ᠣᠳᠣᠬᠠᠨ᠎ᠳᠤ ᠶᠠᠭ ᠰᠠᠢ᠌ᠬᠠᠨ ᠨᠡᠭᠦᠳᠡᠯ ᠰᠢᠪᠠᠭᠤ ᠡᠮᠦᠨᠡᠰᠢ ᠨᠡᠭᠦᠳᠡᠯᠯᠡᠵᠦ ᠡᠪᠦᠯ᠎ᠢ ᠲᠤᠭᠤᠯᠬᠤ ᠴᠠᠭ ᠤᠯᠠᠷᠢᠯ᠂ ᠮᠥᠨ ᠴᠤ᠌ ᠰᠢᠪᠠᠭᠤᠳ᠎ᠤᠨ ᠲᠥᠷᠥᠯ᠎ᠢ ᠬᠠᠤᠯᠢ ᠪᠤᠰᠤ᠎ᠪᠠᠷ ᠠᠩᠨᠠᠬᠤ᠂ ᠡᠪᠡᠰᠦᠨ ᠡᠮ ᠮᠠᠯᠲᠠᠬᠤ᠂ ᠬᠤᠯᠤᠰᠤᠨ ᠰᠦᠶ᠎ᠡ ᠲᠡᠭᠦᠬᠦ ᠵᠡᠷᠭᠡ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠢ ᠠᠩᠨᠠᠨ ᠮᠠᠯᠲᠠᠬᠤ ᠬᠠᠤᠯᠢ ᠴᠠᠭ᠋ᠠᠵᠠ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠣᠯᠠᠨ ᠡᠭᠦᠰᠬᠦ ᠴᠠᠭ ᠬᠤᠭᠤᠴᠠᠭ᠎ᠠ ᠪᠣᠯᠣᠨ᠎ᠠ᠃ ᠨᠡᠭᠦᠳᠡᠯ᠎ᠤᠨ ᠰᠢᠪᠠᠭᠤᠳ᠎ᠤᠨ ᠨᠡᠭᠦᠳᠡᠯ ᠰᠢᠯᠵᠢᠯᠲᠡ ᠵᠢ ᠬᠠᠮᠠᠭ᠋ᠠᠯᠠᠨ᠂ ᠬᠡᠭᠡᠷ᠎ᠡ ᠵᠢᠨ ᠠᠮᠢᠲᠠᠨ ᠤᠷᠭᠤᠮᠠᠯ᠎ᠤᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠡᠮᠦᠨᠡᠬᠡᠨ ᠶᠦᠨᠨᠠᠨ ᠮᠤᠵᠢ ᠵᠢᠨ ᠨᠠᠪᠠᠨ ᠭᠣᠣᠯ᠎ᠤᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠮᠠᠭ᠋ᠠᠯᠠᠯᠲᠠ ᠵᠢᠨ ᠣᠷᠣᠨ᠎ᠤ ᠬᠡᠪᠴᠢᠶᠡᠨ᠎ᠳᠤ ᠰᠢᠪᠠᠭᠤᠳ᠎ᠤᠨ ᠲᠥᠷᠥᠯ ᠵᠡᠷᠭᠡ ᠬᠡᠭᠡᠷ᠎ᠡ ᠵᠢᠨ ᠠᠮᠢᠲᠠᠨ᠎ᠤ ᠡᠬᠢ ᠪᠠᠶᠠᠯᠢᠭ᠎ᠢ ᠡᠪᠳᠡᠨ ᠬᠣᠬᠢᠷᠠᠭᠤᠯᠵᠤ ᠬᠠᠤᠯᠢ ᠴᠠᠭ᠋ᠠᠵᠠ᠎ᠠᠴᠠ ᠵᠥᠷᠢᠴᠡᠭᠰᠡᠨ ᠶᠠᠯᠠᠲᠤ ᠬᠡᠷᠡᠭ᠎ᠲᠤ ᠴᠣᠬᠢᠯᠲᠠ ᠥᠭᠬᠦ᠎ᠪᠠᠷ ᠭᠣᠣᠯ ᠠᠭᠤᠯᠭ᠎ᠠ ᠪᠣᠯᠭ᠋ᠠᠭᠰᠠᠨ ᠲᠤᠰᠬᠠᠢ ᠵᠦᠢ᠍ᠯ᠎ᠤᠨ ᠠᠵᠢᠯᠯᠠᠭ᠎ᠠ ᠥᠷᠨᠢᠭᠦᠯᠵᠡᠢ᠃
