ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠱᠠᠨᠰᠢ ᠮᠤᠵᠢ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠪᠠ
ᠨᠡᠶ᠋ᠢᠲᠡᠯᠡᠭᠰᠡᠨ ᠴᠠᠭ᠄ 2018-11-20

        ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ ᠪᠣᠯ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠠᠮᠢᠨ ᠰᠤᠳᠠᠰᠤ ᠮᠥᠨ᠃ ᠣᠨᠴᠠ ᠵᠠᠷᠢᠮ ᠣᠷᠣᠨ ᠨᠤᠲᠤᠭ᠎ᠤᠨ᠎ᠬᠢᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠤ ᠵᠦᠢ ᠵᠣᠬᠢᠰ ᠦᠭᠡᠢ᠎ᠪᠠᠷ ᠭᠠᠷ ᠳᠦᠷᠦᠵᠦ ᠪᠠᠢ᠌ᠭ᠎ᠠ᠎ᠪᠠᠷ ᠰᠡᠵᠢᠯᠡᠭᠳᠡᠭᠰᠡᠨ᠂ ᠬᠡᠰᠡᠭ ᠪᠣᠬᠢᠷᠲᠤᠯ ᠭᠠᠳᠠᠭᠰᠢᠯᠠᠭᠤᠯᠬᠤ ᠨᠢᠭᠡᠴᠢ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ᠎ᠬᠢᠨ᠎ᠤ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠵᠶ᠋ᠠᠷ ᠰᠡᠵᠢᠭᠯᠡᠭᠳᠡᠭᠰᠡᠨ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠵᠢᠨ ᠲᠥᠯᠥᠭᠡ᠂ ᠡᠮᠦᠨᠡᠬᠡᠨ᠂ ᠱᠠᠨᠰᠢ ᠮᠤᠵᠢ 《ᠱᠠᠨᠰᠢ ᠮᠤᠵᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠠᠰᠤ ᠴᠢᠨᠠᠷ᠎ᠲᠤ ᠬᠢᠨᠠᠯᠲᠠ ᠲᠠᠯᠪᠢᠵᠤ ᠪᠠᠢ᠌ᠴᠠᠭ᠋ᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠥᠯᠥᠪᠯᠡᠭᠡ (2018 — 2020 ᠣᠨ)》 (  ᠳᠣᠷᠣᠭᠰᠢ 《ᠲᠥᠯᠥᠪᠯᠡᠭᠡ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃
      《ᠲᠥᠯᠥᠪᠯᠡᠭᠡ》᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠡᠲᠡᠭᠡᠳ᠎ᠨᠢ ᠭᠣᠣᠯᠳᠠᠭᠤ ᠣᠳᠣᠬᠠᠨ᠎ᠳᠤ ᠮᠠᠨ᠎ᠤ ᠮᠤᠵᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠳᠤ ᠦᠢ᠍ᠯᠡᠴᠢᠯᠡᠵᠦ ᠪᠠᠢ᠌ᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠡᠯ᠎ᠡ ᠲᠥᠷᠥᠯ᠎ᠤᠨ ᠬᠢᠨᠠᠨ ᠬᠡᠮᠵᠢᠯᠲᠡ ᠵᠢᠨ ᠠᠵᠢᠯᠯᠠᠭ᠎ᠠ ᠪᠣᠯᠣᠨ᠎ᠠ᠃ ᠪᠣᠳᠠᠲᠠᠢ᠎ᠪᠠᠷ ᠮᠤᠵᠢ ᠵᠢᠨ ᠳᠣᠲᠣᠭ᠋ᠠᠳᠤ ᠵᠢᠨ ᠡᠯ᠎ᠡ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠡᠯ᠎ᠡ ᠲᠥᠷᠥᠯ᠎ᠤᠨ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠬᠢᠨᠠᠨ ᠬᠡᠮᠵᠢᠭᠰᠡᠨ ᠶᠠᠰᠤ ᠴᠢᠨᠠᠷ᠂ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠭᠰᠡᠨ ᠶᠠᠰᠤ ᠴᠢᠨᠠᠷ᠂ ᠣᠷᠴᠢᠨ ᠲᠣᠭᠣᠷᠢᠨ᠎ᠤ ᠴᠠᠭ ᠠᠭᠤᠷ ᠪᠠ ᠭᠠᠵᠠᠷ᠎ᠤᠨ ᠭᠠᠳᠠᠷᠭᠤ ᠵᠢᠨ ᠤᠰᠤᠨ᠎ᠤ ᠠᠦ᠋ᠲ ᠵᠶ᠋ᠠᠷ ᠬᠢᠨᠠᠨ ᠬᠡᠮᠵᠢᠭᠰᠡᠨ ᠶᠠᠰᠤ ᠴᠢᠨᠠᠷ᠎ᠲᠤ ᠬᠢᠨᠠᠯᠲᠠ ᠲᠠᠯᠪᠢᠨ ᠪᠠᠢ᠌ᠴᠠᠭ᠋ᠠᠨ᠎ᠠ᠃ ᠮᠠᠨ᠎ᠤ ᠮᠤᠵᠢ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠶᠠᠰᠤ ᠴᠢᠨᠠᠷ᠎ᠤᠨ ᠰᠢᠰᠲ᠋ᠧᠮᠵᠢ ᠵᠢ ᠠᠵᠢᠯᠯᠠᠭᠤᠯᠤᠭᠰᠠᠨ ᠳᠦᠷᠢᠮᠵᠢᠯ ᠴᠢᠨᠠᠷ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠪᠠᠢ᠌ᠳᠠᠯ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠳᠤ ᠵᠦᠢ ᠵᠣᠬᠢᠰ ᠦᠭᠡᠢ᠎ᠪᠠᠷ ᠭᠠᠷ ᠳᠦᠷᠦᠭᠰᠡᠨ ᠡᠯ᠎ᠡ ᠲᠥᠷᠥᠯ᠎ᠤᠨ ᠠᠵᠢᠯᠯᠠᠭ᠎ᠠ ᠵᠡᠷᠭᠡ᠎ᠳᠤ ᠭᠣᠣᠯᠳᠠᠯᠭ᠎ᠠ᠎ᠲᠠᠢ᠎ᠪᠠᠷ ᠬᠢᠨᠠᠯᠲᠠ ᠲᠠᠯᠪᠢᠨ ᠪᠠᠢ᠌ᠴᠠᠭ᠋ᠠᠨ᠎ᠠ ᠭᠡᠵᠦ ᠲᠣᠳᠣᠷᠬᠠᠢ᠌ᠯᠠᠵᠠᠢ᠃
