ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠨᠠᠨ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠣᠯᠪᠣᠭ᠋ᠠᠯᠠᠨ 《ᠾᠧᠨᠠᠨ ᠮᠤᠵᠢ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ᠎ᠳᠤ ᠦᠨᠡᠯᠡᠯᠲᠡ ᠬᠢᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2018-10-26

      ᠣᠢ᠌ᠷ᠎ᠠ᠎ᠳᠤ᠂ ᠾᠧᠨᠠᠨ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠂ ᠮᠤᠵᠢ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠮᠤᠵᠢ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠵᠧᠩᠵᠧᠦ ᠵᠢᠨ ᠲᠥᠪ ᠰᠠᠯᠠᠭ᠎ᠠ ᠪᠠᠩᠬᠢ᠂ ᠪᠠᠩᠬᠢ ᠵᠢᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠬᠣᠯᠪᠣᠭ᠋ᠠᠯᠠᠨ ᠮᠡᠳᠡᠭᠳᠡᠯ ᠲᠠᠷᠬᠠᠭ᠋ᠠᠵᠤ᠂ 《ᠾᠧᠨᠠᠨ ᠮᠤᠵᠢ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ᠎ᠳᠤ ᠦᠨᠡᠯᠡᠯᠲᠡ ᠬᠢᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠂ ᠲᠤᠰ ᠠᠷᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ᠎ᠳᠤ ᠦᠨᠡᠯᠡᠯᠲᠡ ᠬᠢᠬᠦ ᠠᠵᠢᠯ᠎ᠢ ᠢᠳᠡᠪᠬᠢᠲᠡᠢ ᠠᠬᠢᠭᠤᠯᠤᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ ᠵᠢ ᠪᠠᠷᠢᠮᠲᠠᠯᠠᠬᠤ ᠵᠢ ᠬᠣᠯᠪᠣᠭ᠋ᠠᠯᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ᠎ᠢ ᠬᠣᠯᠪᠣᠭ᠋ᠠᠯᠠᠵᠤ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠪᠠᠢ᠌ᠭᠤᠯᠵᠤ᠂ ᠲᠦᠮᠡᠨ ᠣᠯᠠᠨ ᠵᠶ᠋ᠠᠷ ᠵᠶ᠋ᠠᠨ ᠣᠷᠣᠯᠴᠠᠬᠤ ᠵᠢ ᠵᠣᠷᠢᠭᠵᠢᠭᠤᠯᠤᠨ᠂ ᠨᠡᠢ᠌ᠭᠡᠮ᠎ᠤᠨ ᠬᠢᠨᠠᠯᠲᠠ ᠵᠢ ᠬᠦᠯᠢᠶᠡᠵᠦ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ᠎ᠬᠢᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠪᠠ ᠨᠡᠢ᠌ᠭᠡᠮ᠎ᠤᠨ ᠬᠠᠷᠢᠭᠤᠴᠠᠯᠭ᠎ᠠ ᠵᠢ ᠭᠦᠢ᠍ᠴᠡᠳᠬᠡᠬᠦ ᠵᠢ ᠰᠢᠮᠳᠠᠭᠤᠯᠤᠨ ᠠᠬᠢᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠬᠦᠴᠦᠯᠡᠨ ᠰᠠᠢ᠌ᠲᠤᠷ ᠬᠢᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠤᠨ᠂ ᠪᠣᠬᠢᠷᠲᠤᠯ ᠦᠭᠡᠢ ᠦᠷᠭᠦᠯᠵᠢᠯᠡᠬᠦᠢ᠌ᠴᠡ ᠬᠥᠭᠵᠢᠯᠲᠡ ᠵᠢ ᠪᠡᠶᠡᠯᠡᠭᠦᠯᠬᠦ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠲᠣᠰᠬᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠭᠤᠢ᠌ᠯᠠᠩ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠥᠷᠨᠢᠭᠦᠯᠪᠡ
ᠬᠤᠨᠠᠨ ᠮᠤᠵᠢ ᠵᠢᠨ ᠮᠤᠵᠢ ᠵᠢᠨ ᠱᠠᠲᠤᠨ᠎ᠤ 18 ᠭᠣᠣᠯ ᠮᠥᠷᠡᠨ᠎ᠤ ᠳᠠᠷᠤᠭ᠎ᠠ ᠭᠣᠣᠯ ᠨᠠᠭᠤᠷ᠎ᠤᠨ ᠴᠡᠭᠴᠡᠯᠡᠨ ᠵᠠᠰᠠᠭᠰᠠᠨ᠎ᠢ ᠭᠣᠣᠯᠳᠠᠯᠭ᠎ᠠ᠎ᠲᠠᠢ ᠴᠠᠭᠳᠠᠨ ᠪᠠᠢ᠌ᠴᠠᠭ᠋ᠠᠬᠤ ᠪᠠ ᠰᠢᠮᠳᠠᠭᠤᠯᠤᠨ ᠰᠢᠢ᠍ᠳᠪᠦᠷᠢᠯᠡᠭᠦᠯᠵᠦ ᠭᠣᠣᠯ ᠨᠠᠭᠤᠷ᠎ᠢ 31 ᠤᠳᠠᠭ᠎ᠠ ᠴᠢᠭᠵᠢᠭᠦᠯᠦᠨ ᠴᠠᠭᠳᠠᠵᠤ ᠨᠢᠭᠡᠨᠲᠡ 1328 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠴᠡᠭᠴᠡᠯᠡᠨ ᠵᠠᠰᠠᠪᠠ
ᠱᠠᠨᠰᠢ ᠮᠤᠵᠢ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ
ᠡᠾᠸᠪᠸᠢ ᠮᠤᠵᠢ ᠤᠷᠴᠢᠨ ᠳᠤᠭᠤᠷᠢᠨ᠎ᠤ ᠵᠥᠷᠢᠶᠡᠴᠢᠯᠡᠭᠰᠡᠨ ᠬᠠᠮᠢᠶᠠᠷᠤᠯᠳᠠ ᠡᠵᠡᠮᠳᠡᠯ᠎ᠢ ᠬᠡᠷᠡᠭᠵᠢᠬᠦᠯᠦᠨ ᠳᠥᠭᠥᠮᠴᠢᠯᠡᠨ ᠬᠢᠯᠪᠠᠷᠴᠢᠯᠠᠵᠤ ᠬᠠᠰᠢ ᠶᠠᠰᠢ᠎ᠪᠠᠷ ᠦᠩᠭᠡᠷᠡᠭᠡᠬᠦ ᠵᠢ ᠡᠰᠡᠷᠬᠦᠴᠡᠵᠦ ᠠᠷᠪᠠᠨ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠬᠢᠵᠠᠭ᠋ᠠᠷᠯᠠᠵᠤ ᠪᠠᠢ᠌ᠨ᠎ᠠ
ᠹᠦᠵᠢᠶᠠᠨ ᠠᠵᠤ ᠠᠬᠤᠢ᠌ᠯᠠᠯ ᠪᠠ ᠵᠠᠰᠠᠭ᠎ᠤᠨ ᠣᠷᠳᠣᠨ᠎ᠢ ᠵᠡᠷᠭᠡ᠎ᠳᠤ᠎ᠨᠢ ᠬᠢᠨᠠᠵᠤ ᠬᠠᠷᠢᠭᠤᠴᠠᠯᠭ᠎ᠠ ᠵᠢ ᠳᠠᠮᠵᠢᠭᠤᠯᠬᠤ ᠪᠠ ᠪᠣᠳᠠᠲᠠᠢ᠌ᠵᠢᠭᠤᠯᠤᠨ ᠴᠢᠩᠭ᠋ᠠᠳᠬᠠᠵᠤ ᠨᠠᠮ ᠵᠠᠰᠠᠭ ᠬᠠᠮᠲᠤ᠎ᠪᠠᠷ ᠬᠠᠷᠢᠭᠤᠴᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠳᠥᠷᠪᠡᠨ ᠲᠠᠯ᠎ᠠ ᠵᠢᠨ ᠡᠷᠭᠢᠯᠲᠡ ᠭᠠᠷᠭ᠋ᠠᠪᠠ
 
             蒙ICP备05000248号