2018 ᠣᠨ᠎ᠤ 10 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠬᠤᠨᠠᠨ ᠮᠤᠵᠢ ᠨᠡᠢ᠌ᠲᠡ 8000 ᠭᠠᠷᠤᠢ ᠢᠯᠭ᠋ᠠᠷᠠᠭᠤᠯᠤᠨ ᠴᠡᠪᠡᠷᠯᠡᠬᠦ ᠪᠡᠯᠡᠳᠬᠡᠮᠵᠢ ᠬᠥᠳᠡᠯᠭᠡᠨ ᠭᠣᠣᠯ ᠨᠠᠭᠤᠷ᠎ᠤᠨ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠲᠤᠰᠬᠠᠢ ᠵᠦᠢ᠍ᠯ᠎ᠤᠨ ᠴᠡᠭᠴᠡᠯᠡᠨ ᠵᠠᠰᠠᠬᠤ ᠠᠵᠢᠯᠯᠠᠭ᠎ᠠ ᠶᠠᠪᠤᠭᠤᠯᠵᠤ᠂ ᠨᠡᠢ᠌ᠲᠡ 21 ᠲᠦᠮᠡ ᠭᠠᠷᠤᠢ ᠲᠣᠨ ᠬᠣᠭ ᠨᠣᠪᠰᠢ᠂ 200 ᠲᠦᠮᠡ ᠭᠠᠷᠤᠢ ᠺᠦᠪ ᠮᠧᠲᠷ ᠬᠠᠢ᠌ᠷ ᠴᠢᠯᠠᠭᠤᠨ᠎ᠤ ᠦᠯᠡᠳᠡᠭᠳᠡᠯ ᠣᠪᠣᠭ᠎ᠠ ᠵᠢ ᠴᠡᠪᠡᠷᠯᠡᠵᠦ᠂ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠭᠰᠠᠨ 836 ᠪᠠᠷᠢᠯᠭ᠎ᠠ ᠵᠢ ᠨᠤᠷᠠᠭ᠋ᠠᠨ ᠡᠪᠳᠡᠵᠦ᠂ ᠬᠠᠤᠯᠢ ᠪᠤᠰᠤ᠎ᠪᠠᠷ ᠬᠠᠢ᠌ᠷ ᠡᠯᠡᠰᠦ ᠴᠢᠯᠠᠭᠤ ᠮᠠᠯᠲᠠᠵᠤ ᠬᠠᠢ᠌ᠷ ᠡᠯᠡᠰᠦ ᠤᠬᠢᠶᠠᠭᠰᠠᠨ 200 ᠭᠠᠷᠤᠢ ᠤᠳᠠᠭ᠋ᠠᠨ᠎ᠤ ᠬᠡᠷᠡᠭ᠎ᠲᠤ ᠴᠣᠬᠢᠯᠲᠠ ᠥᠭᠴᠦ᠂ ᠭᠣᠣᠯ ᠨᠠᠭᠤᠷ᠎ᠤᠨ ᠥᠩᠭᠡ ᠲᠥᠷᠬᠦ ᠵᠢ ᠨᠡᠯᠢᠶᠡᠳ ᠶᠡᠬᠡ᠎ᠪᠠᠷ ᠰᠠᠢ᠌ᠵᠢᠷᠠᠭᠤᠯᠵᠠᠢ᠃
ᠮᠤᠵᠢ ᠵᠢᠨ ᠱᠠᠲᠤᠨ᠎ᠤ 18 ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ 31 ᠤᠳᠠᠭ᠋ᠠᠨ᠎ᠤ ᠭᠣᠣᠯ ᠨᠠᠭᠤᠷ᠎ᠤᠨ ᠴᠠᠭᠳᠠᠯᠲᠠ ᠵᠢ ᠴᠢᠭᠵᠢᠭᠦᠯᠦᠨ ᠥᠷᠨᠢᠭᠦᠯᠪᠡ
2018 ᠣᠨ᠎ᠤ 8 ᠳ᠋ᠤᠭ᠋ᠠᠷ ᠰᠠᠷ᠎ᠠ᠎ᠳᠤ᠂ ᠬᠤᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ᠂ ᠮᠤᠵᠢ ᠵᠢᠨ ᠨᠢᠭᠡᠳᠦᠭᠡᠷ ᠶᠡᠷᠦᠩᠬᠡᠢ ᠭᠣᠣᠯ ᠮᠥᠷᠡᠨ᠎ᠤ ᠳᠠᠷᠤᠭ᠎ᠠ ᠳ᠋ᠦ᠋ ᠵᠢᠶᠠ ᠬᠤᠤ ᠪᠣᠯᠣᠨ ᠮᠤᠵᠢ ᠵᠢᠨ ᠳᠠᠷᠤᠭ᠎ᠠ᠂ ᠮᠤᠵᠢ ᠵᠢᠨ ᠶᠡᠷᠦᠩᠬᠡᠢ ᠭᠣᠣᠯ ᠮᠥᠷᠡᠨ᠎ᠤ ᠳᠠᠷᠤᠭ᠎ᠠ ᠰᠢᠦᠢ ᠳ᠋ᠠ ᠵᠧ ᠬᠠᠮᠲᠤ᠎ᠪᠠᠷ 5 ᠳ᠋ᠤᠭ᠋ᠠᠷ ᠲᠣᠭ᠋ᠠᠲᠤ ᠮᠤᠵᠢ ᠵᠢᠨ ᠶᠡᠷᠦᠩᠬᠡᠢ ᠭᠣᠣᠯ ᠮᠥᠷᠡᠨ᠎ᠤ ᠳᠠᠷᠤᠭ᠎ᠠ ᠵᠢᠨ ᠵᠠᠷᠯᠢᠭ ᠳᠡᠭᠡᠷ᠎ᠡ ᠭᠠᠷᠤᠨ ᠦᠰᠦᠭ ᠵᠢᠷ᠎ᠤᠨ ᠶᠠᠪᠤᠭᠤᠯᠵᠤ᠂ ᠮᠤᠵᠢ ᠵᠢᠨ ᠱᠠᠲᠤᠨ᠎ᠤ 18 ᠭᠣᠣᠯ ᠮᠥᠷᠡᠨ᠎ᠤ ᠳᠠᠷᠤᠭ᠎ᠠ ᠨᠠᠭᠤᠷ ᠴᠥᠭᠥᠷᠥᠮ᠎ᠤᠨ ᠳᠠᠷᠤᠭ᠎ᠠ ᠵᠢᠨ 31 ᠤᠳᠠᠭ᠋ᠠᠨ᠎ᠤ ᠭᠣᠣᠯ ᠨᠠᠭᠤᠷ᠎ᠤᠨ ᠴᠠᠭᠳᠠᠨ ᠪᠠᠢ᠌ᠴᠠᠭ᠋ᠠᠯᠲᠠ ᠵᠢ ᠴᠢᠭᠵᠢᠭᠦᠯᠦᠨ ᠥᠷᠨᠢᠭᠦᠯᠵᠦ᠂ ᠭᠣᠣᠯ ᠨᠠᠭᠤᠷ᠎ᠤᠨ 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠴᠡᠭᠴᠡᠯᠡᠨ ᠵᠠᠰᠠᠭᠰᠠᠨ᠎ᠢ ᠭᠣᠣᠯᠳᠠᠯᠭ᠎ᠠ᠎ᠲᠠᠢ᠎ᠪᠠᠷ ᠴᠠᠭᠳᠠᠨ ᠪᠠᠢ᠌ᠴᠠᠭ᠋ᠠᠭᠰᠠᠨ ᠪᠠ ᠰᠢᠮᠳᠠᠭᠤᠯᠤᠨ ᠰᠢᠢ᠍ᠳᠪᠦᠷᠢᠯᠡᠭᠦᠯᠵᠦ᠂ 79 ᠲᠣᠪᠣᠢ᠌ᠮ᠎ᠠ ᠠᠰᠠᠭᠤᠳᠠᠯ᠎ᠢ ᠲᠤᠰᠢᠶᠠᠨ ᠰᠢᠢ᠍ᠳᠪᠦᠷᠢᠯᠡᠭᠦᠯᠵᠡᠢ᠃
ᠡᠯ᠎ᠡ ᠬᠣᠲᠠ ᠵᠧᠦ ᠵᠢᠨ ᠨᠠᠮ ᠵᠠᠰᠠᠭ᠎ᠤᠨ ᠭᠣᠣᠯ ᠤᠳᠤᠷᠢᠳᠤᠯᠭ᠎ᠠ᠎ᠠᠴᠠ ᠭᠣᠣᠯ ᠨᠠᠭᠤᠷ᠎ᠢ ᠬᠠᠮᠠᠭ᠋ᠠᠯᠠᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ᠎ᠪᠠᠨ ᠢᠳᠡᠪᠬᠢᠲᠡᠢ ᠨᠠᠢ᠌ᠳᠠᠪᠤᠷᠢᠵᠢᠭᠤᠯᠤᠨ᠂ ᠣᠯᠠᠨ ᠵᠦᠢ᠍ᠯ᠎ᠤᠨ ᠬᠡᠯᠪᠡᠷᠢ᠎ᠪᠠᠷ ᠪᠠᠢ᠌ᠷᠢᠯᠠᠭᠤᠯᠵᠤ᠂ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯ᠎ᠢ ᠠᠬᠢᠭᠤᠯᠪᠠ᠃ ᠵᠢᠱ᠌ᠢᠶᠡᠯᠡᠪᠡᠯ ᠶᠦᠩᠵᠧᠦ ᠬᠣᠲᠠ᠂ ᠰᠢᠶᠠᠩᠰᠢ ᠵᠧᠦ ᠵᠡᠷᠭᠡ ᠭᠠᠵᠠᠷ᠎ᠤᠨ ᠨᠠᠮ ᠵᠠᠰᠠᠭ᠎ᠤᠨ ᠭᠣᠣᠯ ᠤᠳᠤᠷᠢᠳᠤᠯᠭ᠎ᠠ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠤᠨ ᠠᠵᠢᠯ᠎ᠤᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠵᠦᠵᠧᠦ ᠬᠣᠲᠠ᠂ ᠰᠢᠶᠠᠩᠲ᠋ᠠᠨ ᠬᠣᠲᠠ ᠵᠢᠴᠢ ᠮᠢ ᠯᠦᠸᠧ᠂ ᠹᠧᠩ ᠬᠤᠸᠠᠩ᠂ ᠰᠢᠶᠠᠩᠲ᠋ᠠᠨ᠂ ᠰᠢᠶᠠᠩᠰᠢᠶᠠᠩ ᠵᠡᠷᠭᠡ ᠰᠢᠶᠠᠨ ᠬᠣᠲᠠ ᠲᠣᠭᠣᠷᠢᠭ᠎ᠤᠨ᠎ᠬᠢᠨ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠶᠡᠷᠦᠩᠬᠡᠢ ᠭᠣᠣᠯ ᠮᠥᠷᠡᠨ᠎ᠤ ᠳᠠᠷᠤᠭ᠎ᠠ ᠵᠢᠨ ᠵᠠᠷᠯᠢᠭ᠎ᠲᠤ ᠭᠠᠷᠤᠨ ᠦᠰᠦᠭ ᠵᠢᠷ᠎ᠤᠨ ᠶᠠᠪᠤᠭᠤᠯᠵᠤ᠂ ᠰᠢᠦᠢ ᠫᠦ᠋ ᠰᠢᠶᠠᠨ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠳᠠᠢ᠌ᠴᠢᠯᠠᠯᠲᠠ ᠵᠢᠨ ᠶᠡᠬᠡ ᠬᠤᠷᠠᠯ᠎ᠢ ᠬᠤᠷᠠᠯᠳᠤᠭᠤᠯᠤᠭᠰᠠᠨ ᠵᠡᠷᠭᠡ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯ᠎ᠢ ᠪᠦᠬᠦ ᠬᠦᠴᠦᠨ ᠵᠶ᠋ᠡᠷ ᠠᠬᠢᠭᠤᠯᠵᠠᠢ᠃
《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
7 ᠳ᠋ᠤᠭ᠋ᠠᠷ ᠰᠠᠷ᠎ᠠ᠎ᠳᠤ᠂ ᠬᠤᠨᠠᠨ ᠮᠤᠵᠢ ᠵᠢᠨ ᠭᠣᠣᠯ ᠮᠥᠷᠡᠨ᠎ᠤ ᠳᠠᠷᠤᠭ᠎ᠠ ᠵᠢᠨ ᠠᠯᠪᠠᠨ ᠭᠡᠷ᠎ᠠᠴᠠ 《ᠪᠦᠬᠦ ᠮᠤᠵᠢ ᠵᠢᠨ ᠭᠣᠣᠯ ᠨᠠᠭᠤᠷ᠎ᠤᠨ 〈ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ〉 ᠲᠤᠰᠬᠠᠢ ᠵᠦᠢ᠍ᠯ᠎ᠤᠨ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠱᠠᠲᠤᠨ᠎ᠤ ᠭᠣᠣᠯ ᠮᠥᠷᠡᠨ (ᠨᠠᠭᠤᠷ ᠴᠥᠭᠥᠷᠥᠮ)᠎ᠤ ᠳᠠᠷᠤᠭ᠎ᠠ ᠵᠢᠨ ᠠᠵᠢᠯ᠎ᠤᠨ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠠᠵᠢᠯ᠎ᠤᠨ ᠬᠠᠷᠠᠯᠲᠠ᠂ ᠬᠡᠷᠡᠭᠵᠢᠭᠦᠯᠬᠦ ᠠᠯᠬᠤᠮ ᠳᠠᠷᠠᠭ᠎ᠠ ᠵᠢᠴᠢ ᠠᠬᠢᠴᠠ ᠵᠢᠨ ᠲᠣᠬᠢᠷᠠᠭᠤᠯᠤᠯᠲᠠ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠤᠰᠤᠨ ᠠᠰᠢᠭᠯᠠᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ᠂ ᠵᠠᠮ ᠬᠠᠷᠢᠯᠴᠠᠭ᠎ᠠ᠂ ᠲᠠᠷᠢᠶᠠᠯᠠᠩ ᠵᠡᠷᠭᠡ ᠰᠠᠯᠠᠭ᠎ᠠ ᠮᠥᠴᠢᠷ᠎ᠤᠨ᠎ᠬᠢᠨ ᠠᠵᠢᠯ ᠵᠶ᠋ᠠᠨ ᠵᠣᠯᠭ᠋ᠠᠯᠳᠤᠭᠤᠯᠬᠤ ᠵᠢ ᠴᠢᠩᠭ᠋ᠠᠷᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠳᠠᠭ᠋ᠠᠭ᠋ᠠᠨ ᠠᠪᠴᠤ᠂ ᠴᠠᠭ ᠵᠠᠩᠭᠢᠯᠠᠭ᠎ᠠ ᠶᠣᠰᠣᠭ᠋ᠠᠷ ᠠᠵᠢᠯ᠎ᠤᠨ ᠬᠤᠭᠤᠴᠠᠭ᠎ᠠ᠎ᠪᠠᠨ ᠲᠣᠩᠭᠣᠷᠠᠭᠤᠯᠤᠨ ᠲᠣᠬᠢᠷᠠᠭᠤᠯᠵᠤ᠂ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠠᠢ᠃
ᠬᠤᠨᠠᠨ ᠮᠤᠵᠢ ᠵᠢᠨ ᠤᠰᠤᠨ ᠠᠰᠢᠭᠯᠠᠯᠲᠠ ᠵᠢᠨ ᠶᠠᠮᠤᠨ᠎ᠠᠴᠠ 9 ᠳ᠋ᠦ᠍ᠭᠡᠷ ᠰᠠᠷ᠎ᠠ ᠵᠢᠨ 21᠎ᠤ ᠡᠳᠦᠷ ᠪᠦᠬᠦ ᠮᠤᠵᠢ ᠵᠢᠨ ᠤᠰᠤᠨ ᠠᠰᠢᠭᠯᠠᠯᠲᠠ ᠵᠢᠨ ᠰᠢᠰᠲ᠋ᠧᠮ᠎ᠤᠨ᠎ᠬᠢᠨ᠎ᠤ 5 ᠳ᠋ᠤᠭ᠋ᠠᠷ ᠲᠣᠭ᠋ᠠᠲᠤ ᠭᠣᠣᠯ ᠮᠥᠷᠡᠨ᠎ᠤ ᠶᠡᠷᠦᠩᠬᠡᠢ ᠲᠠᠷᠤᠭ᠎ᠠ ᠵᠢᠨ ᠵᠠᠷᠯᠢᠭ᠎ᠢ ᠨᠠᠢ᠌ᠳᠠᠪᠤᠷᠢᠵᠢᠭᠤᠯᠤᠨ ᠭᠣᠣᠯ ᠨᠠᠭᠤᠷ᠎ᠤᠨ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠵᠢ ᠪᠦᠬᠦ ᠲᠠᠯ᠎ᠠ᠎ᠪᠠᠷ ᠠᠬᠢᠭᠤᠯᠬᠤ ᠲᠧᠯᠸᠢᠰ ᠬᠤᠷᠠᠯ᠎ᠢ ᠬᠤᠷᠠᠯᠳᠤᠭᠤᠯᠵᠤ᠂ ᠠᠰᠠᠭᠤᠳᠠᠯ᠎ᠢ ᠲᠣᠳᠣᠯᠠᠨ ᠢᠯᠭ᠋ᠠᠬᠤ᠂ ᠡᠭᠦᠷᠭᠡ᠎ᠪᠠᠨ ᠬᠤᠪᠢᠶᠠᠷᠢᠯᠠᠬᠤ ᠵᠡᠷᠭᠡ ᠵᠢᠨ ᠲᠤᠬᠠᠢ ᠤᠯᠠᠮ ᠨᠢᠭᠡ ᠠᠯᠬᠤᠮ ᠪᠠᠢ᠌ᠷᠢᠯᠠᠭᠤᠯᠵᠠᠢ᠃
ᠡᠯ᠎ᠡ ᠭᠠᠵᠠᠷ᠎ᠤᠨ᠎ᠬᠢᠨ ᠭᠠᠵᠠᠷ ᠣᠷᠣᠨ᠎ᠳᠤᠨᠢ ᠬᠠᠷᠢᠶᠠᠯᠠᠭᠤᠯᠤᠨ ᠬᠠᠮᠢᠶᠠᠷᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠠᠵᠢᠯ᠎ᠤᠨ ᠲᠥᠰᠥᠯ ᠵᠶ᠋ᠡᠨ ᠲᠥᠷᠥᠯ ᠬᠤᠪᠢᠶᠠᠨ ᠲᠣᠭᠲᠠᠭ᠋ᠠᠵᠤ᠂ ᠠᠵᠢᠯ᠎ᠤᠨ ᠬᠠᠷᠠᠯᠲᠠ᠂ ᠴᠠᠭ ᠵᠠᠩᠭᠢᠯᠠᠭ᠎ᠠ ᠵᠢᠴᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠎ᠪᠠᠨ ᠲᠣᠳᠣᠷᠬᠠᠢ᠌ᠯᠠᠵᠤ᠂ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠵᠠᠢ᠃
ᠡᠯ᠎ᠡ ᠬᠣᠲᠠ ᠵᠧᠦ ᠵᠢᠨ᠎ᠬᠢᠨ ᠨᠢᠭᠡᠨᠲᠡ 1328 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠢᠯᠭ᠋ᠠᠷᠠᠭᠤᠯᠤᠨ ᠴᠡᠪᠡᠷᠯᠡᠵᠦ ᠴᠡᠭᠴᠡᠯᠡᠨ ᠵᠠᠰᠠᠪᠠ
ᠤᠰᠤᠨ ᠠᠰᠢᠭᠯᠠᠯᠲᠠ ᠵᠢᠨ ᠶᠠᠮᠤᠨ᠎ᠠᠴᠠ ᠲᠣᠳᠣᠷᠬᠠᠢ᠌ᠯᠠᠭᠰᠠᠨ 《ᠰᠠᠪᠠ ᠭᠠᠵᠠᠷ᠎ᠤᠨ ᠲᠠᠯᠠᠪᠠᠢ᠎ᠨᠢ 1000 ᠺᠦᠸᠠᠳ᠋ ᠺᠢᠯᠣᠮᠧᠲᠷ᠎ᠠᠴᠠ ᠳᠡᠭᠡᠭᠰᠢᠬᠢ ᠭᠣᠣᠯ ᠮᠥᠷᠡᠨ᠂ ᠤᠰᠤᠨ ᠭᠠᠳᠠᠷᠭᠤ ᠵᠢᠨ ᠲᠠᠯᠠᠪᠠᠢ᠎ᠨᠢ 1 ᠺᠦᠸᠠᠳ᠋ ᠺᠢᠯᠣᠮᠧᠲᠷ᠎ᠠᠴᠠ ᠳᠡᠭᠡᠭᠰᠢᠬᠢ ᠨᠠᠭᠤᠷ ᠴᠥᠭᠥᠷᠥᠮ》᠎ᠤᠨ ᠰᠠᠭᠤᠷᠢᠨ ᠳᠡᠭᠡᠷ᠎ᠡ᠂ ᠬᠤᠨᠠᠨ ᠮᠤᠵᠢ ᠰᠠᠨᠠᠭ᠋ᠠᠴᠢᠯᠠᠭ᠎ᠠ᠎ᠠᠴᠠ᠎ᠪᠠᠨ ᠳᠠᠷᠤᠭ᠋ᠠᠰᠤ᠎ᠪᠠᠨ ᠨᠡᠮᠡᠭᠳᠡᠭᠦᠯᠵᠦ᠂ ᠪᠦᠬᠦ ᠮᠤᠵᠢ ᠵᠢᠨ ᠰᠠᠪᠠ ᠭᠠᠵᠠᠷ᠎ᠤᠨ ᠲᠠᠯᠠᠪᠠᠢ᠎ᠨᠢ 50 ᠺᠦᠸᠠᠳ᠋ ᠺᠢᠯᠣᠮᠧᠲᠷ᠎ᠠᠴᠠ ᠳᠡᠭᠡᠭᠰᠢᠬᠢ ᠭᠣᠣᠯ ᠮᠥᠷᠡᠨ᠂ ᠤᠰᠤᠨ ᠭᠠᠳᠠᠷᠭᠤ ᠵᠢᠨ ᠲᠠᠯᠠᠪᠠᠢ᠎ᠨᠢ 1 ᠺᠦᠸᠠᠳ᠋ ᠺᠢᠯᠣᠮᠧᠲᠷ᠎ᠠᠴᠠ ᠳᠡᠭᠡᠭᠰᠢᠬᠢ ᠨᠠᠭᠤᠷ ᠴᠥᠭᠥᠷᠥᠮ᠎ᠢ ᠴᠤ᠌ ᠲᠤᠰ ᠤᠳᠠᠭ᠋ᠠᠨ᠎ᠤ ᠴᠡᠭᠴᠡᠯᠡᠨ ᠵᠠᠰᠠᠬᠤ ᠬᠡᠪᠴᠢᠶᠡᠨ᠎ᠳᠤ ᠣᠷᠣᠭᠤᠯᠵᠠᠢ᠃
ᠡᠯ᠎ᠡ ᠭᠠᠵᠠᠷ᠎ᠤᠨ᠎ᠬᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ᠂ ᠬᠥᠮᠥᠨ ᠠᠮᠠ ᠴᠢᠭᠵᠢᠭᠦᠦ ᠣᠷᠣᠨ ᠵᠡᠷᠭᠡ ᠭᠣᠣᠯᠳᠠᠯᠭ᠎ᠠ᠎ᠲᠠᠢ ᠭᠣᠣᠯ᠎ᠤᠨ ᠬᠡᠰᠡᠭ᠎ᠢ ᠴᠢᠩᠭ᠎ᠠ ᠣᠨᠢᠯᠠᠵᠤ᠂ 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠢᠯᠭ᠋ᠠᠨ ᠪᠠᠢ᠌ᠴᠠᠭ᠋ᠠᠬᠤ ᠵᠢ ᠪᠦᠬᠦ ᠲᠠᠯ᠎ᠠ᠎ᠪᠠᠷ ᠥᠷᠨᠢᠭᠦᠯᠦᠨ᠂ ᠭᠣᠣᠯ ᠮᠥᠷᠡᠨ ᠨᠠᠭᠤᠷ ᠴᠥᠭᠥᠷᠥᠮ ᠳᠠᠷᠠᠭ᠋ᠠᠯᠠᠨ ᠠᠰᠠᠭᠤᠳᠠᠯ᠎ᠤᠨ ᠡᠬᠡ ᠳᠠᠩᠰᠠ ᠪᠠᠢ᠌ᠭᠤᠯᠵᠤ᠂ ᠠᠰᠠᠭᠤᠳᠠᠯ᠎ᠤᠨ ᠲᠥᠷᠥᠯ ᠬᠡᠯᠪᠡᠷᠢ᠂ ᠴᠢᠨᠠᠷ ᠬᠡᠮᠵᠢᠶ᠎ᠡ ᠵᠢ ᠲᠣᠭᠲᠠᠭ᠋ᠠᠭᠰᠠᠨ ᠲᠣᠭ᠋ᠠᠴᠢᠯᠲᠠ᠂ ᠤᠷᠲᠤᠷᠢᠭ ᠥᠷᠭᠡᠷᠢᠭ᠎ᠤᠨ ᠪᠠᠢ᠌ᠷᠢᠰᠢᠯ᠎ᠢ ᠨᠠᠷᠢᠯᠢᠭ ᠪᠣᠳᠠᠲᠠᠢ ᠲᠡᠮᠳᠡᠭᠯᠡᠵᠦ᠂ ᠴᠢᠭᠯᠡᠯᠲᠦ ᠴᠢᠨᠠᠷᠲᠠᠢ᠎ᠪᠠᠷ ᠴᠡᠭᠴᠡᠯᠡᠨ ᠵᠠᠰᠠᠯᠲᠠ ᠥᠷᠨᠢᠭᠦᠯᠬᠦ᠎ᠳᠤ ᠦᠨᠳᠦᠰᠦᠯᠡᠯ ᠬᠠᠩᠭ᠋ᠠᠪᠠ᠃ 11 ᠳ᠋ᠦ᠍ᠭᠡᠷ ᠰᠠᠷ᠎ᠠ ᠵᠢᠨ ᠡᠬᠢ ᠪᠣᠯᠲᠠᠯ᠎ᠠ᠂ ᠪᠦᠬᠦ ᠮᠤᠵᠢ ᠵᠢᠨ ᠡᠯ᠎ᠡ ᠬᠣᠲᠠ ᠵᠧᠦ ᠵᠢᠨ᠎ᠬᠢᠨ 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠨᠡᠢ᠌ᠲᠡ 3839 ᠠᠰᠠᠭᠤᠳᠠᠯ᠎ᠢ ᠣᠢ᠌ᠯᠠᠭ᠋ᠠᠨ ᠲᠣᠳᠣᠯᠠᠵᠤ᠂ ᠨᠢᠭᠡᠨᠲᠡ 1328 ᠵᠢ᠎ᠨᠢ ᠢᠯᠭ᠋ᠠᠨ ᠴᠡᠪᠡᠷᠯᠡᠭᠰᠡᠨ ᠪᠠ ᠴᠡᠭᠴᠡᠯᠡᠨ ᠵᠠᠰᠠᠵᠤ᠂ ᠶᠡᠷᠦᠩᠬᠡᠢ ᠲᠣᠭ᠋ᠠᠨ᠎ᠤ 34.6% ᠵᠢ ᠡᠵᠡᠯᠡᠪᠡ᠃
