ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠾᠧᠪᠧᠢ ᠲᠤᠢ᠌ᠯ᠎ᠤᠨ ᠣᠨᠣᠪᠴᠢᠲᠠᠢ᠎ᠪᠠᠷ ᠬᠠᠤᠯᠢ ᠬᠡᠷᠡᠭᠵᠢᠭᠦᠯᠦᠨ ᠴᠢᠭᠯᠡᠯ᠎ᠲᠠᠢ᠎ᠪᠠᠷ ᠬᠠᠤᠯᠢ ᠵᠢ ᠲᠦᠭᠡᠮᠡᠯᠵᠢᠭᠦᠯᠵᠦ ᠨᠠᠮᠤᠷ ᠡᠪᠦᠯ᠎ᠤᠨ ᠤᠯᠠᠷᠢᠯ᠎ᠤᠨ ᠬᠣᠶᠠᠳᠤᠭ᠋ᠠᠷ ᠡᠭᠡᠯᠵᠢ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ᠎ᠳᠠᠬᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠪᠦᠲᠦᠮᠵᠢᠲᠡᠢ ᠰᠢᠢ᠍ᠳᠪᠦᠷᠢᠯᠡᠪᠡ
ᠨᠡᠶ᠋ᠢᠲᠡᠯᠡᠭᠰᠡᠨ ᠴᠠᠭ᠄ 2018-12-17

       8886 ᠠᠵᠤ ᠠᠬᠤᠢ᠌ᠯᠠᠯ᠎ᠳᠤ ᠪᠠᠢ᠌ᠴᠠᠭ᠋ᠠᠯᠲᠠ ᠬᠢᠭᠡᠳ᠂ ᠠᠰᠠᠭᠤᠳᠠᠯ ᠣᠷᠣᠰᠢᠵᠤ ᠪᠠᠢ᠌ᠭ᠎ᠠ 2019 ᠠᠵᠤ ᠠᠬᠤᠢ᠌ᠯᠠᠯ᠎ᠢ ᠢᠯᠡᠷᠡᠭᠦᠯᠵᠦ᠂ ᠡᠯ᠎ᠡ ᠲᠥᠷᠥᠯ᠎ᠤᠨ ᠠᠭᠤᠷ ᠠᠮᠢᠰᠬᠤᠯ᠎ᠳᠤ ᠬᠣᠯᠪᠣᠭᠳᠠᠭᠰᠠᠨ 2128 ᠣᠷᠴᠢᠨ ᠲᠣᠭᠣᠷᠢᠨ᠎ᠤ ᠠᠰᠠᠭᠤᠳᠠᠯ᠎ᠢ ᠬᠠᠮᠤᠷᠪᠠ᠃ ᠲᠡᠭᠦᠨ᠎ᠤ ᠳᠣᠲᠣᠷ᠎ᠠ 13 ᠠᠵᠤ ᠠᠬᠤᠢ᠌ᠯᠠᠯ᠎ᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠨ ᠬᠠᠭ᠋ᠠᠵᠤ ᠵᠣᠭᠰᠣᠭ᠋ᠠᠨ᠂ ᠬᠠᠤᠯᠢ᠎ᠠᠴᠠ ᠵᠥᠷᠢᠴᠡᠭᠰᠡᠨ 48 ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠦᠢ᠍ᠯᠡᠳᠪᠦᠷᠢᠯᠡᠯ᠎ᠢ᠎ᠨᠢ ᠬᠢᠵᠠᠭ᠋ᠠᠷᠯᠠᠵᠤ᠂ 3 ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠪᠡ᠃ ᠡᠨᠡ ᠬᠦ᠌ ᠪᠦᠯᠦᠭ ᠲᠣᠭ᠎ᠠ᠎ᠨᠢ 11 ᠳ᠋ᠦ᠍ᠭᠡᠷ ᠰᠠᠷ᠎ᠠ ᠵᠢᠨ 16᠎ᠤ ᠡᠳᠦᠷ᠎ᠠᠴᠠ 30᠎ᠤ ᠡᠳᠦᠷ ᠪᠣᠯᠲᠠᠯ᠎ᠠ᠂ ᠾᠧᠪᠧᠢ ᠵᠢᠨ ᠥᠷᠨᠢᠭᠦᠯᠦᠭᠰᠡᠨ 2018 — 2019 ᠣᠨ᠎ᠤ ᠨᠠᠮᠤᠷ ᠡᠪᠦᠯ᠎ᠤᠨ ᠤᠯᠠᠷᠢᠯ᠎ᠤᠨ ᠬᠣᠶᠠᠳᠤᠭ᠋ᠠᠷ ᠡᠭᠡᠯᠵᠢ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠳᠤᠮᠳᠠ ᠠᠭᠤᠷ ᠠᠮᠢᠰᠬᠤᠯ᠎ᠳᠤ ᠬᠣᠯᠪᠣᠭᠳᠠᠭᠰᠠᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠦᠨᠳᠦ ᠴᠣᠬᠢᠯᠲᠠ ᠥᠭᠴᠦ ᠰᠠᠢ᠌ᠨ ᠦᠷ᠎ᠡ ᠪᠦᠲᠦᠮᠵᠢ ᠣᠯᠣᠭᠰᠠᠨ᠎ᠢ ᠰᠢᠭᠤᠳ ᠲᠤᠰᠬᠠᠵᠠᠢ᠃
    ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠰᠦᠯᠵᠢᠶ᠎ᠡ᠎ᠪᠠᠷ ᠰᠢᠭᠤᠳ ᠨᠡᠪᠲᠡᠷᠡᠭᠦᠯᠦᠨ ᠢᠯᠡ ᠲᠣᠳᠣ ᠪᠣᠯᠭ᠋ᠠᠵᠤ ᠪᠦᠬᠦ ᠨᠡᠢ᠌ᠭᠡᠮ᠎ᠤᠨ᠎ᠬᠢᠨ᠎ᠢ ᠤᠷᠢᠵᠤ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ᠎ᠳᠤ ᠬᠠᠮᠲᠤ᠎ᠪᠠᠷ ᠣᠷᠣᠯᠴᠠᠭᠤᠯᠪᠠ
