ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠧᠵᠢᠶᠠᠩ ᠮᠤᠵᠢ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠲᠠᠯ᠎ᠠ᠎ᠪᠠᠷ ᠬᠣᠴᠣᠷᠤᠩᠭᠤᠢ 7 ᠰᠢᠶᠠᠨ (ᠬᠣᠲᠠ᠂ ᠲᠣᠭᠣᠷᠢᠭ)᠎ᠤ ᠭᠣᠣᠯ ᠤᠳᠤᠷᠢᠳᠤᠯᠭ᠎ᠠ ᠵᠢ ᠲᠥᠪᠯᠡᠷᠡᠭᠦᠯᠵᠦ ᠪᠣᠯᠵᠣᠨ ᠶᠠᠷᠢᠯᠴᠠᠪᠠ
ᠨᠡᠶ᠋ᠢᠲᠡᠯᠡᠭᠰᠡᠨ ᠴᠠᠭ᠄ 2018-10-15

        ᠡᠨᠡ ᠵᠢᠯ᠎ᠤᠨ 3 ᠳ᠋ᠤᠭ᠋ᠠᠷ ᠰᠠᠷ᠎ᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠬᠣᠯᠪᠣᠭ᠋ᠠᠯᠠᠵᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ᠂ ᠵᠧᠵᠢᠶᠠᠩ ᠮᠤᠵᠢ ᠶᠡᠷᠦᠩᠬᠡᠢ ᠱᠦᠵᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠦᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠡᠭᠴᠡᠯᠡᠨ ᠵᠠᠰᠠᠯᠲᠠ ᠵᠢ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠵᠢ ᠭᠦᠨᠵᠡᠭᠡᠢ ᠠᠬᠢᠭᠤᠯᠵᠤ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠢ ᠬᠠᠮᠠᠭ᠋ᠠᠯᠠᠬᠤ᠎ᠪᠠᠷ ᠢᠮᠠᠭᠲᠠ ᠨᠢᠭᠡᠨ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠨ ᠠᠳᠬᠤᠵᠤ᠂ ᠵᠣᠬᠢᠬᠤ ᠦᠷ᠎ᠡ ᠪᠦᠲᠦᠮᠵᠢ ᠣᠯᠪᠠ᠃ ᠣᠳᠣ ᠪᠣᠯᠲᠠᠯ᠎ᠠ᠂ ᠪᠦᠬᠦ ᠮᠤᠵᠢ ᠵᠢᠨ 224 ᠠᠰᠠᠭᠤᠳᠠᠯ᠎ᠤᠨ ᠨᠡᠢ᠌ᠲᠡ 167 ᠵᠢ᠎ᠨᠢ ᠴᠡᠭᠴᠡᠯᠡᠨ ᠵᠠᠰᠠᠬᠤ ᠵᠢ ᠪᠡᠶᠡᠯᠡᠭᠦᠯᠵᠦ᠂ ᠪᠡᠶᠡᠯᠡᠭᠦᠯᠦᠭᠰᠡᠨ ᠬᠠᠷᠢᠴᠠᠯ᠎ᠨᠢ 75%᠎ᠳᠤ ᠬᠦᠷᠴᠡᠢ᠃ ᠭᠡᠲᠡᠯ᠎ᠡ ᠡᠯ᠎ᠡ ᠭᠠᠵᠠᠷ᠎ᠤᠨ᠎ᠬᠢᠨ᠎ᠤ ᠮᠡᠳᠡᠭᠦᠯᠦᠨ ᠬᠦᠷᠭᠡᠭᠰᠡᠨ ᠠᠬᠢᠯᠲᠠ ᠵᠢᠨ ᠪᠠᠢ᠌ᠳᠠᠯ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠬᠣᠶᠠᠳᠤᠭ᠋ᠠᠷ ᠡᠭᠡᠯᠵᠢ ᠵᠢᠨ ᠰᠢᠮᠳᠠᠭᠤᠯᠤᠨ ᠪᠠᠢ᠌ᠴᠠᠭ᠋ᠠᠭᠰᠠᠨ ᠪᠠᠢ᠌ᠳᠠᠯ᠎ᠠᠴᠠ ᠦᠵᠡᠪᠡᠯ᠂ ᠬᠡᠰᠡᠭ ᠭᠠᠵᠠᠷ ᠣᠷᠣᠨ᠎ᠤ ᠠᠵᠢᠯ᠎ᠤᠨ ᠠᠬᠢᠯᠲᠠ᠎ᠨᠢ ᠮᠥᠨ ᠬᠦ᠌ ᠤᠳᠠᠭ᠋ᠠᠨ ᠪᠠᠢ᠌ᠵᠤ᠂ ᠠᠵᠢᠯ᠎ᠤᠨ ᠠᠬᠢᠴᠠ᠎ᠨᠢ ᠬᠣᠴᠣᠷᠤᠩᠭᠤᠢ ᠪᠠᠢ᠌ᠨ᠎ᠠ᠃
     9 ᠳ᠋ᠦ᠍ᠭᠡᠷ ᠰᠠᠷ᠎ᠠ ᠵᠢᠨ 25᠎ᠤ ᠡᠳᠦᠷ᠂ ᠮᠤᠵᠢ ᠵᠢᠨ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠬᠦ᠎ᠪᠠᠷ ᠳᠠᠮᠵᠢᠨ᠂ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠂ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠬᠣᠯᠪᠣᠭ᠋ᠠᠯᠠᠵᠤ ᠹᠦ᠋ ᠶᠠᠩ ᠲᠣᠭᠣᠷᠢᠭ᠂ ᠢᠦᠢ ᠶᠣᠣ ᠬᠣᠲᠠ᠂ ᠰᠢᠶᠠᠩ ᠱᠠᠨ ᠰᠢᠶᠠᠨ᠂ ᠺᠧ ᠴᠢᠶᠤᠤ ᠲᠣᠭᠣᠷᠢᠭ᠂ ᠰᠢᠨ ᠴᠠᠩ ᠰᠢᠶᠠᠨ᠂ ᠶᠦᠩ ᠺᠠᠩ ᠬᠣᠲᠠ᠂ ᠯᠦᠩ ᠶᠢᠦ ᠰᠢᠶᠠᠨ ᠵᠡᠷᠭᠡ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠲᠠᠯ᠎ᠠ᠎ᠪᠠᠷ ᠬᠣᠴᠣᠷᠤᠩᠭᠤᠢ 7 ᠰᠢᠶᠠᠨ (ᠬᠣᠲᠠ᠂ ᠲᠣᠭᠣᠷᠢᠭ)᠎ᠤ ᠭᠣᠣᠯ ᠤᠳᠤᠷᠢᠳᠤᠯᠭ᠎ᠠ ᠵᠢ ᠲᠥᠪᠯᠡᠷᠡᠭᠦᠯᠦᠨ ᠪᠣᠯᠵᠣᠨ ᠶᠠᠷᠢᠯᠴᠠᠵᠤ᠂ ᠬᠠᠮᠢᠶ᠎ᠠ ᠪᠦᠬᠦᠢ ᠲᠣᠭᠣᠷᠢᠭ ᠲᠣᠬᠢᠷᠠᠭᠤᠯᠤᠭᠰᠠᠨ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃
      ᠬᠤᠷᠠᠯ ᠳᠡᠭᠡᠷ᠎ᠡ᠂ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ᠂ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠪᠦᠬᠦ ᠮᠤᠵᠢ ᠵᠢᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢ ᠥᠷᠨᠢᠭᠦᠯᠦᠭᠰᠡᠨ ᠪᠠᠢ᠌ᠳᠠᠯ ᠪᠠ ᠪᠣᠯᠵᠣᠨ ᠶᠠᠷᠢᠯᠴᠠᠯᠭ᠎ᠠ ᠵᠢ ᠬᠦᠯᠢᠶᠡᠭᠰᠡᠨ 7 ᠰᠢᠶᠠᠨ (ᠬᠣᠲᠠ᠂ ᠲᠣᠭᠣᠷᠢᠭ)᠎ᠤ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠭᠰᠠᠨ ᠪᠣᠳᠠᠲᠠᠢ ᠠᠰᠠᠭᠤᠳᠠᠯ᠎ᠢ ᠨᠡᠪᠲᠡᠷᠡᠭᠦᠯᠦᠨ ᠮᠡᠳᠡᠭᠡᠯᠡᠭᠰᠡᠨ᠎ᠤ ᠬᠠᠮᠲᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠱᠠᠭ᠋ᠠᠷᠳᠠᠯᠭ᠎ᠠ ᠵᠢ ᠳᠤᠷᠠᠳᠤᠨ ᠭᠠᠷᠭ᠋ᠠᠪᠠ᠃ ᠨᠢᠭᠡ᠎ᠳᠤ᠂ ᠲᠠᠨᠢᠯᠲᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯᠲᠡ ᠣᠢ᠌ᠯᠠᠭ᠋ᠠᠯᠲᠠ᠎ᠪᠠᠨ ᠬᠤᠪᠢᠷᠠᠭᠤᠯᠵᠤ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠴᠢᠨᠠᠷ ᠪᠠ ᠲᠤᠯᠭ᠋ᠠᠮᠳᠠᠭᠤ ᠴᠢᠨᠠᠷ᠎ᠢ ᠭᠦᠢ᠍ᠴᠡᠳ ᠲᠠᠨᠢᠵᠤ᠂ ᠤᠯᠤᠰ ᠲᠥᠷᠥ ᠵᠢ ᠡᠷᠬᠢᠮᠨᠡᠬᠦ ᠥᠨᠳᠥᠷᠴᠡ᠎ᠠᠴᠠ ᠠᠰᠠᠭᠤᠳᠠᠯ᠎ᠢ ᠴᠡᠭᠴᠡᠯᠡᠨ ᠵᠠᠰᠠᠬᠤ ᠵᠢ ᠰᠠᠢ᠌ᠲᠤᠷ ᠠᠳᠬᠤᠬᠤ ᠬᠡᠷᠡᠭᠲᠡᠢ; ᠬᠣᠶᠠᠷ᠎ᠲᠤ᠂ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠴᠠᠭ ᠪᠠ ᠵᠠᠩᠭᠢᠯᠠᠭ᠎ᠠ ᠵᠢ ᠨᠢᠭᠲᠠ ᠠᠩᠬᠠᠷᠴᠤ᠂ ᠶᠠᠰᠤ ᠴᠢᠨᠠᠷ ᠪᠠ ᠲᠣᠭ᠎ᠠ ᠬᠡᠮᠵᠢᠶ᠎ᠡ ᠶᠣᠰᠣᠭ᠋ᠠᠷ ᠴᠠᠭ ᠲᠤᠬᠠᠢ᠎ᠳᠤ᠎ᠨᠢ ᠴᠡᠭᠴᠡᠯᠡᠨ ᠵᠠᠰᠠᠬᠤ ᠡᠭᠦᠷᠭᠡ ᠵᠢ ᠪᠡᠶᠡᠯᠡᠭᠦᠯᠬᠦ ᠬᠡᠷᠡᠭᠲᠡᠢ᠃ ᠭᠤᠷᠪᠠ᠎ᠳᠤ᠂ ᠰᠢᠯᠭ᠋ᠠᠨ ᠬᠢᠨᠠᠬᠤ ᠡᠷᠴᠢᠮ᠎ᠢ ᠴᠢᠩᠭ᠋ᠠᠷᠠᠭᠤᠯᠤᠨ᠂ ᠦᠨᠡᠨ ᠬᠦ᠌ ᠠᠳᠬᠤᠨ ᠪᠣᠳᠠᠲᠠᠢ᠎ᠪᠠᠷ ᠬᠢᠵᠦ᠂ ᠠᠵᠢᠯ ᠵᠶ᠋ᠠᠨ ᠠᠬᠢᠭᠤᠯᠤᠭᠰᠠᠨ ᠲᠠᠯ᠎ᠠ᠎ᠪᠠᠷ ᠬᠦᠴᠦᠨ ᠦᠭᠡᠢ᠂ ᠰᠢᠯᠲᠠᠭᠯᠠᠨ ᠬᠠᠷᠢᠭᠤᠴᠠᠯᠭ᠎ᠠ᠎ᠪᠠᠨ ᠬᠠᠷᠢᠯᠴᠠᠨ ᠲᠦᠯᠬᠢᠯᠴᠡᠭᠰᠡᠳ᠎ᠠᠴᠠ ᠬᠠᠮᠢᠶ᠎ᠠ ᠪᠦᠬᠦᠢ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠬᠦ ᠬᠡᠷᠡᠭᠲᠡᠢ᠃ 7 ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠭᠣᠣᠯ ᠤᠳᠤᠷᠢᠳᠤᠯᠭ᠎ᠠ᠎ᠠᠴᠠ ᠬᠠᠷᠢᠶ᠎ᠠ ᠣᠷᠣᠨ᠎ᠤ ᠳᠣᠲᠣᠷᠠᠬᠢ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠳᠤ᠎ᠪᠠᠨ ᠴᠢᠭᠯᠡᠭᠦᠯᠦᠨ ᠵᠣᠷᠢᠭ ᠵᠶ᠋ᠠᠨ ᠢᠯᠡᠳᠬᠡᠭᠰᠡᠨ ᠦᠭᠡ ᠶᠠᠷᠢᠵᠤ᠂ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠰᠠᠭᠤᠳᠠᠯ᠎ᠳᠤ ᠰᠢᠭᠤᠳ ᠬᠠᠨᠳᠤᠵᠤ᠂ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠤᠨ᠂ ᠠᠵᠢᠯ᠎ᠤᠨ ᠬᠤᠭᠤᠴᠠᠭ᠎ᠠ᠎ᠪᠠᠨ ᠲᠣᠩᠭᠣᠷᠠᠭᠤᠯᠤᠨ ᠲᠣᠬᠢᠷᠠᠭᠤᠯᠵᠤ᠂ ᠴᠡᠭᠴᠡᠯᠡᠨ ᠵᠠᠰᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠲᠦᠷᠭᠡᠳᠬᠡᠨ ᠠᠬᠢᠭᠤᠯᠤᠨ᠎ᠠ ᠭᠡᠵᠦ ᠠᠮᠠᠯᠳᠠᠵᠠᠢ᠃
      ᠳᠠᠷᠠᠭ᠋ᠠᠴᠢ ᠵᠢᠨ ᠠᠯᠬᠤᠮ᠎ᠳᠤ᠂ ᠵᠧᠵᠢᠶᠠᠩ ᠮᠤᠵᠢ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ ᠪᠠ ᠤᠰᠤᠨ ᠠᠰᠢᠭᠯᠠᠯᠲᠠ ᠵᠢᠨ ᠶᠠᠮᠤᠨ᠎ᠤ ᠬᠠᠮᠢᠶ᠎ᠠ ᠪᠦᠬᠦᠢ ᠱᠠᠭ᠋ᠠᠷᠳᠠᠯᠭ᠎ᠠ ᠵᠢ ᠦᠨᠳᠦᠰᠦᠯᠡᠨ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠦᠬᠦ ᠮᠤᠵᠢ ᠵᠢᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠠᠵᠢᠯ᠎ᠢ ᠡᠷᠲᠡ ᠡᠳᠦᠷ ᠥᠨᠳᠥᠷ ᠪᠠᠷᠢᠮᠵᠢᠶ᠎ᠠ᠎ᠲᠠᠢ ᠴᠢᠨᠠᠷ ᠰᠠᠢ᠌ᠲᠠᠢ᠎ᠪᠠᠷ ᠪᠦᠬᠦ ᠲᠠᠯ᠎ᠠ᠎ᠪᠠᠷ ᠴᠢᠷᠮᠠᠢ᠌ᠨ ᠪᠡᠶᠡᠯᠡᠭᠦᠯᠬᠦ᠎ᠪᠠᠷ ᠪᠠᠢ᠌ᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠾᠧᠨᠠᠨ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠣᠯᠪᠣᠭ᠋ᠠᠯᠠᠨ 《ᠾᠧᠨᠠᠨ ᠮᠤᠵᠢ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ᠎ᠳᠤ ᠦᠨᠡᠯᠡᠯᠲᠡ ᠬᠢᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
ᠲᠣᠰᠬᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠭᠤᠢ᠌ᠯᠠᠩ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠥᠷᠨᠢᠭᠦᠯᠪᠡ
ᠬᠤᠨᠠᠨ ᠮᠤᠵᠢ ᠵᠢᠨ ᠮᠤᠵᠢ ᠵᠢᠨ ᠱᠠᠲᠤᠨ᠎ᠤ 18 ᠭᠣᠣᠯ ᠮᠥᠷᠡᠨ᠎ᠤ ᠳᠠᠷᠤᠭ᠎ᠠ ᠭᠣᠣᠯ ᠨᠠᠭᠤᠷ᠎ᠤᠨ ᠴᠡᠭᠴᠡᠯᠡᠨ ᠵᠠᠰᠠᠭᠰᠠᠨ᠎ᠢ ᠭᠣᠣᠯᠳᠠᠯᠭ᠎ᠠ᠎ᠲᠠᠢ ᠴᠠᠭᠳᠠᠨ ᠪᠠᠢ᠌ᠴᠠᠭ᠋ᠠᠬᠤ ᠪᠠ ᠰᠢᠮᠳᠠᠭᠤᠯᠤᠨ ᠰᠢᠢ᠍ᠳᠪᠦᠷᠢᠯᠡᠭᠦᠯᠵᠦ ᠭᠣᠣᠯ ᠨᠠᠭᠤᠷ᠎ᠢ 31 ᠤᠳᠠᠭ᠎ᠠ ᠴᠢᠭᠵᠢᠭᠦᠯᠦᠨ ᠴᠠᠭᠳᠠᠵᠤ ᠨᠢᠭᠡᠨᠲᠡ 1328 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠴᠡᠭᠴᠡᠯᠡᠨ ᠵᠠᠰᠠᠪᠠ
ᠱᠠᠨᠰᠢ ᠮᠤᠵᠢ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ
ᠡᠾᠸᠪᠸᠢ ᠮᠤᠵᠢ ᠤᠷᠴᠢᠨ ᠳᠤᠭᠤᠷᠢᠨ᠎ᠤ ᠵᠥᠷᠢᠶᠡᠴᠢᠯᠡᠭᠰᠡᠨ ᠬᠠᠮᠢᠶᠠᠷᠤᠯᠳᠠ ᠡᠵᠡᠮᠳᠡᠯ᠎ᠢ ᠬᠡᠷᠡᠭᠵᠢᠬᠦᠯᠦᠨ ᠳᠥᠭᠥᠮᠴᠢᠯᠡᠨ ᠬᠢᠯᠪᠠᠷᠴᠢᠯᠠᠵᠤ ᠬᠠᠰᠢ ᠶᠠᠰᠢ᠎ᠪᠠᠷ ᠦᠩᠭᠡᠷᠡᠭᠡᠬᠦ ᠵᠢ ᠡᠰᠡᠷᠬᠦᠴᠡᠵᠦ ᠠᠷᠪᠠᠨ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠬᠢᠵᠠᠭ᠋ᠠᠷᠯᠠᠵᠤ ᠪᠠᠢ᠌ᠨ᠎ᠠ
 
             蒙ICP备05000248号