ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠡᠾᠸᠪᠸᠢ ᠮᠤᠵᠢ ᠤᠷᠴᠢᠨ ᠳᠤᠭᠤᠷᠢᠨ᠎ᠤ ᠵᠥᠷᠢᠶᠡᠴᠢᠯᠡᠭᠰᠡᠨ ᠬᠠᠮᠢᠶᠠᠷᠤᠯᠳᠠ ᠡᠵᠡᠮᠳᠡᠯ᠎ᠢ ᠬᠡᠷᠡᠭᠵᠢᠬᠦᠯᠦᠨ ᠳᠥᠭᠥᠮᠴᠢᠯᠡᠨ ᠬᠢᠯᠪᠠᠷᠴᠢᠯᠠᠵᠤ ᠬᠠᠰᠢ ᠶᠠᠰᠢ᠎ᠪᠠᠷ ᠦᠩᠭᠡᠷᠡᠭᠡᠬᠦ ᠵᠢ ᠡᠰᠡᠷᠬᠦᠴᠡᠵᠦ ᠠᠷᠪᠠᠨ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠬᠢᠵᠠᠭ᠋ᠠᠷᠯᠠᠵᠤ ᠪᠠᠢ᠌ᠨ᠎ᠠ
ᠨᠡᠶ᠋ᠢᠲᠡᠯᠡᠭᠰᠡᠨ ᠴᠠᠭ᠄ 2018-09-20

      ᠾᠧᠪᠧᠢ ᠮᠤᠵᠢ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ ᠦᠨᠦᠳᠦᠷ ᠰᠤᠨᠢᠨ ᠮᠡᠳᠡᠬᠡ ᠨᠡᠢ᠌ᠳᠡᠯᠡᠬᠦ ᠬᠤᠷᠠᠯ ᠬᠤᠷᠠᠯᠳᠤᠭᠤᠯᠵᠦ᠂ ᠡᠮᠦᠨᠡᠬᠡᠨ ᠳᠠᠷᠤᠮᠠᠯᠯᠠᠨ ᠳᠠᠷᠬᠠᠭ᠋ᠠᠬᠰᠠᠨ 《ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠬᠦᠷᠢᠶ᠎ᠡ ᠴᠠᠷᠠᠭ᠋ᠠᠨ᠎ᠳᠠᠬᠢ 〈ᠨᠢᠭᠡ ᠯᠠ ᠪᠠᠷᠢᠮᠵᠢᠶ᠎ᠠ᠎ᠪᠠᠷ ᠲᠠᠰᠤᠯᠬᠤ〉 ᠵᠢ ᠴᠢᠩᠭ᠎ᠠ ᠬᠢᠵᠠᠭ᠋ᠠᠷᠯᠠᠬᠤ ᠳᠤᠬᠠᠢ ᠵᠢᠯᠤᠭᠤᠳᠬᠤ ᠰᠠᠨᠠᠯ》 (ᠳᠤᠷᠤᠬᠰᠢ 《ᠰᠠᠨᠠᠯ》 ᠬᠡᠵᠦ ᠲᠣᠪᠴᠢᠯᠠᠨ᠎ᠠ)᠎ᠢ ᠨᠡᠢ᠌ᠳᠡᠯᠡᠭᠰᠡᠨ ᠪᠠ ᠡᠭᠦᠨ᠎ᠤ ᠲᠤᠬᠠᠢ ᠲᠠᠢ᠌ᠯᠤᠮᠵᠢ ᠬᠢᠵᠡᠢ᠃
     《ᠰᠠᠨᠠᠯ》᠎ᠢ ᠦᠨᠳᠦᠰᠦᠯᠡᠨ᠂ ᠾᠸᠪᠸᠢ ᠮᠤᠵᠢ᠎ᠠᠴᠠ ᠡᠯ᠎ᠡ ᠭᠠᠵᠠᠷ᠎ᠤᠨ᠎ᠬᠢᠨ᠎ᠤ ᠤᠷᠴᠢᠨ ᠳᠤᠭᠤᠷᠢᠨ᠎ᠤ ᠵᠥᠷᠢᠶᠡᠴᠢᠯᠡᠭᠰᠡᠨ ᠬᠠᠮᠢᠶᠠᠷᠤᠯᠳᠠ ᠡᠵᠡᠮᠳᠡᠯ᠎ᠤᠨ ᠠᠷᠭ᠎ᠠ ᠬᠡᠮᠵᠢᠶ᠎ᠡ ᠠᠪᠴᠤ᠂ ᠠᠵᠢᠯ᠂ ᠡᠵᠡᠩᠨᠡᠯᠳᠡ᠂ ᠦᠢ᠍ᠯᠡᠳᠪᠦᠷᠢᠯᠡᠯ ᠪᠠ ᠳᠡᠷᠬᠡ ᠵᠢ ᠨᠡᠢ᠌ᠳᠡᠮ᠎ᠳᠤ᠎ᠨᠢ ᠵᠣᠭᠰᠣᠭ᠋ᠠᠬᠤ ᠵᠢ ᠳᠥᠭᠥᠮᠴᠢᠯᠡᠨ ᠬᠡᠷᠡᠭᠯᠡᠬᠦ ᠬᠢᠳᠡᠯ᠎ᠢ ᠬᠢᠵᠠᠭ᠋ᠠᠷᠯᠠᠭᠰᠠᠨ᠎ᠤ ᠬᠠᠮᠲᠤ᠂ ᠬᠠᠮᠳᠤ᠎ᠳᠤᠨᠢ 10 ᠭᠤᠤᠯᠳᠠᠯᠭ᠎ᠠ᠎ᠲᠠᠢ ᠬᠦᠷᠢᠶ᠎ᠡ ᠴᠠᠷᠠᠭ᠋ᠠᠨ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠬᠣᠷᠢᠭᠯᠠᠬᠤ ᠲᠤᠬᠠᠢ ᠪᠤᠳᠠᠳᠠᠢ ᠱᠠᠭ᠋ᠠᠷᠳᠠᠯᠭ᠎ᠠ ᠳᠤᠷᠠᠳᠴᠠᠢ᠃
     《ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠴᠠᠷᠠᠭ᠋ᠠᠨ᠎ᠤ ᠴᠢᠨᠠᠷᠯᠢᠭ ᠬᠦᠭᠵᠢᠯᠳᠠ ᠵᠢ ᠠᠬᠢᠭᠤᠯᠵᠦ᠂ ᠠᠵᠤ ᠠᠬᠤᠢ ᠵᠢᠨ ᠬᠦᠭᠵᠢᠯᠳᠠ᠂ ᠨᠡᠢ᠌ᠬᠡᠮ᠎ᠤᠨ ᠠᠷᠠᠳ᠎ᠤᠨ ᠠᠮᠢᠳᠤᠷᠠᠯ ᠪᠤᠯᠤᠨ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠵᠡᠷᠭᠡ᠎ᠳᠤ᠎ᠨᠢ ᠰᠠᠢ᠌ᠵᠢᠷᠠᠭᠤᠯᠬᠤ ᠵᠢ ᠵᠢ ᠴᠢᠷᠮᠠᠢ᠌ᠨ ᠪᠡᠶᠡᠯᠡᠬᠦᠯᠵᠦ᠂ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠬᠦᠷᠢᠶ᠎ᠡ ᠴᠠᠷᠠᠭ᠋ᠠᠨ᠎ᠳᠠᠬᠢ ᠬᠡᠯᠪᠡᠷᠢᠴᠢ ᠦᠵᠡᠯ᠂ ᠨᠤᠶᠠᠨᠴᠢ ᠰᠤᠷᠲᠠᠯ᠎ᠢ ᠡᠷᠡᠰ ᠡᠰᠡᠷᠬᠦᠴᠡᠵᠦ᠂ ᠤᠷᠴᠢᠨ ᠳᠤᠭᠤᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠳᠠᠯ᠎ᠠ᠎ᠪᠠᠷ ᠵᠠᠷᠢᠮ ᠭᠠᠵᠠᠷ ᠤᠷᠤᠨ᠎ᠤ᠎ᠬᠢᠨ᠎ᠤ ᠠᠪᠤᠨ ᠳᠤᠤᠷ᠎ᠠ᠎ᠪᠠᠨ ᠠᠰᠢᠭ ᠤᠯᠬᠤ ᠵᠢ   ᠬᠦᠬᠡᠬᠡᠴᠡᠯᠳᠦᠬᠦ ᠵᠢ   ᠬᠤᠷᠢᠬᠯᠠᠨ   ᠵᠤᠬᠰᠤᠭ᠋ᠠᠬᠤ ᠵᠢᠨ   ᠳᠦᠯᠦᠬᠡ᠂ ᠾᠸᠪᠸᠢ ᠮᠤᠵᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ ᠳᠦᠷᠦᠬᠦᠯᠡᠨ 〈ᠰᠠᠨᠠᠯ〉᠎ᠢ ᠲᠤᠭᠤᠷᠪᠢᠪᠠ》 ᠬᠡᠵᠦ ᠾᠪᠸᠢ ᠮᠤᠵᠢ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠬᠡᠷ᠎ᠤᠨ ᠡᠷᠬᠢᠯᠡᠭᠴᠢ᠂ ᠾᠸᠪᠸᠢ ᠮᠤᠵᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠳᠢᠩᠭᠢᠮ᠎ᠤᠨ ᠳᠠᠷᠤᠭ᠎ᠠ ᠭᠤᠤ ᠵᠢᠶᠠᠨ ᠮᠢᠨ ᠰᠤᠨᠢᠨ ᠮᠡᠳᠡᠬᠡ ᠨᠡᠢ᠌ᠳᠡᠯᠡᠬᠦ ᠬᠤᠷᠠᠯ ᠳᠡᠬᠡᠷ᠎ᠡ ᠳᠠᠨᠢᠯᠴᠠᠭᠤᠯᠤᠨ ᠶᠠᠷᠢᠵᠠᠢ᠃
     《ᠰᠠᠨᠠᠯ》᠎ᠨᠢ ᠨᠢᠬᠡ ᠳᠠᠯ᠎ᠠ᠎ᠪᠠᠷ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠳᠡᠷᠢᠬᠦᠨ᠎ᠤ ᠦᠢ᠍ᠯᠡᠳᠪᠦᠷᠢᠯᠡᠯ᠎ᠤᠨ ᠮᠡᠷᠬᠡᠵᠢᠯ ᠪᠠ ᠪᠤᠬᠢᠷᠳᠤᠯ᠎ᠢ ᠵᠠᠰᠠᠬᠤ ᠳᠦᠬᠦᠬᠡᠷᠦᠮᠵᠢ ᠵᠢ ᠬᠡᠷᠡᠭᠯᠡᠨ ᠪᠤᠬᠢᠷᠳᠤᠯ᠎ᠢ ᠵᠠᠰᠠᠬᠤ ᠴᠢᠳᠠᠪᠤᠷᠢ᠎ᠪᠠᠨ ᠳᠡᠬᠡᠭᠰᠢᠯᠡᠬᠦᠯᠵᠦ᠂ ᠪᠣᠬᠢᠷᠲᠤᠯ ᠭᠠᠳᠠᠬᠰᠢᠯᠠᠭᠤᠯᠬᠤ ᠬᠡᠮᠵᠢᠶ᠎ᠡ᠎ᠨᠢ ᠳᠤᠢ᠌ᠯ᠎ᠤᠨ ᠳᠤᠤᠷ᠎ᠠ᠂ ᠭᠠᠷ ᠤᠷᠠᠯᠠᠯ᠎ᠤᠨ ᠮᠡᠷᠬᠡᠵᠢᠯ᠎ᠨᠢ ᠳᠠᠪᠰᠢᠩᠭᠤᠢ᠂ ᠦᠢ᠍ᠯᠡᠳᠬᠦᠨ᠎ᠨᠢ ᠴᠢᠨᠠᠷ ᠰᠢᠯᠢᠳᠡᠭ ᠮᠥᠷᠲᠡᠭᠡᠨ ᠲᠡᠷᠢᠭᠦᠨ ᠵᠡᠷᠭᠡ ᠵᠢᠨ ᠦᠢ᠍ᠯᠡᠳᠪᠦᠷᠢᠯᠡᠯ ᠳᠡᠢ᠌ᠰᠢ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠵᠢ ᠵᠣᠷᠢᠭᠵᠢᠭᠤᠯᠤᠨ᠎ᠠ; ᠨᠦᠬᠦᠬᠡ ᠳᠠᠯ᠎ᠠ᠎ᠪᠠᠷ ᠤᠷᠴᠢᠨ ᠳᠤᠭᠤᠷᠢᠨ᠎ᠤ ᠬᠢᠨᠠᠯᠲᠠ ᠬᠠᠮᠢᠶᠠᠷᠤᠯᠳᠠ ᠲᠠᠯ᠎ᠠ᠎ᠪᠠᠷ ᠵᠥᠷᠢᠶᠡᠴᠢᠯᠡᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠳᠤᠷᠠᠳᠴᠤ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠤᠨᠴᠠᠭ᠋ᠠᠢ᠌ᠯᠠᠨ ᠡᠨᠧᠷᠭᠢ᠎ᠤᠨ ᠬᠣᠷᠣᠭᠳᠠᠯ ᠶᠡᠬᠡᠲᠡᠢ᠂ ᠪᠤᠬᠢᠷᠳᠤᠯ ᠶᠡᠬᠡᠲᠡᠢ ᠠᠵᠢᠯ ᠳᠦᠷᠦᠯ᠎ᠳᠤ᠂ ᠠᠵᠤ ᠠᠬᠤᠢ᠌ᠯᠠᠯ᠎ᠤᠨ ᠪᠤᠬᠢᠷᠳᠤᠯ ᠭᠠᠳᠠᠭᠰᠢᠯᠠᠭᠤᠯᠬᠤ ᠠᠵᠢᠯ᠎ᠤᠨ ᠠᠮᠵᠢᠯᠲᠠ ᠵᠢᠨ ᠬᠢᠷᠢ ᠲᠦᠪᠰᠢᠨ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠳᠤᠬᠳᠠᠭ᠋ᠠᠵᠦ᠂ ᠳᠦᠷᠦᠯ ᠬᠤᠪᠢᠶᠠᠨ ᠬᠠᠮᠢᠶᠠᠷᠬᠤ᠂ ᠵᠥᠷᠢᠶᠡᠴᠢᠯᠡᠨ ᠦᠢ᠍ᠯᠡᠳᠪᠦᠷᠢᠯᠡᠬᠦ ᠵᠢ ᠬᠡᠷᠡᠭᠵᠢᠭᠦᠯᠪᠡ᠃
      ᠡᠬᠦᠨ᠎ᠠᠴᠠ ᠭᠠᠳᠠᠨ᠎ᠠ᠂ 《ᠰᠠᠨᠠᠯ》᠎ᠳᠤ ᠠᠷᠠᠳ᠎ᠤᠨ ᠠᠮᠢᠳᠤᠷᠠᠯ᠎ᠢ ᠤᠷᠢᠳ ᠵᠶ᠋ᠠᠷ ᠪᠣᠳᠣᠯᠬᠢᠯᠠᠬᠤ ᠦᠵᠡᠯ ᠰᠠᠨᠠᠭ᠎ᠠ ᠤᠨᠤᠯᠵᠢᠬᠤᠨ᠎ᠢ ᠪᠠᠷᠢᠮᠲᠠᠯᠠᠨ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠳᠠᠬᠢ ᠤᠷᠴᠢᠨ ᠳᠤᠭᠤᠷᠢᠨ᠎ᠤ ᠬᠠᠮᠢᠶᠠᠷᠤᠯᠳᠠ᠎ᠳᠤ ᠪᠦᠬᠦ ᠬᠦᠴᠦ᠎ᠪᠠᠷ ᠵᠶ᠋ᠡᠨ ᠴᠢᠷᠮᠠᠢ᠌ᠬᠤ᠎ᠪᠠᠷ ᠪᠠᠷᠠᠬᠤ ᠦᠭᠡᠢ ᠴᠢᠳᠠᠯ᠎ᠤᠨ ᠵᠶ᠋ᠠᠨ ᠬᠢᠷᠢ᠎ᠪᠠᠷ ᠬᠢᠵᠦ᠂ ᠳᠡᠰ ᠳᠠᠷᠠᠭ᠋ᠠᠯᠠᠯ᠎ᠲᠠᠢ᠎ᠪᠠᠷ ᠠᠯᠭᠤᠷ ᠤᠷᠤᠬᠰᠢᠯᠠᠵᠦ᠂ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠠᠵᠢᠯᠯᠠᠭ᠎ᠠ ᠠᠪᠴᠤ ᠪᠣᠯᠬᠤ ᠭᠡᠵᠦ ᠲᠣᠳᠣᠷᠬᠠᠢ᠌ᠯᠠᠪᠠ᠃
     《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠬᠢᠵᠠᠭ᠋ᠠᠷᠯᠠᠬᠤ᠎ᠨᠢ ᠬᠢᠨᠠᠯᠲᠠ ᠬᠠᠮᠢᠶᠠᠷᠤᠯᠳᠠ ᠵᠢ ᠰᠤᠯᠠᠷᠠᠭᠤᠯᠵᠤ ᠪᠠᠢ᠌ᠬᠤ ᠵᠢ ᠬᠠᠷᠠᠭᠤᠯᠵᠤ ᠪᠠᠢ᠌ᠨ᠎ᠠ ᠦᠦ? 《ᠾᠸᠪᠸᠢ ᠮᠤᠵᠢ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠬᠦᠷᠢᠶ᠎ᠡ ᠴᠠᠷᠠᠭ᠋ᠠᠨ᠎ᠳᠤ 〈ᠨᠢᠭᠡ ᠯᠡ ᠪᠠᠷᠢᠮᠵᠢᠶ᠎ᠠ᠎ᠪᠠᠷ ᠲᠠᠰᠤᠯᠬᠤ〉 ᠵᠢ ᠴᠢᠩᠭ᠎ᠠ ᠬᠢᠵᠠᠭ᠋ᠠᠷᠯᠠᠭᠰᠠᠨ᠎ᠨᠢ᠂ ᠬᠢᠨᠠᠯᠲᠠ ᠬᠠᠮᠢᠶᠠᠷᠤᠯᠳᠠ ᠵᠢ ᠰᠤᠯᠠᠷᠠᠭᠤᠯᠤᠬᠰᠠᠨ ᠶᠠᠪᠤᠳᠠᠯ ᠤᠬᠳᠤ ᠪᠢᠰᠢ᠂ ᠬᠠᠷᠢᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ᠎ᠪᠠᠨ ᠨᠡᠩ ᠣᠨᠣᠪᠴᠢᠲᠠᠢ᠂ ᠨᠡᠩ ᠲᠥᠪ ᠴᠢᠩᠭ᠎ᠠ᠂ ᠨᠡᠩ ᠨᠠᠷᠢᠨ ᠨᠢᠭᠲᠠ ᠪᠣᠯᠭ᠋ᠠᠨ᠂ ᠬᠢᠨᠠᠯᠲᠠ ᠬᠠᠮᠢᠶᠠᠷᠤᠯᠲᠠ ᠵᠢᠨ ᠪᠠᠷᠢᠮᠵᠢᠶ᠎ᠠ᠎ᠪᠠᠨ ᠨᠡᠩ ᠴᠢᠩᠭ᠎ᠠ᠂ ᠨᠡᠩ ᠦᠨᠳᠦᠷ ᠪᠣᠯᠭ᠋ᠠᠵᠤ᠂ ᠬᠢᠨᠠᠯᠲᠠ ᠬᠠᠮᠢᠶᠠᠷᠤᠯᠲᠠ ᠵᠢᠨ ᠡᠷᠴᠢᠮ ᠵᠶ᠋ᠡᠨ ᠨᠡᠡᠭ ᠬᠦᠴᠦᠲᠡᠢ᠂ ᠨᠡᠩ ᠪᠤᠳᠠᠳᠠᠢ ᠪᠣᠯᠭ᠋ᠠᠵᠤ ᠵᠢ ᠱᠠᠭ᠋ᠠᠷᠳᠠᠵᠦ᠂ ᠪᠤᠬᠢᠷᠳᠤᠯ᠎ᠢ ᠰᠡᠷᠬᠡᠢ᠌ᠯᠡᠨ ᠵᠠᠰᠠᠬᠤ ᠳᠠᠯ᠎ᠠ᠎ᠪᠠᠷ ᠠᠵᠤ ᠠᠬᠤᠢ᠌ᠯᠠᠯ᠎ᠤᠨ 〈ᠢᠯᠡᠬᠦᠦ ᠤᠷᠤᠭᠤᠯᠤᠬᠰᠠᠨ ᠪᠠ ᠳᠤᠳᠠᠭᠤ ᠤᠷᠤᠭᠤᠯᠤᠬᠰᠠᠨ ᠨᠢᠭᠡ ᠯᠡ ᠠᠳᠠᠯᠢ᠂ ᠪᠣᠬᠢᠷᠲᠤᠯ ᠢᠯᠡᠭᠦᠦ ᠭᠠᠳᠠᠭᠰᠢᠯᠠᠭᠤᠯᠤᠬᠰᠠᠨ ᠪᠠ ᠳᠤᠳᠠᠭᠤ ᠭᠠᠳᠠᠭᠰᠢᠯᠠᠭᠤᠯᠤᠬᠰᠠᠨ ᠨᠢᠭᠡ ᠯᠡ ᠠᠳᠠᠯᠢ᠂ ᠪᠣᠬᠢᠷᠲᠤᠯ ᠭᠠᠳᠠᠭᠰᠢᠯᠠᠭᠤᠯᠤᠬᠰᠠᠨ ᠪᠠ ᠦᠯᠦ ᠭᠠᠳᠠᠬᠰᠢᠯᠠᠭᠤᠯᠤᠬᠰᠠᠨ ᠨᠢᠭᠡ ᠯᠡ ᠠᠳᠠᠯᠢ〉 ᠪᠠᠢ᠌ᠭᠰᠠᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠤᠷᠴᠢᠨ ᠳᠤᠭᠤᠷᠢᠨ᠎ᠤ ᠬᠠᠮᠠᠭ᠋ᠠᠯᠠᠯᠲᠠ ᠵᠢᠨ ᠤᠷᠤᠭᠤᠯᠤᠯᠳᠠ᠎ᠪᠠᠨ ᠨᠡᠮᠡᠭᠳᠡᠭᠦᠯᠦᠨ᠂ ᠬᠡᠳᠦ ᠳᠤᠤᠷ᠎ᠠ ᠪᠣᠬᠢᠷᠲᠤᠯ ᠭᠠᠳᠠᠭᠰᠢᠯᠠᠭᠤᠯᠬᠤ ᠵᠢ ᠪᠡᠶᠡᠯᠡᠭᠦᠯᠵᠦ᠂ ᠪᠤᠬᠢᠷᠳᠤᠯ ᠭᠠᠳᠠᠭᠰᠢᠯᠠᠭᠤᠯᠤᠯᠲᠠ᠎ᠪᠠᠨ ᠪᠠᠭ᠋ᠠᠰᠬᠠᠬᠤ ᠠᠰᠢᠬᠯᠠᠮᠵᠢ᠎ᠪᠠᠨ ᠳᠡᠬᠡᠭᠰᠢᠯᠡᠬᠦᠯᠬᠦ ᠵᠢ ᠭᠡᠳᠡᠷᠭᠡᠨ   ᠰᠢᠬᠠᠮᠳᠠᠭᠤᠯᠤᠭᠰᠠᠨ   ᠶᠠᠪᠤᠳᠠᠯ   ᠪᠣᠯᠣᠨ᠎ᠠ》 ᠬᠡᠵᠦ   ᠭᠤᠤ ᠵᠢᠶᠠᠨ ᠮᠢᠨ ᠢᠯᠡᠷᠬᠡᠢ᠌ᠯᠡᠵᠡᠢ᠃
     《ᠰᠠᠨᠠᠯ》᠎ᠳᠤ᠂ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠠᠵᠢᠯᠯᠠᠭ᠎ᠠ ᠠᠪᠴᠤ ᠪᠣᠯᠬᠤ ᠦᠭᠡᠢ ᠭᠡᠵᠦ ᠲᠣᠳᠣᠷᠬᠠᠢ᠌ᠯᠠᠭᠰᠠᠨ᠎ᠤ ᠬᠠᠮᠳᠤ᠂ ᠾᠸᠪᠸᠢ ᠮᠤᠵᠢ ᠪᠠᠰᠠ ᠪᠤᠬᠢᠷᠳᠤᠯ᠎ᠢ ᠵᠠᠰᠠᠬᠤ ᠪᠡᠯᠡᠳᠬᠡᠮᠵᠢ᠎ᠨᠢ ᠪᠦᠷᠢᠨ ᠪᠤᠰᠤ᠂ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶᠠᠨ᠎ᠳᠤ ᠬᠦᠷᠬᠦ ᠵᠢ ᠲᠣᠭᠲᠠᠭᠤᠨ ᠵᠶ᠋ᠠᠷ ᠪᠠᠲᠤᠯᠠᠵᠤ ᠴᠢᠳᠠᠬᠤ ᠦᠭᠡᠢ ᠠᠵᠤ ᠠᠬᠤᠢ᠌ᠯᠠᠯ᠎ᠳᠤ 《ᠴᠢᠩᠭ᠎ᠠ ᠵᠠᠰᠠᠯᠳᠠ》 ᠶᠠᠪᠤᠭᠤᠯᠬᠤ ᠵᠢ ᠪᠠᠷᠢᠮᠲᠠᠯᠠᠵᠤ ᠪᠠᠢ᠌ᠬᠤ ᠵᠢ ᠮᠡᠳᠡᠵᠦ ᠪᠣᠯᠣᠨ᠎ᠠ᠃ ᠵᠢᠱ᠌ᠢᠶᠡᠯᠡᠪᠡᠯ ᠠᠵᠤ ᠦᠢ᠍ᠯᠡᠰ᠎ᠤᠨ ᠳᠦᠷᠦ ᠵᠢᠨ ᠪᠤᠳᠤᠯᠭ᠎ᠠ᠎ᠳᠤ ᠦᠯᠦ ᠨᠡᠢ᠌ᠴᠡᠬᠦ᠂ ᠭᠠᠷ ᠬᠦᠢ᠍ᠴᠡᠳᠬᠡᠯ᠎ᠨᠢ ᠪᠦᠷᠢᠨ ᠪᠤᠰᠤ᠂ ᠵᠠᠰᠠᠯᠳᠠ᠎ᠨᠢ ᠦᠷ᠎ᠡ ᠪᠦᠲᠦᠮᠵᠢ ᠳᠣᠣᠷ᠎ᠠ᠂ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠴᠦ ᠳᠡᠢ᠌ᠯᠬᠦ ᠦᠭᠡᠢ ᠠᠵᠤ ᠠᠬᠤᠢ᠌ᠯᠠᠯ᠎ᠢ ᠬᠠᠤᠯᠢ ᠶᠤᠰᠤᠭ᠋ᠠᠷ ᠵᠣᠭᠰᠣᠭ᠋ᠠᠵᠤ ᠵᠥᠪᠰᠢᠶᠡᠷᠡᠯ᠎ᠤᠨ ᠦᠨᠡᠮᠯᠡᠯ᠎ᠢ᠎ᠨᠢ ᠬᠦᠴᠦᠨ ᠦᠬᠡᠢ ᠪᠤᠯᠭ᠋ᠠᠨ᠎ᠠ; ᠡᠬᠢ ᠪᠠᠶᠠᠯᠢᠭ᠎ᠤᠨ ᠤᠷᠴᠢᠨ ᠳᠤᠭᠤᠷᠢᠨ᠎ᠤ ᠠᠰᠢᠬᠯᠠᠮᠵᠢ᠎ᠨᠢ ᠳᠤᠤᠷ᠎ᠠ᠂ ᠪᠤᠬᠢᠷᠳᠤᠯ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠡ᠎ᠨᠢ ᠶᠡᠬᠡ᠂ ᠪᠤᠬᠢᠷᠳᠤᠯ᠎ᠨᠢ ᠬᠦᠨᠳᠦ ᠨᠣᠴᠢᠲᠠᠢ ᠡᠨᠧᠷᠭᠢ ᠵᠢᠨ ᠬᠣᠷᠣᠭᠳᠠᠯ ᠶᠡᠬᠡᠲᠡᠢ᠂ ᠪᠣᠬᠢᠷᠲᠤᠯ ᠶᠡᠬᠡᠲᠡᠢ ᠠᠵᠢᠯ ᠳᠦᠷᠦᠯ᠎ᠤᠨ ᠠᠵᠤ ᠠᠬᠤᠢ᠌ᠯᠠᠯ᠎ᠳᠤ ᠴᠠᠭ ᠵᠥᠷᠢᠭᠦᠯᠦᠨ ᠦᠢ᠍ᠯᠡᠳᠪᠦᠷᠢᠯᠡᠬᠦ ᠵᠢ ᠡᠷᠡᠰ ᠬᠡᠷᠡᠭᠵᠢᠬᠦᠯᠦᠨ᠎ᠡ; ᠳᠦᠯᠦᠪᠵᠢᠬᠦᠯᠬᠡ ᠪᠠ ᠠᠵᠤ ᠦᠢ᠍ᠯᠡᠰ᠎ᠤᠨ ᠳᠦᠷᠦ ᠵᠢᠨ ᠪᠤᠳᠤᠯᠭ᠎ᠠ᠎ᠳᠤ ᠦᠯᠦ ᠨᠡᠢ᠌ᠴᠡᠬᠦ ᠳᠦᠷᠦᠯ ᠵᠦᠢ᠍ᠯ᠎ᠳᠤ᠂ ᠬᠢᠨᠠᠨ ᠵᠦᠪᠰᠢᠶᠡᠷᠡᠬᠦ ᠪᠤᠭᠤᠮᠳᠠ ᠵᠢ ᠴᠢᠩᠭ᠎ᠠ ᠡᠵᠡᠮᠳᠡᠵᠦ᠂ ᠵᠥᠪᠰᠢᠶᠡᠷᠡᠭᠡ ᠦᠭᠡᠢ᠎ᠪᠠᠷ ᠤᠷᠢᠳ ᠵᠶ᠋ᠡᠷ ᠪᠠᠢ᠌ᠭᠤᠯᠬᠤ᠂ ᠵᠥᠪᠰᠢᠶᠡᠷᠡᠯ ᠪᠠᠢ᠌ᠭᠤᠯᠤᠯᠲᠠ᠎ᠨᠢ ᠵᠣᠬᠢᠴᠠᠯᠳᠤᠬᠤ ᠦᠭᠡᠢ ᠵᠡᠷᠭᠡ ᠬᠠᠤᠯᠢ᠎ᠠᠴᠠ ᠵᠦᠷᠢᠴᠡᠭᠰᠡᠨ ᠠᠵᠢᠯᠯᠠᠭ᠎ᠠ ᠵᠢ ᠡᠷᠡᠰ ᠴᠠᠭ᠋ᠠᠵᠠᠯᠠᠨ ᠬᠣᠷᠢᠭᠯᠠᠨ᠎ᠠ᠃