      ᠰᠦᠯᠵᠢᠶᠡᠨ᠎ᠤ ᠠᠷᠭ᠎ᠠ ᠠᠪᠴᠢᠯ᠎ᠢ ᠠᠰᠢᠭᠯᠠᠨ᠂ ᠰᠦᠯᠵᠢᠶ᠎ᠡ᠎ᠪᠠᠷ ᠰᠢᠭᠤᠳ ᠨᠡᠪᠲᠡᠷᠡᠭᠦᠯᠬᠦ ᠵᠢ ᠥᠷᠨᠢᠭᠦᠯᠬᠦ ᠪᠣᠯ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠵᠢᠷᠤᠮᠵᠢᠭᠤᠯᠤᠯᠲᠠ ᠵᠢ ᠠᠬᠢᠭᠤᠯᠬᠤ ᠵᠢᠨ ᠨᠢᠭᠡᠨ ᠤᠳᠠᠭ᠋ᠠᠨ᠎ᠤ ᠰᠢᠨ᠎ᠡ ᠵᠢ ᠡᠭᠦᠳᠬᠦ ᠲᠤᠷᠰᠢᠯᠲᠠ ᠪᠣᠯᠣᠨ᠎ᠠ᠃ ᠳᠠᠷᠠᠭ᠋ᠠᠯᠠᠨ ᠬᠣᠶᠠᠷ ᠡᠭᠡᠯᠵᠢ ᠵᠢᠨ ᠠᠵᠢᠯᠯᠠᠭ᠎ᠠ ᠳᠤᠮᠳᠠ᠂ ᠲᠥᠪ᠎ᠤᠨ ᠲᠧᠯᠸᠢᠰ᠎ᠤᠨ ᠰᠣᠨᠢᠨ ᠮᠡᠳᠡᠭᠡ᠂ ᠸᠠᠩ ᠢ ᠰᠣᠨᠢᠨ ᠮᠡᠳᠡᠭᠡ᠎ᠨᠢ ᠮᠠᠨ᠎ᠤ ᠮᠤᠵᠢ ᠵᠢᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠵᠢ ᠳᠠᠭ᠋ᠠᠵᠤ᠂ ᠬᠠᠷᠢᠯᠴᠠᠨ ᠦᠢ᠍ᠯᠡᠳᠦᠯᠴᠡᠭᠦᠯᠵᠦ ᠪᠠᠢ᠌ᠭ᠋ᠠᠳ ᠬᠠᠤᠯᠢ ᠬᠡᠷᠡᠭᠵᠢᠭᠦᠯᠬᠦ᠎ᠨᠢ ᠠᠷᠠᠳ᠎ᠤᠨ ᠲᠥᠯᠥᠭᠡ ᠡᠶ᠎ᠡ ᠵᠣᠬᠢᠴᠠᠩᠭᠤᠢ᠎ᠪᠠᠷ ᠰᠣᠯᠢᠯᠴᠠᠵᠤ᠂ ᠣᠯᠠᠨ ᠨᠡᠢ᠌ᠲᠡ ᠵᠢᠨ ᠬᠦᠰᠡᠯ ᠡᠷᠡᠮᠡᠯᠵᠡᠯ᠎ᠳᠤ ᠵᠣᠬᠢᠴᠠᠭᠤᠯᠤᠨ᠂ ᠰᠦᠯᠵᠢᠶᠡᠨ᠎ᠤ ᠠᠨᠳᠠ ᠨᠠᠷ᠎ᠤᠨ ᠣᠷᠴᠢᠨ   ᠲᠣᠭᠣᠷᠢᠨ᠎ᠤ ᠬᠠᠤᠯᠢ   ᠬᠡᠷᠡᠭᠵᠢᠭᠦᠯᠬᠦ   ᠠᠵᠢᠯ᠎ᠳᠠᠬᠢ   ᠰᠠᠨᠠᠯ ᠪᠠ ᠰᠠᠨᠠᠭᠤᠯᠭ᠎ᠠ ᠵᠢ ᠰᠣᠨᠣᠰᠴᠤ᠂ ᠠᠷᠠᠳ᠎ᠤᠨ ᠰᠠᠨᠠᠯ᠎ᠢ ᠪᠦᠬᠦ ᠲᠠᠯ᠎ᠠ᠎ᠪᠠᠷ᠂ ᠰᠢᠭᠤᠳ ᠣᠢ᠌ᠯᠠᠭ᠋ᠠᠬᠤ ᠵᠢ ᠪᠡᠶᠡᠯᠡᠭᠦᠯᠵᠦ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ᠎ᠨᠢ ᠠᠷᠠᠳ᠎ᠤᠨ ᠬᠦᠰᠡᠯ᠎ᠢ ᠰᠣᠨᠣᠰᠤᠨ᠂ ᠠᠷᠠᠳ᠎ᠤᠨ ᠰᠠᠨᠠᠯ᠎ᠢ ᠣᠢ᠌ᠯᠠᠭ᠋ᠠᠵᠤ᠂ ᠠᠷᠠᠳ᠎ᠤᠨ ᠬᠦᠴᠢᠷ᠎ᠢ ᠰᠢᠢ᠍ᠳᠪᠦᠷᠢᠯᠡᠬᠦ ᠵᠢᠨ ᠴᠢᠬᠤᠯᠠ ᠠᠷᠭ᠎ᠠ ᠵᠠᠮ ᠪᠣᠯᠵᠠᠢ᠃ ᠬᠠᠤᠯᠢ ᠬᠡᠷᠡᠭᠵᠢᠭᠦᠯᠬᠦ ᠵᠢ ᠵᠢᠷᠤᠮᠵᠢᠭᠤᠯᠬᠤ᠂ ᠲᠣᠳᠣᠷᠠᠭᠤᠯᠬᠤ᠂ ᠢᠯᠡ ᠪᠣᠯᠭ᠋ᠠᠬᠤ ᠵᠢ ᠲᠠᠰᠤᠷᠠᠯᠲᠠ ᠦᠭᠡᠢ ᠴᠢᠩᠭ᠋ᠠᠳᠬᠠᠪᠠ᠃ ᠪᠢᠳᠡ ᠡᠭᠦᠨ ᠵᠶ᠋ᠠᠷ ᠳᠠᠮᠵᠢᠭᠤᠯᠤᠨ ᠬᠠᠤᠯᠢ ᠬᠡᠷᠡᠭᠵᠢᠭᠦᠯᠦᠭᠴᠢᠳ᠎ᠤᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠲᠤᠬᠠᠢ᠌ᠯᠠᠭᠰᠠᠨ ᠠᠵᠢᠯ᠎ᠤᠨ ᠪᠠᠶᠠᠯᠢᠭ ᠮᠡᠳᠡᠯᠭᠡ ᠵᠢ ᠪᠣᠯᠪᠠᠰᠤᠷᠠᠩᠭᠤᠢ   ᠡᠵᠡᠮᠰᠢᠭᠰᠡᠨ ᠵᠶ᠋ᠡᠷ ᠪᠠᠷᠠᠬᠤ ᠦᠭᠡᠢ᠂ ᠣᠯᠠᠨ ᠲᠦᠮᠡᠨ᠎ᠤ ᠰᠣᠨᠣᠰᠤᠨ ᠣᠢ᠌ᠯᠠᠭ᠋ᠠᠵᠤ ᠴᠢᠳᠠᠬᠤ ᠣᠢ᠌ᠯᠠᠭ᠋ᠠᠮᠵᠢᠲᠠᠢ ᠦᠭᠡ ᠬᠡᠯᠡᠯᠭᠡ ᠵᠢ ᠬᠡᠷᠡᠭᠯᠡᠨ ᠰᠣᠯᠢᠯᠴᠠᠭ᠎ᠠ ᠬᠢᠵᠦ᠂ ᠣᠯᠠᠨ ᠲᠦᠮᠡᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠬᠠᠷᠠᠯᠲᠠ ᠪᠠ ᠵᠣᠷᠢᠯᠲᠠ ᠵᠢ ᠦᠨᠡᠨ ᠬᠦ᠌ ᠣᠢ᠌ᠯᠠᠭ᠋ᠠᠭᠤᠯᠤᠨ᠂ ᠬᠠᠤᠯᠢ ᠬᠡᠷᠡᠭᠵᠢᠭᠦᠯᠬᠦ ᠰᠠᠢ᠌ᠨ ᠰᠠᠢ᠌ᠬᠠᠨ ᠦᠷ᠎ᠡ ᠪᠦᠲᠦᠮᠵᠢ ᠣᠯᠣᠭᠰᠠᠨ᠎ᠢ ᠮᠡᠳᠡᠵᠦ ᠪᠣᠯᠣᠨ᠎ᠠ᠃ ᠣᠯᠠᠨ ᠲᠦᠮᠡᠨ᠎ᠤ ᠠᠩᠬᠠᠷᠤᠯ ᠬᠠᠯᠠᠮᠵᠢᠯᠠᠯ ᠳᠣᠣᠷ᠎ᠠ᠂ ᠬᠠᠤᠯᠢ ᠬᠡᠷᠡᠭᠵᠢᠭᠦᠯᠦᠭᠴᠢᠳ ᠲᠤᠰ ᠪᠡᠶ᠎ᠡ ᠵᠢᠨ ᠵᠶ᠋ᠡᠨ ᠬᠠᠤᠯᠢ ᠬᠡᠷᠡᠭᠵᠢᠭᠦᠯᠬᠦ ᠦᠢ᠍ᠯᠡ ᠠᠵᠢᠯᠯᠠᠭ᠎ᠠ᠎ᠪᠠᠨ ᠴᠢᠩᠭ᠎ᠠ ᠬᠢᠵᠠᠭ᠋ᠠᠷᠯᠠᠵᠤ᠂ ᠨᠡᠢ᠌ᠭᠡᠮ ᠪᠠ ᠵᠠᠭᠤᠴᠢᠯᠠᠭᠤᠷ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠪᠡ᠂ ᠡᠨᠡ᠎ᠨᠢ ᠨᠢᠭᠡᠨ ᠤᠳᠠᠭ᠋ᠠᠨ᠎ᠤ ᠲᠤᠬᠠᠢ ᠵᠢᠨ ᠲᠠᠯᠠᠪᠤᠷ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠣᠯᠳᠠᠰᠢ ᠦᠭᠡᠢ ᠮᠥᠷᠲᠡᠭᠡᠨ ᠠᠮᠢᠳᠤᠯᠢᠭ ᠬᠢᠴᠢᠶᠡᠯ ᠵᠢᠴᠢ ᠥᠪᠡᠷ᠎ᠤᠨ ᠪᠡᠶ᠎ᠡ᠎ᠪᠠᠷ ᠵᠶ᠋ᠡᠨ ᠥᠯᠢᠭᠡᠷᠯᠡᠬᠦ ᠮᠠᠶᠢᠭ᠎ᠤᠨ ᠬᠠᠤᠯᠢ ᠲᠦᠭᠡᠮᠡᠯᠵᠢᠭᠦᠯᠬᠦ ᠬᠥᠮᠥᠵᠢᠯ ᠬᠢᠭᠰᠡᠨ᠎ᠲᠠᠢ ᠲᠡᠩᠴᠡᠪᠡ᠃ ᠢᠯᠡ ᠲᠣᠳᠣ ᠵᠢᠨ ᠬᠡᠮᠵᠢᠶ᠎ᠡ᠎ᠪᠠᠷ ᠵᠢᠷᠤᠮᠵᠢᠭᠤᠯᠤᠯᠲᠠ ᠵᠢ ᠠᠬᠢᠭᠤᠯᠤᠨ᠂ ᠨᠡᠢ᠌ᠲᠡ ᠵᠢᠨ ᠢᠲᠡᠭᠡᠭᠦᠯᠬᠦ ᠬᠦᠴᠦᠨ᠎ᠢ ᠳᠡᠭᠡᠭᠰᠢᠯᠡᠭᠦᠯᠵᠦ᠂ ᠴᠢᠩᠭ᠎ᠠ ᠵᠢᠷᠤᠮᠵᠢᠭᠤᠯᠤᠨ ᠬᠠᠤᠯᠢ ᠬᠡᠷᠡᠭᠵᠢᠭᠦᠯᠬᠦ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠬᠤ ᠪᠣᠯ ᠨᠢᠭᠡ ᠵᠦᠢ᠍ᠯ᠎ᠤᠨ ᠬᠡᠪ᠎ᠤᠨ ᠪᠠᠢ᠌ᠳᠠᠯ ᠪᠣᠯᠬᠤ ᠬᠠᠤᠯᠢ ᠬᠡᠷᠡᠭᠵᠢᠭᠦᠯᠬᠦ ᠣᠨᠣᠯᠵᠢᠬᠤᠨ᠎ᠢ ᠪᠣᠢ ᠪᠣᠯᠭ᠋ᠠᠪᠠ᠃ ᠳᠣᠲᠣᠭ᠋ᠠᠳᠤ᠎ᠳᠤ᠎ᠪᠠᠨ᠂ ᠲᠡᠷᠡ᠎ᠨᠢ ᠨᠢᠭᠡ ᠵᠦᠢ᠍ᠯ᠎ᠤᠨ ᠬᠢᠨᠠᠯᠲᠠ ᠲᠠᠯᠪᠢᠯᠲᠠ ᠪᠠ ᠠᠬᠢᠭᠤᠯᠤᠯ ᠪᠣᠯᠬᠤ᠎ᠳᠤ᠂ ᠭᠠᠳᠠᠭᠰᠢ᠎ᠪᠠᠨ ᠪᠣᠯ ᠬᠠᠷᠢᠨ ᠨᠢᠭᠡ ᠵᠦᠢ᠍ᠯ᠎ᠤᠨ ᠬᠠᠷᠢᠯᠴᠠᠨ ᠦᠢ᠍ᠯᠡᠳᠦᠯᠴᠡᠯ ᠪᠠ ᠵᠢᠯᠣᠭᠣᠳᠤᠯᠭ᠎ᠠ ᠪᠣᠯᠣᠨ᠎ᠠ᠃
      ᠣᠷᠴᠢᠨ ᠲᠣᠭᠣᠷᠢᠨ᠎ᠤ ᠬᠢᠨᠠᠯᠲᠠ ᠲᠠᠯᠪᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠢᠯᠡ ᠪᠣᠯᠭ᠋ᠠᠬᠤ᠎ᠳᠤ᠂ ᠨᠢᠭᠡ ᠲᠠᠯ᠎ᠠ᠎ᠪᠠᠷ ᠬᠠᠤᠯᠢ ᠬᠡᠷᠡᠭᠵᠢᠭᠦᠯᠦᠭᠰᠡᠨ ᠪᠠᠢ᠌ᠳᠠᠯ᠎ᠢ ᠪᠦᠬᠦ ᠲᠠᠯ᠎ᠠ᠎ᠪᠠᠷ᠂ ᠴᠠᠭ ᠲᠤᠬᠠᠢ᠎ᠳᠤ᠎ᠨᠢ ᠪᠤᠰᠤᠳᠴᠢ᠎ᠪᠠᠷ ᠨᠡᠢ᠌ᠭᠡᠮ᠎ᠳᠤ ᠢᠯᠡ ᠪᠣᠯᠭ᠋ᠠᠵᠤ᠂ ᠨᠡᠢ᠌ᠭᠡᠮ᠎ᠤᠨ ᠣᠯᠠᠨ ᠲᠦᠮᠡᠨ ᠵᠢᠴᠢ ᠵᠠᠭᠤᠴᠢᠯᠠᠭᠤᠷ᠎ᠤᠨ ᠥᠷᠭᠡᠨ ᠳᠡᠯᠭᠡᠷ ᠬᠢᠨᠠᠯᠲᠠ ᠵᠢ ᠬᠦᠯᠢᠶᠡᠵᠦ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠵᠢ ᠨᠡᠩ ᠲᠥᠪ ᠭᠣᠣᠯᠴᠢ᠂ ᠢᠯᠡ ᠲᠣᠳᠣ᠂ ᠪᠦᠲᠦᠮᠵᠢ ᠰᠠᠢ᠌ᠲᠠᠢ ᠪᠣᠯᠭ᠋ᠠᠨ᠎ᠠ᠃ ᠨᠥᠭᠥᠭᠡ ᠲᠠᠯ᠎ᠠ᠎ᠪᠠᠷ᠂ ᠬᠠᠤᠯᠢ ᠬᠡᠷᠡᠭᠵᠢᠭᠦᠯᠦᠭᠴᠢ᠂ ᠬᠠᠤᠯᠢ ᠴᠠᠭ᠋ᠠᠵᠠ ᠵᠢᠨ ᠬᠦᠯᠢᠶᠡᠰᠦᠯᠡᠯ᠎ᠢ ᠬᠦᠯᠢᠶᠡᠬᠦ ᠡᠲᠡᠭᠡᠳ ᠵᠢᠴᠢ ᠣᠯᠠᠨ ᠲᠦᠮᠡᠨ᠎ᠤ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠪᠡᠶᠡᠯᠡᠭᠦᠯᠵᠦ᠂ ᠡᠭᠦᠨ ᠵᠶ᠋ᠡᠷ ᠳᠠᠮᠵᠢᠭᠤᠯᠤᠨ ᠡᠯ᠎ᠡ ᠲᠠᠯ᠎ᠠ ᠵᠢᠨ᠎ᠬᠢᠨ᠎ᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠴᠡᠭᠴᠡᠯᠡᠨ ᠥᠭᠡᠷᠡᠴᠢᠯᠡᠬᠦ ᠵᠢ ᠠᠬᠢᠭᠤᠯᠤᠨ᠎ᠠ᠃ ᠪᠦᠬᠦ ᠶᠠᠪᠤᠴᠠ ᠵᠢ ᠰᠢᠭᠤᠳ ᠨᠡᠪᠲᠡᠷᠡᠭᠦᠯᠦᠨ᠂ ᠲᠤᠬᠠᠢ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠦᠭᠰᠡᠨ ᠪᠠᠢ᠌ᠳᠠᠯ᠎ᠢ ᠨᠡᠩ ᠦᠨᠡᠨ ᠪᠣᠳᠠᠲᠠᠢ᠎ᠪᠠᠷ᠂ ᠬᠠᠰᠤᠯᠲᠠ ᠨᠡᠮᠡᠯᠲᠡ ᠦᠭᠡᠢ᠎ᠪᠠᠷ ᠢᠯᠡᠷᠡᠭᠦᠯᠵᠦ᠂ ᠢᠷᠡᠭᠡᠳᠦᠢ᠎ᠳᠤ ᠤᠷᠲᠤ ᠬᠤᠭᠤᠴᠠᠭ᠋ᠠᠨ᠎ᠤ ᠪᠣᠯᠭ᠋ᠠᠬᠤ ᠪᠠ ᠬᠡᠪᠰᠢᠵᠢᠭᠦᠯᠬᠦ ᠵᠢᠨ ᠵᠣᠷᠢᠯᠭ᠎ᠠ᠎ᠨᠢ ᠨᠡᠩ ᠣᠯᠠᠨ ᠬᠥᠮᠥᠨ᠎ᠳᠤ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠵᠢ ᠣᠢ᠌ᠯᠠᠭ᠋ᠠᠭᠤᠯᠤᠨ᠂ ᠨᠡᠩ ᠣᠯᠠᠨ ᠬᠥᠮᠥᠨ᠎ᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯᠯᠠᠭ᠎ᠠ᠎ᠳᠤ ᠣᠷᠣᠯᠴᠠᠭᠤᠯᠵᠤ᠂ ᠢᠯᠡ ᠪᠣᠯᠭ᠋ᠠᠬᠤ᠎ᠪᠠᠷ ᠲᠥᠪ ᠭᠣᠣᠯᠴᠢ ᠵᠢ ᠠᠬᠢᠭᠤᠯᠤᠨ᠂ ᠢᠯᠡ ᠪᠣᠯᠭ᠋ᠠᠬᠤ᠎ᠪᠠᠷ ᠵᠢᠷᠤᠮᠵᠢᠭᠤᠯᠤᠯᠲᠠ ᠵᠢ ᠠᠬᠢᠭᠤᠯᠵᠤ᠂ ᠡᠭᠦᠨ ᠵᠶ᠋ᠠᠷ ᠳᠠᠮᠵᠢᠭᠤᠯᠤᠨ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠪᠠ ᠨᠡᠢ᠌ᠭᠡᠮ᠎ᠤᠨ ᠦᠷ᠎ᠡ ᠪᠦᠲᠦᠮᠵᠢ ᠵᠢᠨ ᠨᠢᠭᠡᠳᠦᠯ᠎ᠢ ᠪᠡᠶᠡᠯᠡᠭᠦᠯᠵᠦ᠂ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢᠨ ᠣᠨᠣᠯᠵᠢᠬᠤᠨ᠎ᠢ ᠬᠥᠮᠥᠰ᠎ᠤᠨ ᠰᠡᠳᠬᠢᠯ᠎ᠳᠤ ᠭᠦᠨᠵᠡᠭᠡᠢ᠌ᠷᠡᠭᠦᠯᠦᠨ᠎ᠡ᠃ ᠾᠧᠪᠧᠢ ᠵᠢᠨ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠪᠠᠢ᠌ᠩᠭᠤ ᠵᠢᠨ ᠳᠡᠳ᠋ ᠳᠠᠷᠤᠭ᠎ᠠ ᠿᠧᠨ ᠯᠢ ᠴᠢᠶᠠᠩ ᠢᠩᠭᠢᠵᠦ ᠲᠠᠨᠢᠯᠴᠠᠭᠤᠯᠤᠨ ᠬᠡᠯᠡᠵᠡᠢ᠃
    ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ ᠬᠥᠮᠥᠨ ᠮᠡᠷᠭᠡᠵᠢᠯ᠎ᠢ ᠤᠶᠠᠯᠳᠤᠭᠤᠯᠬᠤ ᠵᠢ ᠴᠢᠬᠤᠯᠠᠴᠢᠯᠠᠨ ᠬᠠᠤᠯᠢ ᠬᠡᠷᠡᠭᠵᠢᠭᠦᠯᠬᠦ ᠦᠢ᠍ᠯᠡᠳᠦᠯ ᠪᠦᠲᠦᠮᠵᠢ ᠵᠢ ᠳᠡᠭᠡᠭᠰᠢᠯᠡᠭᠦᠯᠪᠡ
      ᠾᠧᠪᠧᠢ ᠡᠨᠡ ᠵᠢᠯ᠎ᠤᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠵᠦᠢ᠍ᠯ᠎ᠤᠨ ᠠᠵᠢᠯᠯᠠᠭ᠎ᠠ᠎ᠳᠤ᠎ᠪᠠᠨ᠂ ᠨᠢᠳᠤᠨᠤᠨ᠎ᠤ ᠠᠮᠵᠢᠯᠲᠠ᠎ᠲᠠᠢ ᠲᠤᠷᠰᠢᠯᠭ᠎ᠠ᠎ᠪᠠᠷ ᠵᠶ᠋ᠠᠨ ᠯᠠᠪᠯᠠᠯᠲᠠ ᠪᠣᠯᠭ᠋ᠠᠵᠤ᠂ ᠪᠦᠬᠦ ᠮᠤᠵᠢ᠎ᠳᠤ 《ᠪᠦᠬᠦᠨ ᠵᠶ᠋ᠡᠷ ᠵᠶ᠋ᠡᠨ ᠵᠣᠬᠢᠴᠠᠯᠳᠤᠨ ᠦᠢ᠍ᠯᠡᠴᠢᠯᠡᠬᠦ》 ᠪᠠᠢ᠌ᠯᠳᠤᠭ᠋ᠠᠨ᠎ᠢ ᠪᠠᠷᠢᠮᠲᠠᠯᠠᠵᠤ᠂ ᠮᠤᠵᠢ᠂ ᠬᠣᠲᠠ᠂ ᠰᠢᠶᠠᠨ ᠭᠤᠷᠪᠠᠨ ᠱᠠᠲᠤᠨ᠎ᠤ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ᠂ 1200 ᠨᠢᠷᠤᠭᠤᠪᠴᠢ ᠬᠦᠴᠦᠨ᠎ᠢ ᠰᠤᠭᠤᠴᠢᠨ ᠲᠣᠬᠢᠷᠠᠭᠤᠯᠤᠭᠰᠠᠨ ᠪᠠ ᠬᠣᠯᠢᠯᠳᠤᠭᠤᠯᠤᠨ ᠳᠤᠭᠤᠢ᠌ᠯᠠᠩ ᠬᠤᠪᠢᠶᠠᠵᠤ᠂ 162 ᠬᠠᠤᠯᠢ ᠬᠡᠷᠡᠭᠵᠢᠭᠦᠯᠬᠦ ᠳᠤᠭᠤᠢ᠌ᠯᠠᠩ᠂ 6 ᠬᠢᠨᠠᠨ ᠬᠡᠮᠵᠢᠬᠦ ᠳᠤᠭᠤᠢ᠌ᠯᠠᠩ᠂ 3 ᠵᠢᠯᠣᠭᠣᠴᠢ ᠦᠭᠡᠢ ᠨᠢᠰᠬᠡᠯ ᠵᠶ᠋ᠡᠷ ᠪᠠᠢ᠌ᠴᠠᠭ᠋ᠠᠬᠤ ᠳᠤᠭᠤᠢ᠌ᠯᠠᠩ᠎ᠢ ᠪᠠᠢ᠌ᠭᠤᠯᠪᠠ᠃ ᠦᠢ᠍ᠯᠡᠴᠢᠯᠡᠬᠦ ᠮᠠᠶᠢᠭ᠂ ᠪᠡᠶ᠎ᠡ ᠵᠢᠨ ᠪᠠᠢ᠌ᠴᠠᠭ᠋ᠠᠯᠲᠠ ᠬᠢᠬᠦ ᠮᠠᠶᠢᠭ᠂ ᠰᠡᠷᠭᠡᠢ᠌ᠯᠡᠬᠦ ᠮᠠᠶᠢᠭ ᠵᠶ᠋ᠠᠷ ᠬᠠᠤᠯᠢ ᠬᠡᠷᠡᠭᠵᠢᠭᠦᠯᠬᠦ ᠱᠠᠭ᠋ᠠᠷᠳᠠᠯᠭ᠎ᠠ ᠶᠣᠰᠣᠭ᠋ᠠᠷ᠂ ᠠᠵᠢᠯ᠎ᠤᠨ ᠱᠠᠭ᠋ᠠᠷᠳᠠᠯᠭ᠎ᠠ᠎ᠪᠠᠨ ᠨᠢᠭᠡᠳᠬᠡᠨ᠂ ᠪᠠᠢ᠌ᠴᠠᠭ᠋ᠠᠬᠤ ᠠᠭᠤᠯᠭ᠎ᠠ᠎ᠪᠠᠨ ᠨᠢᠭᠡᠳᠬᠡᠵᠦ᠂ ᠬᠠᠤᠯᠢ ᠬᠡᠷᠡᠭᠵᠢᠭᠦᠯᠬᠦ ᠪᠠᠷᠢᠮᠵᠢᠶ᠎ᠠ᠎ᠪᠠᠨ ᠨᠢᠭᠡᠳᠬᠡᠵᠦ᠂ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ᠂ ᠰᠣᠯᠪᠢᠴᠠᠭᠤᠯᠤᠨ ᠬᠠᠤᠯᠢ ᠬᠡᠷᠡᠭᠵᠢᠭᠦᠯᠬᠦ᠂ ᠲᠣᠭᠣᠷᠢᠨ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠵᠢ ᠬᠡᠷᠡᠭᠯᠡᠵᠦ᠂ ᠡᠯ᠎ᠡ ᠲᠥᠷᠥᠯ᠎ᠤᠨ ᠠᠭᠤᠷ ᠠᠮᠢᠰᠬᠤᠯ᠎ᠳᠤ ᠬᠣᠯᠪᠣᠭᠳᠠᠬᠤ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠦᠨᠳᠦ ᠴᠣᠬᠢᠯᠲᠠ ᠥᠭᠪᠡ᠃ ᠡᠰᠢ ᠰᠦᠷᠡᠯ᠎ᠢ ᠭᠠᠯᠳᠠᠬᠤ ᠵᠢ ᠴᠠᠭ᠋ᠠᠵᠠᠯᠠᠬᠤ ᠤᠯᠠᠭ᠋ᠠᠨ᠎ᠤ ᠭᠠᠳᠠᠨᠠᠬᠢ ᠳᠡᠯᠭᠡᠴᠡ ᠵᠢᠨ ᠬᠢᠨᠠᠨ ᠡᠵᠡᠮᠳᠡᠬᠦ ᠰᠢᠰᠲ᠋ᠧᠮ᠂ ᠠᠯᠤᠰ ᠵᠠᠢ᠎ᠠᠴᠠ ᠬᠠᠤᠯᠢ ᠬᠡᠷᠡᠭᠵᠢᠭᠦᠯᠬᠦ ᠰᠦᠯᠵᠢᠶᠡᠨ᠎ᠤ ᠰᠢᠰᠲ᠋ᠧᠮ᠂ ᠵᠢᠯᠣᠭᠣᠴᠢ ᠦᠭᠡᠢ ᠨᠢᠰᠬᠡᠯ ᠵᠶ᠋ᠡᠷ ᠪᠠᠢ᠌ᠴᠠᠭ᠋ᠠᠬᠤ ᠵᠡᠷᠭᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠠᠪᠴᠢᠯ᠎ᠢ ᠭᠦᠢ᠍ᠴᠡᠳ ᠬᠡᠷᠡᠭᠯᠡᠵᠦ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠵᠠᠳᠠᠯᠬᠤ᠂ ᠠᠰᠠᠭᠤᠳᠠᠯ᠎ᠢ ᠰᠢᠢ᠍ᠳᠪᠦᠷᠢᠯᠡᠬᠦ᠂ ᠠᠰᠠᠭᠤᠳᠠᠯ᠎ᠢ ᠰᠢᠢ᠍ᠳᠬᠦ ᠪᠦᠬᠦ ᠬᠡᠯᠬᠢᠶᠡᠰᠦ ᠪᠠ ᠵᠠᠢ ᠵᠠᠪᠰᠠᠷ   ᠦᠭᠡᠢ   ᠠᠵᠢᠯ᠎ᠤᠨ   ᠲᠣᠭᠲᠠᠴᠠ ᠵᠢ ᠤᠯᠠᠮ ᠨᠢᠭᠡ ᠠᠯᠬᠤᠮ   ᠲᠡᠭᠦᠯᠳᠡᠷᠵᠢᠭᠦᠯᠵᠦ᠂ ᠲᠤᠢ᠌ᠯ᠎ᠤᠨ ᠣᠨᠣᠪᠴᠢᠲᠠᠢ ᠎ᠪᠠᠷ ᠬᠠᠤᠯᠢ ᠬᠡᠷᠡᠭᠵᠢᠭᠦᠯᠬᠦ᠎ᠳᠤ ᠬᠦᠴᠦᠯᠡᠪᠡ᠃ ᠰᠣᠯᠪᠢᠴᠠᠭᠤᠯᠤᠨ ᠬᠠᠤᠯᠢ ᠬᠡᠷᠡᠭᠵᠢᠭᠦᠯᠬᠦ ᠬᠢᠭᠡᠳ ᠲᠣᠭᠣᠷᠢᠨ ᠬᠠᠤᠯᠢ ᠬᠡᠷᠡᠭᠵᠢᠭᠦᠯᠬᠦ ᠵᠢ ᠬᠠᠷᠢᠯᠴᠠᠨ ᠤᠶᠠᠯᠳᠤᠭᠤᠯᠬᠤ᠂ ᠲᠤᠬᠠᠢ ᠵᠢᠨ ᠲᠠᠯᠠᠪᠤᠷ᠎ᠲᠤ ᠢᠯᠭ᠋ᠠᠨ ᠪᠠᠢ᠌ᠴᠠᠭ᠋ᠠᠬᠤ ᠬᠢᠭᠡᠳ ᠵᠢᠯᠣᠭᠣᠴᠢ ᠦᠭᠡᠢ ᠨᠢᠰᠬᠡᠯ ᠵᠶ᠋ᠡᠷ ᠪᠠᠢ᠌ᠴᠠᠭ᠋ᠠᠬᠤ ᠵᠢ ᠬᠠᠷᠢᠯᠴᠠᠨ ᠤᠶᠠᠯᠳᠤᠭᠤᠯᠬᠤ᠂ ᠠᠯᠤᠰ ᠵᠠᠢ᠎ᠠᠴᠠ ᠬᠠᠤᠯᠢ ᠬᠡᠷᠡᠭᠵᠢᠭᠦᠯᠬᠦ ᠬᠢᠭᠡᠳ ᠬᠥᠮᠥᠨ᠎ᠤ ᠬᠦᠴᠦ᠎ᠪᠠᠷ ᠥᠯᠢᠭᠡᠷ ᠠᠪᠬᠤ ᠵᠢ ᠬᠠᠷᠢᠯᠴᠠᠨ ᠤᠶᠠᠯᠳᠤᠭᠤᠯᠬᠤ ᠵᠢᠨ ᠰᠢᠨ᠎ᠡ ᠡᠭᠦᠳᠦᠯᠲᠡ ᠵᠢ ᠪᠡᠶᠡᠯᠡᠭᠦᠯᠵᠡᠢ᠃
      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ᠎ᠨᠢ ᠾᠧᠪᠧᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠷᠭ᠎ᠠ ᠠᠪᠴᠢᠯ᠎ᠢ ᠨᠡᠩ ᠳᠠᠪᠰᠢᠩᠭᠤᠢ ᠪᠣᠯᠭ᠋ᠠᠪᠠ᠂ ᠡᠨᠡ ᠵᠢᠯ᠎ᠤᠨ ᠾᠧᠪᠧᠢ ᠮᠤᠵᠢ ᠵᠢᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠨ ᠪᠠᠢ᠌ᠴᠠᠭ᠋ᠠᠬᠤ ᠲᠤᠰᠬᠠᠢ ᠵᠦᠢ᠍ᠯ᠎ᠤᠨ ᠠᠵᠢᠯᠯᠠᠭ᠎ᠠ᠎ᠳᠤ᠂ ᠵᠢᠯᠣᠭᠣᠴᠢ ᠦᠭᠡᠢ ᠨᠢᠰᠬᠡᠯ ᠵᠶ᠋ᠡᠷ ᠪᠠᠢ᠌ᠴᠠᠭ᠋ᠠᠬᠤ ᠳᠤᠭᠤᠢ᠌ᠯᠠᠩ᠎ᠨᠢ ᠬᠠᠤᠯᠢ ᠬᠡᠷᠡᠭᠵᠢᠭᠦᠯᠬᠦ ᠡᠩᠨᠡᠭᠡ ᠵᠢᠨ 《ᠪᠠᠢ᠌ᠩᠭᠤ ᠵᠢᠨ ᠵᠣᠴᠢᠨ》 ᠪᠣᠯᠵᠠᠢ᠃ ᠵᠢᠯᠣᠭᠣᠴᠢ ᠦᠭᠡᠢ ᠨᠢᠰᠬᠡᠯ ᠵᠶ᠋ᠠᠷ ᠪᠠᠢ᠌ᠴᠠᠭ᠋ᠠᠬᠤ ᠵᠢᠨ ᠳᠠᠪᠠᠭᠤᠯᠢᠭ᠎ᠢ ᠠᠰᠢᠭᠯᠠᠨ᠂ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠂ ᠭᠣᠣᠯᠳᠠᠯᠭ᠎ᠠ᠎ᠲᠠᠢ ᠵᠠᠮ᠂ ᠭᠣᠣᠯᠳᠠᠯᠭ᠎ᠠ᠎ᠲᠠᠢ ᠪᠠᠷᠢᠯᠭ᠎ᠠ ᠵᠢᠨ ᠲᠠᠯᠠᠪᠤᠷ᠂ ᠭᠣᠣᠯᠳᠠᠯᠭ᠎ᠠ᠎ᠲᠠᠢ ᠠᠭᠤᠷᠬᠠᠢ ᠨᠡᠭᠡᠭᠡᠨ ᠮᠠᠯᠲᠠᠬᠤ ᠣᠷᠣᠨ ᠬᠡᠪᠴᠢᠶ᠎ᠡ᠂ ᠬᠠᠯᠴᠠᠭ᠋ᠠᠢ ᠨᠢᠴᠦᠭᠦᠨ ᠭᠠᠵᠠᠷ ᠰᠢᠷᠣᠢ ᠵᠢᠨ ᠭᠣᠣᠯᠳᠠᠯᠭ᠎ᠠ᠎ᠲᠠᠢ ᠣᠷᠣᠨ ᠬᠡᠪᠴᠢᠶ᠎ᠡ᠎ᠳᠤ ᠲᠤᠰᠬᠠᠢ ᠵᠦᠢ᠍ᠯ᠎ᠤᠨ ᠨᠢᠰᠦᠯᠲᠡ ᠵᠢᠨ ᠪᠠᠢ᠌ᠴᠠᠭ᠋ᠠᠯᠲᠠ ᠬᠢᠵᠦ᠂ ᠲᠣᠭᠣᠰᠣ ᠰᠢᠷᠣᠢ ᠵᠢᠨ ᠪᠣᠬᠢᠷᠲᠤᠯ᠎ᠤᠨ ᠲᠤᠰᠬᠠᠢ ᠵᠦᠢ᠍ᠯ᠎ᠤᠨ ᠨᠢᠰᠦᠯᠲᠡ ᠵᠢᠨ ᠪᠠᠢ᠌ᠴᠠᠭ᠋ᠠᠯᠲᠠ ᠬᠢᠭᠰᠡᠨ ᠵᠠᠳᠠᠯᠤᠯᠲᠠ ᠵᠢᠨ ᠮᠡᠳᠡᠭᠦᠯᠦᠯᠲᠡ ᠵᠢ ᠪᠦᠷᠢᠯᠳᠦᠭᠦᠯᠵᠦ᠂ ᠠᠰᠠᠭᠤᠳᠠᠯ᠎ᠤᠨ ᠰᠦᠪᠡᠭᠴᠢ ᠵᠢ ᠲᠤᠢ᠌ᠯ᠎ᠤᠨ ᠣᠨᠣᠪᠴᠢᠲᠠᠢ᠎ᠪᠠᠷ ᠲᠣᠭᠲᠠᠭ᠋ᠠᠪᠠ᠃ 《ᠵᠢᠯᠣᠭᠣᠴᠢ ᠦᠭᠡᠢ ᠨᠢᠰᠬᠡᠯ ᠳᠡᠭᠡᠷ᠎ᠡ ᠬᠡᠢ ᠪᠡᠶᠡᠲᠦ ᠵᠢ ᠬᠢᠨᠠᠨ ᠬᠡᠮᠵᠢᠬᠦ ᠮᠣᠳᠦ᠋ᠯ ᠤᠭᠰᠠᠷᠠᠭᠰᠠᠨ᠎ᠠᠴᠠ᠂ ᠠᠵᠤ ᠠᠬᠤᠢ᠌ᠯᠠᠯ᠎ᠤᠨ ᠬᠣᠯᠠᠩ᠎ᠳᠤ ᠨᠢᠰᠬᠡᠨ ᠬᠦᠷᠭᠡᠵᠦ᠂ ᠠᠵᠤ ᠠᠬᠤᠢ᠌ᠯᠠᠯ᠎ᠤᠨ ᠭᠠᠳᠠᠭᠰᠢᠯᠠᠭᠤᠯᠤᠭᠰᠠᠨ ᠬᠡᠢ ᠪᠡᠶᠡᠲᠦ ᠵᠢᠨ ᠳᠣᠲᠣᠷᠠᠬᠢ ᠪᠣᠬᠢᠷᠲᠤᠯ ᠡᠳ᠋᠎ᠲᠤ ᠠᠩᠬ᠎ᠠ ᠠᠯᠬᠤᠮ᠎ᠤᠨ ᠬᠢᠨᠠᠨ ᠬᠡᠮᠵᠢᠯᠲᠡ ᠬᠢᠵᠦ ᠪᠣᠯᠣᠨ᠎ᠠ᠃ ᠠᠵᠢᠯᠯᠠᠭ᠎ᠠ ᠵᠢᠨ ᠬᠤᠭᠤᠴᠠᠭ᠋ᠠᠨ᠎ᠳᠤ᠂ ᠤᠭᠰᠠᠷᠠᠭᠰᠠᠨ ᠢᠯᠴᠢ᠎ᠪᠠᠷ ᠳᠦᠷᠰᠦ ᠪᠦᠲᠦᠭᠡᠬᠦ ᠳᠦᠷᠰᠦ ᠰᠢᠩᠭᠡᠭᠡᠯᠲᠡ ᠵᠢᠨ ᠮᠠᠰᠢᠨ᠂ ᠥᠨᠳᠥᠷ ᠥᠰᠭᠡᠯᠲᠡ ᠵᠢᠨ ᠳᠦᠷᠰᠦ ᠰᠢᠩᠭᠡᠭᠡᠬᠦ ᠮᠠᠰᠢᠨ ᠪᠠ ᠬᠡᠢ ᠪᠡᠶᠡᠲᠦ ᠵᠢ ᠪᠠᠢ᠌ᠴᠠᠭ᠋ᠠᠨ ᠰᠢᠯᠭ᠋ᠠᠬᠤ ᠮᠣᠳᠦ᠋ᠯ ᠵᠶ᠋ᠠᠷ ᠳᠠᠮᠵᠢᠭᠤᠯᠤᠨ᠂ ᠭᠣᠣᠯᠳᠠᠯᠭ᠎ᠠ᠎ᠲᠠᠢ ᠠᠵᠢᠯ ᠲᠥᠷᠥᠯ᠎ᠳᠤ ᠨᠢᠰᠦᠯᠲᠡ ᠵᠢᠨ ᠪᠠᠢ᠌ᠴᠠᠭ᠋ᠠᠯᠲᠠ ᠥᠷᠨᠢᠭᠦᠯᠵᠦ᠂ 167 ᠪᠣᠬᠢᠷᠲᠤᠯ᠎ᠤᠨ ᠴᠡᠭ ᠪᠠᠢ᠌ᠷᠢ ᠵᠢ ᠢᠯᠭ᠋ᠠᠨ ᠪᠠᠢ᠌ᠴᠠᠭ᠋ᠠᠵᠤ᠂ ᠬᠢᠨᠠᠨ ᠬᠡᠮᠵᠢᠭᠰᠡᠨ ᠪᠠ ᠵᠠᠳᠠᠯᠤᠯᠲᠠ ᠬᠢᠵᠦ᠂ ᠬᠠᠤᠯᠢ ᠬᠡᠷᠡᠭᠵᠢᠭᠦᠯᠦᠭᠴᠢᠳ᠎ᠤᠨ ᠲᠤᠢ᠌ᠯ᠎ᠤᠨ ᠣᠨᠣᠪᠴᠢᠲᠠᠢ᠎ᠪᠠᠷ ᠬᠠᠤᠯᠢ ᠬᠡᠷᠡᠭᠵᠢᠭᠦᠯᠬᠦ᠎ᠳᠤ ᠦᠨᠳᠦᠰᠦᠯᠡᠯ ᠬᠠᠩᠭ᠋ᠠᠪᠠ》 ᠭᠡᠵᠦ ᠿᠧᠨ ᠯᠢ ᠴᠢᠶᠠᠩ ᠲᠠᠨᠢᠯᠴᠠᠭᠤᠯᠵᠠᠢ᠃
    ᠬᠠᠤᠯᠢ ᠬᠡᠷᠡᠭᠵᠢᠭᠦᠯᠬᠦ ᠶᠡᠷᠦᠩᠬᠡᠢ᠌ᠯᠡᠭᠰᠡᠨ ᠠᠷᠭ᠎ᠠ ᠪᠣᠳᠣᠯᠭ᠎ᠠ ᠵᠢ ᠬᠡᠷᠡᠭᠵᠢᠭᠦᠯᠦᠨ ᠴᠢᠭᠯᠡᠯ᠎ᠲᠠᠢ᠎ᠪᠠᠷ ᠬᠠᠤᠯᠢ ᠲᠦᠭᠡᠮᠡᠯᠵᠢᠭᠦᠯᠬᠦ ᠦᠢ᠍ᠯᠡᠴᠢᠯᠡᠭᠡ ᠬᠢᠵᠦ ᠪᠣᠬᠢᠷᠲᠤᠯ᠎ᠳᠤ ᠵᠠᠰᠠᠯᠲᠠ ᠬᠢᠬᠦ ᠳᠤᠲᠠᠭᠤᠳᠠᠯ᠎ᠢ ᠨᠥᠬᠥᠪᠦᠷᠢᠯᠡᠨ ᠭᠦᠢ᠍ᠴᠡᠳᠬᠡᠪᠡ