ᠮᠠᠨ ᠰᠢ ᠯᠢᠶᠠᠩ ᠲᠣᠰᠬᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠭᠤᠢ᠌ᠯᠠᠩ ᠪᠣᠯ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠬᠥᠲᠥᠯᠥᠨ ᠵᠢᠯᠣᠭᠣᠳᠤᠯᠭ᠎ᠠ ᠳᠣᠣᠷ᠎ᠠ ᠥᠪᠡᠷ ᠵᠶ᠋ᠡᠨ ᠰᠠᠨᠠᠭ᠋ᠠᠴᠢᠯᠠᠨ ᠪᠠᠢ᠌ᠭᠤᠯᠤᠭᠰᠠᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠨᠢᠭᠡᠨ ᠰᠠᠯᠠᠭ᠎ᠠ ᠠᠯᠪᠠᠨ ᠵᠢᠷᠤᠮ᠎ᠤᠨ ᠡᠩᠨᠡᠭᠡ ᠪᠣᠯᠣᠨ᠎ᠠ᠃ ᠲᠤᠰ ᠤᠳᠠᠭ᠋ᠠᠨ᠎ᠤ ᠲᠤᠰᠬᠠᠢ ᠵᠦᠢ᠍ᠯ᠎ᠤᠨ ᠠᠵᠢᠯᠯᠠᠭ᠎ᠠ᠎ᠳᠤ᠂ ᠲᠤᠰ ᠡᠩᠨᠡᠭᠡ᠎ᠨᠢ ᠰᠠᠨᠠᠭ᠋ᠠᠴᠢᠯᠠᠭ᠎ᠠ᠎ᠠᠴᠠ᠎ᠪᠠᠨ ᠳᠤᠭᠤᠢ᠌ᠯᠠᠩ᠎ᠤᠨ ᠭᠡᠰᠢᠭᠦᠳ ᠵᠶ᠋ᠡᠨ ᠵᠣᠬᠢᠶᠠᠨ ᠪᠠᠢ᠌ᠭᠤᠯᠵᠤ ᠢᠳᠡᠪᠬᠢᠲᠡᠢ ᠬᠥᠳᠡᠯᠦᠯᠴᠡᠨ᠂ ᠬᠠᠮᠠᠭ᠋ᠠᠯᠠᠯᠲᠠ ᠵᠢᠨ ᠣᠷᠣᠨ᠎ᠤ ᠲᠣᠰᠬᠤᠨ᠎ᠳᠤ ᠰᠠᠭᠤᠭ᠎ᠠ ᠣᠢ ᠬᠠᠮᠠᠭ᠋ᠠᠯᠠᠭᠴᠢᠳ᠎ᠲᠠᠢ ᠬᠠᠮᠲᠤ᠎ᠪᠠᠷ ᠤᠬᠠᠭᠤᠯᠭ᠎ᠠ ᠵᠢᠨ ᠬᠥᠨᠳᠡᠯᠡᠨ ᠪᠢᠴᠢᠭᠡᠰᠦ ᠡᠯᠭᠦᠨ᠂ ᠬᠠᠷᠠᠭᠤᠯ ᠲᠣᠬᠢᠷᠠᠭᠤᠯᠤᠨ ᠣᠢ᠌ᠲᠤ ᠣᠷᠣᠨ᠎ᠳᠤ ᠣᠷᠣᠵᠤ ᠭᠠᠷᠬᠤ ᠬᠥᠮᠥᠰ᠎ᠲᠤ ᠪᠠᠢ᠌ᠴᠠᠭ᠋ᠠᠯᠲᠠ ᠬᠢᠭᠰᠡᠨ᠎ᠤ ᠬᠠᠮᠲᠤ᠂ ᠨᠠᠭ᠋ᠠᠰᠢ ᠴᠠᠭ᠋ᠠᠰᠢ ᠵᠣᠷᠴᠢᠬᠤ ᠬᠥᠮᠥᠰ᠎ᠲᠤ ᠤᠬᠠᠭᠤᠯᠭ᠎ᠠ ᠬᠢᠵᠦ ᠬᠥᠲᠥᠯᠥᠨ ᠵᠢᠯᠣᠭᠣᠳᠬᠤ ᠠᠵᠢᠯ᠎ᠢ ᠰᠠᠢ᠌ᠲᠤᠷ ᠬᠢᠵᠦ᠂ ᠲᠣᠰᠬᠤᠨ᠎ᠤ ᠠᠷᠠᠳ ᠵᠶ᠋ᠡᠨ ᠳᠠᠢ᠌ᠴᠢᠯᠠᠨ ᠪᠠᠢ᠌ᠭ᠋ᠠᠯᠢ ᠵᠢ ᠬᠠᠮᠠᠭ᠋ᠠᠯᠠᠬᠤ᠂ ᠰᠢᠪᠠᠭᠤᠳ᠎ᠢ ᠬᠠᠢ᠌ᠷᠠᠯᠠᠨ ᠬᠠᠮᠠᠭ᠋ᠠᠯᠠᠬᠤ ᠤᠷᠢᠶᠠᠯᠠᠭ᠎ᠠ ᠭᠠᠷᠭ᠋ᠠᠵᠤ᠂ ᠣᠢ ᠰᠢᠭᠤᠢ᠎ᠳᠤ ᠬᠣᠯᠪᠣᠭᠳᠠᠭᠰᠠᠨ ᠬᠠᠤᠯᠢ ᠴᠠᠭ᠋ᠠᠵᠠ᠎ᠠᠴᠠ ᠵᠥᠷᠢᠴᠡᠭᠰᠡᠨ ᠡᠯ᠎ᠡ ᠲᠥᠷᠥᠯ᠎ᠤᠨ ᠶᠠᠯᠠᠲᠤ ᠬᠡᠷᠡᠭ᠎ᠲᠤ ᠴᠣᠬᠢᠯᠲᠠ ᠥᠭᠬᠦ ᠠᠵᠢᠯᠯᠠᠭ᠎ᠠ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠬᠠᠤᠯᠢ ᠴᠠᠭ᠋ᠠᠵᠠ᠎ᠠᠴᠠ ᠵᠥᠷᠢᠴᠡᠭᠰᠡᠨ ᠬᠡᠷᠡᠭ᠎ᠤᠨ ᠰᠦᠪᠡᠭᠴᠢ ᠵᠢ ᠢᠳᠡᠪᠬᠢᠲᠡᠢ᠎ᠪᠠᠷ ᠢᠯᠡᠴᠢᠯᠡᠨ ᠮᠡᠳᠡᠭᠦᠯᠪᠡ᠃
ᠣᠳᠣ ᠪᠣᠯᠲᠠᠯ᠎ᠠ᠂ ᠲᠤᠰ ᠬᠠᠮᠠᠭ᠋ᠠᠯᠠᠯᠲᠠ ᠵᠢᠨ ᠳᠤᠭᠤᠢ᠌ᠯᠠᠩ᠎ᠨᠢ ᠡᠯ᠎ᠡ ᠵᠦᠢ᠍ᠯ᠎ᠤᠨ ᠬᠠᠮᠠᠭ᠋ᠠᠯᠠᠯᠲᠠ ᠵᠢᠨ ᠠᠵᠢᠯᠯᠠᠭ᠎ᠠ᠎ᠳᠤ ᠨᠡᠢ᠌ᠲᠡ 42 ᠬᠥᠮᠥᠨ ᠤᠳᠠᠭ᠎ᠠ ᠣᠷᠣᠯᠴᠠᠨ᠂ ᠡᠷᠭᠢᠨ ᠲᠣᠭᠣᠷᠢᠨ᠎ᠤ 3000 ᠭᠠᠷᠤᠢ ᠮᠦ᠍ ᠣᠢ᠌ᠲᠤ ᠣᠷᠣᠨ᠎ᠳᠤ ᠴᠠᠭᠳᠠᠨ ᠪᠠᠢ᠌ᠴᠠᠭ᠋ᠠᠯᠲᠠ ᠬᠢᠵᠦ᠂ ᠠᠭᠤᠯᠠᠨ᠎ᠳᠤ ᠭᠠᠷᠴᠤ ᠬᠠᠤᠯᠢ ᠪᠤᠰᠤ᠎ᠪᠠᠷ ᠮᠠᠯᠲᠠᠭᠰᠠᠳᠢ 8 ᠬᠥᠮᠥᠨ ᠤᠳᠠᠭ᠎ᠠ ᠬᠣᠷᠢᠭᠯᠠᠵᠤ᠂ ᠨᠠᠭ᠋ᠠᠰᠢ ᠴᠠᠭ᠋ᠠᠰᠢ ᠵᠣᠷᠴᠢᠭᠰᠠᠳ᠎ᠲᠤ 162 ᠬᠥᠮᠥᠨ ᠤᠳᠠᠭ᠎ᠠ ᠤᠬᠠᠭᠤᠯᠭ᠎ᠠ ᠬᠢᠪᠡ᠃ ᠲᠤᠰ ᠤᠳᠠᠭ᠋ᠠᠨ᠎ᠤ ᠠᠵᠢᠯᠯᠠᠭ᠎ᠠ᠎ᠨᠢ ᠲᠣᠰᠬᠤᠨ᠎ᠤ ᠠᠷᠠᠳ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠂ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ ᠴᠠᠭ᠋ᠠᠵᠠ ᠵᠢᠨ ᠦᠵᠡᠯ ᠤᠬᠠᠮᠰᠠᠷ᠎ᠢ᠎ᠨᠢ ᠳᠡᠭᠡᠭᠰᠢᠯᠡᠭᠦᠯᠦᠭᠰᠡᠨ ᠵᠶ᠋ᠡᠷ ᠪᠠᠷᠠᠬᠤ ᠦᠭᠡᠢ᠂ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠳᠠᠷᠠᠭ᠋ᠠᠴᠢ ᠵᠢᠨ ᠱᠠᠲᠤᠨ᠎ᠳᠤ ᠲᠥᠪᠯᠡᠷᠡᠭᠦᠯᠦᠨ ᠬᠠᠤᠯᠢ ᠬᠡᠷᠡᠭᠵᠢᠭᠦᠯᠵᠦ ᠴᠡᠭᠴᠡᠯᠡᠨ ᠵᠠᠰᠠᠬᠤ ᠠᠵᠢᠯ ᠥᠷᠨᠢᠭᠦᠯᠬᠦ᠎ᠳᠤ ᠨᠡᠩ ᠰᠠᠢ᠌ᠨ ᠰᠠᠭᠤᠷᠢ ᠵᠢ ᠲᠠᠯᠪᠢᠵᠤ ᠥᠭᠴᠡᠢ᠃