     《ᠰᠠᠨᠠᠯ》 ᠵᠢ ᠦᠨᠡᠨ ᠬᠦ᠌ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠪᠠᠳᠤᠯᠠᠬᠤ ᠵᠢᠨ ᠳᠦᠯᠦᠬᠡ᠂ ᠾᠸᠪᠸᠢ ᠮᠤᠵᠢ᠎ᠠᠴᠠ ᠡᠯ᠎ᠡ ᠭᠠᠵᠠᠷ᠎ᠤᠨ᠎ᠬᠢᠨ᠎ᠤ ᠬᠠᠷᠢᠶ᠎ᠠ ᠤᠷᠤᠨ ᠪᠤᠶᠤ ᠬᠤᠪᠢᠳᠠᠨ ᠬᠠᠮᠢᠶᠠᠷᠴᠤ ᠪᠠᠢ᠌ᠭ᠎ᠠ ᠠᠵᠢᠯ ᠳᠦᠷᠦᠯ᠎ᠤᠨ ᠬᠦᠷᠢᠶ᠎ᠡ ᠴᠠᠷᠠᠭ᠋ᠠᠨ᠎ᠳᠤ ᠤᠷᠤᠰᠢᠵᠦ ᠪᠠᠢ᠌ᠭ᠎ᠠ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠠᠰᠠᠭᠤᠳᠠᠯ᠎ᠳᠤ ᠪᠦᠬᠦ ᠳᠠᠯ᠎ᠠ ᠵᠢᠨ ᠪᠠᠢ᠌ᠴᠠᠭ᠋ᠠᠯᠳᠠ ᠬᠢᠵᠦ᠂ ᠤᠷᠤᠰᠢᠵᠦ ᠪᠠᠢ᠌ᠭ᠎ᠠ ᠠᠰᠠᠭᠤᠳᠠᠯ᠎ᠢ ᠴᠠᠭ ᠳᠤᠬᠠᠢ᠎ᠳᠤᠨᠢ ᠢᠯᠡᠷᠡᠭᠦᠯᠬᠦ ᠪᠠ ᠵᠠᠯᠠᠷᠠᠭᠤᠯᠬᠤ ᠬᠡᠷᠡᠭᠳᠡᠢ ᠬᠡᠵᠦ ᠱᠠᠭ᠋ᠠᠷᠳᠠᠪᠠ᠃ ᠾᠪᠸᠢ ᠮᠤᠵᠢ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠠᠯᠪᠠᠨ ᠬᠡᠷ᠎ᠠᠴᠠ ᠳᠤᠰᠬᠠᠢ ᠵᠦᠢ᠍ᠯ᠎ᠤᠨ ᠰᠢᠮᠳᠠᠭᠤᠯᠤᠨ ᠪᠠᠢ᠌ᠴᠠᠭ᠋ᠠᠯᠳᠠ ᠵᠢ ᠵᠤᠬᠢᠶᠠᠨ ᠪᠠᠢ᠌ᠭᠤᠯᠵᠦ᠂ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠬᠦᠷᠢᠶ᠎ᠡ ᠴᠠᠷᠠᠭ᠋ᠠᠨ᠎ᠳᠠᠬᠢ ᠡᠯ᠎ᠡ ᠵᠦᠢ᠍ᠯ᠎ᠤᠨ ᠬᠡᠯᠪᠡᠷᠢᠴᠢ ᠦᠵᠡᠯ᠂ ᠨᠤᠶᠠᠨᠴᠢ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠬᠦ ᠦᠭᠡᠢ᠂ ᠡᠭᠦᠷᠭᠡ᠎ᠪᠠᠨ ᠭᠦᠢ᠍ᠴᠡᠳᠬᠡᠬᠦ ᠦᠬᠡᠢ ᠠᠵᠢᠯᠯᠠᠭ᠎ᠠ ᠵᠢ ᠢᠯᠡ᠎ᠪᠠᠷ ᠨᠡᠢ᠌ᠳᠡᠯᠡᠵᠦ᠂ ᠳᠦᠷᠢᠮ ᠳᠤᠬᠳᠠᠭ᠋ᠠᠯ ᠰᠠᠬᠢᠯᠭ᠎ᠠ ᠪᠠᠲᠤ ᠶᠤᠰᠤᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
      ᠰᠤᠨᠢᠨ ᠮᠡᠳᠡᠬᠡᠨ᠎ᠤ ᠬᠤᠯᠪᠤᠭ᠋ᠠᠰᠤ
      ᠠᠷᠪᠠᠨ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠬᠤ
      ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠳᠠᠬᠢ ᠤᠷᠴᠢᠨ ᠳᠤᠭᠤᠷᠢᠨ᠎ᠤ ᠬᠠᠮᠢᠶᠠᠷᠤᠯᠳᠠ ᠵᠢ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠠᠷᠠᠳ᠎ᠤᠨ ᠠᠮᠢᠳᠤᠷᠠᠯ᠂ ᠶᠠᠳᠠᠭᠤ ᠵᠢ ᠳᠡᠳᠬᠦᠨ ᠦᠬᠡᠷ᠎ᠡ ᠭᠠᠵᠠᠷ᠎ᠲᠤ ᠨᠡᠬᠦᠯᠬᠡᠬᠦ᠎ᠳᠤ ᠬᠤᠯᠪᠤᠬᠳᠠᠬᠰᠠᠨ ᠴᠢᠬᠤᠯᠠ ᠶᠡᠬᠡ ᠪᠦᠳᠦᠬᠡᠨ ᠪᠠᠢ᠌ᠭᠤᠯᠤᠯᠳᠠ ᠵᠢᠨ ᠳᠦᠷᠦᠯ ᠵᠦᠢ᠍ᠯ ᠪᠠ ᠤᠯᠤᠰ᠂ ᠮᠤᠵᠢ ᠵᠢᠨ ᠭᠤᠤᠯᠳᠠᠯᠭ᠎ᠠ᠎ᠲᠠᠢ ᠳᠦᠷᠦᠯ ᠵᠦᠢ᠍ᠯ᠎ᠳᠤ᠂ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ 《ᠰᠠᠭ᠋ᠠᠳ ᠦᠬᠡᠢ ᠵᠠᠮ》᠎ᠢ ᠨᠡᠪᠲᠡᠷᠡᠭᠦᠯᠬᠦ ᠬᠡᠷᠡᠭᠲᠡᠢ; ᠬᠠᠤᠯᠢ᠎ᠳᠤ ᠨᠡᠢ᠌ᠴᠡᠭᠰᠡᠨ ᠭᠠᠷ   ᠬᠦᠢ᠍ᠴᠡᠳᠬᠡᠯ᠎ᠲᠠᠢ   ᠮᠦᠷᠳᠡᠬᠡᠨ   ᠪᠤᠬᠢᠷᠳᠤᠯ ᠭᠠᠳᠠᠬᠰᠢᠯᠠᠭᠤᠯᠬᠤ ᠪᠠᠷᠢᠮᠵᠢᠶ᠎ᠠ᠎ᠳᠤ ᠲᠣᠭᠲᠠᠭᠤᠨ ᠵᠶ᠋ᠠᠷ ᠬᠦᠷᠴᠦ ᠳᠡᠢ᠌ᠯᠬᠦ ᠢᠳᠡᠬᠡᠨ ᠤᠮᠳᠠᠭ᠋ᠠᠨ᠂ ᠤᠬᠢᠶᠠᠯᠭ᠎ᠠ᠂ ᠰᠡᠯᠪᠢᠨ ᠵᠠᠰᠠᠯᠲᠠ ᠵᠡᠷᠬᠡ ᠠᠮᠢᠳᠤᠷᠠᠯ᠎ᠤᠨ ᠦᠢ᠍ᠯᠡᠴᠢᠯᠡᠬᠡᠨ᠎ᠤ ᠦᠢ᠍ᠯᠡᠰ᠎ᠳᠤ᠂ ᠬᠢᠵᠠᠭ᠋ᠠᠷᠯᠠᠬᠤ ᠴᠢᠨᠠᠷᠲᠠᠢ᠎ᠪᠠᠷ ᠠᠵᠢᠯ ᠪᠠ ᠡᠵᠡᠩᠨᠡᠯᠳᠡ ᠵᠢ ᠵᠤᠬᠰᠤᠭ᠋ᠠᠵᠦ ᠠᠷᠭ᠎ᠠ ᠬᠡᠮᠵᠢᠶ᠎ᠡ ᠪᠤᠯᠬᠤ ᠦᠬᠡᠢ᠃
      ᠠᠷᠢᠭᠤᠨ ᠴᠡᠪᠡᠷ᠎ᠪᠠᠷ ᠳᠤᠯᠠᠭ᠋ᠠᠴᠠᠭᠤᠯᠬᠤ ᠠᠷᠭ᠎ᠠ ᠬᠡᠮᠵᠢᠶ᠎ᠡ ᠪᠠ ᠨᠡᠬᠦᠷᠡᠰᠦ ᠰᠢᠳᠠᠭ᠋ᠠᠬᠤ ᠭᠦᠸᠧᠯᠦ ᠵᠢ ᠲᠠᠶᠠᠭᠳᠠᠭᠤᠯᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠭᠠᠵᠠᠷ ᠣᠷᠣᠨ᠎ᠤ ᠪᠠᠢ᠌ᠳᠠᠯ᠎ᠳᠤ᠎ᠨᠢ ᠲᠣᠬᠢᠷᠠᠭᠤᠯᠤᠨ᠂ ᠤᠯᠠᠨ ᠵᠦᠢ᠍ᠯ᠎ᠤᠨ ᠠᠷᠭ᠎ᠠ ᠠᠪᠴᠢᠯ᠎ᠢ ᠵᠡᠷᠭᠡ᠎ᠪᠠᠷ ᠬᠡᠷᠡᠭᠯᠡᠵᠦ᠂ ᠴᠠᠬᠢᠯᠭ᠋ᠠᠨ ᠬᠡᠷᠡᠭᠯᠡᠬᠦ᠎ᠳᠤ ᠲᠣᠬᠢᠷᠠᠪᠠᠯ ᠴᠠᠬᠢᠯᠭ᠋ᠠᠨ ᠬᠡᠷᠡᠭᠯᠡᠵᠦ᠂ ᠰᠢᠲᠠᠮᠠᠬᠠᠢ ᠬᠡᠢ ᠬᠡᠷᠡᠭᠯᠡᠬᠦ᠎ᠳᠤ ᠲᠣᠬᠢᠷᠠᠪᠠᠯ ᠰᠢᠲᠠᠮᠠᠬᠠᠢ ᠬᠡᠢ ᠬᠡᠷᠡᠭᠯᠡᠵᠦ᠂ ᠨᠡᠬᠦᠷᠡᠰᠦ ᠬᠡᠷᠡᠭᠯᠡᠬᠦ᠎ᠳᠤ ᠲᠣᠬᠢᠷᠠᠪᠠᠯ ᠨᠡᠬᠦᠷᠡᠰᠦ ᠬᠡᠷᠡᠭᠯᠡᠵᠦ᠂ ᠡᠪᠤᠯ᠎ᠤᠨ ᠤᠯᠠᠷᠢᠯ᠎ᠳᠤ ᠠᠷᠢᠭᠤᠨ ᠴᠡᠪᠡᠷ ᠵᠶ᠋ᠠᠷ ᠳᠤᠯᠠᠭ᠋ᠠᠴᠠᠭᠤᠯᠬᠤ ᠵᠢ ᠲᠦᠷᠭᠡᠳᠬᠡᠨ ᠬᠡᠷᠡᠭᠵᠢᠭᠦᠯᠬᠦ ᠬᠡᠷᠡᠭᠲᠡᠢ᠃ ᠰᠢᠲᠠᠮᠠᠬᠠᠢ ᠬᠡᠢ ᠪᠠ ᠴᠠᠬᠢᠯᠭ᠋ᠠᠨ᠎ᠤ ᠡᠬᠢ ᠰᠤᠷᠪᠤᠯᠵᠢ ᠵᠢ ᠭᠦᠢ᠍ᠴᠡᠳ ᠪᠠᠢ᠌ᠯᠭ᠋ᠠᠬᠤ ᠵᠢ ᠪᠠᠲᠤᠯᠠᠵᠤ ᠴᠢᠳᠠᠬᠤ ᠦᠭᠡᠢ ᠪᠠᠢ᠌ᠳᠠᠯ ᠳᠤᠤᠷ᠎ᠠ᠂ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠠᠵᠢᠯᠯᠠᠭ᠎ᠠ ᠠᠪᠴᠤ ᠪᠣᠯᠬᠤ ᠦᠬᠡᠢ᠂ ᠬᠠᠷᠢᠨ ᠤᠯᠠᠨ ᠳᠦᠮᠡᠨ᠎ᠢ ᠳᠤᠯᠠᠭ᠋ᠠᠨ ᠪᠦᠯᠢᠶᠡᠨ ᠡᠪᠦᠯᠵᠢᠭᠦᠯᠬᠦ ᠬᠡᠷᠡᠭᠳᠡᠢ᠃
      ᠮᠠᠰᠢᠨ ᠳᠡᠷᠬᠡᠨ᠎ᠤ ᠠᠶᠠᠯᠠᠯ᠎ᠢ ᠬᠢᠵᠠᠭ᠋ᠠᠷᠯᠠᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠡᠨᠡ ᠲᠤᠬᠠᠢ ᠾᠧᠪᠧᠢ ᠮᠤᠵᠢ ᠳᠤᠷᠠᠳᠬᠤ᠎ᠳᠤ᠎ᠪᠠᠨ᠂ ᠬᠦᠨᠳᠦ ᠪᠤᠬᠢᠷᠳᠤᠯ᠎ᠲᠠᠢ ᠠᠭᠤᠷ ᠠᠮᠢᠰᠬᠤᠯ᠎ᠤᠨ ᠤᠯᠠᠭ᠋ᠠᠨ ᠥᠩᠭᠡ ᠵᠢᠨ ᠰᠡᠷᠡᠮᠵᠢᠯᠡᠬᠦᠯᠦᠯ᠎ᠤᠨ ᠬᠤᠭᠤᠴᠠᠭ᠎ᠠ᠎ᠠᠴᠠ ᠭᠠᠳᠠᠨ᠎ᠠ᠂ ᠵᠠᠷᠴᠢᠮ ᠳᠡᠬᠡᠷ᠎ᠡ᠎ᠪᠠᠨ ᠬᠤᠤᠰ ᠰᠤᠨᠳᠤᠭᠤᠢ ᠨᠤᠮᠸᠷ ᠵᠶ᠋ᠠᠷ ᠠᠶᠠᠯᠠᠯ᠎ᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠴᠤ ᠪᠤᠯᠬᠤ ᠦᠬᠡᠢ᠂ ᠮᠠᠰᠢᠨ ᠲᠡᠷᠭᠡᠨ᠎ᠤ ᠪᠣᠬᠢᠷᠲᠤᠯ ᠬᠡᠢ ᠭᠠᠳᠠᠭᠰᠢᠯᠠᠭᠤᠯᠬᠤ ᠪᠠᠢ᠌ᠳᠠᠯ ᠪᠠ ᠮᠠᠰᠢᠨ ᠳᠡᠷᠬᠡᠨ᠎ᠤ ᠬᠡᠯᠪᠡᠷᠢ ᠵᠢ ᠦᠨᠳᠦᠰᠦᠯᠡᠨ ᠢᠯᠭ᠋ᠠᠭ᠎ᠠ ᠵᠥᠷᠢᠶ᠎ᠡ᠎ᠲᠠᠢ ᠬᠠᠨᠳᠤᠵᠦ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠠᠤᠯᠢ ᠬᠡᠷᠡᠭᠵᠢᠭᠦᠯᠬᠦ᠂ ᠰᠢᠨ᠎ᠡ ᠡᠨ᠋ᠸᠷᠬᠢ ᠵᠢᠨ ᠮᠠᠰᠢᠨ ᠳᠡᠷᠬᠡ ᠵᠡᠷᠬᠡ᠎ᠳᠤ ᠠᠶᠠᠯᠠᠯ᠎ᠢ᠎ᠨᠢ ᠬᠢᠵᠠᠭ᠋ᠠᠷᠯᠠᠬᠤ ᠠᠷᠭ᠎ᠠ ᠠᠪᠴᠢᠯ ᠬᠡᠷᠡᠭᠵᠢᠬᠦᠯᠬᠦ ᠦᠬᠡᠢ ᠪᠠᠢ᠌ᠬᠤ ᠬᠡᠷᠡᠭᠲᠡᠢ ᠭᠡᠵᠡᠢ᠃
      ᠠᠵᠦ ᠦᠢ᠍ᠯᠡᠳᠪᠦᠷᠢ ᠵᠢᠨ ᠬᠦᠷᠢᠶᠡᠯᠡᠩ ᠳᠤᠭᠤᠷᠢᠭ ᠪᠤᠯᠤᠨ ᠤᠨᠴᠠᠯᠢᠭᠳᠤ ᠠᠵᠤ ᠦᠢ᠍ᠯᠡᠰ᠎ᠲᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠱᠠᠭ᠋ᠠᠷᠳᠠᠯᠭ᠎ᠠ᠎ᠳᠤ ᠦᠯᠦ ᠨᠡᠢ᠌ᠴᠡᠬᠦ ᠠᠵᠤ ᠦᠢ᠍ᠯᠡᠳᠪᠦᠷᠢ ᠵᠢᠨ ᠬᠦᠷᠢᠶᠡᠯᠡᠩ ᠳᠤᠭᠤᠷᠢᠭ ᠪᠠ ᠠᠵᠤ ᠠᠬᠤᠢ᠌ᠯᠠᠯ᠎ᠳᠤ 《ᠨᠢᠬᠡ ᠬᠦᠷᠢᠶᠡᠯᠡᠩ᠎ᠳᠤ ᠨᠢᠬᠡ ᠵᠦᠢ᠍ᠯ᠎ᠤᠨ ᠲᠥᠷᠥ ᠵᠢᠨ ᠪᠤᠳᠤᠯᠭ᠎ᠠ ᠬᠡᠷᠡᠭᠵᠢᠭᠦᠯᠬᠦ》 《ᠨᠢᠬᠡ ᠦᠢ᠍ᠯᠡᠳᠪᠦᠷᠢ᠎ᠳᠤ ᠨᠢᠬᠡ ᠵᠦᠢ᠍ᠯ᠎ᠤᠨ ᠲᠥᠷᠥ ᠵᠢᠨ ᠪᠤᠳᠤᠯᠭ᠎ᠠ ᠬᠡᠷᠡᠭᠵᠢᠭᠦᠯᠬᠦ》 ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠠᠪᠴᠤ᠂ ᠦᠨᠡᠨ ᠬᠤᠳᠠᠯ᠎ᠢ ᠢᠯᠭ᠋ᠠᠬᠤ ᠦᠬᠡᠢ ᠨᠡᠢ᠌ᠳᠡᠮ ᠵᠶ᠋ᠡᠷ᠎ᠨᠢ ᠡᠵᠡᠩᠨᠡᠯᠲᠡ ᠵᠢ᠎ᠨᠢ ᠵᠤᠬᠰᠤᠭ᠋ᠠᠨ ᠴᠡᠭᠴᠡᠯᠡᠨ ᠵᠠᠰᠠᠬᠤ ᠠᠷᠭ᠎ᠠ ᠬᠡᠯᠪᠡᠷᠢ ᠵᠢ ᠬᠡᠷᠡᠭᠯᠡᠵᠦ ᠪᠣᠯᠬᠤ ᠦᠭᠡᠢ᠂ ᠳᠦᠷᠦᠯ ᠬᠤᠪᠢᠶᠠᠨ ᠠᠷᠭ᠎ᠠ ᠪᠤᠳᠤᠯᠭ᠎ᠠ ᠠᠪᠴᠤ᠂ ᠴᠡᠭᠴᠡᠯᠡᠨ ᠥᠭᠡᠷᠡᠴᠢᠯᠡᠬᠦ ᠵᠢ ᠢᠳᠡᠪᠬᠢᠳᠡᠢ᠎ᠪᠠᠷ ᠠᠬᠢᠭᠤᠯᠬᠤ ᠬᠡᠷᠡᠭᠲᠡᠢ᠃