      ᠪᠣᠳᠠᠲᠠᠢ᠎ᠪᠠᠷ ᠠᠪᠴᠤ ᠦᠵᠡᠪᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠲᠤ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠬᠢᠬᠦ᠎ᠳᠤ᠂ ᠭᠣᠣᠯᠳᠠᠭᠤ ᠮᠠᠨ᠎ᠤ ᠮᠤᠵᠢ ᠵᠢᠨ ᠬᠢᠯᠢ᠎ᠳᠠᠬᠢ ᠬᠢᠷᠢ ᠭᠡᠮ᠎ᠤᠨ ᠮᠠᠭ᠋ᠠᠳᠯᠠᠨ ᠲᠣᠭᠲᠠᠭ᠋ᠠᠯᠲᠠ ᠵᠢᠨ ᠦᠨᠡᠮᠯᠡᠯ ᠣᠯᠣᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠪᠠᠢ᠌ᠭᠤᠯᠤᠮᠵᠢ ᠪᠠ ᠮᠠᠰᠢᠨ ᠲᠡᠷᠭᠡ ᠵᠢᠨ ᠪᠠᠢ᠌ᠴᠠᠭ᠋ᠠᠨ ᠰᠢᠯᠭ᠋ᠠᠬᠤ ᠪᠠᠢ᠌ᠭᠤᠯᠤᠮᠵᠢ᠎ᠳᠤ᠂ 3 ᠵᠢᠯ ᠬᠤᠪᠢᠶᠠᠵᠤ 30%᠂ 40%᠂ 30% ᠵᠢᠨ ᠬᠠᠷᠢᠴᠠᠯ ᠶᠣᠰᠣᠭ᠋ᠠᠷ ᠲᠤᠰᠬᠠᠢ ᠵᠦᠢ᠍ᠯ᠎ᠤᠨ ᠬᠢᠨᠠᠯᠲᠠ ᠪᠠᠢ᠌ᠴᠠᠭ᠋ᠠᠯᠲᠠ ᠬᠢᠨ᠎ᠡ᠃ ᠪᠠᠢ᠌ᠴᠠᠭ᠋ᠠᠯᠲᠠ ᠬᠢᠬᠦ ᠠᠭᠤᠯᠭ᠎ᠠ᠎ᠳᠤ᠄ ᠬᠢᠷᠢ ᠭᠡᠮ᠎ᠤᠨ ᠮᠠᠭ᠋ᠠᠳᠯᠠᠨ ᠲᠣᠭᠲᠠᠭ᠋ᠠᠯᠲᠠ ᠵᠢᠨ ᠬᠦᠴᠦᠨ ᠪᠦᠬᠦᠢ ᠬᠤᠭᠤᠴᠠᠭ᠎ᠠ ᠪᠠ ᠬᠢᠨᠠᠨ ᠬᠡᠮᠵᠢᠬᠦ ᠴᠢᠳᠠᠪᠤᠷᠢ ᠵᠢᠨ ᠬᠡᠪᠴᠢᠶ᠎ᠡ᠂ ᠪᠠᠭ᠋ᠠᠵᠢ ᠲᠥᠬᠥᠭᠡᠷᠦᠮᠵᠢ ᠵᠢᠨ ᠰᠢᠯᠭ᠋ᠠᠨ ᠲᠣᠭᠲᠠᠭ᠋ᠠᠵᠤ ᠬᠠᠷᠭᠤᠭᠤᠯᠬᠤ ᠪᠠᠷᠢᠮᠵᠢᠶ᠎ᠠ᠂ ᠪᠠᠷᠢᠮᠵᠢᠶᠠᠲᠤ ᠪᠣᠳᠠᠰ᠎ᠤᠨ ᠬᠡᠷᠡᠭᠯᠡᠯᠲᠡ᠂ ᠬᠢᠨᠠᠨ ᠬᠡᠮᠵᠢᠯᠲᠡ ᠵᠢᠨ ᠮᠡᠳᠡᠭᠦᠯᠦᠯᠲᠡ ᠪᠠ ᠠᠩᠬᠠᠨ᠎ᠤ ᠲᠡᠮᠳᠡᠭᠯᠡᠯ ᠵᠡᠷᠭᠡ ᠪᠠᠭᠲᠠᠵᠤ ᠪᠠᠢ᠌ᠨ᠎ᠠ᠃ ᠮᠠᠨ᠎ᠤ ᠮᠤᠵᠢ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠭᠰᠡᠨ ᠲᠣᠭ᠎ᠠ ᠪᠠᠷᠢᠮᠲᠠ ᠪᠠ ᠮᠡᠳᠡᠭᠦᠯᠦᠯᠲᠡ ᠵᠢ ᠨᠠᠢ᠌ᠷᠠᠭᠤᠯᠤᠨ ᠥᠭᠡᠷᠡᠴᠢᠯᠡᠬᠦ᠂ ᠬᠠᠭᠤᠷᠮᠠᠭᠯᠠᠨ ᠵᠣᠬᠢᠶᠠᠬᠤ ᠵᠡᠷᠭᠡ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠨ᠎ᠡ᠃
      ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠥᠪᠡᠰᠦᠪᠡᠨ ᠬᠢᠨᠠᠨ ᠬᠡᠮᠵᠢᠭᠰᠡᠨ ᠶᠠᠰᠤ ᠴᠢᠨᠠᠷ᠎ᠲᠤ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠬᠢᠬᠦ᠎ᠳᠤ᠂ ᠭᠣᠣᠯᠳᠠᠭᠤ ᠭᠣᠣᠯᠳᠠᠯᠭ᠎ᠠ᠎ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠬᠢᠨᠠᠯᠲᠠ ᠲᠠᠯᠪᠢᠬᠤ ᠴᠢᠨᠠᠷᠲᠠᠢ ᠬᠢᠨᠠᠨ ᠬᠡᠮᠵᠢᠯᠲᠡ᠎ᠳᠤ ᠪᠠᠢ᠌ᠴᠠᠭ᠋ᠠᠯᠲᠠ ᠬᠢᠬᠦ ᠠᠵᠢᠯ᠎ᠲᠠᠢ ᠤᠶᠠᠯᠳᠤᠭᠤᠯᠤᠨ᠂ ᠪᠦᠬᠦ ᠮᠤᠵᠢ ᠵᠢᠨ ᠴᠠᠭ᠋ᠠᠰᠤ ᠦᠢ᠍ᠯᠡᠳᠬᠦ᠂ ᠭᠠᠯ᠎ᠤᠨ ᠴᠠᠬᠢᠯᠭ᠋ᠠᠨ᠂ ᠱᠦᠢ᠍ᠨᠢ᠂ ᠪᠣᠯᠣᠳ ᠲᠡᠮᠦᠷ᠂ ᠬᠡᠦᠷᠰᠢᠯ᠂ ᠬᠣᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠵᠡᠷᠭᠡ ᠭᠣᠣᠯᠳᠠᠯᠭ᠎ᠠ᠎ᠲᠠᠢ ᠠᠵᠢᠯ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠭᠠᠷ ᠵᠶ᠋ᠠᠷ ᠬᠢᠨᠠᠨ ᠬᠡᠮᠵᠢᠭᠰᠡᠨ ᠪᠠ ᠠᠦ᠋ᠲ ᠵᠶ᠋ᠠᠷ ᠬᠢᠨᠠᠨ ᠬᠡᠮᠵᠢᠭᠰᠡᠨ ᠵᠡᠷᠭᠡ ᠥᠪᠡᠰᠦᠪᠡᠨ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠶᠠᠰᠤ ᠴᠢᠨᠠᠷ᠎ᠲᠤ ᠰᠤᠭᠤᠴᠢᠨ ᠪᠠᠢ᠌ᠴᠠᠭ᠋ᠠᠯᠲᠠ ᠬᠢᠨ᠎ᠡ; ᠪᠣᠬᠢᠷᠲᠤᠯ᠎ᠤᠨ ᠡᠬᠢ ᠰᠤᠷᠪᠤᠯᠵᠢ ᠵᠢ ᠠᠦ᠋ᠲ ᠵᠶ᠋ᠠᠷ ᠬᠢᠨᠠᠨ ᠡᠵᠡᠮᠳᠡᠬᠦ ᠪᠡᠯᠡᠳᠬᠡᠮᠵᠢ ᠵᠢ ᠬᠡᠪ᠎ᠤᠨ ᠪᠤᠰᠤ᠎ᠪᠠᠷ ᠠᠵᠢᠯᠯᠠᠭᠤᠯᠤᠭᠰᠠᠨ ᠪᠤᠶᠤ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠵᠡᠷᠭᠡ ᠬᠠᠤᠯᠢ ᠴᠠᠭ᠋ᠠᠵᠠ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠪᠠᠢ᠌ᠴᠠᠭ᠋ᠠᠯᠲᠠ ᠬᠢᠨ᠎ᠡ᠃ ᠪᠠᠢ᠌ᠴᠠᠭ᠋ᠠᠯᠲᠠ ᠬᠢᠬᠦ ᠠᠭᠤᠯᠭ᠎ᠠ᠎ᠳᠤ᠄ ᠥᠪᠡᠰᠦᠪᠡᠨ ᠬᠢᠨᠠᠨ ᠬᠡᠮᠵᠢᠬᠦ ᠲᠥᠰᠥᠯ᠂ ᠠᠩᠬᠠᠨ᠎ᠤ ᠲᠡᠮᠳᠡᠭᠯᠡᠯ ᠵᠡᠷᠭᠡ ᠰᠠᠭᠤᠷᠢ ᠮᠡᠳᠡᠭᠡ ᠵᠠᠩᠭᠢ᠂ ᠬᠡᠪ᠎ᠤᠨ ᠪᠤᠰᠤ ᠪᠠᠢ᠌ᠳᠠᠯ᠎ᠢ ᠰᠢᠢ᠍ᠳᠪᠦᠷᠢᠯᠡᠭᠰᠡᠨ ᠵᠡᠷᠭᠡ ᠪᠠᠢ᠌ᠳᠠᠯ; ᠠᠦ᠋ᠲ ᠵᠶ᠋ᠠᠷ ᠬᠢᠨᠠᠨ ᠡᠵᠡᠮᠳᠡᠬᠦ ᠪᠡᠯᠡᠳᠬᠡᠮᠵᠢ ᠵᠢᠨ ᠪᠠᠢ᠌ᠭᠤᠯᠤᠯᠲᠠ᠂ ᠡᠳᠦᠷ ᠲᠤᠲᠤᠮ᠎ᠤᠨ   ᠠᠵᠢᠯᠯᠠᠭ᠋ᠠᠨ᠎ᠢ   ᠬᠠᠮᠠᠭ᠋ᠠᠯᠠᠬᠤ   ᠪᠠᠷᠢᠮᠵᠢᠶ᠎ᠠ   ᠵᠢᠴᠢ   ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠲᠥᠬᠥᠷ ᠴᠢᠨᠠᠷ ᠵᠡᠷᠭᠡ ᠪᠠᠢ᠌ᠳᠠᠯ ᠪᠠᠭᠲᠠᠵᠤ ᠪᠠᠢ᠌ᠨ᠎ᠠ᠃
      ᠣᠷᠴᠢᠨ ᠲᠣᠭᠣᠷᠢᠨ᠎ᠤ ᠠᠦ᠋ᠲ ᠵᠶ᠋ᠠᠷ ᠬᠢᠨᠠᠨ ᠬᠡᠮᠵᠢᠬᠦ ᠵᠢ ᠠᠵᠢᠯᠯᠠᠭᠤᠯᠵᠤ ᠪᠠᠲᠤᠯᠠᠬᠤ ᠶᠠᠰᠤ ᠴᠢᠨᠠᠷ᠎ᠲᠤ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠬᠢᠬᠦ᠎ᠳᠤ᠂ ᠭᠣᠣᠯᠳᠠᠭᠤ ᠮᠤᠵᠢ᠎ᠠᠴᠠ ᠡᠵᠡᠮᠳᠡᠵᠦ ᠪᠠᠢ᠌ᠭ᠎ᠠ ᠣᠷᠴᠢᠨ ᠲᠣᠭᠣᠷᠢᠨ᠎ᠤ ᠠᠭᠤᠷ ᠠᠮᠢᠰᠬᠤᠯ ᠪᠠ ᠭᠠᠵᠠᠷ᠎ᠤᠨ ᠭᠠᠳᠠᠷᠭᠤ ᠵᠢᠨ ᠤᠰᠤᠨ᠎ᠤ ᠠᠦ᠋ᠲ ᠵᠶ᠋ᠠᠷ ᠬᠢᠨᠠᠨ ᠬᠡᠮᠵᠢᠬᠦ ᠪᠦᠬᠦ ᠥᠷᠲᠡᠭᠡᠨ᠎ᠤ ᠠᠵᠢᠯᠯᠠᠭᠤᠯᠤᠨ ᠪᠠᠲᠤᠯᠠᠬᠤ ᠶᠠᠰᠤ ᠴᠢᠨᠠᠷ᠎ᠲᠤ ᠲᠤᠰᠬᠠᠢ ᠵᠦᠢ᠍ᠯ᠎ᠤᠨ ᠪᠠᠢ᠌ᠴᠠᠭ᠋ᠠᠯᠲᠠ ᠬᠢᠨ᠎ᠡ᠃ ᠪᠠᠢ᠌ᠴᠠᠭ᠋ᠠᠯᠲᠠ ᠬᠢᠬᠦ ᠠᠭᠤᠯᠭ᠎ᠠ᠎ᠳᠤ᠄ ᠪᠠᠷᠢᠮᠵᠢᠶ᠎ᠠ ᠳᠦᠷᠢᠮᠵᠢᠯ ᠵᠢᠴᠢ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠦᠭᠰᠡᠨ ᠪᠠᠢ᠌ᠳᠠᠯ᠂ ᠠᠦ᠋ᠲ ᠵᠶ᠋ᠠᠷ ᠬᠢᠨᠠᠨ ᠬᠡᠮᠵᠢᠬᠦ ᠪᠠᠭ᠋ᠠᠵᠢ ᠲᠥᠬᠥᠭᠡᠷᠦᠮᠵᠢ ᠵᠢ ᠠᠵᠢᠯᠯᠠᠭᠤᠯᠤᠭᠰᠠᠨ ᠪᠠᠢ᠌ᠳᠠᠯ᠂ ᠪᠠᠷᠢᠮᠵᠢᠶᠠᠲᠤ ᠥᠯᠢᠭᠡᠷ ᠪᠦᠲᠦᠭᠡᠭᠳᠡᠬᠦᠨ᠎ᠢ ᠬᠡᠷᠡᠭᠯᠡᠭᠰᠡᠨ ᠪᠠᠢ᠌ᠳᠠᠯ᠂ ᠶᠠᠰᠤ ᠴᠢᠨᠠᠷ᠎ᠤᠨ ᠰᠢᠰᠲ᠋ᠧᠮᠵᠢ ᠵᠢ ᠠᠵᠢᠯᠯᠠᠭᠤᠯᠤᠭᠰᠠᠨ ᠪᠠᠢ᠌ᠳᠠᠯ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠪᠠᠢ᠌ᠳᠠᠯ ᠵᠡᠷᠭᠡ ᠪᠠᠭᠲᠠᠵᠤ ᠪᠠᠢ᠌ᠨ᠎ᠠ᠃
      ᠳᠡᠭᠡᠷ᠎ᠡ ᠶᠠᠷᠢᠭᠰᠠᠨ ᠪᠠᠢ᠌ᠴᠠᠭ᠋ᠠᠯᠲᠠ᠎ᠲᠠᠢ ᠤᠶᠠᠯᠳᠤᠭᠤᠯᠤᠨ᠂ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠡᠯ᠎ᠡ ᠬᠣᠲᠠ ᠵᠢᠨ 《ᠲᠥᠯᠥᠪᠯᠡᠭᠡ》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠳᠤ ᠪᠠᠢ᠌ᠴᠠᠭ᠋ᠠᠯᠲᠠ ᠬᠢᠨ᠎ᠡ᠃ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠲᠤᠰᠠᠭ᠋ᠠᠷ ᠵᠶ᠋ᠠᠨ ᠪᠤᠶᠤ ᠮᠤᠵᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ ᠠᠰᠠᠭᠤᠳᠠᠯ ᠣᠷᠣᠰᠢᠵᠤ ᠪᠠᠢ᠌ᠭ᠎ᠠ ᠬᠢᠨᠠᠨ ᠬᠡᠮᠵᠢᠯᠲᠡ ᠵᠢᠨ ᠪᠠᠢ᠌ᠭᠤᠯᠤᠮᠵᠢ᠂ ᠪᠣᠬᠢᠷᠲᠤᠯ ᠭᠠᠳᠠᠭᠰᠢᠯᠠᠭᠤᠯᠬᠤ ᠨᠢᠭᠡᠴᠢ᠂ ᠠᠵᠢᠯᠯᠠᠭᠤᠯᠤᠨ ᠪᠠᠲᠤᠯᠠᠬᠤ ᠪᠠᠢ᠌ᠭᠤᠯᠤᠮᠵᠢ ᠵᠢ ᠮᠡᠳᠡᠭᠡᠯᠡᠨ ᠨᠡᠪᠲᠡᠷᠡᠭᠦᠯᠦᠨ᠎ᠡ; 《ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠬᠢᠷᠢ ᠭᠡᠮ᠎ᠤᠨ ᠮᠠᠭ᠋ᠠᠳᠯᠠᠨ ᠲᠣᠭᠲᠠᠭ᠋ᠠᠯᠲᠠ ᠵᠢ ᠬᠠᠮᠢᠶᠠᠷᠬᠤ ᠠᠷᠭ᠎ᠠ》᠎ᠠᠴᠠ ᠵᠥᠷᠢᠴᠡᠭᠰᠡᠨ ᠬᠢᠨᠠᠨ ᠬᠡᠮᠵᠢᠯᠲᠡ ᠵᠢᠨ ᠪᠠᠢ᠌ᠭᠤᠯᠤᠮᠵᠢ ᠵᠢ ᠬᠠᠮᠢᠶ᠎ᠠ ᠪᠦᠬᠦᠢ ᠬᠢᠨᠠᠯᠲᠠ ᠲᠠᠯᠪᠢᠵᠤ ᠬᠠᠮᠢᠶᠠᠷᠬᠤ ᠰᠠᠯᠠᠭ᠎ᠠ ᠮᠥᠴᠢᠷ᠎ᠠᠴᠠ ᠬᠠᠤᠯᠢ ᠴᠠᠭ᠋ᠠᠵᠠ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ; ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠺᠠᠳ᠋ᠷᠴᠤᠳ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯᠯᠠᠭ᠎ᠠ᠎ᠳᠤ ᠵᠦᠢ ᠵᠣᠬᠢᠰ ᠦᠭᠡᠢ᠎ᠪᠠᠷ ᠭᠠᠷ ᠳᠦᠷᠦᠭᠰᠡᠨ ᠪᠣᠯ᠂ ᠬᠣᠯᠪᠣᠭᠳᠠᠯ ᠪᠦᠬᠦᠢ ᠲᠣᠮᠢᠯᠠᠵᠤ ᠣᠭᠴᠣᠷᠠᠭᠤᠯᠬᠤ ᠪᠠᠢ᠌ᠭᠤᠯᠭ᠎ᠠ ᠪᠤᠶᠤ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭ᠋ᠠᠷ ᠰᠢᠢ᠍ᠳᠪᠦᠷᠢᠯᠡᠭᠦᠯᠦᠨ᠎ᠡ; ᠶᠠᠯᠠᠲᠤ ᠬᠡᠷᠡᠭ ᠵᠶ᠋ᠡᠷ ᠰᠡᠵᠢᠭᠯᠡᠭᠳᠡᠭᠰᠡᠨ ᠪᠣᠯ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ ᠵᠢᠨ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠵᠤ᠂ ᠬᠠᠤᠯᠢ ᠶᠣᠰᠣᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠵᠢᠴᠢ ᠵᠠᠰᠠᠭ ᠵᠠᠬᠢᠷᠭ᠋ᠠᠨ᠎ᠤ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠬᠣᠲᠠ (ᠰᠢᠶᠠᠨ᠂ ᠲᠣᠭᠣᠷᠢᠭ) ᠵᠢᠨ᠎ᠬᠢᠨ 《ᠲᠥᠯᠥᠪᠯᠡᠭᠡ》 ᠵᠢ ᠨᠠᠢ᠌ᠳᠠᠪᠤᠷᠢᠵᠢᠭᠤᠯᠬᠤ ᠶᠠᠪᠤᠴᠠ᠎ᠳᠤ ᠥᠯᠥ ᠦᠢ᠍ᠯᠡᠳᠬᠦᠢ᠂ ᠠᠯᠭᠤᠷᠯᠠᠭᠤᠯᠤᠨ ᠦᠢ᠍ᠯᠡᠳᠬᠦᠢ ᠠᠰᠠᠭᠤᠳᠠᠯ ᠣᠷᠣᠰᠢᠵᠤ ᠪᠠᠢ᠌ᠬᠤ ᠵᠢᠨ ᠬᠠᠮᠲᠤ ᠠᠰᠠᠭᠤᠳᠠᠯ᠎ᠨᠢ ᠲᠣᠪᠣᠢ᠌ᠮ᠎ᠠ ᠪᠣᠯ᠂ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠬᠤ ᠠᠢ᠎ᠳᠤ ᠣᠷᠣᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠡᠾᠸᠪᠸᠢ ᠮᠤᠵᠢ ᠤᠷᠴᠢᠨ ᠳᠤᠭᠤᠷᠢᠨ᠎ᠤ ᠵᠥᠷᠢᠶᠡᠴᠢᠯᠡᠭᠰᠡᠨ ᠬᠠᠮᠢᠶᠠᠷᠤᠯᠳᠠ ᠡᠵᠡᠮᠳᠡᠯ᠎ᠢ ᠬᠡᠷᠡᠭᠵᠢᠬᠦᠯᠦᠨ ᠳᠥᠭᠥᠮᠴᠢᠯᠡᠨ ᠬᠢᠯᠪᠠᠷᠴᠢᠯᠠᠵᠤ ᠬᠠᠰᠢ ᠶᠠᠰᠢ᠎ᠪᠠᠷ ᠦᠩᠭᠡᠷᠡᠭᠡᠬᠦ ᠵᠢ ᠡᠰᠡᠷᠬᠦᠴᠡᠵᠦ ᠠᠷᠪᠠᠨ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠬᠢᠵᠠᠭ᠋ᠠᠷᠯᠠᠵᠤ ᠪᠠᠢ᠌ᠨ᠎ᠠ
ᠹᠦᠵᠢᠶᠠᠨ ᠠᠵᠤ ᠠᠬᠤᠢ᠌ᠯᠠᠯ ᠪᠠ ᠵᠠᠰᠠᠭ᠎ᠤᠨ ᠣᠷᠳᠣᠨ᠎ᠢ ᠵᠡᠷᠭᠡ᠎ᠳᠤ᠎ᠨᠢ ᠬᠢᠨᠠᠵᠤ ᠬᠠᠷᠢᠭᠤᠴᠠᠯᠭ᠎ᠠ ᠵᠢ ᠳᠠᠮᠵᠢᠭᠤᠯᠬᠤ ᠪᠠ ᠪᠣᠳᠠᠲᠠᠢ᠌ᠵᠢᠭᠤᠯᠤᠨ ᠴᠢᠩᠭ᠋ᠠᠳᠬᠠᠵᠤ ᠨᠠᠮ ᠵᠠᠰᠠᠭ ᠬᠠᠮᠲᠤ᠎ᠪᠠᠷ ᠬᠠᠷᠢᠭᠤᠴᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠳᠥᠷᠪᠡᠨ ᠲᠠᠯ᠎ᠠ ᠵᠢᠨ ᠡᠷᠭᠢᠯᠲᠡ ᠭᠠᠷᠭ᠋ᠠᠪᠠ
ᠰᠧᠴᠤᠸᠠᠨ ᠮᠤᠵᠢ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠤᠨ ᠵᠠᠰᠠᠯᠲᠠ᠎ᠳᠤ ᠬᠦᠴᠦᠯᠡᠵᠦ ᠪᠠᠢ᠌ᠨ᠎ᠠ
ᠾᠧᠪᠧᠢ ᠮᠤᠵᠢ ᠵᠢᠨ ᠠᠮᠢ ᠠᠬᠤᠢ ᠣᠷᠴᠢᠨ ᠲᠣᠭᠤᠷᠢᠨ᠎ᠤ ᠲᠢᠩᠬᠢᠮ 26᠎ᠤ ᠡᠳᠦᠷ ᠡᠬᠢ ᠢᠷᠡᠯᠲᠡ᠎ᠠᠴᠠ᠎ᠨᠢ ᠰᠡᠷᠭᠡᠢ᠌ᠯᠡᠨ ᠡᠵᠡᠮᠳᠡᠵᠦ ᠳᠠᠯᠳᠠ ᠭᠡᠮ᠎ᠢ᠎ᠨᠢ ᠠᠷᠢᠯᠭ᠋ᠠᠬᠤ ᠰᠥᠨᠢ᠎ᠪᠠᠷ ᠪᠠᠢ᠌ᠴᠠᠭ᠋ᠠᠬᠤ 《ᠲᠡᠭ ᠴᠠᠭ᠎ᠤᠨ ᠠᠵᠢᠯᠯᠠᠭ᠎ᠠ》 ᠵᠢ ᠲᠥᠪᠯᠡᠷᠡᠭᠦᠯᠦᠨ ᠥᠷᠨᠢᠭᠦᠯᠪᠡ
ᠳ᠋ᠦᠩᠭᠤᠸᠠᠨ᠎ᠤ ᠮᠠᠶᠦ᠋ᠩ᠎ᠤᠨ 《ᠰᠢᠨᠡᠴᠢᠯᠡᠯᠳᠡ ᠵᠢᠨ ᠳᠡᠮᠳᠡᠭᠯᠡᠯ》᠄ ᠬᠦᠬᠡ ᠠᠭᠤᠯᠠ ᠨᠣᠮᠢᠨ ᠤᠰᠤ ᠵᠢ ᠰᠡᠷᠬᠦᠬᠡᠵᠤ᠂ ᠠᠯᠳᠠ ᠮᠦᠩᠬᠦᠨ ᠠᠭᠤᠯᠠ ᠣᠯᠪᠠ
 
             蒙ICP备05000248号