ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ 4 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ ᠪᠤᠭᠤᠲᠤ ᠬᠤᠳᠠ᠎ᠳᠤ ᠣᠷᠣᠵᠤ ᠰᠠᠭᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ᠃ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠱ᠌ᠢ ᠸᠠᠨ ᠵᠢᠶᠦ᠋ᠨ᠂ ᠳᠡᠳ᠋ ᠳᠤᠭᠤᠢ᠌ᠯᠠᠩ᠎ᠤᠨ ᠳᠠᠷᠤᠭ᠎ᠠ ᠬᠤᠤ ᠴᠢᠩ ᠸᠧᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠪᠤᠭᠤᠲᠤ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ ᠳ᠋ᠢᠩ ᠰᠢᠤ ᠹᠧᠩ ᠣᠷᠣᠵᠤ ᠰᠠᠭᠤᠬᠤ ᠳᠠᠢ᠌ᠴᠢᠯᠠᠯᠲᠠ ᠬᠢᠵᠦ᠂ ᠬᠤᠳᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ᠵᠠᠩ ᠷᠦᠢ ᠬᠤᠷᠠᠯ᠎ᠢ ᠡᠷᠬᠢᠯᠡᠪᠡ᠃
ᠱ᠌ᠢ ᠸᠠᠨ ᠵᠢᠶᠦ᠋ᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠡᠨ ᠤᠬᠠᠭ᠋ᠠᠯᠠᠵᠤ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠨᠠᠮ ᠪᠠ ᠤᠯᠤᠰ᠎ᠤᠨ ᠴᠢᠬᠤᠯᠠ ᠶᠡᠬᠡ ᠪᠠᠢ᠌ᠭᠤᠯᠤᠮᠵᠢ ᠵᠢᠨ ᠰᠢᠨ᠎ᠡ ᠡᠭᠦᠳᠦᠯᠲᠡ ᠪᠠ ᠴᠢᠬᠤᠯᠠ ᠶᠡᠬᠡ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠮᠥᠨ᠂ ᠶᠡᠷᠦᠩᠬᠡᠢ ᠱᠦᠵᠢ ᠰᠢ ᠵᠢᠨ ᠫᠢᠩ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠬᠦᠴᠦᠲᠡᠢ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠨᠥᠬᠥᠪᠦᠷᠢ ᠪᠠ ᠦᠷᠭᠦᠯᠵᠢᠯᠡᠯ ᠪᠣᠯᠤᠭᠰᠠᠨ᠎ᠤ ᠬᠤᠪᠢ᠎ᠳᠤ᠂ ᠣᠷᠣᠨ ᠨᠤᠲᠤᠭ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠠᠲᠠᠭᠤ ᠠᠷᠭ᠎ᠠ ᠪᠣᠳᠠᠲᠠᠢ ᠠᠷᠭ᠎ᠠ ᠪᠣᠯᠣᠨ᠎ᠠ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠦᠴᠦᠲᠡᠢ ᠪᠠᠲᠤᠯᠠᠭ᠎ᠠ ᠮᠥᠨ ᠭᠡᠵᠦ ᠵᠢᠭ᠋ᠠᠵᠤ ᠭᠠᠷᠭ᠋ᠠᠪᠠ᠃
