᠷᠡᠭᠦᠯᠪᠡ᠃ ᠰᠢᠰᠲ᠋ᠧᠮᠲᠦ ᠦᠵᠡᠯᠲᠡ ᠵᠢ ᠪᠠᠷᠢᠮᠲᠠᠯᠠᠬᠤ᠎ᠳᠤ ᠪᠢᠳᠡᠨ᠎ᠢ ᠪᠦᠬᠦ ᠲᠠᠯ᠎ᠠ ᠪᠠ ᠬᠡᠰᠡᠭ ᠲᠠᠯ᠎ᠠ᠂ ᠣᠳᠣᠬᠠᠨ᠎ᠤ ᠪᠠ ᠠᠯᠤᠰ ᠬᠡᠲᠦ ᠵᠢᠨ᠂ ᠬᠣᠷᠸ᠎ᠠ ᠪᠠ ᠪᠢᠴᠢᠯ ᠲᠠᠯ᠎ᠠ᠂ ᠭᠣᠣᠯ ᠵᠥᠷᠢᠴᠡᠯ ᠪᠠ ᠳᠡᠳ᠋ ᠵᠥᠷᠢᠴᠡᠯ᠂ ᠣᠨᠴᠠᠭ᠋ᠠᠢ ᠪᠠ ᠡᠩ᠎ᠤᠨ ᠬᠠᠷᠢᠴᠠᠭ᠎ᠠ ᠵᠢ ᠰᠠᠶ᠋ᠢᠲᠤᠷ ᠡᠵᠡᠮᠳᠡᠵᠦ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠰᠢᠰᠲ᠋ᠧᠮᠲᠦ ᠴᠢᠨᠠᠷᠲᠠᠢ ᠬᠤᠪᠢᠰᠤᠯᠲᠠ ᠭᠠᠷᠬᠤ ᠵᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ᠎ᠲᠠᠢ ᠵᠣᠬᠢᠴᠠᠯᠳᠤᠭᠰᠠᠨ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠬᠠᠷᠢᠴᠠᠭ᠎ᠠ ᠵᠢ ᠪᠤᠢ ᠪᠣᠯᠭ᠋ᠠᠬᠤ ᠵᠢ ᠱᠠᠭ᠋ᠠᠷᠳᠠᠵᠤ ᠪᠠᠢ᠌ᠪᠠ᠃
(ᠭᠤᠷᠪᠠ) ᠡᠴᠦᠰ᠎ᠲᠤᠨᠢ ᠲᠤᠯᠲᠠᠯ᠎ᠠ ᠪᠣᠯᠭᠣᠮᠵᠢᠲᠠᠢ ᠪᠠᠶ᠋ᠢᠬᠤ ᠣᠪᠣᠷ ᠪᠠᠶ᠋ᠢᠳᠠᠯ ᠵᠶ᠋ᠠᠷ ᠠᠮᠢ ᠠᠬᠤᠢ ᠵᠢᠨ ᠪᠣᠯᠪᠠᠰᠤᠨ᠎ᠤ ᠰᠢᠨ᠎ᠡ ᠥᠨᠳᠥᠷᠯᠢᠭ᠎ᠲᠤ ᠡᠷᠡᠯᠬᠡᠭᠯᠡᠨ ᠠᠪᠠᠷᠢᠬᠤ ᠵᠢ ᠪᠠᠷᠢᠮᠲᠠᠯᠠᠪᠠ
ᠶᠡᠷᠦᠩᠬᠡᠢ ᠱᠦᠵᠢ ᠰᠢ ᠵᠢᠨ ᠫᠢᠩ 2023 ᠣᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ ᠵᠢᠭ᠋ᠠᠵᠤ ᠭᠠᠷᠭ᠋ᠠᠭᠰᠠᠨ᠎ᠨᠢ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠮᠥᠨ ᠬᠦ᠌ ᠳᠠᠷᠤᠯᠲᠠ ᠳᠠᠪᠬᠤᠴᠠᠬᠤ᠂ ᠬᠦᠨᠳᠦ ᠡᠭᠦᠷᠭᠡ ᠵᠢ ᠡᠭᠦᠷᠭᠡᠯᠡᠵᠦ ᠤᠷᠤᠭᠰᠢᠯᠠᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠪᠠ᠃ ᠥᠪᠥᠷ ᠮᠣᠩᠭᠣᠯ᠎ᠳᠤ ᠠᠪᠴᠤ ᠬᠡᠯᠡᠪᠡᠯ ᠨᠡᠩ ᠴᠤ᠌ ᠡᠢ᠌ᠮᠦ ᠪᠠᠢ᠌ᠳᠠᠭ᠃ ᠵᠠᠩᠭᠢᠯᠠᠭ᠎ᠠ ᠵᠢᠨ ᠬᠤᠭᠤᠴᠠᠭ᠎ᠠ᠂ ᠪᠣᠭᠣᠮᠲᠠ ᠰᠢᠪᠲᠤᠯᠬᠤ ᠬᠤᠭᠤᠴᠠᠭ᠎ᠠ᠂ ᠴᠣᠩᠬᠣᠪᠴᠢ ᠵᠢᠨ ᠬᠤᠭᠤᠴᠠᠭ᠎ᠠ᠎ᠳᠤ ᠬᠦᠷᠬᠦ ᠲᠤᠲᠤᠮ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠬᠦᠴᠢᠷᠳᠡᠯ ᠨᠡᠮᠡᠭᠳᠡᠬᠦ ᠵᠢ ᠬᠠᠷᠠᠭᠤᠯᠵᠤ ᠪᠠᠶ᠋ᠢᠬᠤ᠎ᠪᠠᠷ ᠪᠠᠷᠠᠬᠤ ᠦᠭᠡᠢ ᠪᠠᠰᠠ ᠬᠡᠰᠡᠭ ᠲᠠᠯ᠎ᠠ ᠵᠢᠨ ᠪᠤᠶᠤ ᠣᠬᠣᠷ ᠬᠤᠭᠤᠴᠠᠭ᠋ᠠᠨ᠎ᠤ 《ᠪᠣᠬᠢᠷᠲᠤᠯ ᠦᠭᠡᠢ ᠴᠡᠪᠡᠷ ᠠᠰᠢᠭ》᠎ᠢ ᠭᠠᠷᠭ᠋ᠠᠬᠤ ᠦᠢ᠍ᠯᠡᠳᠦᠯ᠎ᠢ ᠪᠠᠭᠤᠷᠠᠭᠤᠯᠵᠤ ᠮᠠᠲᠠᠨ᠎ᠠ᠃ ᠳᠤᠲᠠᠭᠤ ᠲᠣᠷᠭᠣᠨ ᠵᠣᠭᠰᠣᠭ᠋ᠠᠪᠠᠯ ᠡᠮᠦᠨᠡᠬᠢ ᠬᠤᠭᠤᠴᠠᠭ᠋ᠠᠨ᠎ᠳᠤ ᠪᠤᠢ ᠪᠣᠯᠤᠭᠰᠠᠨ ᠦᠷᠭᠦᠯᠵᠢᠯᠡᠨ ᠰᠠᠢ᠌ᠵᠢᠷᠠᠬᠤ ᠪᠠᠶ᠋ᠢᠳᠠᠯ᠎ᠢ ᠲᠠᠯᠠᠭ᠋ᠠᠷ ᠪᠣᠯᠭ᠋ᠠᠵᠤ᠂ ᠣᠷᠴᠢᠨ ᠠᠬᠤᠢ ᠵᠢᠨ ᠠᠰᠠᠭᠤᠳᠠᠯ᠎ᠢ ᠰᠢᠢ᠍ᠳᠪᠦᠷᠢᠯᠡᠬᠦ ᠰᠠᠢ᠍ᠢ᠍ᠨ ᠰᠠᠢ᠌ᠬᠠᠨ ᠴᠠᠭ ᠲᠣᠬᠢᠶᠠᠯ᠎ᠢ ᠠᠯᠳᠠᠵᠤ᠂ ᠨᠡᠩ ᠴᠤ᠌ ᠣᠷᠴᠢᠨ ᠠᠬᠤᠢ ᠵᠢᠨ ᠪᠠᠶ᠋ᠢᠳᠠᠯ᠎ᠳᠤ ᠰᠥᠷᠴᠦ ᠪᠣᠯᠣᠰᠢ ᠦᠭᠡᠢ ᠡᠪᠳᠡᠯᠡᠭᠡ ᠤᠴᠠᠷᠠᠭᠤᠯᠵᠤ ᠮᠡᠳᠡᠬᠦ ᠶᠤᠮ᠃ ᠤᠷᠳᠤ ᠬᠤᠭᠤᠴᠠᠭ᠎ᠠ᠎ᠪᠠᠷ ᠪᠠᠷᠢᠮᠲᠠᠯᠠᠨ᠂ ᠤᠷᠳᠤ ᠬᠤᠭᠤᠴᠠᠭ᠎ᠠ᠎ᠪᠠᠷ ᠴᠢᠷᠮᠠᠢ᠌ᠵᠤ᠂ ᠲᠣᠭᠲᠠᠯ ᠬᠦᠴᠦᠨ ᠪᠠ ᠲᠡᠰᠪᠦᠷᠢ ᠲᠡᠪᠴᠢᠶᠡᠷᠢ᠎ᠪᠠᠨ ᠪᠠᠲᠤᠯᠠᠪᠠᠯ ᠰᠠᠶᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠰᠦᠷ ᠳᠠᠯᠠᠢ᠌ᠴᠠᠲᠠᠢ ᠨᠡᠢ᠌ᠯᠡᠮᠡᠯ ᠬᠦᠴᠦᠨ᠎ᠢ ᠪᠦᠷᠢᠯᠳᠦᠭᠦᠯᠵᠦ ᠴᠢᠳᠠᠨ᠎ᠠ᠃ ᠥᠪᠥᠷ ᠮᠣᠩᠭᠣᠯ ᠣᠢ᠌ᠷ᠎ᠠ ᠵᠢᠨ ᠵᠢᠯ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠵᠢᠨ ᠭᠤᠷᠪᠠᠨ ᠣᠷᠣᠨ〉᠎ᠤ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠋ᠠᠨ᠎ᠤ ᠲᠥᠯᠦᠪᠵᠢᠭᠦᠯᠭᠡ (2021 — 2030 ᠣᠨ)》 《ᠬᠠᠲᠤᠨ ᠭᠣᠣᠯ᠎ᠤᠨ 〈ᠶᠡᠬᠡ ᠲᠣᠬᠣᠢ ᠵᠢᠨ ᠬᠡᠰᠡᠭ〉᠎ᠤᠨ ᠪᠣᠭᠣᠮᠲᠠ ᠰᠢᠪᠲᠤᠯᠬᠤ ᠲᠡᠢ᠌ᠨ᠎ᠤ ᠬᠡᠷᠡᠭᠵᠢᠭᠦᠯᠬᠦ ᠲᠥᠰᠥᠯ》 《ᠬᠣᠷᠴᠢᠨ ᠪᠠ ᠬᠤᠯᠠᠨ ᠰᠢᠷᠭ᠎ᠠ ᠲᠠᠬ᠋ ᠊ᠠ᠋ ᠵᠢᠨ ᠡᠯᠡᠰᠦᠷᠬᠡᠭ ᠭᠠᠵᠠᠷ᠎ᠢ ᠰᠥᠨᠥᠭᠡᠬᠦ ᠲᠡᠢ᠌ᠨ᠎ᠤ ᠬᠡᠷᠡᠭᠵᠢᠭᠦᠯᠬᠦ ᠲᠥᠰᠥᠯ》 《ᠬᠠᠲᠤᠨ ᠭᠣᠣᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠥᠯ᠎ᠤᠨ ᠵᠠᠬ᠎ᠠ ᠵᠢᠨ ᠬᠣᠷᠢᠭᠯᠠᠨ ᠴᠣᠬᠢᠬᠤ ᠲᠡᠢ᠌ᠨ᠎ᠤ ᠬᠡᠷᠡᠭᠵᠢᠭᠦᠯᠬᠦ ᠲᠥᠰᠥᠯ》᠎ᠢ ᠵᠠᠯᠭ᠋ᠠᠭ᠎ᠠ᠎ᠪᠠᠷ ᠨᠡᠢ᠌ᠲᠡᠯᠡᠪᠡ᠃ 5 ᠵᠠᠰᠠᠯᠲᠠ ᠵᠢᠨ ᠣᠷᠣᠨ ᠪᠠ 11 ᠴᠢᠬᠤᠯᠠ ᠶᠡᠬᠡ ᠲᠥᠷᠥᠯ ᠵᠦᠢ᠍ᠯ᠎ᠢ ᠪᠦᠬᠦᠨ᠎ᠢ ᠤᠯᠤᠰ᠎ᠤᠨ ᠲᠥᠯᠦᠪᠵᠢᠭᠦᠯᠭᠡ᠎ᠳᠤ ᠣᠷᠣᠭᠤᠯᠵᠤ᠂ ᠪᠤᠢ ᠪᠦᠬᠦᠢ ᠬᠣᠰᠢᠭᠤ ᠰᠢᠶᠠᠨ᠎ᠢ ᠬᠡᠷᠡᠭᠵᠢᠭᠦᠯᠬᠦ ᠬᠡᠪᠴᠢᠶᠡᠨ᠎ᠳᠤ ᠣᠷᠣᠭᠤᠯᠬᠤ ᠵᠢ ᠠᠬᠢᠭᠤᠯᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷᠡᠯ ᠴᠡᠨᠡᠭ ᠵᠶ᠋ᠡᠷ ᠡᠯᠡᠰᠦ ᠵᠢ ᠵᠠᠰᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠪᠦᠲᠦᠭᠡᠨ ᠪᠠᠢ᠌ᠭᠤᠯᠬᠤ ᠪᠠᠷᠢᠮᠵᠢᠶ᠎ᠠ ᠵᠢ ᠲᠣᠳᠣᠷᠬᠠᠢ᠌ᠯᠠᠨ᠂ ᠲᠣᠭᠲᠠᠴᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠡᠯ᠎ᠡ ᠲᠠᠯ᠎ᠠ ᠵᠢᠨ ᠬᠦᠴᠦᠨ᠎ᠢ ᠬᠤᠷᠠᠮᠳᠤᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ᠎ᠤ ᠭᠡᠷᠡᠯ ᠴᠡᠨᠡᠭ᠎ᠢ ᠨᠡᠭᠡᠭᠡᠨ ᠬᠥᠭᠵᠢᠭᠦᠯᠬᠦ ᠪᠠ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠪᠦᠲᠦᠭᠡᠨ ᠪᠠᠢ᠌ᠭᠤᠯᠬᠤ ᠵᠢ ᠠᠬᠢᠭᠤᠯᠪᠠ᠃ ᠪᠦᠬᠦ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠭᠣᠣᠯ ᠵᠢᠭᠰᠠᠭ᠋ᠠᠯ᠎ᠤᠨ ᠭᠠᠵᠠᠷ᠂ ᠭᠣᠣᠯ ᠪᠠᠢ᠌ᠯᠳᠤᠭ᠋ᠠᠨ᠎ᠤ ᠲᠠᠯᠠᠪᠤᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ᠎ᠤᠨ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢᠨ ᠲᠣᠭᠣᠷᠢᠨ᠎ᠳᠤ᠂ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠵᠢ ᠤᠷᠳᠤ ᠬᠤᠭᠤᠴᠠᠭ᠎ᠠ᠎ᠪᠠᠷ ᠠᠬᠢᠭᠤᠯᠵᠤ᠂ ᠭᠠᠵᠠᠷ ᠰᠢᠷᠣᠢ ᠵᠢᠨ ᠡᠯᠡᠰᠦᠷᠬᠡᠭᠵᠢᠬᠦ ᠬᠠᠨᠳᠤᠰᠢ ᠵᠢ ᠪᠦᠲᠦᠮᠵᠢᠲᠡᠢ ᠬᠣᠷᠢᠭᠯᠠᠵᠤ᠂ ᠡᠯᠡᠰᠦᠷᠬᠡᠭ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠶᠡᠬᠡᠪᠡᠷ ᠰᠠᠢ᠌ᠵᠢᠷᠠᠭᠤᠯᠵᠤ᠂ ᠥᠪᠥᠷ ᠮᠣᠩᠭᠣᠯ᠎ᠤᠨ ᠣᠨᠴᠠᠯᠢᠭ᠎ᠲᠠᠢ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠰᠢᠨ᠎ᠡ ᠵᠠᠮ᠎ᠢ ᠨᠡᠭᠡᠭᠡᠵᠡᠢ᠃ ᠡᠯᠡᠰᠦ ᠵᠢ ᠵᠠᠰᠠᠭᠰᠠᠨ ᠭᠠᠪᠢᠶ᠎ᠠ ᠵᠢᠳᠬᠦᠯ᠎ᠨᠢ ᠬᠡᠳᠦᠶ᠋ᠢᠪᠡᠷ ᠲᠣᠪᠣᠢ᠌ᠮ᠎ᠠ ᠪᠣᠯᠪᠠᠴᠤ ᠴᠦᠯᠯᠡᠷᠬᠡᠭᠵᠢᠯ᠎ᠢ ᠵᠠᠰᠠᠬᠤ ᠪᠣᠯ ᠨᠢᠭᠡᠨ ᠵᠦᠢ᠍ᠯ᠎ᠤᠨ ᠨᠠᠷᠢᠨ ᠪᠤᠳᠤᠯᠢᠶᠠᠨᠲᠠᠢ ᠰᠢᠰᠲ᠋ᠧᠮᠲᠦ ᠢᠨᠵᠧᠨᠧᠷᠢᠩ ᠮᠥᠨ᠂ ᠲᠡᠷᠡ᠎ᠨᠢ ᠤᠷᠳᠤ ᠬᠤᠭᠤᠴᠠᠭ᠋ᠠᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠪᠠ ᠲᠣᠭᠲᠠᠪᠤᠷᠢ ᠦᠭᠡᠢ ᠴᠢᠨᠠᠷᠲᠠᠢ ᠭᠡᠳᠡᠭ᠎ᠢ ᠪᠢᠳᠡ ᠡᠷᠬᠡᠪᠰᠢ ᠰᠡᠷᠭᠡᠭ ᠵᠶ᠋ᠡᠷ ᠣᠯᠵᠤ ᠬᠠᠷᠠᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠪᠢᠳᠡᠨ᠎ᠳᠤ᠄ 《ᠡᠭᠦᠷᠭᠡ ᠬᠠᠷᠢᠭᠤᠴᠠᠯᠭ᠎ᠠ᠎ᠪᠠᠨ ᠵᠣᠷᠢᠭᠲᠠᠢ᠎ᠪᠠᠷ ᠡᠭᠦᠷᠭᠡᠯᠡᠵᠦ᠂ ᠬᠦᠴᠢᠷ ᠪᠡᠷᠬᠡᠰᠢᠶᠡᠯ᠎ᠠᠴᠠ ᠠᠶᠤᠬᠤ ᠦᠭᠡᠢ᠂ ᠥᠨᠢ ᠤᠳᠠᠭ᠋ᠠᠨ ᠴᠢᠷᠮᠠᠢ᠌ᠨ ᠠᠵᠢᠯᠯᠠᠵᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠰᠢᠨ᠎ᠡ ᠭᠠᠶ᠋ᠢᠬᠠᠮᠰᠢᠭ᠎ᠢ ᠴᠢᠷᠮᠠᠢ᠌ᠨ ᠡᠭᠦᠳᠴᠦ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠲᠦᠮᠡᠨ ᠭᠠᠵᠠᠷ᠎ᠤᠨ ᠨᠣᠭᠣᠭ᠋ᠠᠨ ᠬᠠᠯᠬᠠᠪᠴᠢ ᠵᠢ ᠨᠠᠩ ᠪᠠᠲᠤ ᠪᠡᠬᠢ ᠪᠣᠯᠭ᠋ᠠᠨ ᠪᠦᠲᠦᠭᠡᠨ ᠪᠠᠢ᠌ᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠲᠠᠯ᠎ᠠ᠎ᠪᠠᠷ ᠨᠠᠩ ᠶᠡᠬᠡ ᠠᠮᠵᠢᠯᠲᠠ ᠪᠦᠲᠦᠮᠵᠢ ᠣᠯᠬᠤ ᠬᠡᠷᠡᠭᠲᠡᠶ》 ᠭᠡᠵᠦ ᠵᠠᠬᠢᠭᠰᠠᠨ ᠶᠤᠮ᠃
ᠲᠡᠦᠬᠡ ᠵᠢᠨ ᠪᠤᠤᠬᠢᠶ᠎ᠠ ᠥᠨᠥᠳᠥᠷ ᠪᠣᠯᠬᠤ᠎ᠳᠤ᠂ ᠥᠪᠥᠷ ᠮᠣᠩᠭᠣᠯ ᠭᠠᠭᠴᠠ ᠬᠦ᠌ ᠠᠮᠢ ᠠᠬᠤᠢ ᠵᠢᠨ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠠᠲᠤ ᠰᠠᠬᠢᠵᠤ᠂ ᠡᠯᠡᠰᠦ ᠵᠢ ᠵᠠᠰᠠᠬᠤ ᠵᠣᠷᠢᠭ ᠰᠠᠨᠠᠭ᠎ᠠ ᠵᠢ ᠦᠷᠭᠦᠯᠵᠢᠯᠡᠭᠦᠯᠵᠦ᠂ ᠠᠷᠠᠳ ᠤᠯᠠᠨ᠎ᠤ ᠤᠬᠠᠮᠰᠠᠷ᠎ᠠᠴᠠ᠎ᠪᠠᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠷᠣᠯᠴᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠲᠠᠢ᠍ᠢ᠍ᠴᠢᠯᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠬᠥᠭᠵᠢᠯᠲᠡ ᠵᠢᠨ ᠰᠢᠨ᠎ᠡ ᠵᠠᠮ᠎ᠢ ᠰᠦᠪᠡᠭᠴᠢᠯᠡᠪᠡᠯ ᠰᠠᠶᠢ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠤᠮᠠᠷᠠᠲᠤ ᠵᠢᠨ ᠰᠢᠨ᠎ᠡ ᠬᠠᠭᠤᠳᠠᠰᠤ ᠵᠢ ᠦᠷᠭᠦᠯᠵᠢᠯᠡᠨ ᠪᠢᠴᠢᠭᠯᠡᠬᠦ ᠪᠣᠯᠣᠨ᠎ᠠ᠃
(ᠲᠤᠰ ᠵᠣᠬᠢᠶᠠᠯ ᠤᠯᠤᠰ᠎ᠤᠨ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠴᠢᠬᠤᠯᠠ ᠶᠡᠬᠡ ᠳᠦᠷᠦᠯ ᠵᠦᠢ᠍ᠯ 《ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠨᠠᠮ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠤᠳᠤᠷᠢᠳᠤᠭᠰᠠᠨ ᠦᠢ᠍ᠯᠡᠳᠦᠯᠭᠡ ᠪᠠ ᠲᠤᠷᠰᠢᠯᠭ᠎ᠠ ᠵᠢᠨ ᠰᠤᠳᠤᠯᠭ᠋ᠠᠨ》 (22ZDA106)᠎ᠤ ᠱᠠᠲᠤᠴᠢ ᠴᠢᠨᠠᠷᠲᠠᠢ ᠦᠷ᠎ᠡ ᠪᠦᠲᠦᠭᠡᠯ᠂ ᠵᠣᠬᠢᠶᠠᠭᠴᠢ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠨᠡᠢ᠌ᠭᠡᠮ ᠪᠠ ᠠᠮᠢ ᠠᠬᠤᠢ ᠵᠢᠨ ᠪᠣᠯᠪᠠᠰᠤᠨ᠎ᠤ ᠵᠢᠭ᠋ᠠᠨ ᠰᠤᠳᠤᠯᠬᠤ ᠬᠡᠯᠲᠡᠰ᠎ᠤᠨ ᠫᠷᠣᠹᠧᠰᠰᠣᠷ᠂ ᠳ᠋ᠣᠺᠲ᠋ᠣᠷᠠᠨᠲ᠎ᠤᠨ ᠵᠢᠯᠣᠭᠣᠳᠤᠭᠴᠢ ᠪᠠᠭᠰᠢ)