《ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠰᠠᠨᠠᠯ》᠎ᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠦᠨᠡᠨᠬᠦ ᠴᠢᠩᠭ᠋ᠠᠳᠬᠠᠵᠤ᠂ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠨᠢ ᠤᠯᠠᠨ ᠠᠷᠭ᠎ᠠ ᠬᠡᠮᠵᠢᠶ᠎ᠡ᠎ᠪᠠᠷ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷ᠎ᠠ ᠵᠢᠨ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠥᠷᠨᠢᠭᠦᠯᠵᠡᠢ᠃
ᠢᠲᠡᠭᠡᠮᠵᠢ ᠵᠢᠨ ᠦᠨᠡᠯᠡᠯᠲᠡ ᠵᠢ ᠥᠷᠨᠢᠭᠦᠯᠪᠡ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 《ᠭᠤᠷᠪᠠᠳᠠᠭᠢ ᠡᠲᠡᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》᠂ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ᠂ ᠫᠠᠢ᠌ᠰᠠ ᠡᠯᠭᠦᠨ ᠱᠠᠯᠠᠪᠳᠠᠭᠤᠯᠤᠨ ᠭᠦᠢ᠍ᠴᠡᠳᠬᠡᠯᠭᠡᠬᠦ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠂ ᠠᠮᠢ ᠠᠬᠤᠢ ᠣᠷᠴᠢᠨ ᠲᠣᠭᠣᠷᠢᠨ᠎ᠤ ᠬᠣᠬᠢᠷᠠᠯ᠂ ᠨᠡᠢ᠌ᠭᠡᠮ᠎ᠤᠨ ᠬᠠᠷᠢᠭᠤᠴᠠᠯᠭ᠎ᠠ᠂ ᠲᠤᠷᠰᠢᠯᠲᠠ ᠵᠢᠨ ᠴᠡᠭ᠎ᠤᠨ ᠰᠢᠨ᠎ᠡ ᠵᠢ ᠡᠭᠦᠳᠬᠦ ᠵᠡᠷᠭᠡ 6 ᠲᠠᠯ᠎ᠠ ᠵᠢᠨ 24 ᠵᠦᠢ᠍ᠯ᠎ᠤᠨ ᠭᠦᠢ᠍ᠴᠡᠳᠬᠡᠯ ᠲᠣᠭ᠎ᠠ᠎ᠪᠠᠷ ᠬᠠᠷᠢᠶ᠎ᠠ ᠣᠷᠣᠨ᠎ᠤ ᠳᠣᠲᠣᠷᠠᠬᠢ 512 ᠪᠣᠬᠢᠷᠲᠤᠯ ᠭᠠᠳᠠᠭᠰᠢᠯᠠᠭᠤᠯᠬᠤ ᠨᠢᠭᠡᠴᠢ᠎ᠳᠤ ᠢᠲᠡᠭᠡᠮᠵᠢ ᠵᠢᠨ ᠦᠨᠡᠯᠡᠯᠲᠡ ᠬᠢᠵᠡᠢ᠃
ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠪᠡ᠃ ᠪᠥᠬᠥ ᠶᠠᠪᠤᠴᠠ ᠵᠢᠨ ᠢᠲᠡᠭᠡᠮᠵᠢ ᠵᠢ ᠰᠡᠷᠭᠦᠭᠡᠬᠦ ᠳᠦᠷᠢᠮ᠎ᠢ ᠬᠡᠷᠡᠭᠵᠢᠭᠦᠯᠵᠦ᠂ ᠢᠲᠡᠭᠡᠮᠵᠢ ᠵᠢ ᠰᠡᠷᠭᠦᠭᠡᠬᠦ ᠬᠠᠪᠰᠤᠷᠤᠨ ᠲᠡᠳᠬᠦᠬᠦ ᠵᠢᠯᠣᠭᠣᠳᠤᠯᠭ᠎ᠠ ᠬᠠᠩᠭ᠋ᠠᠵᠤ᠂ ᠦᠨᠡᠯᠡᠬᠦ ᠬᠡᠪᠴᠢᠶᠡᠨ᠎ᠳᠤ ᠣᠷᠣᠭᠤᠯᠤᠭᠰᠠᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠴᠢ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠮᠡᠳᠡᠭᠡ ᠵᠠᠩᠭᠢ ᠵᠢ ᠴᠠᠭ ᠲᠤᠬᠠᠢᠳᠤᠨᠢ ᠰᠢᠨᠡᠳᠬᠡᠪᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠦᠲᠦᠮᠵᠢᠲᠡᠢ ᠴᠡᠭᠴᠡᠯᠡᠨ ᠰᠠᠢ᠌ᠵᠢᠷᠠᠭᠤᠯᠬᠤ ᠵᠢ ᠬᠡᠷᠡᠭᠵᠢᠭᠦᠯᠬᠦ᠎ᠪᠠᠷ ᠳᠡᠮᠵᠢᠨ᠂ ᠢᠲᠡᠭᠡᠮᠵᠢ ᠵᠢ ᠰᠡᠷᠭᠦᠭᠡᠬᠦ ᠵᠢ ᠪᠡᠶᠡᠯᠡᠭᠦᠯᠬᠦ ᠵᠢᠨ ᠬᠠᠮᠲᠤ ᠢᠲᠡᠭᠡᠮᠵᠢ ᠵᠢ ᠰᠡᠷᠭᠦᠭᠡᠬᠦ ᠵᠢ ᠨᠤᠲᠠᠯᠠᠬᠤ ᠪᠢᠴᠢᠭ ᠭᠠᠷᠭ᠋ᠠᠭᠰᠠᠨ᠎ᠤ ᠳᠠᠷᠠᠭ᠎ᠠ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠡᠭᠦᠨ᠎ᠳᠤ ᠳᠠᠬᠢᠨ ᠦᠨᠡᠯᠡᠯᠲᠡ ᠬᠢᠵᠦ᠂ ᠡᠴᠦᠰ᠎ᠤᠨ ᠦᠨᠡᠯᠡᠯᠲᠡ ᠵᠢᠨ ᠦᠷ᠎ᠡ ᠳ᠋ᠦᠩ᠎ᠢ ᠲᠣᠭᠲᠠᠭ᠋ᠠᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠳᠤ ᠮᠡᠳᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠴᠢ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠳᠡᠰ᠎ᠢ ᠲᠣᠬᠢᠷᠠᠭᠤᠯᠪᠠ᠃
ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠭ᠋ᠠᠪᠠ᠃ ᠢᠲᠡᠭᠡᠮᠵᠢ ᠵᠢᠨ ᠬᠠᠮᠢᠶᠠᠷᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠯᠦᠭᠡ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠴᠢ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠬᠠᠮᠲᠤ᠎ᠪᠠᠷ ᠭᠥᠷᠳᠡᠵᠦ᠂ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠥᠷᠨᠢᠭᠦᠯᠦᠨ᠂ ᠢᠲᠡᠭᠡᠮᠵᠢ ᠵᠢᠨ ᠦᠨᠡᠯᠡᠯᠲᠡ ᠵᠢᠨ ᠦᠷ᠎ᠡ ᠳ᠋ᠦᠩ᠎ᠢ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠬᠦᠯᠢᠶᠡᠬᠦ᠂ ᠬᠢᠷᠢ ᠬᠡᠮ᠎ᠢ ᠦᠨᠡᠯᠡᠨ ᠲᠣᠭᠲᠠᠭ᠋ᠠᠬᠤ ᠪᠠ ᠰᠠᠢ᠌ᠰᠢᠶᠠᠵᠤ ᠱᠠᠩᠨᠠᠬᠤ ᠲᠠᠯ᠎ᠠ᠎ᠳᠤ ᠬᠡᠷᠡᠭᠯᠡᠬᠦ ᠵᠢ ᠠᠬᠢᠭᠤᠯᠪᠠ᠃ ᠡᠭᠦᠨ᠎ᠤ ᠬᠠᠮᠲᠤ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠤ ᠱᠠᠲᠤ ᠬᠤᠪᠢᠶᠠᠨ ᠳᠦᠷᠦᠯ ᠬᠤᠪᠢᠶᠠᠨ ᠬᠢᠨᠠᠨ ᠬᠠᠮᠢᠶᠠᠷᠬᠤ ᠵᠢ ᠥᠷᠨᠢᠭᠦᠯᠵᠦ᠂ ᠦᠨᠡᠨᠴᠢ ᠢᠲᠡᠭᠡᠮᠵᠢ᠎ᠲᠠᠢ ᠨᠢᠭᠡᠴᠢ᠎ᠳᠤ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ᠎ᠳᠤ ᠣᠷᠣᠭᠤᠯᠬᠤ ᠵᠡᠷᠭᠡ ᠵᠣᠷᠢᠭᠵᠢᠭᠤᠯᠬᠤ ᠴᠢᠨᠠᠷᠲᠠᠢ ᠠᠷᠭ᠎ᠠ ᠬᠡᠮᠵᠢᠶ᠎ᠡ ᠠᠪᠤᠪᠠ; ᠰᠡᠷᠡᠮᠵᠢᠯᠡᠭᠦᠯᠬᠦ ᠵᠢᠴᠢ ᠡᠷᠡᠭᠦᠯ ᠪᠤᠰᠤ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠡᠲᠡᠭᠡᠳ᠎ᠲᠤ ᠵᠢᠭᠰᠠᠭ᠋ᠠᠨ ᠣᠷᠣᠭᠤᠯᠬᠤ᠂ ᠬᠠᠮᠢᠶ᠎ᠠ ᠪᠦᠬᠦᠢ ᠲᠥᠬᠥᠮ ᠦᠵᠡᠭᠦᠯᠬᠦ ᠲᠥᠷᠥ ᠵᠢᠨ ᠪᠣᠳᠣᠯᠭ᠎ᠠ ᠵᠢ ᠬᠦᠷᠲᠡᠭᠡᠬᠦ ᠵᠢ ᠬᠢᠵᠠᠭ᠋ᠠᠷᠯᠠᠬᠤ ᠵᠡᠷᠭᠡ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠠᠪᠤᠪᠠ᠃