ᠣᠢ᠌ᠷ᠎ᠠ᠎ᠳᠤ᠂ ᠠᠰᠢᠭ ᠦᠭᠡᠢ ᠠᠭᠤᠷ ᠠᠮᠢᠰᠬᠤᠯ᠎ᠤᠨ ᠨᠥᠬᠥᠴᠡᠯ᠎ᠤᠨ ᠨᠥᠯᠥᠭᠡ ᠵᠢ ᠬᠦᠷᠲᠡᠵᠦ᠂ ᠪᠡᠭᠡᠵᠢᠩ ᠲᠢᠶᠠᠨᠵᠢᠨ ᠾᠧᠪᠧᠢ ᠵᠢᠨ ᠣᠷᠣᠨ ᠪᠦᠰᠡ ᠵᠢᠨ ᠣᠯᠠᠨ ᠭᠠᠵᠠᠷ᠎ᠲᠤ ᠬᠦᠨᠳᠦ ᠪᠣᠬᠢᠷᠲᠤᠯ᠎ᠲᠠᠢ ᠴᠠᠭ ᠠᠭᠤᠷ ᠢᠯᠡᠷᠡᠵᠦ᠂ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠨ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠨᠥᠯᠥᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭᠤᠷᠠᠭᠤᠯᠬᠤ ᠵᠢᠨ ᠲᠤᠰᠠᠳᠠ᠂ ᠾᠧᠪᠧᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠡᠯ᠎ᠡ ᠭᠠᠵᠠᠷ᠎ᠤᠨ᠎ᠬᠢᠨ᠎ᠢ ᠵᠣᠬᠢᠶᠠᠨ ᠪᠠᠢ᠌ᠭᠤᠯᠵᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠬᠤ ᠲᠤᠰᠬᠠᠢ ᠵᠦᠢ᠍ᠯ᠎ᠤᠨ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠵᠢ ᠦᠷᠭᠦᠯᠵᠢᠯᠡᠨ ᠵᠣᠬᠢᠶᠠᠨ ᠪᠠᠢ᠌ᠭᠤᠯᠵᠤ᠂ ᠠᠳᠠᠯᠢ ᠴᠢᠭᠯᠡᠯ ᠵᠶ᠋ᠡᠷ ᠬᠦᠴᠦᠯᠡᠨ᠂ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠵᠤ ᠡᠵᠡᠮᠳᠡᠵᠦ᠂ ᠪᠣᠬᠢᠷᠲᠤᠯ᠎ᠲᠠᠢ ᠴᠠᠭ ᠠᠭᠤᠷ᠎ᠲᠤ ᠬᠣᠯᠪᠣᠭᠳᠠᠬᠤ ᠠᠵᠤ ᠠᠬᠤᠢ᠌ᠯᠠᠯ᠎ᠢ ᠰᠢᠮᠳᠠᠭᠤᠯᠤᠨ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠦᠲᠦᠮᠵᠢᠲᠡᠢ ᠨᠠᠢ᠌ᠳᠠᠪᠤᠷᠢᠵᠢᠭᠤᠯᠵᠤ᠂ ᠣᠷᠴᠢᠨ ᠲᠣᠭᠣᠷᠢᠨ᠎ᠤ ᠬᠠᠤᠯᠢ ᠴᠠᠭ᠋ᠠᠵᠠ᠎ᠠᠴᠠ ᠵᠥᠷᠢᠴᠡᠭᠰᠡᠨ ᠡᠯ᠎ᠡ ᠵᠦᠢ᠍ᠯ᠎ᠤᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ ᠪᠠᠢ᠌ᠨ᠎ᠠ᠃
11 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ 12 ᠳ᠋ᠤᠭ᠋ᠠᠷ ᠰᠠᠷ᠎ᠠ ᠵᠢᠨ 2᠎ᠤᠨ ᠡᠳᠦᠷ ᠪᠣᠯᠲᠠᠯ᠎ᠠ᠂ ᠮᠤᠵᠢ ᠵᠢᠨ ᠡᠯ᠎ᠡ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠤᠨ᠎ᠬᠢᠨ ᠬᠠᠤᠯᠢ ᠬᠡᠷᠡᠭᠵᠢᠭᠦᠯᠦᠭᠴᠢᠳ ᠵᠶ᠋ᠠᠨ ᠨᠡᠢ᠌ᠲᠡ 3600 ᠭᠠᠷᠤᠢ ᠬᠥᠮᠥᠨ ᠤᠳᠠᠭ᠎ᠠ ᠬᠥᠳᠡᠯᠭᠡᠵᠦ᠂ ᠪᠣᠬᠢᠷᠲᠤᠯ᠎ᠲᠠᠢ ᠴᠠᠭ ᠠᠭᠤᠷ᠎ᠲᠤ ᠬᠣᠯᠪᠣᠭᠳᠠᠬᠤ 3468 ᠠᠵᠤ ᠠᠬᠤᠢ᠌ᠯᠠᠯ (ᠴᠡᠭ ᠪᠠᠢ᠌ᠷᠢ)᠎ᠳᠤ ᠪᠠᠢ᠌ᠴᠠᠭ᠋ᠠᠯᠲᠠ ᠬᠢᠵᠦ᠂ ᠨᠤᠨᠳᠠᠭ ᠲᠣᠭᠣᠰᠣ᠎ᠪᠠᠨ ᠡᠮᠬᠢ ᠵᠠᠮᠪᠠᠷᠠᠭ᠎ᠠ ᠦᠭᠡᠢ ᠭᠠᠳᠠᠭᠰᠢᠯᠠᠭᠤᠯᠵᠤ ᠪᠠᠢ᠌ᠭ᠎ᠠ᠂ ᠪᠠᠷᠢᠯᠭ᠎ᠠ ᠪᠠᠷᠢᠵᠤ ᠪᠠᠢ᠌ᠭ᠎ᠠ ᠲᠠᠯᠠᠪᠤᠷ᠂ ᠵᠠᠮ᠎ᠤᠨ ᠲᠣᠭᠣᠰᠣ ᠰᠢᠷᠣᠢ ᠵᠢ ᠬᠠᠮᠢᠶᠠᠷᠤᠨ ᠡᠵᠡᠮᠳᠡᠬᠦ ᠲᠠᠯ᠎ᠠ᠎ᠪᠠᠷ ᠬᠦᠷᠦᠯᠴᠡᠬᠦ ᠦᠭᠡᠢ ᠵᠡᠷᠭᠡ ᠪᠣᠬᠢᠷᠲᠤᠯ᠎ᠲᠠᠢ ᠴᠠᠭ ᠠᠭᠤᠷ᠎ᠲᠤ ᠬᠣᠯᠪᠣᠭᠳᠠᠬᠤ 84 ᠣᠷᠴᠢᠨ ᠲᠣᠭᠣᠷᠢᠨ᠎ᠤ ᠠᠰᠠᠭᠤᠳᠠᠯ᠎ᠢ ᠢᠯᠡᠷᠡᠭᠦᠯᠦᠭᠰᠡᠨ᠎ᠤ ᠬᠠᠮᠲᠤ ᠵᠠᠰᠠᠨ ᠥᠭᠡᠷᠡᠴᠢᠯᠡᠭᠦᠯᠬᠦ᠎ᠪᠠᠷ ᠰᠢᠮᠳᠠᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠤᠷᠢᠶᠠᠯᠠᠨ ᠳᠠᠭ᠋ᠠᠬᠤ ᠵᠢ ᠥᠯᠥ ᠬᠡᠷᠡᠭᠵᠢᠭᠦᠯᠦᠭᠰᠡᠨ 8 ᠠᠵᠤ ᠠᠬᠤᠢ᠌ᠯᠠᠯ᠎ᠢ ᠪᠠᠢ᠌ᠴᠠᠭ᠋ᠠᠨ ᠪᠢᠲᠡᠭᠦᠮᠵᠢᠯᠡᠭᠰᠡᠨ ᠪᠠ ᠬᠤᠷᠢᠶᠠᠨ ᠠᠪᠴᠤ᠂ ᠬᠠᠤᠯᠢ᠎ᠠᠴᠠ ᠵᠥᠷᠢᠴᠡᠭᠰᠡᠨ 2 ᠬᠠᠷᠢᠭᠤᠴᠠᠯᠭ᠋ᠠᠲᠠᠨ᠎ᠢ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠲᠤᠰᠢᠶᠠᠵᠤ ᠵᠠᠰᠠᠭ ᠵᠠᠬᠢᠷᠭ᠋ᠠᠨ᠎ᠤ ᠲᠦᠷ ᠬᠣᠷᠢᠬᠤ ᠶᠠᠯ᠎ᠠ᠎ᠪᠠᠷ ᠰᠢᠢ᠍ᠳᠬᠡᠵᠡᠢ᠃
ᠾᠧᠪᠧᠢ ᠮᠤᠵᠢ ᠵᠢᠨ ᠡᠯ᠎ᠡ ᠭᠠᠵᠠᠷ᠎ᠤᠨ᠎ᠬᠢᠨ᠎ᠤ ᠣᠢ᠌ᠷ᠎ᠠ᠎ᠳᠤ ᠵᠣᠬᠢᠶᠠᠨ ᠪᠠᠢ᠌ᠭᠤᠯᠵᠤ ᠥᠷᠨᠢᠭᠦᠯᠦᠭᠰᠡᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠬᠤ᠎ᠪᠠᠷ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠠᠵᠢᠯᠯᠠᠭ᠎ᠠ᠎ᠨᠢ 《ᠠᠷᠠᠳ᠎ᠤᠨ ᠠᠮᠢᠳᠤᠷᠠᠯ ᠵᠶ᠋ᠠᠷ ᠤᠳᠤᠷᠢᠳᠤᠮᠵᠢ ᠪᠣᠯᠭ᠋ᠠᠬᠤ᠂ ᠲᠤᠢ᠌ᠯ᠎ᠤᠨ ᠣᠨᠣᠪᠴᠢᠲᠠᠢ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠵᠢ ᠪᠠᠭ᠋ᠠᠰᠬᠠᠬᠤ᠂ ᠵᠥᠷᠢᠶᠡᠴᠢᠯᠡᠨ ᠬᠠᠮᠢᠶᠠᠷᠴᠤ ᠡᠵᠡᠮᠳᠡᠬᠦ》 ᠵᠠᠷᠴᠢᠮ᠎ᠢ ᠪᠠᠷᠢᠮᠲᠠᠯᠠᠵᠤ᠂ ᠢᠯᠡ᠎ᠪᠠᠷ ᠪᠠᠢ᠌ᠴᠠᠭ᠋ᠠᠬᠤ ᠬᠢᠭᠡᠳ ᠳᠠᠯᠳᠠ᠎ᠪᠠᠷ ᠰᠤᠷᠪᠤᠯᠵᠢᠯᠠᠬᠤ᠂ ᠲᠣᠭᠲᠠᠮᠠᠯ ᠬᠤᠭᠤᠴᠠᠭ᠎ᠠ᠎ᠲᠠᠢ ᠪᠠᠢ᠌ᠴᠠᠭ᠋ᠠᠬᠤ ᠬᠢᠭᠡᠳ ᠱᠠᠯᠠᠪᠳᠠᠨ ᠪᠠᠢ᠌ᠴᠠᠭ᠋ᠠᠬᠤ᠂ ᠡᠳᠦᠷ ᠵᠶ᠋ᠡᠷ ᠪᠠᠢ᠌ᠴᠠᠭ᠋ᠠᠬᠤ ᠬᠢᠭᠡᠳ ᠰᠥᠨᠢ᠎ᠪᠠᠷ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ᠎ᠪᠠᠷ᠂ ᠪᠦᠬᠦ ᠮᠤᠵᠢ ᠵᠢᠨ ᠪᠣᠯᠣᠳ ᠲᠡᠮᠦᠷ᠂ ᠬᠡᠦᠷᠰᠢᠭᠦᠯᠬᠦ᠂ ᠴᠠᠬᠢᠯᠭ᠋ᠠᠨ ᠬᠦᠴᠦᠨ᠂ ᠱᠦᠢ᠍ᠨᠢ᠂ ᠰᠢᠯ᠂ ᠬᠢᠮᠢ ᠵᠢᠨ ᠠᠵᠤ ᠦᠢ᠍ᠯᠡᠳᠪᠦᠷᠢ᠂ ᠡᠮ᠎ᠤᠨ ᠦᠢ᠍ᠯᠡᠳᠪᠦᠷᠢ᠂ ᠲᠣᠭᠣᠰᠬ᠎ᠠ ᠸᠠᠭ᠋ᠠᠷ᠎ᠤᠨ ᠤᠭᠤᠷᠬᠠᠢ᠂ ᠨᠡᠭᠦᠷᠡᠰᠦᠲᠥ᠋ᠷᠥᠭᠴᠢ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠵᠢᠴᠢ ᠲᠣᠭᠣᠰᠣ ᠰᠢᠷᠣᠢ ᠵᠢᠨ ᠬᠠᠮᠢᠶᠠᠷᠤᠯᠲᠠ ᠡᠵᠡᠮᠳᠡᠯ᠎ᠳᠤ ᠪᠦᠬᠦ ᠲᠠᠯ᠎ᠠ ᠵᠢᠨ᠂ ᠵᠠᠢ ᠵᠠᠪᠰᠠᠷ ᠦᠭᠡᠢ ᠢᠯᠭ᠋ᠠᠨ ᠪᠠᠢ᠌ᠴᠠᠭ᠋ᠠᠯᠲᠠ ᠥᠷᠨᠢᠭᠦᠯᠵᠡᠢ᠃
ᠡᠭᠦᠨ᠎ᠤ ᠬᠠᠮᠲᠤ᠂ ᠰᠢᠶᠠᠩ ᠪᠠᠯᠭ᠋ᠠᠰᠤ (ᠵᠡᠭᠡᠯᠢ ᠭᠤᠳᠤᠮᠵᠢ)᠂ ᠲᠣᠰᠬᠤᠨ (ᠨᠡᠢ᠌ᠭᠡᠮ ᠲᠣᠭᠣᠷᠢᠭ)᠎ᠤ ᠬᠠᠷᠢᠶᠠᠯᠠᠭᠳᠠᠬᠤ ᠭᠠᠵᠠᠷ᠎ᠤᠨ ᠬᠠᠷᠢᠭᠤᠴᠠᠯᠭ᠎ᠠ ᠵᠢ ᠴᠢᠩᠭ᠋ᠠᠷᠠᠭᠤᠯᠤᠨ᠂ ᠰᠢᠶᠠᠩ ᠪᠠᠯᠭ᠋ᠠᠰᠤ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠰᠤᠭ ᠪᠠ ᠲᠣᠣᠷ ᠴᠡᠭ᠎ᠤᠨ ᠬᠠᠮᠢᠶᠠᠷᠤᠭᠴᠢᠳ᠎ᠤᠨ ᠲᠤᠬᠠᠢ ᠵᠢᠨ ᠲᠠᠯᠠᠪᠤᠷ᠎ᠲᠤ ᠬᠢᠨᠠᠨ ᠬᠠᠮᠢᠶᠠᠷᠬᠤ ᠵᠢᠨ 《ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ》᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠬᠠᠭᠤᠯᠭ᠎ᠠ ᠬᠢᠵᠦ ᠬᠥᠲᠥᠯᠥᠨ ᠵᠢᠯᠣᠭᠣᠳᠬᠤ ᠵᠢ ᠴᠢᠩᠭ᠋ᠠᠳᠬᠠᠵᠤ᠂ ᠡᠰᠢ ᠰᠦᠷᠢᠯᠢ ᠭᠠᠯᠳᠠᠬᠤ ᠵᠢ ᠴᠠᠭ᠋ᠠᠵᠠᠯᠠᠬᠤ᠂ ᠬᠣᠭ ᠨᠣᠪᠰᠢ ᠵᠢ ᠭᠠᠯᠳᠠᠨ ᠰᠢᠲᠠᠭ᠋ᠠᠬᠤ᠂ ᠲᠠᠷᠠᠬᠠᠢ ᠪᠤᠲᠠᠷᠬᠠᠢ ᠪᠥᠭᠡᠳ ᠡᠮᠬᠢ ᠵᠠᠮᠪᠠᠷᠠᠭ᠎ᠠ ᠦᠭᠡᠢ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ᠎ᠪᠠᠷ ᠴᠢᠩᠭ᠎ᠠ ᠬᠢᠨᠠᠵᠤ᠂ ᠪᠣᠬᠢᠷᠲᠤᠯ᠎ᠤᠨ ᠳᠠᠯᠳᠠ ᠭᠡᠮ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ ᠪᠠᠢ᠌ᠨ᠎ᠠ᠃