ᠭᠤᠸᠠᠩᠳᠦ᠋ᠩ ᠮᠤᠵᠢ ᠵᠢᠨ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠠᠴᠠ ᠲᠦᠷᠦᠭᠦᠬᠡᠨ ᠠᠩᠬᠠᠳᠤᠭ᠋ᠠᠷ ᠤᠳᠠᠭ᠋ᠠᠨ᠎ᠤ ᠬᠤᠷᠠᠯ ᠵᠶ᠋ᠠᠨ ᠬᠤᠷᠠᠯᠳᠤᠭᠤᠯᠵᠤ᠂ ᠨᠠᠮ᠎ᠤᠨ ᠲᠥᠪ ᠬᠣᠷᠢᠶᠠᠨ᠎ᠤ ᠭᠣᠣᠯ ᠮᠥᠷᠡᠨ᠎ᠤ ᠳᠠᠷᠤᠭ᠎ᠠ ᠵᠢᠨ ᠳᠦᠷᠢᠮ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠡᠨᠡ ᠵᠢᠯ᠎ᠠᠴᠠ ᠨᠠᠭ᠋ᠠᠰᠢᠬᠢ ᠭᠤᠸᠠᠩᠳᠦ᠋ᠩ ᠮᠤᠵᠢ ᠵᠢᠨ ᠭᠣᠣᠯ ᠮᠥᠷᠡᠨ᠎ᠤ ᠳᠠᠷᠤᠭ᠎ᠠ ᠵᠢᠨ ᠳᠦᠷᠢᠮ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠦᠭᠰᠡᠨ ᠠᠵᠢᠯ᠎ᠤᠨ ᠪᠠᠢ᠌ᠳᠠᠯ᠎ᠢ ᠳ᠋ᠦᠩᠨᠡᠵᠦ᠂ ᠳᠠᠷᠠᠭ᠋ᠠᠴᠢ ᠵᠢᠨ ᠱᠠᠲᠤ ᠦᠶ᠎ᠡ ᠵᠢᠨ ᠠᠵᠢᠯ ᠵᠶ᠋ᠠᠨ ᠰᠤᠳᠤᠯᠤᠨ ᠪᠠᠢ᠌ᠷᠢᠯᠠᠭᠤᠯᠪᠠ᠃ ᠭᠤᠸᠠᠩᠳᠦ᠋ᠩ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ᠂ ᠮᠤᠵᠢ ᠵᠢᠨ ᠠᠩᠬᠠᠳᠠᠭᠴᠢ ᠭᠣᠣᠯ ᠮᠥᠷᠡᠨ᠎ᠤ ᠶᠡᠷᠦᠩᠬᠡᠢ ᠳᠠᠷᠤᠭ᠎ᠠ ᠯᠢ ᠰᠢ ᠬᠤᠷᠠᠯ ᠡᠷᠬᠢᠯᠡᠵᠦ᠂ ᠮᠤᠵᠢ ᠵᠢᠨ ᠳᠠᠷᠤᠭ᠎ᠠ᠂ ᠮᠤᠵᠢ ᠵᠢᠨ ᠭᠣᠣᠯ ᠮᠥᠷᠡᠨ᠎ᠤ ᠶᠡᠷᠦᠩᠬᠡᠢ ᠳᠠᠷᠤᠭ᠎ᠠ ᠮᠠ ᠰᠢᠩ ᠷᠦᠢ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ ᠭᠣᠣᠯᠳᠠᠯᠭ᠎ᠠ ᠵᠢ ᠲᠣᠪᠣᠢ᠌ᠯᠭ᠋ᠠᠨ᠂ ᠥᠩᠭᠡᠨ ᠲᠠᠯ᠎ᠠ ᠪᠠ ᠤᠭ ᠦᠨᠳᠦᠰᠦᠨ᠎ᠠᠴᠠ᠎ᠨᠢ ᠵᠡᠷᠭᠡ᠎ᠪᠠᠷ ᠵᠠᠰᠠᠵᠤ᠂ ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠤᠨ᠂ ᠭᠤᠸᠠᠩᠳᠦ᠋ᠩ ᠮᠤᠵᠢ ᠵᠢᠨ ᠭᠣᠣᠯ ᠮᠥᠷᠡᠨ᠎ᠢ ᠴᠡᠪᠡᠷᠰᠢᠭᠦᠯᠦᠨ᠂ ᠨᠠᠭᠤᠷ ᠴᠥᠭᠥᠷᠥᠮ᠎ᠢ ᠨᠣᠭᠣᠭ᠋ᠠᠷᠠᠭᠤᠯᠤᠨ ᠲᠤᠩᠭ᠋ᠠᠯᠠᠭᠰᠢᠭᠤᠯᠬᠤ ᠬᠡᠷᠡᠭᠲᠡᠢ᠃ ᠨᠢᠭᠡ᠎ᠳᠤ᠂ ᠤᠰᠤᠨ᠎ᠤ ᠪᠣᠬᠢᠷᠲᠤᠯ᠎ᠢ ᠵᠠᠰᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠨ᠂ 《ᠭᠤᠸᠠᠩᠳᠦ᠋ᠩ᠎ᠤᠨ ᠭᠣᠣᠯ ᠮᠥᠷᠡᠨ᠎ᠢ ᠨᠡᠩ ᠭᠣᠶᠣ ᠦᠵᠡᠰᠬᠦᠯᠡᠩ ᠪᠣᠯᠭ᠋ᠠᠬᠤ》 ᠶᠡᠬᠡ ᠬᠡᠪᠴᠢᠶᠡᠨ᠎ᠤ ᠠᠵᠢᠯᠯᠠᠭ᠎ᠠ ᠵᠢ ᠥᠷᠭᠡᠨ ᠵᠶ᠋ᠡᠷ ᠬᠡᠷᠡᠭᠵᠢᠭᠦᠯᠵᠦ᠂ ᠭᠣᠣᠯᠳᠠᠯᠭ᠎ᠠ᠎ᠲᠠᠢ ᠪᠣᠬᠢᠷᠲᠤᠭᠰᠠᠨ ᠭᠣᠣᠯ᠎ᠤᠨ ᠤᠷᠤᠰᠬᠠᠯ᠎ᠢ ᠵᠠᠰᠠᠬᠤ ᠵᠢ ᠴᠢᠩᠭ᠎ᠠ ᠠᠳᠬᠤᠵᠤ᠂ ᠬᠣᠲᠠ ᠵᠢᠨ ᠬᠠᠷ᠎ᠠ ᠦᠮᠡᠬᠡᠢ ᠤᠰᠤᠨ ᠴᠣᠭᠴᠠ ᠵᠢ ᠪᠦᠬᠦ ᠬᠦᠴᠦᠨ ᠵᠶ᠋ᠡᠷ ᠠᠷᠢᠯᠭ᠋ᠠᠬᠤ ᠬᠡᠷᠡᠭᠲᠡᠢ᠃ ᠬᠣᠶᠠᠷ᠎ᠲᠤ᠂ ᠭᠣᠣᠯ ᠨᠠᠭᠤᠷ᠎ᠢ ᠲᠤᠰᠬᠠᠢ᠌ᠯᠠᠨ ᠢᠯᠭ᠋ᠠᠷᠠᠭᠤᠯᠤᠨ ᠴᠡᠪᠡᠷᠯᠡᠵᠦ ᠴᠡᠭᠴᠡᠯᠡᠨ ᠵᠠᠰᠠᠬᠤ ᠵᠢ ᠶᠡᠬᠡ᠎ᠪᠠᠷ ᠬᠡᠷᠡᠭᠵᠢᠭᠦᠯᠦᠨ᠂ ᠪᠠᠢ᠌ᠳᠠᠯ᠎ᠢ ᠣᠢ᠌ᠯᠭ᠋ᠠᠵᠤ ᠢᠯᠭ᠋ᠠᠨ ᠪᠠᠢ᠌ᠴᠠᠭ᠋ᠠᠬᠤ ᠵᠢ ᠨᠠᠷᠢᠨ ᠨᠢᠮᠪᠠᠢ ᠥᠷᠨᠢᠭᠦᠯᠵᠦ᠂ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠳᠦᠷ ᠲᠤᠲᠤᠮ᠎ᠤᠨ ᠤᠷᠲᠤ ᠬᠤᠭᠤᠴᠠᠭ᠋ᠠᠲᠤ ᠬᠠᠮᠢᠶᠠᠷᠤᠯᠲᠠ ᠵᠢ ᠴᠢᠩᠭ᠋ᠠᠷᠠᠭᠤᠯᠤᠨ᠂ ᠭᠣᠣᠯ ᠨᠠᠭᠤᠷ᠎ᠤᠨ ᠤᠰᠤᠨ᠎ᠤ ᠣᠷᠴᠢᠨ ᠲᠣᠭᠣᠷᠢᠨ᠎ᠢ ᠲᠠᠰᠤᠷᠠᠯᠲᠠ ᠦᠭᠡᠢ ᠰᠠᠢ᠌ᠵᠢᠷᠠᠭᠤᠯᠬᠤ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠤᠰᠤᠨ᠎ᠤ ᠡᠬᠢ ᠪᠠᠶᠠᠯᠢᠭ᠎ᠢ ᠬᠠᠮᠠᠭ᠋ᠠᠯᠠᠬᠤ ᠬᠢᠭᠡᠳ ᠤᠰᠤᠨ᠎ᠤ ᠠᠮᠢ ᠠᠬᠤᠢ ᠵᠢ ᠥᠭᠵᠢᠭᠦᠯᠦᠨ ᠰᠡᠷᠭᠦᠭᠡᠬᠦ ᠵᠢ ᠴᠢᠩᠭ᠋ᠠᠷᠠᠭᠤᠯᠤᠨ᠂ ᠤᠰᠤᠨ᠎ᠤ ᠡᠬᠢ ᠪᠠᠶᠠᠯᠢᠭ᠎ᠤᠨ ᠬᠠᠮᠤᠭ᠎ᠤᠨ ᠴᠢᠩᠭ᠎ᠠ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠰᠢᠰᠲ᠋ᠧᠮ᠎ᠲᠠᠢ ᠵᠠᠰᠠᠬᠤ ᠵᠢ ᠴᠢᠩᠭ᠋ᠠᠷᠠᠭᠤᠯᠤᠨ᠂ ᠪᠦᠬᠦ ᠲᠠᠯ᠎ᠠ᠂ ᠪᠦᠬᠦ ᠣᠷᠣᠨ ᠪᠦᠰᠡ᠂ ᠪᠦᠬᠦ ᠶᠠᠪᠤᠴᠠ᠎ᠪᠠᠷ ᠤᠰᠤᠨ᠎ᠤ ᠣᠷᠴᠢᠨ ᠲᠣᠭᠣᠷᠢᠨ᠎ᠢ ᠵᠠᠰᠠᠬᠤ ᠪᠠ ᠤᠰᠤᠨ᠎ᠤ ᠠᠮᠢ ᠠᠬᠤᠢ ᠵᠢ ᠥᠭᠵᠢᠭᠦᠯᠦᠨ ᠰᠡᠷᠭᠦᠭᠡᠵᠦ ᠭᠣᠣᠯ ᠨᠠᠭᠤᠷ᠎ᠤᠨ ᠡᠷᠡᠭᠦᠯ ᠠᠮᠢ ᠨᠠᠰᠤ ᠵᠢ ᠬᠠᠮᠠᠭ᠋ᠠᠯᠠᠬᠤ ᠬᠡᠷᠡᠭᠲᠡᠢ᠃ ᠳᠥᠷᠪᠡ᠎ᠳᠤ᠂ ᠲᠦᠮᠡᠨ ᠭᠠᠵᠠᠷ᠎ᠤᠨ 《ᠨᠣᠭᠣᠭ᠋ᠠᠨ ᠵᠠᠮ》᠎ᠤᠨ ᠢᠨᠵᠧᠨᠧᠷᠢᠩ᠎ᠢ ᠬᠡᠷᠡᠭᠵᠢᠭᠦᠯᠦᠨ᠂ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢ ᠥᠨᠳᠥᠷ ᠪᠠᠷᠢᠮᠵᠢᠶ᠎ᠠ᠎ᠪᠠᠷ ᠲᠣᠭᠲᠠᠭ᠋ᠠᠵᠤ᠂ ᠭᠠᠵᠠᠷ ᠣᠷᠣᠨ᠎ᠤ᠎ᠪᠠᠨ ᠪᠠᠢ᠌ᠳᠠᠯᠳᠤᠨᠢ ᠲᠣᠬᠢᠷᠠᠭᠤᠯᠤᠨ᠂ ᠣᠷᠣᠨ ᠬᠤᠪᠢᠶᠠᠨ ᠪᠠᠢ᠌ᠭᠤᠯᠵᠤ᠂ ᠲᠤᠷᠰᠢᠯᠲᠠ ᠵᠢᠨ ᠴᠡᠭ᠎ᠲᠤ ᠤᠷᠢᠳ ᠵᠶ᠋ᠠᠷ ᠬᠡᠷᠡᠭᠵᠢᠭᠦᠯᠦᠨ᠂ ᠵᠢᠱ᠌ᠢᠶ᠎ᠡ ᠦᠵᠡᠭᠦᠯᠦᠨ ᠳᠠᠢ᠌ᠴᠢᠯᠠᠵᠤ᠂ ᠭᠤᠸᠠᠩᠳᠦ᠋ᠩ᠎ᠤᠨ ᠠᠭᠤᠳᠠᠮ ᠣᠷᠣᠨ᠎ᠳᠤ ᠨᠣᠮᠢᠨ ᠤᠰᠤ ᠲᠤᠩᠭ᠋ᠠᠯᠠᠭ ᠤᠷᠤᠰᠬᠠᠯ᠎ᠲᠠᠢ ᠠᠮᠢ ᠠᠬᠤᠢ ᠵᠢᠨ ᠬᠣᠩᠭᠢᠯ᠎ᠢ ᠪᠠᠢ᠌ᠭᠤᠯᠬᠤ ᠬᠡᠷᠡᠭᠲᠡᠢ᠃ ᠲᠠᠪᠤ᠎ᠳᠤ᠂ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠣᠳᠣᠬᠢᠴᠢᠯᠠᠭᠰᠠᠨ ᠵᠠᠰᠠᠯᠲᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠬᠠᠮᠤᠭ᠎ᠤᠨ ᠴᠢᠩᠭ᠎ᠠ ᠳᠦᠷᠢᠮ᠎ᠢ ᠬᠡᠷᠡᠭᠯᠡᠨ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠵᠤ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠢ ᠭᠡᠵᠡᠢ᠃
ᠬᠤᠷᠠᠯ᠎ᠠᠴᠠ ᠡᠮᠦᠨ᠎ᠡ᠂ ᠮᠤᠵᠢ ᠵᠢᠨ ᠭᠣᠣᠯ ᠮᠥᠷᠡᠨ᠎ᠤ ᠶᠡᠷᠦᠩᠬᠡᠢ ᠳᠠᠷᠤᠭ᠎ᠠ ᠮᠠ ᠰᠢᠩ ᠷᠦᠢ 2018 ᠣᠨ᠎ᠤ ᠭᠤᠸᠠᠩᠳᠦ᠋ᠩ ᠮᠤᠵᠢ ᠵᠢᠨ ᠭᠣᠣᠯ ᠮᠥᠷᠡᠨ᠎ᠤ ᠶᠡᠷᠦᠩᠬᠡᠢ ᠳᠠᠷᠤᠭ᠎ᠠ ᠵᠢᠨ 1 ᠳ᠋ᠦ᠍ᠭᠡᠷ ᠲᠣᠭ᠋ᠠᠲᠤ ᠵᠠᠷᠯᠢᠭ ᠪᠣᠯᠬᠤ 《ᠪᠦᠬᠦ ᠮᠤᠵᠢ ᠵᠢᠨ ᠭᠣᠣᠯ ᠮᠥᠷᠡᠨ ᠨᠠᠭᠤᠷ ᠴᠥᠭᠥᠷᠥᠮ᠎ᠳᠤ 〈ᠲᠠᠪᠤ ᠵᠢ ᠢᠯᠭ᠋ᠠᠷᠠᠭᠤᠯᠤᠨ ᠴᠡᠪᠡᠷᠯᠡᠬᠦ〉 ᠲᠤᠰᠬᠠᠢ ᠵᠦᠢ᠍ᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠬᠦ ᠲᠤᠬᠠᠢ ᠳᠠᠢ᠌ᠴᠢᠯᠠᠯᠲᠠ ᠵᠢᠨ ᠵᠠᠷᠯᠢᠭ》 ᠳᠡᠭᠡᠷ᠎ᠡ ᠭᠠᠷᠤᠨ ᠦᠰᠦᠭ ᠵᠢᠷ᠎ᠤᠨ ᠲᠠᠷᠬᠠᠭ᠋ᠠᠪᠠ᠃ ᠳᠠᠢ᠌ᠴᠢᠯᠠᠯᠲᠠ ᠵᠢᠨ ᠵᠠᠷᠯᠢᠭ᠎ᠲᠤ᠂ 《ᠭᠤᠸᠠᠩᠳᠦ᠋ᠩ᠎ᠤᠨ ᠭᠣᠣᠯ ᠮᠥᠷᠡᠨ᠎ᠢ ᠨᠡᠩ ᠭᠣᠶᠣ ᠦᠵᠡᠰᠬᠦᠯᠡᠩ ᠪᠣᠯᠭ᠋ᠠᠬᠤ ᠶᠡᠬᠡ ᠬᠡᠪᠴᠢᠶᠡᠨ᠎ᠤ ᠠᠵᠢᠯᠯᠠᠭ᠎ᠠ ᠥᠷᠨᠢᠭᠦᠯᠬᠦ》 ᠲᠤᠬᠠᠢ ᠭᠤᠸᠠᠩᠳᠦ᠋ᠩ ᠮᠤᠵᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠪᠠᠢ᠌ᠷᠢᠯᠠᠭᠤᠯᠤᠯᠲᠠ ᠵᠢ ᠦᠨᠳᠦᠰᠦᠯᠡᠨ᠂ ᠡᠨᠡ ᠡᠳᠦᠷ᠎ᠠᠴᠠ ᠡᠬᠢᠯᠡᠨ 2019 ᠣᠨ᠎ᠤ 6 ᠳ᠋ᠤᠭ᠋ᠠᠷ ᠰᠠᠷ᠎ᠠ ᠵᠢᠨ 30᠎ᠤ ᠡᠳᠦᠷ ᠪᠣᠯᠲᠠᠯ᠎ᠠ᠂ ᠪᠦᠬᠦ ᠮᠤᠵᠢ ᠵᠢᠨ ᠭᠣᠣᠯ ᠮᠥᠷᠡᠨ ᠨᠠᠭᠤᠷ ᠴᠥᠭᠥᠷᠥᠮ᠎ᠳᠤ ᠬᠠᠤᠯᠢ ᠪᠤᠰᠤ ᠪᠣᠬᠢᠷᠲᠤᠯ ᠡᠳ᠋ ᠭᠠᠳᠠᠭᠰᠢᠯᠠᠭᠤᠯᠬᠤ ᠠᠮᠠᠰᠠᠷ᠎ᠢ ᠢᠯᠭ᠋ᠠᠷᠠᠭᠤᠯᠤᠨ ᠴᠡᠪᠡᠷᠯᠡᠬᠦ᠂ ᠤᠰᠤᠨ ᠭᠠᠳᠠᠷᠭᠤ ᠵᠢᠨ ᠬᠥᠪᠥᠮᠡᠯ ᠪᠣᠳᠠᠰ᠎ᠢ ᠢᠯᠭ᠋ᠠᠷᠠᠭᠤᠯᠤᠨ ᠴᠡᠪᠡᠷᠯᠡᠬᠦ᠂ ᠢᠷᠤᠭ᠋ᠠᠷ᠎ᠤᠨ ᠱᠠᠯᠪᠠᠭ᠎ᠤᠨ ᠪᠣᠬᠢᠷᠲᠤᠯ ᠡᠳ᠋᠎ᠢ ᠢᠯᠭ᠋ᠠᠷᠠᠭᠤᠯᠤᠨ ᠴᠡᠪᠡᠷᠯᠡᠬᠦ᠂ ᠭᠣᠣᠯ ᠨᠠᠭᠤᠷ᠎ᠤᠨ ᠰᠠᠭ᠋ᠠᠳ ᠪᠣᠳᠠᠰ᠎ᠢ ᠢᠯᠭ᠋ᠠᠷᠠᠭᠤᠯᠤᠨ ᠴᠡᠪᠡᠷᠯᠡᠬᠦ᠂ ᠭᠣᠣᠯ ᠨᠠᠭᠤᠷ᠎ᠲᠤ ᠬᠣᠯᠪᠣᠭᠳᠠᠭᠰᠠᠨ ᠬᠠᠤᠯᠢ ᠳᠦᠷᠢᠮ᠎ᠠᠴᠠ ᠵᠥᠷᠢᠴᠡᠭᠰᠡᠨ ᠪᠠᠢ᠌ᠭᠤᠯᠤᠯᠲᠠ ᠵᠢ ᠢᠯᠭ᠋ᠠᠷᠠᠭᠤᠯᠤᠨ ᠴᠡᠪᠡᠷᠯᠡᠬᠦ 《ᠲᠠᠪᠤ ᠵᠢ ᠢᠯᠭ᠋ᠠᠷᠠᠭᠤᠯᠤᠨ ᠴᠡᠪᠡᠷᠯᠡᠬᠦ》 ᠲᠤᠰᠬᠠᠢ ᠵᠦᠢ᠍ᠯ᠎ᠤᠨ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠦᠨ᠎ᠡ ᠭᠡᠵᠦ ᠲᠣᠭᠲᠠᠭ᠋ᠠᠵᠠᠢ᠃