      ᠤᠷᠴᠢᠨ ᠳᠤᠭᠤᠷᠢᠨ᠎ᠳᠤ ᠵᠥᠪᠰᠢᠶᠡᠷᠡᠨ ᠤᠷᠤᠭᠤᠯᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠾᠸᠪᠸᠢ ᠮᠤᠵᠢ ᠡᠯ᠎ᠡ ᠭᠠᠵᠠᠷ᠎ᠤᠨ᠎ᠬᠢᠨ ᠤᠷᠴᠢᠨ ᠳᠤᠭᠤᠷᠢᠨ᠎ᠳᠤ ᠵᠥᠪᠰᠢᠶᠡᠷᠡᠨ ᠤᠷᠤᠭᠤᠯᠬᠤ ᠵᠥᠷᠢᠶᠡᠴᠢᠯᠡᠭᠰᠡᠨ ᠳᠦᠷᠦ ᠵᠢᠨ ᠪᠤᠳᠤᠯᠭ᠎ᠠ ᠵᠢ ᠬᠡᠷᠡᠭᠵᠢᠬᠦᠯᠵᠦ᠂ ᠨᠡᠬᠡᠬᠡᠨ ᠬᠦᠭᠵᠢᠬᠦᠯᠬᠦ ᠪᠠᠢ᠌ᠷᠢᠰᠢᠭᠤᠯᠤᠯᠲᠠ᠎ᠪᠠᠨ ᠵᠤᠬᠢᠰᠳᠠᠢ᠎ᠪᠠᠷ ᠰᠢᠯᠢᠳᠡᠭᠵᠢᠬᠦᠯᠦᠨ᠂ ᠰᠠᠪᠠ ᠭᠠᠵᠠᠷ ᠪᠠ ᠤᠷᠤᠨ ᠪᠦᠰᠡ ᠵᠢ ᠨᠡᠬᠡᠬᠡᠨ ᠬᠦᠭᠵᠢᠬᠦᠯᠬᠦ ᠡᠷᠴᠢᠮ᠎ᠢ ᠬᠢᠵᠠᠭ᠋ᠠᠷᠯᠠᠬᠤ ᠬᠡᠷᠡᠭᠳᠡᠢ; ᠱᠠᠭ᠋ᠠᠷᠳᠠᠯᠭ᠎ᠠ᠎ᠳᠤ ᠨᠡᠢ᠌ᠴᠡᠭᠰᠡᠨ ᠳᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠴᠤᠪᠤᠷᠠᠯ᠎ᠢ ᠰᠢᠯᠢᠳᠡᠭᠵᠢᠬᠦᠯᠵᠦ᠂ ᠦᠢ᠍ᠯᠡᠴᠢᠯᠡᠭᠡ ᠵᠢᠨ ᠦᠷ᠎ᠡ ᠪᠦᠳᠦᠮᠵᠢ᠎ᠪᠠᠨ ᠳᠡᠬᠡᠭᠰᠢᠯᠡᠬᠦᠯᠦᠨ᠂ ᠳᠦᠷᠦᠯ ᠵᠦᠢ᠍ᠯ᠎ᠢ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠳᠡᠮᠵᠢᠬᠦ ᠬᠡᠷᠡᠭᠳᠡᠢ ᠭᠡᠵᠦ ᠱᠠᠭ᠋ᠠᠷᠳᠠᠵᠠᠢ᠃
     《ᠲᠠᠷᠠᠬᠠᠢ ᠪᠤᠳᠠᠷᠬᠠᠢ ᠪᠤᠬᠢᠷ》 ᠠᠵᠤ ᠠᠬᠤᠢ᠌ᠯᠠᠯ᠎ᠢ ᠴᠡᠭᠴᠡᠯᠡᠨ ᠵᠠᠰᠠᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ 《ᠪᠤᠬᠢᠷ》 ᠭᠡᠬᠦ ᠡᠨᠡ ᠬᠦ᠌ ᠭᠣᠣᠯ ᠵᠦᠢ᠍ᠯ᠎ᠢ ᠴᠢᠩᠭ᠎ᠠ ᠡᠵᠡᠮᠳᠡᠨ᠂ 《ᠲᠠᠷᠠᠬᠠᠢ ᠪᠤᠳᠠᠷᠬᠠᠢ ᠪᠤᠬᠢᠷ》 ᠠᠵᠤ ᠠᠬᠤᠢ᠌ᠯᠠᠯ᠎ᠢ ᠬᠦᠨᠵᠡᠬᠡᠢ ᠰᠤᠳᠤᠯᠤᠨ ᠮᠠᠭ᠋ᠠᠳᠯᠠᠬᠤ ᠪᠠ ᠰᠢᠨᠵᠢᠯᠡᠬᠦ ᠤᠬᠠᠭ᠋ᠠᠨᠴᠢ᠎ᠪᠠᠷ ᠮᠠᠭ᠋ᠠᠳᠯᠠᠨ ᠲᠣᠭᠲᠠᠭ᠋ᠠᠵᠤ᠂ ᠪᠤᠬᠢᠷᠳᠤᠯ ᠪᠣᠳᠠᠰ ᠦᠯᠦ ᠦᠢ᠍ᠯᠡᠳᠪᠦᠷᠢᠯᠡᠬᠦ ᠠᠵᠤ ᠠᠬᠤᠢ᠌ᠯᠠᠯ᠎ᠢ 《ᠲᠠᠷᠠᠬᠠᠢ ᠪᠤᠳᠠᠷᠬᠠᠢ ᠪᠤᠬᠢᠷ》 ᠠᠵᠤ ᠠᠬᠤᠢ᠌ᠯᠠᠯ᠎ᠳᠤ ᠵᠢᠭᠰᠠᠭ᠋ᠠᠨ ᠣᠷᠣᠭᠤᠯᠬᠤ ᠵᠢ ᠡᠷᠡᠰ ᠴᠠᠭ᠋ᠠᠵᠠᠯᠠᠵᠦ᠂ 《ᠵᠤᠬᠰᠤᠭ᠋ᠠᠬᠤ᠎ᠪᠠᠷ ᠵᠠᠰᠠᠯᠲᠠ ᠵᠢ ᠤᠷᠤᠯᠠᠭᠤᠯᠬᠤ》 《ᠵᠤᠬᠰᠤᠭ᠋ᠠᠬᠤ᠎ᠪᠠᠷ ᠬᠠᠮᠢᠶᠠᠷᠤᠯᠲᠠ ᠵᠢ ᠤᠷᠤᠯᠠᠭᠤᠯᠬᠤ》 ᠵᠡᠷᠬᠡ ᠬᠠᠰᠢ ᠶᠠᠰᠢ ᠠᠷᠭ᠋ᠠᠴᠠᠭ᠋ᠠᠬᠤ ᠬᠢᠳᠡᠯ᠎ᠢ ᠡᠷᠡᠰ ᠡᠰᠡᠷᠭᠦᠴᠡᠬᠦ ᠬᠡᠷᠡᠭᠲᠡᠢ᠃ ᠬᠠᠤᠯᠢ ᠶᠤᠰᠤᠨ᠎ᠤ ᠭᠠᠷ ᠬᠦᠢ᠍ᠴᠡᠳᠬᠡᠯ᠎ᠲᠠᠢ ᠮᠦᠷᠳᠡᠬᠡᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠱᠠᠭ᠋ᠠᠷᠳᠠᠯᠭ᠎ᠠ᠎ᠳᠤ ᠨᠡᠢ᠌ᠴᠡᠭᠰᠡᠨ ᠠᠵᠤ ᠠᠬᠤᠢ᠌ᠯᠠᠯ᠎ᠳᠤ ᠳᠦᠪᠯᠡᠷᠡᠬᠦᠯᠦᠨ ᠦᠢ᠍ᠯᠡᠳᠪᠦᠷᠢᠯᠡᠯ᠎ᠢ᠎ᠨᠢ ᠵᠤᠬᠰᠤᠭ᠋ᠠᠬᠤ ᠴᠡᠭᠴᠡᠯᠡᠨ ᠵᠠᠰᠠᠯᠳᠠ ᠵᠢᠨ   ᠠᠷᠭ᠎ᠠ ᠬᠡᠮᠵᠢᠶ᠎ᠡ ᠠᠪᠴᠤ ᠪᠤᠯᠬᠤ ᠦᠬᠡᠢ; ᠭᠠᠷ ᠬᠦᠢ᠍ᠴᠡᠳᠬᠡᠯ᠎ᠨᠢ   ᠪᠦᠷᠢᠨ   ᠪᠤᠰᠤ᠂ ᠤᠷᠴᠢᠨ   ᠳᠤᠭᠤᠷᠢᠨ᠎ᠢ ᠬᠦᠨᠳᠦ ᠨᠤᠴᠢᠳᠠᠢ ᠪᠣᠬᠢᠷᠲᠤᠭᠤᠯᠤᠭᠰᠠᠨ᠂ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶᠠᠨ᠎ᠳᠤ ᠬᠦᠷᠴᠦ ᠴᠢᠳᠠᠬᠤ ᠦᠭᠡᠢ᠂ ᠵᠠᠰᠠᠯᠳᠠ ᠬᠢᠬᠦ ᠦᠨ᠎ᠡ ᠥᠷᠲᠡᠭ ᠦᠬᠡᠢ ᠠᠵᠤ ᠠᠬᠤᠢ᠌ᠯᠠᠯ᠎ᠢ ᠡᠷᠡᠰ ᠵᠶ᠋ᠡᠷ ᠵᠥᠪᠰᠢᠶᠡᠷᠡᠯ᠎ᠤᠨ ᠦᠨᠡᠮᠯᠡᠯ᠎ᠢ ᠬᠦᠴᠦᠨ ᠦᠭᠡᠢ ᠪᠣᠯᠭ᠋ᠠᠨ ᠡᠭᠦᠳᠡ ᠵᠢ᠎ᠨᠢ ᠬᠠᠭ᠋ᠠᠯᠭ᠋ᠠᠨ᠎ᠠ᠃
      ᠪᠠᠷᠢᠯᠭ᠎ᠠ ᠵᠢᠨ ᠠᠵᠢᠯ᠎ᠢ ᠵᠤᠬᠰᠤᠭ᠋ᠠᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠬᠠᠤᠯᠢ ᠶᠤᠰᠤᠭ᠋ᠠᠷ ᠪᠠᠷᠢᠯᠭ᠎ᠠ ᠪᠠᠷᠢᠬᠤ ᠵᠥᠪᠰᠢᠶᠡᠷᠡᠯ ᠤᠯᠤᠬᠰᠠᠨ ᠡᠯ᠎ᠡ ᠳᠦᠷᠦᠯ᠎ᠤᠨ ᠪᠠᠷᠢᠯᠭ᠎ᠠ ᠵᠢᠨ ᠢᠨᠵᠸᠨ᠋ᠸᠷᠢᠩ᠎ᠤᠨ ᠳᠦᠷᠦᠯ ᠵᠦᠢ᠍ᠯ᠎ᠳᠤ᠂ ᠪᠤᠬᠢᠷᠳᠤᠯ᠎ᠢ ᠰᠡᠷᠬᠡᠢ᠌ᠯᠡᠨ ᠵᠠᠰᠠᠬᠤ ᠪᠡᠯᠡᠳᠬᠡᠮᠵᠢ ᠪᠤᠯᠤᠨ ᠳᠤᠭᠤᠰᠤ ᠵᠢ ᠡᠵᠡᠮᠳᠡᠬᠦ ᠠᠷᠭ᠎ᠠ ᠬᠡᠮᠵᠢᠶ᠎ᠡ᠎ᠨᠢ ᠪᠦᠷᠢᠨ ᠪᠣᠯᠣᠭᠰᠠᠨ ᠪᠠᠢ᠌ᠳᠠᠯ ᠳᠤᠤᠷ᠎ᠠ᠂ ᠨᠠᠮᠤᠷ ᠡᠪᠤᠯ᠎ᠤᠨ ᠤᠯᠠᠷᠢᠯ᠎ᠳᠤ ᠬᠡᠪ᠎ᠤᠨ ᠶᠤᠰᠤᠭ᠋ᠠᠷ ᠪᠠᠷᠢᠯᠭ᠎ᠠ ᠪᠠᠷᠢᠵᠦ ᠪᠤᠯᠤᠨ᠎ᠠ᠃ ᠬᠦᠨᠳᠦ ᠪᠤᠬᠢᠷᠳᠤᠯ᠎ᠲᠠᠢ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠬᠦᠷᠢᠶᠡᠯᠡᠨ ᠳᠠᠭ᠋ᠠᠬᠤ ᠬᠤᠭᠤᠴᠠᠭ᠋ᠠᠨ᠎ᠳᠤ᠂ ᠭᠤᠤᠯᠳᠠᠯᠭ᠎ᠠ᠎ᠲᠠᠢ ᠳᠦᠷᠦᠯ ᠵᠦᠢ᠍ᠯ ᠪᠠ ᠠᠷᠠᠳ᠎ᠤᠨ ᠠᠮᠢᠳᠤᠷᠠᠯ᠎ᠤᠨ ᠢᠨᠵᠸᠨ᠋ᠸᠷᠢᠩ᠎ᠤᠨ ᠬᠡᠪ᠎ᠤᠨ ᠠᠵᠢᠯᠯᠠᠭ᠋ᠠᠨ ᠵᠡᠷᠭᠡ ᠵᠢ ᠤᠷᠢᠳ ᠵᠶ᠋ᠡᠷ ᠪᠠᠲᠤᠯᠠᠵᠤ᠂ ᠰᠢᠷᠤᠢ ᠴᠢᠯᠠᠭᠤᠨ᠎ᠤ ᠢᠨᠵᠸᠨ᠋ᠸᠷᠢᠩ᠎ᠠᠴᠠ ᠭᠠᠳᠠᠨ᠎ᠠ᠂ ᠪᠤᠰᠤᠳ ᠢᠨᠵᠸᠨ᠋ᠸᠷᠢᠩ᠎ᠤᠨ ᠳᠦᠷᠦᠯ ᠵᠦᠯ᠎ᠨᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠤᠭᠰᠠᠨ ᠤᠷᠢᠳᠠᠯ ᠳᠤᠤᠷ᠎ᠠ᠂ ᠠᠵᠢᠯ᠎ᠢ᠎ᠨᠢ ᠵᠤᠬᠰᠤᠭ᠋ᠠᠬᠤ ᠠᠷᠭ᠎ᠠ ᠬᠡᠮᠵᠢᠶ᠎ᠡ ᠠᠪᠬᠤ ᠦᠬᠡᠢ ᠪᠠᠢ᠌ᠵᠦ ᠪᠤᠯᠤᠨ᠎ᠠ᠃
      ᠴᠠᠭ ᠬᠤᠭᠤᠴᠠᠭ᠎ᠠ ᠵᠥᠷᠢᠭᠦᠯᠦᠨ ᠦᠢ᠍ᠯᠡᠳᠪᠦᠷᠢᠯᠡᠬᠦ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠾᠸᠪᠸᠢ ᠮᠤᠵᠢ ᠡᠯ᠎ᠡ ᠭᠠᠵᠠᠷ᠎ᠤᠨ᠎ᠬᠢᠨ᠎ᠤ ᠨᠠᠮᠤᠷ ᠡᠪᠤᠯ᠎ᠤᠨ ᠤᠯᠠᠷᠢᠯ᠎ᠳᠤ ᠴᠠᠭ ᠬᠤᠭᠤᠴᠠᠭ᠎ᠠ ᠵᠥᠷᠢᠭᠦᠯᠦᠨ ᠦᠢ᠍ᠯᠡᠳᠪᠦᠷᠢᠯᠡᠬᠦ ᠠᠵᠤ ᠠᠬᠤᠢ᠌ᠯᠠᠯ᠎ᠤᠨ ᠨᠠᠷᠢᠨ ᠬᠠᠭᠤᠳᠠᠰᠤ ᠵᠢ ᠪᠠᠢ᠌ᠭᠤᠯᠵᠦ᠂ ᠪᠤᠯᠤᠳ ᠳᠠᠪᠲᠠᠬᠤ᠂ ᠬᠡᠦᠷᠰᠢᠬᠦᠯᠬᠦ᠂ ᠴᠢᠳᠬᠤᠬᠤ ᠵᠡᠷᠬᠡ ᠪᠤᠬᠢᠷᠳᠤᠯ ᠶᠡᠬᠡ ᠭᠠᠳᠠᠬᠰᠢᠯᠠᠭᠤᠯᠬᠤ ᠠᠵᠤ ᠠᠬᠤᠢ᠌ᠯᠠᠯ᠎ᠳᠤ ᠪᠤᠬᠢᠷᠳᠤᠯ ᠭᠠᠳᠠᠭᠰᠢᠯᠠᠭᠤᠯᠬᠤ ᠠᠵᠢᠯ᠎ᠤᠨ ᠠᠮᠵᠢᠯᠲᠠ ᠵᠢᠨ ᠦᠨᠡᠯᠡᠯᠳᠡ ᠶᠤᠰᠤᠭ᠋ᠠᠷ᠂ ᠴᠠᠭ ᠬᠤᠭᠤᠴᠠᠭ᠎ᠠ ᠵᠥᠷᠢᠭᠦᠯᠦᠨ ᠦᠢ᠍ᠯᠡᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠡᠢ; ᠪᠤᠬᠢᠷᠳᠤᠯ ᠭᠠᠳᠠᠭᠰᠢᠯᠠᠭᠤᠯᠬᠤ ᠬᠡᠮᠵᠢᠶ᠎ᠡ᠎ᠨᠢ ᠳᠤᠢ᠌ᠯ᠎ᠤᠨ ᠳᠤᠤᠷ᠎ᠠ᠂ ᠭᠠᠷ ᠤᠷᠠᠯᠠᠯ᠎ᠤᠨ ᠮᠡᠷᠭᠡᠵᠢᠯ᠎ᠨᠢ ᠳᠠᠪᠰᠢᠩᠭᠤᠢ᠂ ᠦᠢ᠍ᠯᠡᠳᠬᠦᠨ᠎ᠨᠢ ᠤᠬᠢ ᠰᠢᠯᠢᠳᠡᠭ 《ᠳᠦᠷᠦᠬᠦᠯᠡᠭᠴᠢ》 ᠠᠵᠤ ᠠᠬᠤᠢ᠌ᠯᠡᠯ᠎ᠢ ᠴᠠᠭ ᠬᠤᠭᠤᠴᠠᠭ᠎ᠠ ᠵᠥᠷᠢᠭᠦᠯᠦᠨ ᠦᠢ᠍ᠯᠡᠳᠪᠦᠷᠢᠯᠡᠬᠦ ᠨᠡᠷᠡᠰ᠎ᠲᠤ ᠵᠢᠬᠰᠠᠭ᠋ᠠᠵᠦ ᠪᠤᠯᠬᠤ ᠦᠬᠡᠢ ᠭᠡᠵᠦ ᠱᠠᠭ᠋ᠠᠷᠳᠠᠵᠠᠢ᠃
      ᠬᠦᠨᠳᠦ ᠪᠤᠬᠢᠷᠳᠤᠯ᠎ᠲᠠᠢ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠬᠦᠷᠢᠶᠡᠯᠡᠨ ᠳᠠᠭ᠋ᠠᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠾᠸᠪᠸᠢ ᠮᠤᠵᠢ ᠡᠯ᠎ᠡ ᠭᠠᠵᠠᠷ᠎ᠤᠨ᠎ᠬᠢᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠢ ᠰᠡᠷᠡᠮᠵᠢᠯᠡᠬᠦᠯᠬᠦ ᠮᠡᠳᠡᠬᠡ ᠵᠠᠩᠭᠢ᠎ᠪᠠᠨ ᠤᠷᠢᠳᠴᠢᠯᠠᠨ 1 — 2 ᠡᠳᠦᠷ ᠨᠡᠢ᠌ᠳᠡᠯᠡᠵᠦ᠂ ᠠᠵᠤ ᠠᠬᠤᠢ᠌ᠯᠠᠯ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠬᠦᠷᠢᠶᠡᠯᠡᠨ ᠳᠠᠭ᠋ᠠᠬᠤ ᠬᠦᠢ᠍ᠴᠡᠳ ᠪᠡᠯᠡᠳᠬᠡᠯ ᠬᠢᠬᠦ ᠴᠠᠭ ᠣᠯᠭᠣᠵᠤ᠂ ᠰᠡᠷᠡᠮᠵᠢᠯᠡᠬᠦᠯᠦᠯ᠎ᠤᠨ ᠳᠡᠰ ᠪᠠ ᠬᠡᠪᠴᠢᠶ᠎ᠡ ᠵᠢ ᠳᠤᠷ᠎ᠠ᠎ᠪᠠᠷ ᠦᠰᠬᠡᠬᠦ ᠵᠢ ᠴᠢᠩᠭ᠎ᠠ ᠴᠠᠭ᠋ᠠᠵᠠᠯᠠᠨ᠎ᠠ᠃ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠬᠦᠷᠢᠶᠡᠯᠡᠨ ᠳᠠᠭ᠋ᠠᠬᠤ ᠬᠤᠭᠤᠴᠠᠭ᠋ᠠᠨ᠎ᠳᠤ᠂ ᠬᠡᠳᠦ ᠳᠤᠤᠷ᠎ᠠ ᠪᠤᠬᠢᠷᠳᠤᠯ ᠭᠠᠳᠠᠭᠰᠢᠯᠠᠭᠤᠯᠬᠤ ᠬᠡᠮᠵᠢᠶᠡᠨ᠎ᠳᠤ ᠬᠦᠷᠦᠭᠰᠡᠨ ᠠᠵᠤ ᠠᠬᠤᠢ᠌ᠯᠠᠯ ᠪᠤᠶᠤ 《ᠪᠣᠬᠢᠷᠲᠤᠯ ᠦᠭᠡᠢ》 ᠪᠠᠷᠢᠯᠭ᠎ᠠ ᠵᠢᠨ ᠮᠠᠲᠸᠷᠢᠶᠠᠯ᠎ᠤᠨ ᠠᠵᠢᠯ ᠳᠦᠷᠦᠯ᠎ᠤᠨ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶᠠᠨ᠎ᠳᠤ ᠬᠦᠷᠦᠭᠰᠡᠨ ᠠᠵᠤ ᠠᠬᠤᠢ᠌ᠯᠠᠯ᠎ᠳᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠪᠤᠬᠢᠷᠳᠤᠯ ᠭᠠᠳᠠᠭᠰᠢᠯᠠᠭᠤᠯᠬᠤ ᠵᠢ ᠪᠠᠭ᠋ᠠᠰᠬᠠᠬᠤ ᠳᠤᠬᠢᠷᠠᠮᠵᠢᠳᠠᠢ ᠠᠷᠭ᠎ᠠ ᠬᠡᠮᠵᠢᠶ᠎ᠡ ᠠᠪᠴᠤ᠂ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠬᠤ ᠬᠡᠷᠡᠭᠲᠡᠢ ᠭᠡᠵᠦ ᠱᠠᠭ᠋ᠠᠷᠳᠠᠵᠠᠢ᠃
      ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠵᠢ ᠰᠢᠮᠳᠠᠭᠤᠯᠤᠨ ᠪᠠᠢ᠌ᠴᠠᠭ᠋ᠠᠬᠤ᠎ᠳᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠨ᠎ᠠ᠃ ᠾᠸᠪᠸᠢ ᠮᠤᠵᠢ᠎ᠠᠴᠠ ᠡᠯ᠎ᠡ ᠭᠠᠵᠠᠷ᠎ᠤᠨ᠎ᠬᠢᠨ᠎ᠤ ᠰᠢᠮᠳᠠᠭᠤᠯᠤᠨ ᠪᠠᠢ᠌ᠴᠠᠭ᠋ᠠᠵᠤ ᠲᠤᠰᠢᠶᠠᠨ ᠰᠢᠢ᠍ᠳᠪᠦᠷᠢᠯᠡᠭᠦᠯᠦᠭᠰᠡᠨ ᠠᠰᠠᠭᠤᠳᠠᠯ᠎ᠳᠤ᠂ ᠪᠠᠢ᠌ᠴᠠᠭ᠋ᠠᠯᠲᠠ ᠬᠢᠬᠦ ᠦᠭᠡᠢ᠂ ᠰᠤᠳᠤᠯᠤᠯᠲᠠ ᠬᠢᠬᠦ ᠦᠬᠡᠢ᠂ ᠵᠠᠰᠠᠯᠲᠠ ᠬᠢᠬᠦ ᠦᠭᠡᠢ᠂ ᠬᠠᠷᠢᠨ 《ᠵᠣᠭᠰᠣᠭ᠋ᠠᠬᠤ᠎ᠪᠠᠷ ᠠᠰᠠᠭᠤᠳᠠᠯ᠎ᠢ ᠰᠢᠢ᠍ᠳᠪᠦᠷᠢᠯᠡᠬᠦ》 《ᠵᠤᠬᠰᠤᠭ᠋ᠠᠬᠤ᠎ᠪᠠᠷ ᠵᠠᠰᠠᠯᠲᠠ ᠵᠢ ᠤᠷᠤᠯᠠᠭᠤᠯᠬᠤ》 ᠵᠡᠷᠬᠡ ᠠᠷᠭ᠎ᠠ ᠬᠡᠮᠵᠢᠶ᠎ᠠ ᠠᠪᠬᠤ ᠵᠢ ᠴᠢᠩᠭ᠎ᠠ ᠴᠠᠭ᠋ᠠᠵᠠᠯᠠᠨ᠎ᠠ; ᠰᠢᠮᠳᠠᠭᠤᠯᠤᠨ ᠪᠠᠢ᠌ᠴᠠᠭ᠋ᠠᠯᠳᠠ ᠵᠢ ᠠᠷᠭ᠋ᠠᠴᠠᠭ᠋ᠠᠵᠤ 《ᠨᠢᠭᠡ ᠯᠡ ᠪᠠᠷᠢᠮᠵᠢᠶ᠎ᠠ᠎ᠪᠠᠷ ᠲᠠᠰᠤᠯᠬᠤ》 ᠵᠢ ᠴᠢᠩᠭ᠎ᠠ ᠴᠠᠭ᠋ᠠᠵᠠᠯᠠᠵᠦ᠂ ᠳᠦᠪᠯᠡᠷᠡᠬᠦᠯᠦᠨ ᠠᠵᠢᠯ᠎ᠢ᠎ᠨᠢ ᠵᠣᠭᠰᠣᠭ᠋ᠠᠬᠤ ᠡᠵᠡᠩᠨᠡᠯᠳᠡ ᠵᠢ᠎ᠨᠢ ᠵᠤᠬᠰᠤᠭ᠋ᠠᠬᠤ ᠦᠢ᠍ᠯᠡᠳᠪᠦᠷᠢᠯᠡᠯ᠎ᠢ᠎ᠨᠢ ᠵᠤᠬᠰᠤᠭ᠋ᠠᠬᠤ ᠵᠡᠷᠬᠡ ᠳᠦᠬᠦᠮ ᠪᠦᠳᠦᠬᠦᠯᠢᠭ ᠠᠵᠢᠯᠯᠠᠭ᠎ᠠ ᠠᠪᠬᠤ᠎ᠠᠴᠠ ᠡᠷᠡᠰ ᠵᠠᠢ᠌ᠯᠠᠰᠬᠢᠬᠦ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠹᠦᠵᠢᠶᠠᠨ ᠠᠵᠤ ᠠᠬᠤᠢ᠌ᠯᠠᠯ ᠪᠠ ᠵᠠᠰᠠᠭ᠎ᠤᠨ ᠣᠷᠳᠣᠨ᠎ᠢ ᠵᠡᠷᠭᠡ᠎ᠳᠤ᠎ᠨᠢ ᠬᠢᠨᠠᠵᠤ ᠬᠠᠷᠢᠭᠤᠴᠠᠯᠭ᠎ᠠ ᠵᠢ ᠳᠠᠮᠵᠢᠭᠤᠯᠬᠤ ᠪᠠ ᠪᠣᠳᠠᠲᠠᠢ᠌ᠵᠢᠭᠤᠯᠤᠨ ᠴᠢᠩᠭ᠋ᠠᠳᠬᠠᠵᠤ ᠨᠠᠮ ᠵᠠᠰᠠᠭ ᠬᠠᠮᠲᠤ᠎ᠪᠠᠷ ᠬᠠᠷᠢᠭᠤᠴᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠳᠥᠷᠪᠡᠨ ᠲᠠᠯ᠎ᠠ ᠵᠢᠨ ᠡᠷᠭᠢᠯᠲᠡ ᠭᠠᠷᠭ᠋ᠠᠪᠠ
ᠰᠧᠴᠤᠸᠠᠨ ᠮᠤᠵᠢ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠪᠣᠬᠢᠷᠲᠤᠯ᠎ᠤᠨ ᠵᠠᠰᠠᠯᠲᠠ᠎ᠳᠤ ᠬᠦᠴᠦᠯᠡᠵᠦ ᠪᠠᠢ᠌ᠨ᠎ᠠ
ᠾᠧᠪᠧᠢ ᠮᠤᠵᠢ ᠵᠢᠨ ᠠᠮᠢ ᠠᠬᠤᠢ ᠣᠷᠴᠢᠨ ᠲᠣᠭᠤᠷᠢᠨ᠎ᠤ ᠲᠢᠩᠬᠢᠮ 26᠎ᠤ ᠡᠳᠦᠷ ᠡᠬᠢ ᠢᠷᠡᠯᠲᠡ᠎ᠠᠴᠠ᠎ᠨᠢ ᠰᠡᠷᠭᠡᠢ᠌ᠯᠡᠨ ᠡᠵᠡᠮᠳᠡᠵᠦ ᠳᠠᠯᠳᠠ ᠭᠡᠮ᠎ᠢ᠎ᠨᠢ ᠠᠷᠢᠯᠭ᠋ᠠᠬᠤ ᠰᠥᠨᠢ᠎ᠪᠠᠷ ᠪᠠᠢ᠌ᠴᠠᠭ᠋ᠠᠬᠤ 《ᠲᠡᠭ ᠴᠠᠭ᠎ᠤᠨ ᠠᠵᠢᠯᠯᠠᠭ᠎ᠠ》 ᠵᠢ ᠲᠥᠪᠯᠡᠷᠡᠭᠦᠯᠦᠨ ᠥᠷᠨᠢᠭᠦᠯᠪᠡ
ᠳ᠋ᠦᠩᠭᠤᠸᠠᠨ᠎ᠤ ᠮᠠᠶᠦ᠋ᠩ᠎ᠤᠨ 《ᠰᠢᠨᠡᠴᠢᠯᠡᠯᠳᠡ ᠵᠢᠨ ᠳᠡᠮᠳᠡᠭᠯᠡᠯ》᠄ ᠬᠦᠬᠡ ᠠᠭᠤᠯᠠ ᠨᠣᠮᠢᠨ ᠤᠰᠤ ᠵᠢ ᠰᠡᠷᠬᠦᠬᠡᠵᠤ᠂ ᠠᠯᠳᠠ ᠮᠦᠩᠬᠦᠨ ᠠᠭᠤᠯᠠ ᠣᠯᠪᠠ
ᠰᠧᠴᠤᠸᠠᠨ ᠬᠠᠤᠯᠢ ᠲᠣᠭᠲᠠᠭ᠋ᠠᠵᠤ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠵᠤ ᠪᠠᠢ᠌ᠨ᠎ᠠ
 
             蒙ICP备05000248号