ᠱ᠌ᠢ ᠸᠠᠨ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠶ᠋ᠢᠲᠤᠷ ᠬᠢᠬᠦ᠎ᠳᠤ᠂ ᠡᠷᠬᠡᠪᠰᠢ ᠭᠣᠣᠯᠳᠠᠯᠭ᠎ᠠ ᠵᠢᠨ ᠲᠣᠭᠣᠷᠢᠨ᠎ᠳᠤ ᠶᠡᠬᠡ ᠲᠠᠯ᠎ᠠ᠎ᠳᠤ ᠦᠢ᠍ᠯᠡᠴᠢᠯᠡᠵᠦ᠂ ᠲᠣᠭᠲᠠᠭᠤᠨ᠎ᠤ ᠳᠤᠮᠳᠠ ᠤᠷᠤᠭᠰᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠨᠠᠢ᠌ᠳᠠ᠎ᠳᠤᠨᠢ ᠬᠠᠷᠠᠭ᠋ᠠᠯᠵᠠᠬᠤ ᠵᠢ ᠪᠠᠷᠢᠮᠲᠠᠯᠠᠵᠤ᠂ ᠴᠢᠩᠭ᠎ᠠ ᠬᠥᠭ ᠠᠶᠠᠰ᠎ᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠠᠵᠢᠯᠯᠠᠬᠤ ᠵᠢ ᠪᠠᠷᠢᠮᠲᠠᠯᠠᠵᠤ᠂ ᠱᠠᠯᠠᠪᠳᠠᠭᠤᠯᠤᠨ ᠪᠠᠢ᠌ᠴᠠᠭ᠋ᠠᠬᠤ ᠴᠢᠭᠯᠡᠯ ᠪᠣᠯᠣᠨ ᠭᠣᠣᠯᠳᠠᠯᠭ᠎ᠠ ᠵᠢ ᠰᠠᠶ᠋ᠢᠲᠤᠷ ᠡᠵᠡᠮᠳᠡᠬᠦ ᠬᠡᠷᠡᠭᠲᠡᠢ᠃ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠲᠤᠰ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ ᠵᠢᠴᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠢ ᠭᠣᠣᠯᠳᠠᠯᠭ᠎ᠠ᠎ᠲᠠᠢ ᠱᠠᠯᠠᠪᠳᠠᠭᠤᠯᠤᠨ ᠪᠠᠢ᠌ᠴᠠᠭ᠋ᠠᠨ᠎ᠠ; ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ 《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠵᠤ᠂ ᠨᠢᠭᠡ ᠠᠵᠢᠯ᠎ᠤᠨ ᠪᠠᠶ᠋ᠢᠷᠢ ᠬᠣᠣᠰ ᠬᠠᠷᠢᠭᠤᠴᠠᠯᠭ᠎ᠠ᠎ᠲᠠᠢ ᠪᠠᠶ᠋ᠢᠬᠤ》 ᠵᠢ ᠨᠠᠢ᠌ᠳᠠᠪᠤᠷᠢᠵᠢᠭᠤᠯᠬᠤ ᠵᠢ ᠠᠬᠢᠭᠤᠯᠤᠭᠰᠠᠨ ᠪᠠᠶ᠋ᠢᠳᠠᠯ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠯ᠎ᠡ ᠵᠦᠢ᠍ᠯ᠎ᠤᠨ ᠠᠵᠢᠯ᠎ᠤᠨ ᠲᠣᠬᠢᠷᠠᠭᠤᠯᠤᠯᠲᠠ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ᠂ ᠲᠥᠪ᠎ᠤᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠬᠡᠷᠡᠭ᠎ᠢ ᠰᠢᠢ᠍ᠳᠪᠦᠷᠢᠯᠡᠭᠰᠡᠨ ᠪᠠᠶ᠋ᠢᠳᠠᠯ ᠵᠢᠴᠢ ᠳᠡᠭᠡᠷ᠎ᠡ ᠨᠢᠭᠡ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠤᠭᠰᠠᠨ ᠪᠠ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠳᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠦᠪᠵᠢᠭᠦᠯᠭᠡ ᠲᠥᠯᠥᠪᠯᠡᠭᠡ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠵᠢᠴᠢ ᠲᠡᠭᠦᠨ᠎ᠢ ᠰᠢᠢ᠍ᠳᠪᠦᠷᠢᠯᠡᠭᠰᠡᠨ ᠪᠠᠶ᠋ᠢᠳᠠᠯ ᠪᠣᠯᠣᠨ ᠠᠷᠠᠳ ᠤᠯᠠᠨ᠎ᠤ ᠲᠤᠰᠬᠠᠭᠰᠠᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠡᠷᠡ ᠳᠠᠷᠤᠢ᠎ᠳᠤ᠎ᠨᠢ ᠬᠡᠷᠡᠭᠵᠢᠭᠦᠯᠵᠦ ᠲᠡᠷᠡ ᠳᠠᠷᠤᠢ᠎ᠳᠤ᠎ᠨᠢ ᠥᠭᠡᠷᠡᠴᠢᠯᠡᠭᠰᠡᠨ ᠪᠠᠶ᠋ᠢᠳᠠᠯ ᠵᠡᠷᠭᠡ ᠵᠢ ᠲᠤᠪᠤᠢ᠌ᠯᠭ᠋ᠠᠬᠤ ᠬᠡᠷᠡᠭᠳᠡᠢ ᠭᠡᠵᠦ ᠴᠢᠬᠤᠯᠠᠴᠢᠯᠠᠪᠠ᠃
ᠳ᠋ᠢᠩ ᠰᠢᠤ ᠹᠧᠩ ᠢᠯᠡᠷᠬᠡᠢ᠌ᠯᠡᠬᠦ᠎ᠳᠡᠭᠡᠨ᠂ ᠪᠦᠬᠦ ᠬᠣᠲᠠ ᠵᠢᠨ ᠡᠯ᠎ᠡ ᠱᠠᠲᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠱᠠᠯᠠᠪᠳᠠᠭᠤᠯᠤᠨ ᠪᠠᠢ᠌ᠴᠠᠭ᠋ᠠᠬᠤ ᠵᠢ ᠭᠥᠯᠢᠶᠡᠨ᠂ ᠪᠠᠶ᠋ᠢᠳᠠᠯ᠎ᠢ ᠪᠤᠰᠤᠳᠴᠢ᠎ᠪᠠᠷ ᠲᠤᠰᠬᠠᠵᠤ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠦᠨᠡᠨᠴᠢ᠎ᠪᠠᠷ ᠭᠥᠯᠢᠶᠡᠨ ᠠᠪᠴᠤ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠰᠠᠨᠠᠯ᠎ᠢ ᠬᠠᠭᠤᠳᠠᠰᠤ ᠶᠣᠰᠣᠭ᠋ᠠᠷ ᠪᠦᠬᠦᠨ᠎ᠢ ᠭᠥᠯᠢᠶᠡᠨ ᠠᠪᠴᠤ᠂ ᠦᠨᠡᠨᠬᠦ 《ᠲᠠᠢ᠌ᠯᠪᠤᠷᠢᠯᠠᠬᠤ ᠰᠡᠳᠬᠢᠬᠦᠢ》᠎ᠪᠠᠷ ᠴᠡᠭᠴᠡᠯᠡᠨ ᠰᠠᠢ᠌ᠵᠢᠷᠠᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠲᠤᠰ ᠤᠳᠠᠭ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ᠎ᠪᠠᠷ ᠠᠵᠠ ᠲᠣᠬᠢᠶᠠᠯ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠠᠵᠢᠯ᠎ᠢ ᠴᠢᠨᠠᠭᠰᠢᠳᠠ ᠰᠠᠶ᠋ᠢᠲᠤᠷ ᠠᠳᠬᠤᠵᠤ᠂ ᠦᠵᠡᠰᠬᠦᠯᠡᠩᠲᠦ ᠰᠠᠢ᠌ᠬᠠᠨ ᠪᠤᠭᠤᠲᠤ ᠵᠢᠨ ᠪᠦᠲᠦᠭᠡᠨ ᠪᠠᠢ᠌ᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ ᠳᠡᠭᠡᠷ᠎ᠡ᠂ ᠬᠤᠤ ᠴᠢᠩ ᠸᠧᠨ ᠱᠠᠯᠠᠪᠳᠠᠭᠤᠯᠤᠨ ᠪᠠᠢ᠌ᠴᠠᠭ᠋ᠠᠬᠤ ᠵᠢ ᠬᠠᠮᠵᠢᠯᠴᠠᠵᠤ᠂ ᠱᠠᠯᠠᠪᠳᠠᠭᠤᠯᠤᠨ ᠪᠠᠢ᠌ᠴᠠᠭ᠋ᠠᠬᠤ ᠵᠢᠨ ᠳᠠᠭ᠋ᠠᠤ ᠬᠠᠯᠠᠨ ᠰᠠᠢ᠌ᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠤᠨᠢᠨ ᠳᠡᠭᠡᠷ᠎ᠡ᠎ᠨᠢ ᠰᠢᠨᠵᠢᠯᠡᠬᠦ ᠤᠬᠠᠭ᠋ᠠᠨᠴᠢ᠎ᠪᠠᠷ ᠬᠠᠤᠯᠢ ᠶᠣᠰᠣᠭ᠋ᠠᠷ ᠱᠠᠯᠠᠪᠳᠠᠭᠤᠯᠤᠨ ᠪᠠᠢ᠌ᠴᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠬᠦ ᠲᠤᠬᠠᠢ ᠱᠠᠭ᠋ᠠᠷᠳᠠᠯᠭ᠎ᠠ ᠳᠤᠷᠠᠳᠤᠭᠰᠠᠨ ᠪᠥᠭᠡᠳ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠪᠦᠷᠢᠯᠳᠦᠬᠦᠨ᠎ᠤ ᠱᠠᠯᠠᠪᠳᠠᠭᠤᠯᠤᠨ ᠪᠠᠢ᠌ᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ᠂ ᠱᠠᠯᠠᠪᠳᠠᠭᠤᠯᠤᠨ ᠪᠠᠢ᠌ᠴᠠᠭ᠋ᠠᠭᠳᠠᠵᠤ ᠪᠠᠢ᠌ᠭ᠎ᠠ ᠭᠠᠵᠠᠷ ᠣᠷᠣᠨ ᠪᠣᠯᠣᠨ ᠨᠡᠢ᠌ᠭᠡᠮ᠎ᠤᠨ ᠬᠢᠨᠠᠯᠲᠠ ᠵᠢ ᠬᠦᠯᠢᠶᠡᠬᠦ ᠲᠤᠬᠠᠢ ᠣᠪᠣᠷ ᠵᠶ᠋ᠠᠨ ᠢᠯᠡᠳᠬᠡᠵᠡᠢ᠃
ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠣᠷᠣᠵᠤ ᠰᠠᠭᠤᠬᠤ ᠴᠠᠭ᠎ᠨᠢ 25 ᠡᠳᠦᠷ ᠪᠣᠯᠣᠨ᠎ᠠ᠃ ᠣᠷᠣᠵᠤ ᠰᠠᠭᠤᠬᠤ ᠬᠤᠭᠤᠴᠠᠭ᠎ᠠ (2024 ᠣᠨ᠎ᠤ 4 ᠰᠠᠷ᠎ᠠ ᠵᠢᠨ 7᠎ᠤ ᠡᠳᠦᠷ — 5 ᠰᠠᠷ᠎ᠠ ᠵᠢᠨ 1᠎ᠤ ᠡᠳᠦᠷ) ᠲᠤᠰᠬᠠᠢ ᠵᠠᠬᠢᠳᠠᠯ ᠰᠣᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠬᠦ ᠳ᠋ᠢᠶᠠᠩᠬᠤᠸᠠ ᠲᠣᠬᠢᠷᠠᠭᠤᠯᠤᠨ᠎ᠠ᠄ 0472 — 3316988 (ᠤᠯᠠᠨ ᠲᠦᠮᠡᠨ᠎ᠤ ᠢᠯᠡᠴᠢᠯᠡᠨ ᠮᠡᠳᠡᠭᠦᠯᠦᠭᠰᠡᠨ᠎ᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠡᠳᠦᠷ ᠪᠦᠷᠢ ᠵᠢᠨ 8᠄ 00 — 20᠄ 00)᠂ ᠲᠤᠰᠬᠠᠢ ᠰᠢᠤᠳᠠᠨ᠎ᠤ ᠵᠠᠬᠢᠳᠠᠯ᠎ᠤᠨ ᠬᠠᠢ᠌ᠷᠴᠠᠭ᠄ ᠥᠪᠥᠷ ᠮᠣᠩᠭᠣᠯ᠎ᠤᠨ ᠪᠤᠭᠤᠲᠤ ᠬᠣᠲᠠ ᠵᠢᠨ 0037 ᠨᠣᠮᠧᠷᠲᠤ ᠰᠢᠤᠳᠠᠨ᠎ᠤ ᠵᠠᠬᠢᠳᠠᠯ᠎ᠤᠨ ᠬᠠᠢ᠌ᠷᠴᠠᠭ᠃
ᠥᠪᠡᠷᠲᠡᠭᠡᠨ ᠵᠠᠰᠠᠬᠤ ᠣᠷᠣᠨ᠎ᠤ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠪᠦᠷᠢᠯᠳᠦᠬᠦᠨ᠂ ᠪᠤᠭᠤᠲᠤ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠨᠠᠮ ᠵᠠᠰᠠᠭ᠎ᠤᠨ ᠬᠠᠷᠢᠭᠤᠴᠠᠯᠭ᠋ᠠᠲᠠᠨ ᠨᠥᠬᠥᠳ ᠸᠢᠳᠢᠤ᠋᠎ᠪᠠᠷ ᠬᠤᠷᠠᠯ᠎ᠳᠤ ᠣᠷᠣᠯᠴᠠᠪᠠ᠃