ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠰᠧᠴᠤᠸᠠᠨ ᠬᠠᠤᠯᠢ ᠲᠣᠭᠲᠠᠭ᠋ᠠᠵᠤ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠵᠤ ᠪᠠᠢ᠌ᠨ᠎ᠠ
ᠨᠡᠶ᠋ᠢᠲᠡᠯᠡᠭᠰᠡᠨ ᠴᠠᠭ᠄ 2018-12-17

       12 ᠳ᠋ᠤᠭ᠋ᠠᠷ ᠰᠠᠷ᠎ᠠ ᠵᠢᠨ 4᠎ᠤ ᠡᠳᠦᠷ ᠬᠤᠷᠠᠯᠳᠤᠭᠤᠯᠤᠭᠰᠠᠨ ᠰᠧᠴᠤᠸᠠᠨ ᠮᠤᠵᠢ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠠᠯ᠎ᠤᠨ ᠨᠠᠢ᠍ᠮᠠᠳᠤᠭ᠋ᠠᠷ ᠤᠳᠠᠭ᠋ᠠᠨ᠎ᠤ ᠬᠤᠷᠠᠯ ᠳᠡᠭᠡᠷ᠎ᠡ᠂ 《ᠰᠧᠴᠤᠸᠠᠨ ᠮᠤᠵᠢ ᠵᠢᠨ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ (ᠡᠬᠡ ᠨᠣᠣᠷᠠᠭ)》᠎ᠢ ᠳᠡᠪᠰᠢᠭᠦᠯᠵᠦ ᠬᠢᠨᠠᠨ ᠵᠥᠪᠯᠡᠭᠦᠯᠪᠡ᠂ ᠡᠨᠡ ᠪᠣᠯ ᠲᠤᠰ ᠮᠤᠵᠢ ᠵᠢᠨ ᠠᠩᠬ᠎ᠠ ᠤᠳᠠᠭ᠎ᠠ ᠲᠤᠰᠠᠭ᠋ᠠᠷ ᠵᠶ᠋ᠠᠨ ᠰᠠᠪᠠ ᠭᠠᠵᠠᠷ᠎ᠤᠨ ᠬᠠᠤᠯᠢ ᠲᠣᠭᠲᠠᠭ᠋ᠠᠬᠤ ᠠᠷᠭ᠎ᠠ ᠬᠡᠯᠪᠡᠷᠢ᠎ᠪᠠᠷ ᠪᠣᠬᠢᠷᠲᠤᠯ᠎ᠳᠤ ᠵᠠᠰᠠᠯᠲᠠ ᠬᠢᠭᠰᠡᠨ ᠶᠠᠪᠤᠳᠠᠯ ᠪᠣᠯᠣᠨ᠎ᠠ᠃
      ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠠᠷᠤᠭ᠎ᠠ ᠢᠦᠢ ᠬᠤᠢ ᠸᠧᠨ 《ᠳᠦᠷᠢᠮ (ᠡᠬᠡ ᠨᠣᠣᠷᠠᠭ)》᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠣᠳᠣᠷᠬᠠᠢ᠌ᠯᠠᠬᠤ᠎ᠳᠤ᠎ᠪᠠᠨ᠂ ᠤᠰᠤᠨ᠎ᠤ ᠡᠬᠢ ᠪᠠᠶᠠᠯᠢᠭ᠎ᠤᠨ ᠨᠡᠭᠡᠭᠡᠨ   ᠬᠥᠭᠵᠢᠭᠦᠯᠬᠦ   ᠡᠷᠴᠢᠮ᠎ᠨᠢ   ᠶᠡᠬᠡ᠂ ᠤᠰᠤᠨ᠎ᠤ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠭᠦᠢ᠍ᠴᠡᠳ ᠪᠤᠰᠤ᠂ ᠠᠵᠤ ᠠᠬᠤᠢ ᠵᠢᠨ ᠬᠥᠭᠵᠢᠯᠲᠡ ᠬᠢᠭᠡᠳ ᠣᠷᠴᠢᠨ ᠲᠣᠭᠣᠷᠢᠨ᠎ᠤ ᠠᠴᠢᠶᠠᠯᠠᠬᠤ ᠴᠢᠳᠠᠪᠤᠷᠢ ᠵᠢᠨ ᠬᠣᠭᠣᠷᠣᠨᠳᠤᠬᠢ ᠲᠡᠩᠴᠡᠭᠦᠷᠢ ᠦᠭᠡᠢ ᠪᠠᠢ᠌ᠳᠠᠯ᠎ᠨᠢ ᠰᠠᠪᠠ ᠭᠠᠵᠠᠷ᠎ᠤᠨ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠠᠮᠤᠷ ᠲᠦᠪᠰᠢᠨ᠎ᠢ ᠬᠦᠨᠳᠦ ᠨᠣᠴᠢᠲᠠᠢ ᠨᠥᠯᠥᠭᠡᠯᠡᠵᠦ᠂ ᠲᠦᠸᠧ ᠵᠢᠶᠠᠩ ᠮᠥᠷᠡᠨ᠎ᠤ ᠰᠠᠪᠠ ᠭᠠᠵᠠᠷ᠎ᠨᠢ ᠨᠢᠭᠡᠨᠲᠡ ᠮᠠᠨ᠎ᠤ ᠮᠤᠵᠢ ᠵᠢᠨ ᠪᠣᠬᠢᠷᠲᠤᠯ᠎ᠤᠨ ᠬᠡᠮᠵᠢᠶ᠎ᠡ᠎ᠪᠠᠷ ᠬᠠᠮᠤᠭ᠎ᠤᠨ ᠬᠦᠨᠳᠦ ᠨᠣᠴᠢᠲᠠᠢ ᠰᠠᠪᠠ ᠭᠠᠵᠠᠷ ᠪᠣᠯᠪᠠ ᠭᠡᠵᠦ ᠲᠠᠨᠢᠯᠴᠠᠭᠤᠯᠪᠠ᠃ 《ᠡᠢ᠌ᠮᠦ᠎ᠠᠴᠠ᠂ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠲᠦᠷᠭᠡᠬᠡᠨ ᠰᠢᠢ᠍ᠳᠪᠦᠷᠢᠯᠡᠵᠦ᠂ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠪᠦᠬᠦ ᠲᠠᠯ᠎ᠠ᠎ᠪᠠᠷ ᠰᠠᠢ᠌ᠵᠢᠷᠠᠭᠤᠯᠬᠤ ᠪᠠ ᠬᠠᠮᠠᠭ᠋ᠠᠯᠠᠬᠤ᠎ᠳᠤ ᠬᠠᠤᠯᠢ ᠳᠦᠷᠢᠮ᠎ᠤᠨ ᠪᠠᠲᠤᠯᠠᠭ᠎ᠠ ᠬᠠᠩᠭ᠋ᠠᠬᠤ᠎ᠳᠤ᠂ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠳᠦᠷᠢᠮ᠎ᠢ ᠲᠣᠭᠲᠠᠭ᠋ᠠᠬᠤ᠎ᠨᠢ   ᠲᠤᠢ᠌ᠯ ᠎ᠤᠨ ᠴᠢᠬᠤᠯᠠ  ᠎ᠲᠠᠢ ᠪᠠᠢ᠌ᠳᠠᠭ》 ᠭᠡᠵᠦ ᠢᠦᠢ ᠬᠤᠢ ᠸᠧᠨ ᠬᠡᠯᠡᠭᠰᠡᠨ ᠪᠠᠢ᠌ᠨ᠎ᠠ᠃
      《ᠳᠦᠷᠢᠮ (ᠡᠬᠡ ᠨᠣᠣᠷᠠᠭ)》᠎ᠳᠤ ᠬᠡᠷᠡᠭᠯᠡᠭᠳᠡᠬᠦ ᠬᠡᠪᠴᠢᠶ᠎ᠡ᠂ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢᠴᠢ ᠬᠠᠷᠠᠯᠲᠠ ᠵᠢᠨ ᠰᠢᠯᠭ᠋ᠠᠨ ᠬᠢᠨᠠᠯᠲᠠ ᠵᠢᠨ ᠲᠣᠭᠲᠠᠴᠠ ᠵᠢ ᠲᠣᠳᠣᠷᠬᠠᠢ᠌ᠯᠠᠭᠰᠠᠨ᠎ᠤ ᠬᠠᠮᠲᠤ᠂ 《ᠪᠦᠭᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠤᠨ ᠰᠡᠷᠭᠡᠢ᠌ᠯᠡᠨ ᠵᠠᠰᠠᠬᠤ ᠬᠠᠤᠯᠢ》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠵᠢᠷᠤᠮᠯᠠᠨ᠂ ᠣᠯᠠᠨ ᠵᠦᠢ᠍ᠯ᠎ᠤᠨ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠪᠠ᠃ ᠡᠭᠦᠨ᠎ᠳᠤ᠂ ᠡᠬᠢ ᠢᠷᠡᠯᠲᠡ ᠵᠢᠨ ᠬᠠᠮᠢᠶᠠᠷᠤᠯᠲᠠ ᠵᠢᠨ ᠲᠠᠯ᠎ᠠ᠎ᠪᠠᠷ ᠪᠣᠬᠢᠷᠲᠤᠯ ᠡᠳ᠋ ᠭᠠᠳᠠᠭᠰᠢᠯᠠᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠂ ᠴᠠᠭ᠋ᠠᠵᠠᠯᠠᠬᠤ ᠪᠠ ᠬᠢᠵᠠᠭ᠋ᠠᠷᠯᠠᠬᠤ ᠣᠷᠣᠨ ᠬᠡᠪᠴᠢᠶ᠎ᠡ ᠵᠢ ᠬᠤᠪᠢᠶᠠᠷᠢᠯᠠᠨ ᠲᠣᠭᠲᠠᠭ᠋ᠠᠵᠤ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠠᠷᠠᠯᠲᠠ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶᠡᠨ᠎ᠤ ᠬᠢᠵᠠᠭ᠋ᠠᠷᠯᠠᠯ᠂ ᠠᠮᠢ ᠠᠬᠤᠢ ᠵᠢᠨ ᠣᠷᠴᠢᠨ ᠲᠣᠭᠣᠷᠢᠨ᠎ᠤ ᠵᠥᠪᠰᠢᠶᠡᠷᠡᠨ ᠣᠷᠣᠭᠤᠯᠬᠤ ᠨᠠᠷᠢᠨ ᠬᠠᠭᠤᠳᠠᠰᠤ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠬᠡᠷᠡᠭᠵᠢᠭᠦᠯᠬᠦ; ᠶᠠᠪᠤᠴᠠ ᠵᠢᠨ ᠬᠠᠮᠢᠶᠠᠷᠤᠯᠲᠠ ᠵᠢᠨ ᠲᠠᠯ᠎ᠠ᠎ᠪᠠᠷ ᠣᠷᠣᠨ ᠬᠡᠪᠴᠢᠶ᠎ᠡ ᠵᠢᠨ ᠬᠢᠵᠠᠭ᠋ᠠᠷᠯᠠᠨ ᠵᠥᠪᠰᠢᠶᠡᠷᠡᠬᠦ ᠪᠠ ᠪᠣᠯᠵᠣᠨ ᠶᠠᠷᠢᠯᠴᠠᠵᠤ ᠬᠢᠨᠠᠯᠲᠠ ᠲᠠᠯᠪᠢᠬᠤ ᠳᠦᠷᠢᠮ᠎ᠤᠨ ᠪᠣᠳᠠᠲᠠᠢ ᠲᠥᠯᠥᠪ ᠪᠠᠢ᠌ᠳᠠᠯ᠎ᠢ ᠨᠠᠷᠢᠯᠢᠭᠵᠢᠭᠤᠯᠤᠨ᠂ ᠠᠵᠢᠯᠯᠠᠭᠤᠯᠤᠨ ᠬᠡᠷᠡᠭᠵᠢᠭᠦᠯᠬᠦ᠎ᠳᠤ ᠳᠥᠭᠥᠮ ᠪᠣᠯᠭ᠋ᠠᠬᠤ᠂ ᠵᠢᠴᠢ ᠰᠠᠪᠠ ᠭᠠᠵᠠᠷ᠎ᠤᠨ ᠨᠢᠭᠡᠳᠦᠯᠲᠡᠢ ᠲᠥᠯᠥᠪᠵᠢᠭᠦᠯᠭᠡ ᠵᠢᠨ ᠲᠠᠯ᠎ᠠ᠎ᠪᠠᠷ ᠪᠦᠬᠦ ᠰᠠᠪᠠ ᠭᠠᠵᠠᠷ᠎ᠤᠨ ᠵᠣᠬᠢᠴᠠᠭᠤᠯᠵᠤ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠪᠠ ᠮᠡᠳᠡᠭᠡ ᠵᠠᠩᠭᠢᠵᠢᠯᠲᠠ ᠵᠢᠨ ᠬᠢᠨᠠᠨ ᠬᠡᠮᠵᠢᠵᠦ ᠬᠠᠮᠢᠶᠠᠷᠬᠤ ᠲᠠᠪᠴᠠᠩ᠎ᠢ ᠪᠠᠢ᠌ᠭᠤᠯᠵᠤ᠂ ᠰᠠᠪᠠ ᠭᠠᠵᠠᠷ᠎ᠤᠨ ᠬᠠᠮᠲᠤᠷᠠᠨ ᠵᠠᠰᠠᠬᠤ ᠵᠢ ᠪᠡᠶᠡᠯᠡᠭᠦᠯᠬᠦ ᠵᠢ ᠪᠠᠭᠲᠠᠭ᠋ᠠᠵᠤ ᠪᠠᠢ᠌ᠨ᠎ᠠ᠃
      ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠴᠢᠭᠯᠡᠯᠲᠦ ᠴᠢᠨᠠᠷᠲᠠᠢ᠎ᠪᠠᠷ ᠠᠬᠢᠭᠤᠯᠬᠤ ᠵᠢᠨ ᠲᠤᠰᠠᠳᠠ᠂ 《ᠳᠦᠷᠢᠮ (ᠡᠬᠡ ᠨᠣᠣᠷᠠᠭ)》᠎ᠳᠤ ᠲᠤᠢ᠌ᠯ᠎ᠤᠨ ᠣᠨᠣᠪᠴᠢᠲᠠᠢ᠎ᠪᠠᠷ ᠵᠠᠰᠠᠯᠲᠠ ᠬᠢᠬᠦ ᠲᠠᠯ᠎ᠠ᠎ᠪᠠᠷ᠂ ᠶᠡᠷᠦᠩᠬᠡᠢ ᠹᠣᠰᠹᠣᠷ᠂ ᠬᠣᠲᠠ ᠬᠥᠳᠡᠭᠡ ᠵᠢᠨ ᠠᠮᠢᠳᠤᠷᠠᠯ᠎ᠤᠨ ᠪᠣᠬᠢᠷ ᠤᠰᠤ ᠬᠣᠭ ᠨᠣᠪᠰᠢ᠂ ᠬᠠᠷ᠎ᠠ ᠦᠮᠡᠬᠡᠢ ᠤᠰᠤᠨ ᠴᠣᠭᠴᠠ᠂ ᠠᠵᠤ ᠦᠢ᠍ᠯᠡᠳᠪᠦᠷᠢ ᠵᠢᠨ ᠪᠥᠭᠡᠮᠨᠡᠷᠡᠭᠰᠡᠨ ᠣᠷᠣᠨ᠎ᠤ ᠪᠣᠬᠢᠷᠲᠤᠯ ᠡᠳ᠋ ᠭᠠᠳᠠᠭᠰᠢᠯᠠᠭᠤᠯᠬᠤ ᠦᠢ᠍ᠯᠡ ᠠᠵᠢᠯᠯᠠᠭ᠎ᠠ ᠵᠢᠴᠢ ᠲᠠᠷᠢᠶᠠᠯᠠᠩ ᠮᠠᠯ ᠵᠢᠭᠦᠷᠲᠡᠨ ᠤᠰᠤᠨ ᠭᠠᠷᠤᠯᠲᠠ ᠲᠡᠵᠢᠭᠡᠪᠦᠷᠢ ᠵᠡᠷᠭᠡ ᠵᠢᠨ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠲᠠᠯ᠎ᠠ᠎ᠪᠠᠷ᠂ ᠪᠣᠳᠠᠲᠠᠢ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃ ᠲᠦᠸᠧ ᠵᠢᠶᠠᠩ ᠮᠥᠷᠡᠨ᠎ᠤ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠵᠣᠬᠢᠴᠠᠯᠳᠤ ᠴᠢᠨᠠᠷ᠎ᠢ ᠳᠡᠭᠡᠭᠰᠢᠯᠡᠭᠦᠯᠬᠦ ᠵᠢᠨ ᠲᠤᠰᠠᠳᠠ᠂ 《ᠳᠦᠷᠢᠮ (ᠡᠬᠡ ᠨᠣᠣᠷᠠᠭ)》᠎ᠳᠤ ᠪᠦᠲᠦᠮᠵᠢ ᠰᠠᠢ᠌ᠲᠠᠢ᠎ᠪᠠᠷ ᠤᠰᠤ ᠠᠷᠪᠢᠯᠠᠬᠤ᠂ ᠡᠷᠭᠢ ᠵᠢᠨ ᠱᠤᠭᠤᠮ᠎ᠤᠨ ᠡᠬᠢ ᠪᠠᠶᠠᠯᠢᠭ᠂ ᠭᠣᠣᠯ᠎ᠤᠨ ᠵᠠᠮ᠎ᠤᠨ ᠬᠠᠮᠠᠭ᠋ᠠᠯᠠᠯᠲᠠ᠂ ᠠᠮᠢ ᠠᠬᠤᠢ ᠵᠢᠨ ᠵᠠᠰᠠᠨ ᠰᠡᠷᠭᠦᠭᠡᠯᠲᠡ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠢᠴᠢ ᠠᠮᠢ ᠠᠬᠤᠢ ᠵᠢᠨ ᠰᠠᠭᠤᠷᠢ ᠤᠷᠤᠰᠬᠠᠯ ᠵᠡᠷᠭᠡ ᠲᠠᠯ᠎ᠠ᠎ᠠᠴᠠ᠂ ᠠᠮᠢ ᠠᠬᠤᠢ ᠵᠢᠨ ᠬᠠᠮᠠᠭ᠋ᠠᠯᠠᠯᠲᠠ ᠵᠢᠨ ᠠᠯᠢ ᠣᠯᠠᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃ 《ᠳᠦᠷᠢᠮ (ᠡᠬᠡ ᠨᠣᠣᠷᠠᠭ)》᠎ᠳᠤ ᠪᠠᠰᠠ᠂ ᠵᠠᠰᠠᠭ᠎ᠤᠨ ᠣᠷᠳᠣᠨ᠎ᠠᠴᠠ ᠨᠡᠢ᠌ᠲᠡ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠢ᠌ᠷᠢ ᠲᠣᠬᠢᠷᠠᠭᠤᠯᠬᠤ ᠪᠤᠶᠤ ᠦᠢ᠍ᠯᠡᠴᠢᠯᠡᠭᠡ ᠬᠤᠳᠠᠯᠳᠤᠨ ᠠᠪᠬᠤ ᠵᠢᠴᠢ ᠨᠡᠢ᠌ᠭᠡᠮ᠎ᠤᠨ ᠬᠢᠨᠠᠯᠲᠠ ᠲᠠᠯᠪᠢᠭᠴᠢ ᠵᠢ ᠤᠷᠢᠨ ᠬᠡᠷᠡᠭᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠡᠷᠬᠡᠲᠦ ᠠᠷᠠᠳ᠂ ᠬᠠᠤᠯᠢ ᠵᠢᠨ ᠡᠷᠬᠡᠲᠡᠨ ᠪᠤᠶᠤ ᠪᠤᠰᠤᠳ ᠵᠣᠬᠢᠶᠠᠨ ᠪᠠᠢ᠌ᠭᠤᠯᠤᠯᠲᠠ ᠵᠢ ᠬᠥᠲᠥᠯᠥᠨ ᠵᠢᠯᠣᠭᠣᠳᠴᠤ ᠪᠠᠢ᠌ᠭ᠋ᠠᠳ ᠤᠰᠤᠨ ᠣᠷᠣᠨ᠎ᠳᠤ ᠴᠠᠭᠳᠠᠨ ᠪᠠᠢ᠌ᠴᠠᠭ᠋ᠠᠯᠲᠠ ᠬᠢᠬᠦ᠂ ᠬᠢᠨᠠᠯᠲᠠ ᠲᠠᠯᠪᠢᠨ ᠦᠨᠡᠯᠡᠯᠲᠡ ᠬᠢᠬᠦ ᠵᠡᠷᠭᠡ ᠠᠵᠢᠯ᠎ᠳᠤ ᠣᠷᠣᠯᠴᠠᠭᠤᠯᠵᠤ ᠪᠣᠯᠣᠨ᠎ᠠ ᠭᠡᠵᠦ ᠳᠤᠷᠠᠳᠤᠨ ᠭᠠᠷᠭ᠋ᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠾᠧᠪᠧᠢ ᠲᠤᠢ᠌ᠯ᠎ᠤᠨ ᠣᠨᠣᠪᠴᠢᠲᠠᠢ᠎ᠪᠠᠷ ᠬᠠᠤᠯᠢ ᠬᠡᠷᠡᠭᠵᠢᠭᠦᠯᠦᠨ ᠴᠢᠭᠯᠡᠯ᠎ᠲᠠᠢ᠎ᠪᠠᠷ ᠬᠠᠤᠯᠢ ᠵᠢ ᠲᠦᠭᠡᠮᠡᠯᠵᠢᠭᠦᠯᠵᠦ ᠨᠠᠮᠤᠷ ᠡᠪᠦᠯ᠎ᠤᠨ ᠤᠯᠠᠷᠢᠯ᠎ᠤᠨ ᠬᠣᠶᠠᠳᠤᠭ᠋ᠠᠷ ᠡᠭᠡᠯᠵᠢ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ᠎ᠳᠠᠬᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ
ᠾᠧᠪᠧᠢ ᠵᠢᠨ ᠡᠯ᠎ᠡ ᠭᠠᠵᠠᠷ᠎ᠤᠨ᠎ᠬᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠵᠦ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ
ᠰᠧᠴᠤᠸᠠᠨ ᠮᠤᠵᠢ ᠵᠢᠨ 4 ᠲᠣᠭᠣᠷᠢᠭ (ᠰᠢᠶᠠᠨ)᠎ᠨᠢ ᠬᠣᠶᠠᠳᠤᠭ᠋ᠠᠷ ᠪᠦᠯᠦᠭ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》᠎ᠤ ᠴᠣᠯᠠ ᠬᠦᠷᠲᠡᠪᠡ
ᠳᠤᠮᠳᠠᠳᠤ ᠤᠯᠤᠰ᠎ᠤᠨ ᠴᠤᠷ᠎ᠤᠨ ᠭᠠᠭᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠪᠣᠯᠬᠤ ᠰᠧᠴᠤᠸᠠᠨ ᠮᠤᠵᠢ ᠵᠢᠨ ᠮᠢᠶᠠᠨᠶᠠᠩ ᠬᠣᠲᠠ᠎ᠳᠤ ᠳᠠᠬᠢᠨ 《ᠪᠣᠬᠢᠷᠲᠤᠯ ᠦᠭᠡᠢ ᠨᠡᠷ᠎ᠡ ᠵᠢᠨ ᠬᠠᠭᠤᠳᠠᠰᠤ》 ᠵᠢ ᠨᠡᠮᠡᠷᠢᠯᠡᠪᠡ
175 ᠠᠵᠤ ᠠᠬᠤᠢ᠌ᠯᠠᠯ᠎ᠠᠴᠠ 16 ᠠᠵᠤ ᠠᠬᠤᠢ᠌ᠯᠠᠯ ᠪᠣᠯᠣᠭᠰᠠᠨ᠄ ᠳ᠋ᠢᠶᠠᠨ ᡂᠢ ᠵᠢᠨ ᠬᠣᠲᠠ ᠵᠢᠨ ᠬᠡᠯᠪᠡᠷᠢ᠎ᠪᠠᠨ ᠬᠤᠪᠢᠷᠠᠭᠤᠯᠤᠭᠰᠠᠨ ᠵᠠᠮ
 
             蒙ICP备05000248号