《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯᠯᠠᠭ᠎ᠠ᠎ᠳᠤ ᠦᠷ᠎ᠡ ᠪᠦᠲᠦᠮᠵᠢ ᠣᠯᠬᠤ ᠵᠢ ᠪᠠᠲᠤᠯᠠᠪᠠ
ᠬᠤᠨᠠᠨ ᠮᠤᠵᠢ ᠵᠢᠨ ᠭᠣᠣᠯ ᠮᠥᠷᠡᠨ᠎ᠤ ᠳᠠᠷᠤᠭ᠎ᠠ ᠵᠢᠨ ᠠᠯᠪᠠᠨ ᠭᠡᠷ᠎ᠠᠴᠠ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠠᠵᠢᠯ᠎ᠢ ᠭᠣᠣᠯ ᠮᠥᠷᠡᠨ᠎ᠤ ᠳᠠᠷᠤᠭ᠎ᠠ ᠵᠢᠨ ᠳᠦᠷᠢᠮ ᠪᠠ ᠨᠠᠭᠤᠷ ᠴᠥᠭᠥᠷᠥᠮ᠎ᠤᠨ ᠳᠠᠷᠤᠭ᠎ᠠ ᠵᠢᠨ ᠳᠦᠷᠢᠮ᠎ᠤᠨ ᠣᠨ᠎ᠤ ᠰᠢᠯᠭ᠋ᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ᠎ᠳᠤ ᠣᠷᠣᠭᠤᠯᠵᠤ᠂ ᠠᠵᠢᠯ᠎ᠤᠨ ᠰᠠᠷ᠎ᠠ ᠵᠢᠨ ᠲᠣᠬᠢᠷᠠᠭᠤᠯᠤᠯᠲᠠ ᠵᠢᠨ ᠳᠦᠷᠢᠮ᠎ᠢ ᠪᠠᠢ᠌ᠭᠤᠯᠤᠨ᠂ ᠠᠵᠢᠯ᠎ᠤᠨ ᠰᠢᠮᠳᠠᠭᠤᠯᠤᠨ ᠪᠠᠢ᠌ᠴᠠᠭ᠋ᠠᠯᠲᠠ᠎ᠪᠠᠨ ᠦᠨᠡᠨ ᠬᠦ᠌ ᠴᠢᠩᠭ᠋ᠠᠷᠠᠭᠤᠯᠵᠤ᠂ ᠳᠡᠰ ᠳᠡᠰ ᠵᠶ᠋ᠡᠷ ᠳᠠᠷᠤᠭ᠋ᠠᠰᠤ ᠵᠢ ᠳᠠᠮᠵᠢᠭᠤᠯᠵᠤ᠂ ᠰᠢᠮᠳᠠᠭᠤᠯᠬᠤ᠎ᠪᠠᠷ ᠥᠭᠡᠷᠡᠴᠢᠯᠡᠯᠲᠡ ᠵᠢ ᠠᠬᠢᠭᠤᠯᠤᠨ᠂ ᠴᠡᠭᠴᠡᠯᠡᠬᠦ ᠵᠢᠨ ᠳᠠᠭ᠋ᠠᠤ ᠥᠭᠡᠷᠡᠴᠢᠯᠡᠪᠡ᠃ 2018 ᠣᠨ᠎ᠤ 10 ᠳ᠋ᠤᠭ᠋ᠠᠷ ᠰᠠᠷ᠎ᠠ᠎ᠳᠤ᠂ ᠮᠤᠵᠢ ᠵᠢᠨ ᠭᠣᠣᠯ ᠮᠥᠷᠡᠨ᠎ᠤ ᠳᠠᠷᠤᠭ᠎ᠠ ᠵᠢᠨ ᠠᠯᠪᠠᠨ ᠭᠡᠷ᠎ᠤᠨ᠎ᠬᠢᠨ 6 ᠳᠤᠭᠤᠢ᠌ᠯᠠᠩ ᠲᠣᠮᠢᠯᠠᠨ ᠭᠣᠣᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠳᠤ ᠳᠠᠯᠳᠠᠭᠤᠷ ᠰᠤᠷᠪᠤᠯᠵᠢᠯᠠᠭ᠎ᠠ ᠬᠢᠯᠭᠡᠵᠦ᠂ ᠨᠡᠢ᠌ᠲᠡ 27 ᠠᠰᠠᠭᠤᠳᠠᠯ᠎ᠢ ᠲᠤᠰᠢᠶᠠᠨ ᠰᠢᠢ᠍ᠳᠪᠦᠷᠢᠯᠡᠭᠦᠯᠵᠡᠢ᠃
ᠡᠯ᠎ᠡ ᠭᠠᠵᠠᠷ᠎ᠤᠨ᠎ᠬᠢᠨ ᠠᠵᠢᠯ᠎ᠤᠨ ᠲᠥᠰᠥᠯ᠎ᠲᠠᠢ᠎ᠪᠠᠨ ᠴᠢᠩᠭ᠎ᠠ ᠬᠠᠷᠢᠴᠠᠭᠤᠯᠤᠯ ᠬᠢᠵᠦ᠂ ᠴᠢᠯᠠᠭᠤᠨ᠎ᠳᠤ ᠭᠢᠰᠬᠢᠵᠦ ᠮᠥᠷ ᠵᠶ᠋ᠡᠨ ᠦᠯᠡᠳᠡᠭᠡᠬᠦ ᠡᠷᠴᠢ ᠵᠣᠷᠢᠭ ᠵᠶ᠋ᠠᠷ ᠠᠰᠠᠭᠤᠳᠠᠯ᠎ᠢ ᠴᠡᠭᠴᠡᠯᠡᠨ ᠵᠠᠰᠠᠬᠤ ᠵᠢ ᠴᠢᠩᠭ᠎ᠠ ᠠᠳᠬᠤᠪᠠ᠃ ᠵᠢᠱ᠌ᠢᠶᠡᠯᠡᠪᠡᠯ ᠶᠤᠸᠠᠢ ᠶᠠᠩ ᠬᠣᠲᠠ ᠵᠢᠨ᠎ᠬᠢᠨ ᠬᠥᠬᠡ ᠮᠥᠷᠡᠨ᠎ᠤ ᠤᠰᠤ ᠵᠢ ᠬᠣᠷᠢᠭᠯᠠᠵᠤ ᠪᠠᠢ᠌ᠭ᠎ᠠ ᠰᠠᠭ᠋ᠠᠳ ᠪᠣᠳᠠᠰ᠎ᠢ ᠴᠡᠭᠴᠡᠯᠡᠨ ᠵᠠᠰᠠᠬᠤ ᠵᠢ ᠥᠷᠨᠢᠭᠦᠯᠦᠨ᠂ ᠬᠥᠬᠡ ᠮᠥᠷᠡᠨ᠎ᠤ ᠲᠣᠭᠲᠠᠭ᠋ᠠᠯ᠎ᠠᠴᠠ ᠵᠥᠷᠢᠴᠡᠭᠰᠡᠨ 380 ᠪᠠᠷᠢᠯᠭ᠎ᠠ ᠵᠢ ᠡᠪᠳᠡᠨ ᠨᠤᠷᠠᠭ᠋ᠠᠵᠤ᠂ 52 ᠭᠠᠳᠠᠭᠰᠢᠯᠠᠭᠤᠯᠬᠤ ᠠᠮᠠᠰᠠᠷ (ᠲᠡᠭᠦᠨ᠎ᠤ ᠳᠣᠲᠣᠷ᠎ᠠ ᠪᠣᠬᠢᠷᠲᠤᠯ ᠭᠠᠳᠠᠭᠰᠢᠯᠠᠭᠤᠯᠬᠤ ᠠᠮᠠᠰᠠᠷ 9᠂ ᠲᠤᠨᠤᠮᠠᠯ ᠤᠰᠤ ᠭᠠᠳᠠᠭᠰᠢᠯᠠᠭᠤᠯᠬᠤ ᠠᠮᠠᠰᠠᠷ 37 ᠪᠣᠢ)᠎ᠳᠤ ᠴᠡᠭᠴᠡᠯᠡᠨ ᠵᠠᠰᠠᠯᠲᠠ ᠬᠢᠵᠡᠢ᠃
ᠳᠠᠷᠠᠭ᠋ᠠᠴᠢ ᠵᠢᠨ ᠠᠯᠬᠤᠮ᠎ᠳᠤ᠂ ᠬᠤᠨᠠᠨ ᠮᠤᠵᠢ ᠤᠰᠤᠨ ᠠᠰᠢᠭᠯᠠᠯᠲᠠ ᠵᠢᠨ ᠶᠠᠮᠤᠨ᠎ᠤ ᠱᠠᠭ᠋ᠠᠷᠳᠠᠯᠭ᠎ᠠ ᠶᠣᠰᠣᠭ᠋ᠠᠷ ᠭᠣᠣᠯ ᠮᠥᠷᠡᠨ ᠨᠠᠭᠤᠷ ᠴᠥᠭᠥᠷᠥᠮ᠎ᠤᠨ 《ᠳᠥᠷᠪᠡᠨ ᠵᠦᠢ᠍ᠯ᠎ᠤᠨ ᠰᠠᠮᠠᠭᠤᠷᠠᠯ᠎ᠢ ᠴᠡᠪᠡᠷᠯᠡᠬᠦ》 ᠴᠡᠭᠴᠡᠯᠡᠨ ᠵᠠᠰᠠᠬᠤ ᠠᠵᠢᠯ᠎ᠢ ᠴᠢᠩᠭ᠎ᠠ ᠪᠣᠳᠠᠲᠠᠢ᠎ᠪᠠᠷ ᠠᠳᠬᠤᠵᠤ᠂ ᠴᠡᠭᠴᠡᠯᠡᠨ ᠵᠠᠰᠠᠬᠤ ᠡᠭᠦᠷᠭᠡ ᠵᠢ ᠬᠤᠭᠤᠴᠠᠭ᠎ᠠ ᠶᠣᠰᠣᠭ᠋ᠠᠷ ᠴᠢᠨᠠᠷ᠎ᠢ ᠪᠠᠲᠤᠯᠠᠨ ᠪᠡᠶᠡᠯᠡᠭᠦᠯᠬᠦ ᠵᠢ ᠪᠠᠲᠤᠯᠠᠵᠤ᠂ 《ᠭᠣᠣᠯ ᠮᠥᠷᠡᠨ᠎ᠤ ᠨᠣᠮᠢᠨ ᠤᠰᠤ》 ᠵᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠬᠤ᠎ᠪᠠᠷ ᠪᠣᠢ᠃