ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠪᠧᠢ ᠮᠤᠵᠢ ᠵᠢᠨ ᠠᠮᠢ ᠠᠬᠤᠢ ᠣᠷᠴᠢᠨ ᠲᠣᠭᠤᠷᠢᠨ᠎ᠤ ᠲᠢᠩᠬᠢᠮ 26᠎ᠤ ᠡᠳᠦᠷ ᠡᠬᠢ ᠢᠷᠡᠯᠲᠡ᠎ᠠᠴᠠ᠎ᠨᠢ ᠰᠡᠷᠭᠡᠢ᠌ᠯᠡᠨ ᠡᠵᠡᠮᠳᠡᠵᠦ ᠳᠠᠯᠳᠠ ᠭᠡᠮ᠎ᠢ᠎ᠨᠢ ᠠᠷᠢᠯᠭ᠋ᠠᠬᠤ ᠰᠥᠨᠢ᠎ᠪᠠᠷ ᠪᠠᠢ᠌ᠴᠠᠭ᠋ᠠᠬᠤ 《ᠲᠡᠭ ᠴᠠᠭ᠎ᠤᠨ ᠠᠵᠢᠯᠯᠠᠭ᠎ᠠ》 ᠵᠢ ᠲᠥᠪᠯᠡᠷᠡᠭᠦᠯᠦᠨ ᠥᠷᠨᠢᠭᠦᠯᠪᠡ
ᠨᠡᠶ᠋ᠢᠲᠡᠯᠡᠭᠰᠡᠨ ᠴᠠᠭ᠄ 2018-12-11

        ᠣᠢ᠌ᠷ᠎ᠠ᠎ᠳᠤ᠂ ᠾᠧᠪᠧᠢ ᠮᠤᠵᠢ ᠵᠢᠨ ᠬᠡᠰᠡᠭ ᠣᠷᠣᠨ ᠪᠦᠰᠡ᠎ᠳᠤ ᠬᠦᠨᠳᠦ ᠪᠣᠬᠢᠷᠲᠤᠯ᠎ᠤᠨ ᠠᠭᠤᠷ ᠠᠮᠢᠰᠬᠤᠯ ᠢᠯᠡᠷᠡᠵᠦ᠂ ᠲᠤᠰ   ᠡᠭᠡᠯᠵᠢ ᠵᠢᠨ   ᠬᠦᠨᠳᠦ   ᠪᠣᠬᠢᠷᠲᠤᠯ᠎ᠤᠨ ᠠᠭᠤᠷ   ᠠᠮᠢᠰᠬᠤᠯ᠎ᠢ ᠢᠳᠡᠪᠬᠢᠲᠡᠢ ᠠᠷᠭ᠋ᠠᠴᠠᠭ᠋ᠠᠨ᠂ ᠠᠭᠤᠷ ᠠᠮᠢᠰᠬᠤᠯ᠎ᠤᠨ ᠪᠣᠬᠢᠷᠲᠤᠯ᠎ᠳᠤ ᠬᠣᠯᠪᠣᠭᠳᠠᠭᠰᠠᠨ ᠠᠵᠤ ᠠᠬᠤᠢ᠌ᠯᠠᠯ᠎ᠤᠨ ᠲᠣᠭᠲᠠᠭ᠋ᠠᠯ᠎ᠠᠴᠠ ᠵᠥᠷᠢᠴᠡᠨ ᠦᠢ᠍ᠯᠡᠳᠪᠦᠷᠢᠯᠡᠭᠰᠡᠨ᠂ ᠬᠠᠤᠯᠢ᠎ᠠᠴᠠ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠠᠵᠢᠯᠯᠠᠭ᠎ᠠ᠎ᠳᠤ ᠬᠦᠨᠳᠦ ᠴᠢᠩᠭ᠎ᠠ ᠴᠣᠬᠢᠯᠲᠠ ᠥᠭᠴᠦ᠂ ᠣᠷᠣᠨ ᠪᠦᠰᠡ ᠵᠢᠨ ᠪᠣᠬᠢᠷᠲᠤᠯ᠎ᠤᠨ ᠪᠠᠢ᠌ᠳᠠᠯ᠎ᠢ ᠦᠨᠡᠨ ᠬᠦ᠌ ᠪᠦᠲᠦᠮᠵᠢᠲᠡᠢ ᠨᠠᠮᠳᠠᠭ᠋ᠠᠪᠠ᠃ 26᠎ᠤ ᠣᠷᠣᠢ᠂ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠡᠭᠡᠯᠵᠢ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠡᠯ᠎ᠡ ᠭᠠᠵᠠᠷ᠎ᠲᠤ ᠰᠠᠭᠤᠭ᠎ᠠ ᠬᠠᠤᠯᠢ ᠬᠡᠷᠡᠭᠵᠢᠭᠦᠯᠬᠦ ᠳᠤᠭᠤᠢ᠌ᠯᠠᠩ᠎ᠠᠴᠠ ᠰᠥᠨᠢ᠎ᠪᠠᠷ ᠪᠠᠢ᠌ᠴᠠᠭ᠋ᠠᠬᠤ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ 175 ᠠᠵᠤ ᠠᠬᠤᠢ᠌ᠯᠠᠯ᠎ᠳᠤ ᠰᠥᠨᠢ᠎ᠪᠠᠷ ᠪᠠᠢ᠌ᠴᠠᠭ᠋ᠠᠯᠲᠠ ᠬᠢᠵᠦ᠂ ᠠᠭᠤᠷ ᠠᠮᠢᠰᠬᠤᠯ᠎ᠤᠨ ᠪᠣᠬᠢᠷᠲᠤᠯ᠎ᠳᠤ ᠬᠣᠯᠪᠣᠭᠳᠠᠵᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠡᠯ᠎ᠡ ᠲᠥᠷᠥᠯ᠎ᠤᠨ 11 ᠲᠣᠪᠣᠢ᠌ᠮ᠎ᠠ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠵᠡᠢ᠃
      ᠲᠤᠰ ᠤᠳᠠᠭ᠋ᠠᠨ᠎ᠤ ᠰᠥᠨᠢ᠎ᠪᠠᠷ ᠪᠠᠢ᠌ᠴᠠᠭ᠋ᠠᠬᠤ ᠠᠵᠢᠯᠯᠠᠭ᠎ᠠ᠎ᠳᠤ᠂ ᠬᠠᠤᠯᠢ ᠬᠡᠷᠡᠭᠵᠢᠭᠦᠯᠦᠭᠴᠢᠳ ᠦᠢ᠍ᠯᠡᠴᠢᠯᠡᠬᠦ ᠮᠠᠶᠢᠭ᠎ᠤᠨ᠂ ᠣᠢ᠌ᠯᠭ᠋ᠠᠬᠤ ᠮᠠᠶᠢᠭ᠎ᠤᠨ᠂ ᠤᠷᠢᠳᠴᠢᠯᠠᠨ ᠰᠡᠷᠭᠡᠢ᠌ᠯᠡᠬᠦ ᠮᠠᠶᠢᠭ᠎ᠤᠨ ᠬᠠᠤᠯᠢ ᠬᠡᠷᠡᠭᠵᠢᠭᠦᠯᠬᠦ ᠠᠵᠢᠯ᠎ᠤᠨ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠂ ᠨᠢᠭᠡᠳᠦᠯᠲᠡᠢ ᠬᠤᠪᠴᠠᠰᠤ ᠡᠮᠦᠰᠦᠨ᠂ ᠨᠢᠭᠡᠳᠦᠯᠲᠡᠢ ᠲᠡᠮᠳᠡᠭ ᠵᠡᠭᠦᠵᠦ᠂ ᠨᠢᠭᠡᠳᠦᠯᠲᠡᠢ ᠪᠠᠷᠢᠮᠵᠢᠶ᠎ᠠ ᠵᠢ ᠬᠡᠷᠡᠭᠵᠢᠭᠦᠯᠵᠦ᠂ ᠲᠤᠬᠠᠢ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ ᠵᠢ ᠪᠦᠬᠦ ᠲᠠᠯ᠎ᠠ᠎ᠪᠠᠷ ᠥᠷᠨᠢᠭᠦᠯᠪᠡ᠃ ᠨᠢᠭᠡ ᠭᠠᠵᠠᠷ᠎ᠲᠤ ᠬᠦᠷᠬᠦ ᠪᠦᠷᠢ ᠬᠠᠤᠯᠢ ᠬᠡᠷᠡᠭᠵᠢᠭᠦᠯᠦᠭᠴᠢᠳ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠣᠯᠪᠣᠭᠳᠠᠯ ᠪᠦᠬᠦᠢ ᠵᠢᠷᠤᠮᠵᠢᠯ ᠪᠠᠷᠢᠮᠵᠢᠶ᠎ᠠ ᠵᠢ ᠬᠢᠨᠠᠮᠠᠭ᠋ᠠᠢ ᠲᠠᠢ᠌ᠯᠪᠤᠷᠢᠯᠠᠵᠤ᠂ ᠠᠵᠤ ᠠᠬᠤᠢ᠌ᠯᠠᠯ᠎ᠤᠨ ᠡᠬᠡ ᠳᠠᠩᠰᠠ ᠵᠢ ᠨᠠᠷᠢᠯᠢᠭ ᠪᠠᠢ᠌ᠴᠠᠭ᠋ᠠᠨ ᠦᠵᠡᠵᠦ᠂ ᠶᠠᠭ᠋ᠠᠷᠠᠤ ᠴᠠᠭ᠎ᠢ ᠵᠥᠷᠢᠭᠦᠯᠦᠨ ᠦᠢ᠍ᠯᠡᠳᠪᠦᠷᠢᠯᠡᠬᠦ ᠪᠠ ᠬᠦᠨᠳᠦ ᠪᠣᠬᠢᠷᠲᠤᠯ᠎ᠲᠠᠢ ᠠᠭᠤᠷ ᠠᠮᠢᠰᠬᠤᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠪᠣᠬᠢᠷᠲᠤᠯ ᠭᠠᠳᠠᠭᠰᠢᠯᠠᠭᠤᠯᠬᠤ 《ᠨᠢᠭᠡ ᠠᠵᠤ ᠠᠬᠤᠢ᠌ᠯᠠᠯ᠎ᠳᠤ ᠨᠢᠭᠡ ᠲᠥᠷᠥ ᠵᠢᠨ ᠪᠣᠳᠣᠯᠭ᠎ᠠ᠎ᠲᠠᠢ ᠪᠠᠢ᠌ᠯᠭ᠋ᠠᠬᠤ》 ᠵᠢ ᠬᠡᠷᠡᠭᠵᠢᠭᠦᠯᠦᠭᠰᠡᠨ᠎ᠤ ᠬᠠᠮᠲᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠡᠯᠡᠳᠬᠡᠮᠵᠢ ᠲᠣᠬᠢᠷᠠᠭᠤᠯᠤᠭᠰᠠᠨ ᠪᠠ ᠠᠵᠢᠯᠯᠠᠭᠤᠯᠤᠭᠰᠠᠨ ᠪᠠᠢ᠌ᠳᠠᠯ᠂ ᠭᠣᠣᠯ ᠪᠣᠯᠬᠤ ᠪᠣᠬᠢᠷᠲᠤᠯ ᠡᠳ᠋᠎ᠤᠨ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠦᠭᠰᠡᠨ ᠪᠠᠢ᠌ᠳᠠᠯ ᠵᠡᠷᠭᠡ᠎ᠳᠤ ᠪᠦᠬᠦ ᠲᠠᠯ᠎ᠠ᠎ᠪᠠᠷ᠂ ᠥᠨᠴᠥᠭ ᠪᠣᠯᠣᠩ ᠦᠯᠡᠳᠡᠭᠡᠯ ᠦᠭᠡᠢ ᠢᠯᠭ᠋ᠠᠨ ᠪᠠᠢ᠌ᠴᠠᠭ᠋ᠠᠵᠠᠢ᠃
      ᠬᠠᠤᠯᠢ ᠬᠡᠷᠡᠭᠵᠢᠭᠦᠯᠦᠭᠴᠢᠳ ᠪᠠᠢ᠌ᠴᠠᠭ᠋ᠠᠬᠤ ᠶᠠᠪᠤᠴᠠ᠎ᠳᠤ᠎ᠪᠠᠨ᠂ ᠵᠣᠩᠬᠢᠯᠠᠬᠤ ᠬᠡᠰᠡᠭ ᠠᠵᠤ ᠠᠬᠤᠢ᠌ᠯᠠᠯ᠎ᠨᠢ ᠬᠦᠨᠳᠦ ᠪᠣᠬᠢᠷᠲᠤᠯ᠎ᠲᠠᠢ ᠠᠭᠤᠷ ᠠᠮᠢᠰᠬᠤᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠪᠣᠬᠢᠷᠲᠤᠯ ᠭᠠᠳᠠᠭᠰᠢᠯᠠᠭᠤᠯᠬᠤ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠨ᠂ ᠪᠣᠬᠢᠷᠲᠤᠯ᠎ᠢ ᠵᠠᠰᠠᠬᠤ ᠪᠡᠯᠡᠳᠬᠡᠮᠵᠢ᠎ᠪᠠᠨ ᠬᠡᠪ ᠵᠶ᠋ᠡᠷ ᠠᠵᠢᠯᠯᠠᠭᠤᠯᠬᠤ ᠵᠢ ᠭᠦᠢ᠍ᠴᠡᠳᠬᠡᠵᠦ᠂ ᠭᠣᠣᠯ ᠪᠣᠯᠬᠤ ᠪᠣᠬᠢᠷᠲᠤᠯ ᠡᠳ᠋᠎ᠨᠢ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠴᠡᠢ᠃ ᠭᠡᠲᠡᠯ᠎ᠡ ᠣᠨᠴᠠ ᠵᠠᠷᠢᠮ ᠠᠵᠤ ᠠᠬᠤᠢ᠌ᠯᠠᠯ᠎ᠨᠢ ᠪᠠᠴᠢᠮ ᠪᠠᠢ᠌ᠳᠠᠯ᠎ᠢ ᠠᠷᠭ᠋ᠠᠴᠠᠭ᠋ᠠᠨ ᠪᠣᠬᠢᠷᠲᠤᠯ ᠭᠠᠳᠠᠭᠰᠢᠯᠠᠭᠤᠯᠬᠤ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠵᠢ ᠲᠡᠪᠴᠢᠨ᠂ ᠪᠣᠬᠢᠷᠲᠤᠯ᠎ᠢ ᠰᠡᠷᠭᠡᠢ᠌ᠯᠡᠨ   ᠵᠠᠰᠠᠬᠤ   ᠪᠡᠯᠡᠳᠬᠡᠮᠵᠢ᠎ᠤᠨ   ᠬᠢᠨᠢ ᠠᠵᠢᠯᠯᠠᠭ᠋ᠠᠨ᠎ᠨᠢ   ᠬᠡᠪ᠎ᠤᠨ ᠪᠤᠰᠤ ᠪᠠᠢ᠌ᠵᠤ᠂ ᠲᠣᠭᠲᠠᠭ᠋ᠠᠯ᠎ᠠᠴᠠ ᠵᠥᠷᠢᠴᠡᠨ ᠦᠢ᠍ᠯᠡᠳᠪᠦᠷᠢᠯᠡᠵᠦ᠂ ᠬᠠᠤᠯᠢ᠎ᠠᠴᠠ ᠵᠥᠷᠢᠴᠡᠨ ᠪᠣᠬᠢᠷᠲᠤᠯ ᠭᠠᠳᠠᠭᠰᠢᠯᠠᠭᠤᠯᠵᠤ ᠪᠠᠢ᠌ᠬᠤ ᠵᠢ ᠢᠯᠡᠷᠡᠭᠦᠯᠪᠡ᠃ ᠲᠡᠭᠦᠨ᠎ᠤ ᠳᠣᠲᠣᠷ᠎ᠠ᠂ ᠫᠢᠩ ᠱᠠᠨ ᠰᠢᠶᠠᠨ᠎ᠤ ᠱ᠌ᠢ ᠵᠢᠶᠠ ᠵᠤᠸᠠᠩ ᠬᠣᠲᠠ ᠵᠢᠨ ᠾᠧ ᠾᠧ ᠬᠢᠮᠢ ᠵᠢᠨ ᠠᠵᠤ ᠦᠢ᠍ᠯᠡᠳᠪᠦᠷᠢ ᠬᠢᠮᠢ ᠵᠢᠨ ᠪᠣᠷᠳᠣᠭᠤᠷ᠎ᠤᠨ ᠬᠢᠵᠠᠭ᠋ᠠᠷᠲᠤ ᠺᠣᠮᠫᠠᠨᠢ ᠵᠢᠨ ᠨᠢᠭᠡᠳᠦᠭᠡᠷ ᠦᠢ᠍ᠯᠡᠳᠪᠦᠷᠢ ᠵᠢᠨ ᠲᠠᠰᠤᠭ᠎ᠤᠨ 5 ᠳ᠋ᠤᠭ᠋ᠠᠷ ᠵᠤᠷᠪᠤᠰ ᠦᠢ᠍ᠯᠡᠳᠪᠦᠷᠢᠯᠡᠯ᠎ᠤᠨ ᠱᠤᠭᠤᠮ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡᠳᠬᠡᠮᠵᠢ ᠵᠢᠨ ᠠᠵᠢᠯᠯᠠᠭ᠋ᠠᠨ᠎ᠨᠢ ᠬᠡᠪ᠎ᠤᠨ ᠪᠤᠰᠤ ᠪᠠᠢ᠌ᠵᠤ᠂ ᠦᠢ᠍ᠯᠡᠳᠪᠦᠷᠢᠯᠡᠯ᠎ᠤᠨ ᠬᠠᠶᠠᠭᠳᠠᠮᠠᠯ ᠬᠡᠢ᠎ᠪᠠᠨ ᠪᠦᠷᠢᠮᠦᠰᠦᠨ ᠬᠤᠷᠢᠶᠠᠨ ᠠᠪᠴᠤ ᠰᠢᠢ᠍ᠳᠪᠦᠷᠢᠯᠡᠵᠦ ᠳᠡᠢ᠌ᠯᠬᠦ ᠦᠭᠡᠢ᠂ ᠬᠡᠰᠡᠭ ᠬᠡᠮᠵᠢᠶᠡᠨ᠎ᠤ ᠬᠠᠶᠠᠭᠳᠠᠮᠠᠯ ᠬᠡᠢ᠎ᠪᠠᠨ ᠰᠢᠭᠤᠳ ᠭᠠᠳᠠᠭᠰᠢᠯᠠᠭᠤᠯᠵᠤ᠂ ᠦᠮᠡᠬᠡᠢ ᠥᠨᠥᠷ᠎ᠤᠨ ᠪᠣᠬᠢᠷᠲᠤᠯ᠎ᠨᠢ ᠬᠦᠨᠳᠦ ᠨᠣᠴᠢᠲᠠᠢ; ᠪᠣᠤᠳᠢᠩ ᠬᠣᠲᠠ ᠵᠢᠨ ᠵᠢᠩ ᠰᠢᠦ ᠲᠣᠭᠣᠷᠢᠭ᠎ᠤᠨ ᠪᠣᠤᠳᠢᠩ᠎ᠤᠨ ᠹᠧᠩ ᠹᠠᠨ ᠨᠠᠷᠢᠯᠢᠭ ᠴᠢᠳᠬᠤᠭᠰᠠᠨ ᠦᠢ᠍ᠯᠡᠳᠬᠦᠨ᠎ᠤ ᠬᠢᠵᠠᠭ᠋ᠠᠷᠲᠤ ᠺᠣᠮᠫᠠᠨᠢ ᠵᠢᠨ ᠴᠢᠳᠬᠤᠨ ᠦᠢ᠍ᠯᠡᠳᠬᠦ ᠲᠠᠰᠤᠭ᠎ᠤᠨ ᠡᠮᠬᠢ ᠵᠠᠮᠪᠠᠷᠠᠭ᠎ᠠ ᠦᠭᠡᠢ ᠨᠠᠷᠢᠨ ᠲᠣᠭᠣᠰᠣ ᠵᠢ ᠬᠤᠷᠢᠶᠠᠨ ᠠᠪᠬᠤ ᠪᠡᠯᠡᠳᠬᠡᠮᠵᠢ ᠵᠢᠨ ᠠᠵᠢᠯᠯᠠᠭ᠋ᠠᠨ᠎ᠨᠢ ᠬᠡᠪ᠎ᠤᠨ ᠪᠤᠰᠤ ᠪᠠᠢ᠌ᠵᠤ᠂ ᠨᠠᠷᠢᠨ ᠲᠣᠭᠣᠰᠣ ᠵᠢᠨ ᠪᠣᠬᠢᠷᠲᠤᠯ᠎ᠨᠢ ᠬᠦᠨᠳᠦ ᠨᠣᠴᠢᠲᠠᠢ; ᠪᠣᠤᠳᠢᠩ ᠬᠣᠲᠠ ᠵᠢᠨ ᠴᠢᠩ ᠶᠤᠸᠠᠨ ᠲᠣᠭᠣᠷᠢᠭ᠎ᠤᠨ ᠹᠧᠩ ᠹᠠᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠴᠢᠩ ᠶᠤᠸᠠᠨ ᠥᠩᠭᠡᠲᠦ ᠲᠡᠮᠦᠷᠯᠢᠭ᠎ᠤᠨ ᠺᠣᠮᠫᠠᠨᠢ᠎ᠨᠢ ᠬᠠᠢ᠌ᠯᠤᠰᠢ ᠵᠢᠨ ᠦᠢ᠍ᠯᠡᠳᠪᠦᠷᠢ ᠵᠢᠨ ᠲᠠᠰᠤᠭ ᠵᠶ᠋ᠠᠨ ᠪᠢᠲᠡᠭᠦᠮᠵᠢᠯᠡᠭᠰᠡᠨ ᠦᠭᠡᠢ᠂ ᠬᠠᠢ᠌ᠯᠤᠰᠢ ᠵᠢᠨ ᠬᠡᠪ ᠴᠢᠳᠬᠤᠬᠤ ᠠᠵᠢᠯ᠎ᠤᠨ ᠳᠡᠰ ᠳᠠᠷᠠᠭ᠋ᠠᠯᠠᠯ᠎ᠳᠤ᠎ᠪᠠᠨ ᠱᠠᠭ᠋ᠠᠷᠳᠠᠯᠭ᠎ᠠ ᠶᠣᠰᠣᠭ᠋ᠠᠷ ᠬᠥᠳᠡᠯᠦᠩᠭᠦᠢ ᠮᠠᠶᠢᠭ᠎ᠤᠨ ᠬᠡᠢ ᠬᠤᠷᠢᠶᠠᠬᠤ ᠪᠦᠷᠬᠦᠭᠦᠯ ᠥᠯᠥ ᠬᠡᠷᠡᠭᠯᠡᠵᠦ᠂ ᠦᠢ᠍ᠯᠡᠳᠪᠦᠷᠢᠯᠡᠯ᠎ᠤᠨ ᠤᠳᠤᠭ᠎ᠠ ᠬᠡᠢ᠎ᠪᠠᠨ ᠬᠤᠷᠢᠶᠠᠨ ᠴᠤᠭᠯᠠᠭᠤᠯᠬᠤ ᠦᠭᠡᠢ᠎ᠪᠠᠷ ᠰᠢᠭᠤᠳ ᠭᠠᠳᠠᠭᠰᠢᠯᠠᠭᠤᠯᠵᠤ ᠪᠠᠢ᠌ᠨ᠎ᠠ; ᠲᠠᠩᠱ᠌ᠠᠨ ᠬᠣᠲᠠ ᠵᠢᠨ ᠬᠠᠢ ᠭᠠᠩ ᠨᠡᠭᠡᠭᠡᠯᠲᠡ ᠵᠢᠨ ᠣᠷᠣᠨ᠎ᠤ ᠲᠠᠩᠱ᠌ᠠᠨ ᠬᠣᠲᠠ ᠵᠢᠨ ᠲᠦᠩ ᠪᠣᠤ ᠬᠡᠦᠷᠰᠢᠯ᠎ᠤᠨ ᠬᠢᠵᠠᠭ᠋ᠠᠷᠲᠤ ᠺᠣᠮᠫᠠᠨᠢ᠎ᠨᠢ ᠱᠠᠭ᠋ᠠᠷᠳᠠᠯᠭ᠎ᠠ ᠶᠣᠰᠣᠭ᠋ᠠᠷ ᠪᠣᠬᠢᠷᠲᠤᠯ ᠡᠳ᠋ ᠭᠠᠳᠠᠭᠰᠢᠯᠠᠭᠤᠯᠬᠤ᠎ᠪᠠᠷ ᠵᠠᠷᠯᠠᠨ ᠨᠡᠢ᠌ᠲᠡᠯᠡᠬᠦ ᠳᠦᠷᠢᠮ᠎ᠢ ᠥᠯᠥ ᠨᠠᠢ᠌ᠳᠠᠪᠤᠷᠢᠵᠢᠭᠤᠯᠵᠤ᠂ ᠹᠧᠨᠤᠯ ᠼᠢᠶᠠᠨ᠎ᠤ ᠪᠣᠬᠢᠷ ᠤᠰᠤ ᠵᠢ ᠰᠢᠢ᠍ᠳᠪᠦᠷᠢᠯᠡᠬᠦ ᠥᠷᠲᠡᠭᠡ᠎ᠨᠢ ᠪᠢᠲᠡᠭᠦᠮᠵᠢᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠂ 2 ᠳ᠋ᠤᠭ᠋ᠠᠷ ᠬᠡᠦᠷᠰᠢᠭᠦᠯᠬᠦ ᠵᠤᠤᠬ᠎ᠠ ᠵᠢᠨ ᠬᠡᠦᠷᠰᠢᠯ ᠲᠦᠯᠬᠢᠬᠦ ᠤᠳᠤᠭ᠎ᠠ ᠠᠭᠤᠷ ᠵᠶ᠋ᠠᠨ ᠪᠦᠷᠢᠮᠦᠰᠦᠨ ᠬᠤᠷᠢᠶᠠᠨ ᠴᠤᠭᠯᠠᠭᠤᠯᠵᠤ ᠳᠡᠢ᠌ᠯᠬᠦ᠂ ᠨᠢᠭᠡ ᠪᠦᠯᠦᠭ ᠤᠲᠤᠭ᠎ᠠ ᠠᠭᠤᠷ ᠵᠶ᠋ᠠᠨ ᠡᠮᠬᠢ ᠵᠠᠮᠪᠠᠷᠠᠭ᠎ᠠ ᠦᠭᠡᠢ ᠭᠠᠳᠠᠭᠰᠢᠯᠠᠭᠤᠯᠵᠤ ᠪᠠᠢ᠌ᠨ᠎ᠠ᠃
      ᠪᠠᠢ᠌ᠴᠠᠭ᠋ᠠᠯᠲᠠ᠎ᠪᠠᠷ ᠢᠯᠡᠷᠡᠭᠦᠯᠦᠭᠰᠡᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠰᠠᠭᠤᠳᠠᠯ᠎ᠳᠤ᠂ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠡᠯ᠎ᠡ ᠬᠠᠤᠯᠢ ᠬᠡᠷᠡᠭᠵᠢᠭᠦᠯᠬᠦ ᠳᠤᠭᠤᠢ᠌ᠯᠠᠩ᠎ᠠᠴᠠ ᠨᠢᠭᠡᠨᠲᠡ ᠠᠵᠤ ᠠᠬᠤᠢ᠌ᠯᠠᠯ᠎ᠳᠤ ᠦᠢ᠍ᠯᠡᠴᠢᠯᠡᠨ ᠵᠢᠯᠣᠭᠣᠳᠴᠤ ᠪᠠᠢ᠌ᠭ᠋ᠠᠳ ᠳᠠᠷᠤᠢ ᠵᠢ᠎ᠨᠢ ᠬᠡᠷᠡᠭᠵᠢᠭᠦᠯᠦᠨ ᠳᠠᠷᠤᠢ᠎ᠳᠤ᠎ᠨᠢ ᠵᠠᠯᠠᠷᠠᠭᠤᠯᠵᠤ᠂ ᠣᠷᠴᠢᠨ ᠲᠣᠭᠣᠷᠢᠨ᠎ᠳᠤ ᠬᠣᠯᠪᠣᠭᠳᠠᠵᠤ ᠬᠠᠤᠯᠢ᠎ᠠᠴᠠ ᠵᠥᠷᠢᠴᠡᠭᠰᠡᠨ ᠠᠰᠠᠭᠤᠳᠠᠯ᠎ᠳᠤ ᠲᠤᠬᠠᠢ ᠵᠢᠨ ᠭᠠᠵᠠᠷ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠬᠡᠷᠡᠭ ᠪᠣᠯᠭ᠋ᠠᠨ ᠲᠠᠩᠨᠠᠨ ᠪᠠᠢ᠌ᠴᠠᠭ᠋ᠠᠭᠰᠠᠨ᠎ᠤ ᠬᠠᠮᠲᠤ ᠴᠡᠭᠴᠡᠯᠡᠨ ᠥᠭᠡᠷᠡᠴᠢᠯᠡᠬᠦ᠎ᠪᠠᠷ ᠰᠢᠮᠳᠠᠭᠤᠯᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳ᠋ᠦᠩᠭᠤᠸᠠᠨ᠎ᠤ ᠮᠠᠶᠦ᠋ᠩ᠎ᠤᠨ 《ᠰᠢᠨᠡᠴᠢᠯᠡᠯᠳᠡ ᠵᠢᠨ ᠳᠡᠮᠳᠡᠭᠯᠡᠯ》᠄ ᠬᠦᠬᠡ ᠠᠭᠤᠯᠠ ᠨᠣᠮᠢᠨ ᠤᠰᠤ ᠵᠢ ᠰᠡᠷᠬᠦᠬᠡᠵᠤ᠂ ᠠᠯᠳᠠ ᠮᠦᠩᠬᠦᠨ ᠠᠭᠤᠯᠠ ᠣᠯᠪᠠ
ᠰᠧᠴᠤᠸᠠᠨ ᠬᠠᠤᠯᠢ ᠲᠣᠭᠲᠠᠭ᠋ᠠᠵᠤ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠵᠤ ᠪᠠᠢ᠌ᠨ᠎ᠠ
ᠾᠧᠪᠧᠢ ᠲᠤᠢ᠌ᠯ᠎ᠤᠨ ᠣᠨᠣᠪᠴᠢᠲᠠᠢ᠎ᠪᠠᠷ ᠬᠠᠤᠯᠢ ᠬᠡᠷᠡᠭᠵᠢᠭᠦᠯᠦᠨ ᠴᠢᠭᠯᠡᠯ᠎ᠲᠠᠢ᠎ᠪᠠᠷ ᠬᠠᠤᠯᠢ ᠵᠢ ᠲᠦᠭᠡᠮᠡᠯᠵᠢᠭᠦᠯᠵᠦ ᠨᠠᠮᠤᠷ ᠡᠪᠦᠯ᠎ᠤᠨ ᠤᠯᠠᠷᠢᠯ᠎ᠤᠨ ᠬᠣᠶᠠᠳᠤᠭ᠋ᠠᠷ ᠡᠭᠡᠯᠵᠢ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ᠎ᠳᠠᠬᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ
ᠾᠧᠪᠧᠢ ᠵᠢᠨ ᠡᠯ᠎ᠡ ᠭᠠᠵᠠᠷ᠎ᠤᠨ᠎ᠬᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠵᠦ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ
ᠰᠧᠴᠤᠸᠠᠨ ᠮᠤᠵᠢ ᠵᠢᠨ 4 ᠲᠣᠭᠣᠷᠢᠭ (ᠰᠢᠶᠠᠨ)᠎ᠨᠢ ᠬᠣᠶᠠᠳᠤᠭ᠋ᠠᠷ ᠪᠦᠯᠦᠭ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》᠎ᠤ ᠴᠣᠯᠠ ᠬᠦᠷᠲᠡᠪᠡ
 
             蒙ICP备05000248号