ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠲᠤᠰᠬᠠᠢ ᠮᠡᠳᠡᠭᠡᠯᠡᠯ
ᠪᠤᠭᠤᠲᠤ ᠬᠣᠲᠠ ᠣᠷᠴᠢᠨ ᠲᠣᠭᠣᠷᠢᠨ᠎ᠤ ᠢᠲᠡᠭᠡᠮᠵᠢ᠎ᠪᠠᠷ 《ᠠᠮᠢ ᠠᠬᠤᠢ ᠵᠢᠨ ᠢᠲᠡᠭᠡᠮᠵᠢ᠎ᠲᠠᠢ ᠪᠠᠶ᠋ᠢᠬᠤ》 ᠵᠢ ᠬᠥᠲᠥᠯᠥᠨ ᠳᠠᠭ᠋ᠠᠭᠤᠯᠪᠠ
ᠨᠡᠶ᠋ᠢᠲᠡᠯᠡᠭᠰᠡᠨ ᠴᠠᠭ᠄ 2024-05-27

      ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠪᠤᠭᠤᠲᠤ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠪᠦᠬᠦ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠪᠣᠯᠣᠨ ᠦᠢ᠍ᠯᠡᠴᠢᠯᠡᠭᠡ ᠵᠢ ᠲᠠᠰᠤᠷᠠᠯᠲᠠ ᠦᠭᠡᠢ ᠰᠢᠨ᠎ᠡ ᠲᠦᠪᠰᠢᠨ᠎ᠳᠤ ᠬᠦᠷᠭᠡᠬᠦ 《ᠬᠦᠴᠦᠲᠦ ᠬᠥᠳᠡᠯᠭᠡᠭᠦᠷ》 ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ 《ᠠᠮᠢ ᠠᠬᠤᠢ ᠵᠢᠨ ᠢᠲᠡᠭᠡᠮᠵᠢ᠎ᠲᠠᠢ ᠪᠠᠶ᠋ᠢᠬᠤ》 ᠵᠢ ᠬᠥᠲᠥᠯᠥᠨ ᠳᠠᠭ᠋ᠠᠭᠤᠯᠵᠠᠢ᠃
      ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠠᠴᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠳᠠᠩᠰᠠᠨ᠎ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ ᠲᠣᠳᠣᠷᠬᠠᠢ ᠬᠠᠭᠤᠳᠠᠰᠤ ᠵᠢᠨ ᠬᠠᠮᠢᠶᠠᠷᠤᠯᠲᠠ᠎ᠳᠤ ᠣᠷᠣᠭᠤᠯᠤᠭᠰᠠᠨ ᠠᠵᠤ ᠠᠬᠤᠢ᠌ᠯᠠᠯ 122 ᠪᠠᠢ᠌ᠵᠤ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠵᠢ ᠪᠠᠭ᠋ᠠᠰᠬᠠᠬᠤ ᠪᠤᠶᠤ ᠦᠭᠡᠢ᠌ᠰᠬᠡᠵᠦ ᠪᠣᠯᠬᠤ ᠠᠵᠤ ᠠᠬᠤᠢ᠌ᠯᠠᠯ᠎ᠳᠤ᠂ ᠰᠦᠯᠵᠢᠶᠡᠨ ᠳᠡᠭᠡᠷᠡᠬᠢ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ᠂ ᠴᠠᠬᠢᠯᠭ᠋ᠠᠨ ᠬᠡᠷᠡᠭᠯᠡᠯᠲᠡ ᠵᠢᠨ ᠬᠢᠨᠠᠨ ᠡᠵᠡᠮᠳᠡᠬᠦ ᠰᠢᠰᠲ᠋ᠧᠮ᠎ᠢ ᠪᠠᠢ᠌ᠴᠠᠭ᠋ᠠᠨ ᠦᠵᠡᠬᠦ᠎ᠪᠠᠷ ᠳᠠᠮᠵᠢᠭᠤᠯᠤᠨ᠂ ᠵᠢᠯᠣᠭᠣᠴᠢ ᠦᠭᠡᠢ ᠨᠢᠰᠬᠡᠯ ᠵᠡᠷᠭᠡ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠬᠡᠷᠡᠭᠯᠡᠨ ᠡᠳᠦᠷ ᠲᠤᠲᠤᠮ᠎ᠤᠨ ᠬᠢᠨᠠᠨ ᠬᠠᠮᠢᠶᠠᠷᠤᠯᠲᠠ ᠵᠢ ᠰᠠᠶ᠋ᠢᠲᠤᠷ ᠬᠢᠬᠦ ᠵᠢᠨ ᠬᠠᠮᠲᠤ ᠠᠵᠤ ᠠᠬᠤᠢ᠌ᠯᠠᠯ᠎ᠤᠨ ᠲᠣᠰ ᠪᠡᠶ᠎ᠡ ᠵᠢᠨ ᠬᠡᠷᠡᠭᠴᠡᠭᠡ᠎ᠲᠠᠢ᠎ᠪᠠᠨ ᠤᠶᠠᠯᠳᠤᠭᠤᠯᠤᠨ ᠠᠵᠤ ᠠᠬᠤᠢ᠌ᠯᠠᠯ᠎ᠳᠤ ᠣᠷᠣᠬᠤ 《ᠪᠡᠶ᠎ᠡ ᠵᠢᠨ ᠪᠠᠢ᠌ᠴᠠᠭ᠋ᠠᠯᠲᠠ》 ᠵᠢᠨ ᠦᠢ᠍ᠯᠡᠴᠢᠯᠡᠭᠡ ᠬᠠᠩᠭ᠋ᠠᠪᠠ᠃ ᠪᠥᠬᠥ ᠬᠣᠲᠠ᠎ᠳᠤ ᠨᠢᠭᠡᠨᠲᠡ ᠨᠠᠢ᠌ᠳᠠ 442 ᠢᠵᠢ ᠪᠣᠬᠢᠷᠲᠤᠯ᠎ᠤᠨ ᠡᠬᠢ ᠰᠤᠷᠪᠤᠯᠵᠢ ᠵᠢᠨ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ᠂ 732 ᠢᠵᠢ ᠴᠠᠬᠢᠯᠭ᠋ᠠᠨ ᠬᠡᠷᠡᠭᠯᠡᠬᠦ ᠵᠢ ᠬᠢᠨᠠᠨ ᠡᠵᠡᠮᠳᠡᠬᠦ ᠰᠢᠰᠲ᠋ᠧᠮ᠎ᠢ ᠪᠠᠢ᠌ᠭᠤᠯᠪᠠ᠃ ᠢᠲᠡᠭᠡᠮᠵᠢ᠎ᠪᠠᠷ ᠰᠠᠭᠤᠷᠢ ᠪᠣᠯᠭ᠋ᠠᠭᠰᠠᠨ ᠬᠠᠤᠯᠢ᠎ᠪᠠᠷ ᠵᠠᠰᠠᠭᠰᠠᠨ ᠠᠮᠢ ᠠᠬᠤᠢ ᠵᠢᠨ ᠬᠠᠤᠯᠢ ᠬᠡᠷᠡᠭᠵᠢᠭᠦᠯᠬᠦ ᠣᠷᠴᠢᠨ ᠨᠥᠬᠥᠴᠡᠯ᠎ᠢ ᠬᠦᠴᠦᠯᠡᠨ ᠪᠤᠢ ᠪᠣᠯᠭ᠋ᠠᠵᠤ᠂ ᠬᠠᠤᠯᠢ ᠵᠢ ᠰᠠᠬᠢᠭᠴᠢ ᠵᠢ 《ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ》 ᠪᠠᠢ᠌ᠯᠭ᠋ᠠᠬᠤ᠂ ᠬᠠᠤᠯᠢ ᠵᠢ ᠵᠥᠷᠢᠴᠡᠭᠰᠡᠳ᠎ᠲᠤ 《ᠬᠤᠷᠴᠠ ᠰᠡᠯᠡᠮ᠎ᠡ᠎ᠪᠠᠷ ᠥᠨᠳᠥᠷ ᠡᠷᠭᠦᠬᠦ》 ᠠᠵᠢᠯ᠎ᠤᠨ ᠪᠠᠶ᠋ᠢᠳᠠᠯ᠎ᠢ ᠪᠡᠶᠡᠯᠡᠭᠦᠯᠪᠡ᠃
      ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡ ᠪᠣᠯᠭ᠋ᠠᠬᠤ》 ᠬᠠᠤᠯᠢ ᠬᠡᠷᠡᠭᠵᠢᠭᠦᠯᠬᠦ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠠᠷᠪᠠᠨ ᠵᠦᠢ᠍ᠯ᠎ᠤᠨ ᠠᠷᠭ᠎ᠠ ᠬᠡᠮᠵᠢᠶ᠎ᠡ》 ᠵᠢ ᠨᠡᠢ᠌ᠲᠡᠯᠡᠪᠡ᠃ ᠨᠠᠢ᠌ᠳᠠ 220 ᠠᠵᠤ ᠠᠬᠤᠢ᠌ᠯᠠᠯ᠎ᠢ ᠰᠤᠭᠤᠴᠢᠨ ᠪᠠᠢ᠌ᠴᠠᠭ᠋ᠠᠬᠤ ᠵᠢ ᠪᠡᠶᠡᠯᠡᠭᠦᠯᠦᠭᠰᠡᠨ ᠪᠥᠭᠡᠳ ᠨᠡᠢ᠌ᠭᠡᠮ ᠨᠠᠢ᠌ᠳᠠ᠎ᠳᠤ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠰᠠᠭᠤᠷᠢ ᠮᠡᠳᠡᠭᠡ ᠵᠠᠩᠭᠢ᠂ ᠪᠣᠬᠢᠷᠲᠤᠯ ᠭᠠᠳᠠᠭᠰᠢᠯᠠᠭᠤᠯᠬᠤ ᠮᠡᠳᠡᠭᠡ ᠵᠠᠩᠭᠢ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠣᠨᠣᠭ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ ᠵᠡᠷᠭᠡ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠭᠡ ᠵᠠᠩᠭᠢ ᠵᠢ ᠴᠠᠭ ᠲᠤᠬᠠᠢ᠎ᠳᠤᠨᠢ ᠢᠯᠡ ᠨᠡᠢ᠌ᠲᠡᠯᠡᠵᠦ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤᠪᠠᠷ ᠬᠣᠯᠪᠣᠭ᠋ᠠᠯᠠᠵᠤ ᠬᠠᠮᠲᠤᠪᠠᠷ ᠡᠳ᠋ᠯᠡᠬᠦ ᠵᠢ ᠠᠬᠢᠭᠤᠯᠵᠤ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃
      ᠡᠨᠡ ᠵᠢᠯ᠎ᠠᠴᠠ ᠨᠠᠭ᠋ᠠᠰᠢ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢ᠌ᠯᠠᠯ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠵᠤ᠂ ᠢᠲᠡᠭᠡᠮᠵᠢ ᠵᠢᠨ ᠲᠣᠭᠲᠠᠴᠠ᠎ᠪᠠᠷ ᠭᠠᠷᠳᠠᠴᠠ ᠪᠣᠯᠭ᠋ᠠᠵᠤ᠂ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢᠨ ᠵᠥᠪᠰᠢᠶᠡᠷᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠢᠳᠡᠪᠬᠢᠲᠡᠢ ᠠᠬᠢᠭᠤᠯᠵᠤ᠂ ᠣᠷᠴᠢᠨ ᠲᠣᠭᠣᠷᠢᠨ᠎ᠤ ᠬᠢᠨᠠᠨ ᠰᠢᠯᠭ᠋ᠠᠷᠠᠭᠤᠯᠤᠯᠲᠠ ᠵᠢᠨ ᠵᠥᠪᠰᠢᠶᠡᠷᠡᠯ᠎ᠤᠨ ᠴᠠᠭ᠎ᠤᠨ ᠬᠢᠵᠠᠭ᠋ᠠᠷ᠎ᠢ 60 ᠡᠳᠦᠷ᠎ᠠᠴᠠ 3 ᠡᠳᠦᠷ ᠪᠣᠯᠭ᠋ᠠᠨ ᠪᠠᠭ᠋ᠠᠰᠬᠠᠪᠠ᠃ ᠣᠲᠣ ᠪᠣᠯᠲᠠᠯ᠎ᠠ᠂ ᠵᠠᠰᠠᠭ᠎ᠤᠨ ᠣᠷᠳᠣᠨ 5000 ᠲᠦᠮᠡᠨ ᠲᠥᠭᠥᠷᠢᠭ᠎ᠤᠨ ᠪᠡᠯᠡ ᠣᠷᠣᠭᠤᠯᠵᠤ᠂ ᠠᠵᠤ ᠠᠬᠤᠢ᠌ᠯᠠᠯ᠎ᠤᠨ ᠪᠡᠯᠡ ᠣᠷᠣᠭᠤᠯᠤᠯᠲᠠ ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠣᠯᠤᠭᠰᠠᠨ 628 ᠪᠥᠬᠥ ᠬᠣᠲᠠ ᠵᠢᠨ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠳᠣᠲᠣᠷᠠᠬᠢ 546᠎ᠨᠢ ᠨᠢᠭᠡᠨᠲᠡ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠭᠠᠷᠳᠠᠮ᠎ᠢ ᠭᠦᠢ᠍ᠴᠡᠳᠬᠡᠵᠦ᠂ ᠭᠦᠢ᠍ᠴᠡᠳᠬᠡᠭᠰᠡᠨ ᠨᠣᠷᠮ᠎ᠠ 86.9% ᠬᠦᠷᠴᠡᠢ᠃ ᠡᠭᠦᠨ᠎ᠤ ᠬᠠᠮᠲᠤ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠠᠰᠠ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠢᠲᠡᠭᠡᠮᠵᠢ ᠵᠢᠨ ᠲᠠᠪᠴᠠᠩ᠎ᠳᠤ ᠲᠦᠰᠢᠭᠯᠡᠨ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠮᠡᠳᠡᠭᠦᠯᠦᠯᠲᠡ ᠵᠢᠨ ᠪᠢᠴᠢᠭ (ᠬᠦᠰᠦᠨᠦᠭᠲᠦ)᠎ᠢ ᠨᠠᠢ᠌ᠷᠠᠭᠤᠯᠤᠨ ᠵᠣᠬᠢᠶᠠᠬᠤ ᠦᠢ᠍ᠯᠡ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠶᠠᠪᠤᠴᠠ᠎ᠳᠤ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠣᠷᠣᠰᠢᠵᠤ ᠪᠠᠢ᠌ᠭ᠎ᠠ ᠢᠲᠡᠭᠡᠮᠵᠢ ᠵᠢᠨ ᠬᠠᠮᠢᠶᠠᠷᠤᠯᠲᠠ ᠵᠢᠨ ᠡᠲᠡᠭᠡᠳ᠎ᠲᠤ᠂ ᠬᠠᠮᠢᠶ᠎ᠠ ᠪᠦᠬᠦᠢ ᠬᠠᠤᠯᠢ ᠲᠣᠭᠲᠠᠭ᠋ᠠᠯ᠎ᠤᠨ ᠶᠣᠰᠣᠭ᠋ᠠᠷ ᠢᠲᠡᠭᠡᠮᠵᠢ ᠵᠢᠨ ᠲᠠᠪᠴᠠᠩ᠎ᠳᠤ ᠢᠲᠡᠭᠡᠯ ᠠᠯᠳᠠᠭᠰᠠᠨ ᠬᠤᠪᠢ ᠲᠡᠮᠳᠡᠭᠯᠡᠬᠦ ᠵᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ᠎ᠳᠤ ᠦᠨᠡᠨᠬᠦ ᠬᠦᠴᠦᠨ  ᠨᠡᠮᠡᠷᠢᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠶᠠᠨᠨᠠᠭᠤᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ ᠥᠷᠨᠢᠭᠦᠯᠪᠡ
ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠦᠨᠡᠨᠴᠢ ᠢᠲᠡᠭᠡᠮᠵᠢ ᠵᠢ ᠡᠷᠬᠢᠮᠯᠡᠬᠦ᠂ ᠢᠲᠡᠭᠡᠮᠵᠢ᠎ᠲᠠᠢ ᠪᠠᠶ᠋ᠢᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠥᠬᠥ ᠬᠦᠴᠦᠨ ᠵᠶ᠋ᠡᠷ ᠵᠶ᠋ᠡᠨ ᠪᠤᠢ ᠪᠣᠯᠭ᠋ᠠᠪᠠ
ᠤᠯᠠᠭ᠋ᠠᠨᠴᠠᠪ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠬᠤᠪᠢ ᠬᠥᠮᠥᠨ᠎ᠤ ᠦᠢ᠍ᠯᠡ ᠶᠠᠪᠤᠳᠠᠯ᠎ᠤᠨ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2024 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ ᠵᠢᠴᠢ ᠶᠡᠬᠡ ᠪᠤᠯᠪᠠᠰᠤᠷᠠᠯ᠎ᠤᠨ ᠳᠠᠢ᠌ᠴᠢᠯᠠᠯᠲᠠ ᠵᠢᠨ ᠬᠤᠷᠠᠯ ᠬᠤᠷᠠᠯᠳᠤᠵᠠᠢ
 
             蒙ICP备05000248号