      ᠬᠠᠤᠯᠢ ᠬᠡᠷᠡᠭᠵᠢᠬᠦᠯᠬᠦ ᠶᠠᠪᠤᠴᠠ᠎ᠳᠤ᠂ ᠬᠠᠤᠯᠢ ᠬᠡᠷᠡᠭᠵᠢᠬᠦᠯᠦᠭᠴᠢᠳ ᠬᠥᠲᠥᠯᠥᠨ ᠵᠢᠯᠣᠭᠣᠳᠬᠤ᠂ ᠰᠠᠨᠠᠭᠤᠯᠬᠤ᠂ ᠰᠡᠷᠡᠮᠵᠢᠯᠡᠬᠦᠯᠬᠦ᠂ ᠢᠳᠬᠠᠬᠤ᠂ ᠬᠦᠮᠤᠵᠢᠬᠦᠯᠬᠦ ᠵᠡᠷᠬᠡ ᠵᠢᠯᠣᠭᠣᠳᠤᠨ ᠬᠠᠤᠯᠢ ᠬᠡᠷᠡᠭᠵᠢᠭᠦᠯᠬᠦ ᠠᠷᠭ᠎ᠠ ᠠᠪᠴᠢᠯ᠎ᠢ ᠬᠡᠷᠡᠭᠯᠡᠵᠦ᠂ ᠠᠵᠤ ᠠᠬᠤᠢ᠍ᠢ᠍ᠯᠡᠯ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢ ᠵᠣᠷᠢᠭᠵᠢᠭᠤᠯᠪᠠ᠃ ᠬᠠᠤᠯᠢ   ᠬᠡᠷᠡᠭᠵᠢᠬᠦᠯᠬᠦ   ᠦᠢ᠍ᠯᠡᠴᠢᠯᠡᠭᠡᠨ᠎ᠳᠤ᠎ᠪᠠᠨ᠂ ᠠᠵᠤ   ᠠᠬᠤᠢ᠍ᠢ᠍ᠯᠠᠯ᠎ᠲᠠᠢ   ᠬᠠᠷᠢᠯᠴᠠᠨ ᠦᠢ᠍ᠯᠡᠳᠦᠯᠴᠡᠨ ᠨᠡᠪᠲᠡᠷᠡᠯᠴᠡᠵᠦ᠂ ᠠᠵᠤ ᠠᠬᠤᠢ᠍ᠢ᠍ᠯᠠᠯ᠎ᠤᠨ ᠲᠤᠰ ᠪᠡᠶ᠎ᠠ ᠵᠢᠨ ᠤᠷᠴᠢᠨ ᠲᠤᠭᠤᠷᠢᠨ᠎ᠤ ᠬᠠᠮᠢᠶᠠᠷᠤᠯᠳᠠ ᠲᠤᠮᠳᠠ᠎ᠪᠠᠨ ᠲᠤᠬᠢᠶᠠᠯᠳᠤᠬᠰᠠᠨ ᠬᠦᠴᠢᠷᠳᠡᠯ᠎ᠢ᠎ᠨᠢ ᠰᠢᠢ᠍ᠳᠪᠤᠷᠢᠯᠡᠵᠤ ᠦᠭᠬᠦ᠎ᠪᠠᠷ ᠴᠢᠷᠮᠠᠢ᠍ᠢ᠍ᠪᠡ᠃ ᠪᠠᠢ᠍ᠢ᠍ᠴᠠᠭ᠋ᠠᠯᠳᠠ ᠵᠢᠨ ᠲᠤᠮᠳᠠ ᠢᠯᠡᠷᠡᠬᠦᠯᠦᠭᠰᠡᠨ ᠠᠰᠠᠭᠤᠳᠠᠯ ᠪᠠ ᠳᠠᠯᠳᠠ ᠭᠡᠮ᠎ᠳᠤ᠂ ᠴᠡᠭᠴᠡᠯᠡᠨ ᠥᠭᠡᠷᠡᠴᠢᠯᠡᠬᠦ ᠰᠠᠨᠠᠯ᠎ᠢ ᠬᠢᠨᠠᠮᠠᠭ᠋ᠠᠢ ᠲᠤᠷᠠᠳᠤᠨ᠂ ᠠᠵᠤ ᠠᠬᠤᠢ᠍ᠢ᠍ᠯᠠᠯ᠎ᠤᠨ   ᠴᠡᠭᠴᠡᠯᠡᠨ ᠥᠭᠡᠷᠡᠴᠢᠯᠡᠬᠦ ᠠᠵᠢᠯ᠎ᠢ ᠢᠳᠡᠪᠬᠢᠳᠠᠢ᠎ᠪᠠᠷ ᠬᠠᠪᠰᠤᠷᠤᠨ ᠵᠢᠯᠤᠭᠤᠳᠴᠤ᠂ ᠠᠵᠤ ᠠᠬᠤᠢ᠍ᠢ᠍ᠯᠠᠯ᠎ᠢ ᠰᠢᠮᠳᠠᠭᠤᠯᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠪᠡᠶᠡᠴᠢ ᠴᠤᠬ᠍ᠴᠠ ᠵᠢᠨ ᠬᠠᠷᠢᠭᠤᠴᠠᠯᠭ᠎ᠠ ᠨᠠᠢ᠌ᠳᠠᠪᠤᠷᠢᠵᠢᠭᠤᠯᠪᠠ᠃ ᠠᠵᠤ ᠠᠬᠤᠢ᠍ᠢ᠍ᠯᠠᠯ᠎ᠳᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠠᠤᠯᠢ ᠴᠠᠭ᠋ᠠᠴᠠ ᠲᠦᠷᠢᠮ ᠲᠤᠬᠳᠠᠭ᠋ᠠᠯ᠎ᠤᠨ ᠤᠬᠠᠭᠤᠯᠭ᠎ᠠ ᠬᠦᠮᠤᠵᠢᠯ᠎ᠢ ᠶᠡᠬᠡ᠎ᠪᠠᠷ ᠥᠷᠨᠢᠭᠦᠯᠵᠦ᠂ ᠠᠵᠤ ᠠᠬᠤᠢ᠍ᠢ᠍ᠯᠠᠯ᠎ᠤᠨ ᠤᠷᠴᠢᠨ ᠲᠤᠭᠤᠷᠢᠨ᠎ᠤ ᠬᠠᠤᠯᠢ ᠵᠢ ᠰᠠᠬᠢᠬᠤ ᠦᠵᠡᠯ ᠤᠬᠠᠮᠰᠠᠷ᠎ᠢ ᠦᠨᠡᠨ ᠬᠦ᠌ ᠳᠡᠭᠡᠭᠰᠢᠯᠡᠭᠦᠯᠦᠨ᠂ ᠠᠵᠤ ᠠᠬᠤᠢ᠍ᠢ᠍ᠯᠠᠯ᠎ᠢ ᠢᠳᠡᠪᠬᠢᠳᠠᠢ᠎ᠪᠠᠷ ᠬᠠᠪᠰᠤᠷᠤᠨ ᠤᠷᠤᠰᠢᠵᠤ ᠪᠠᠢ᠍ᠢ᠍ᠭ᠎ᠠ ᠠᠰᠠᠭᠤᠳᠠᠯ᠎ᠳᠤ᠎ᠨᠢ ᠵᠠᠳᠠᠯᠤᠯᠲᠠ ᠬᠢᠵᠦ᠂ ᠬᠠᠤᠯᠢ᠎ᠠᠴᠠ ᠵᠥᠷᠢᠴᠡᠭᠰᠡᠨ ᠠᠯᠳᠠᠰᠢ ᠵᠢ᠎ᠨᠢ ᠪᠠᠢ᠍ᠢ᠍ᠴᠠᠭ᠋ᠠᠨ ᠨᠦᠬᠦᠪᠤᠷᠢᠯᠡᠪᠡ᠃
      ᠠᠵᠢᠯᠯᠠᠭ᠎ᠠ ᠵᠢᠨ ᠬᠤᠭᠤᠴᠠᠭ᠋ᠠᠨ᠎ᠳᠤ᠂ ᠲᠤᠰᠬᠠᠢ᠍ᠢ᠍ᠯᠠᠨ ᠨᠢᠬᠡ ᠭᠠᠷᠠᠭ᠎ᠤᠨ ᠴᠠᠬ (11 ᠳ᠋ᠦ᠍ᠭᠡᠷ ᠰᠠᠷ᠎ᠠ ᠵᠢᠨ 16᠎ᠠᠴᠠ 22᠎ᠤᠨ ᠠ᠋ᠳᠤᠷ ᠪᠣᠯᠲᠠᠯ᠎ᠠ) ᠲᠤᠬᠢᠷᠠᠭᠤᠯᠤᠨ ᠪᠦᠬᠦ ᠮᠤᠵᠢ ᠵᠢᠨ ᠬᠦᠪᠤᠮᠡᠯ ᠲᠤᠭᠤᠰᠤᠨ᠎ᠤ ᠪᠣᠬᠢᠷᠲᠤᠯ᠎ᠢ ᠰᠡᠷᠬᠡᠢ᠍ᠢ᠍ᠯᠡᠨ ᠵᠠᠰᠠᠬᠤ ᠳᠤᠰᠬᠠᠢ ᠵᠦᠢ᠍ᠯ᠎ᠤᠨ ᠬᠠᠤᠯᠢ ᠬᠡᠷᠡᠭᠵᠢᠬᠦᠯᠬᠦ ᠶᠡᠬᠡ ᠬᠠᠮᠳᠤᠷᠠᠬᠰᠠᠨ ᠳᠠᠢ᠌ᠯᠠᠯᠳᠤᠭ᠋ᠠᠨ᠎ᠢ ᠲᠥᠪᠯᠡᠷᠡᠭᠦᠯᠦᠨ ᠥᠷᠨᠢᠭᠦᠯᠪᠡ᠃ ᠪᠠᠷᠢᠯᠭ᠎ᠠ ᠵᠢᠨ ᠭᠠᠵᠠᠷ᠂ ᠠᠵᠤ ᠦᠢ᠍ᠯᠡᠳᠪᠤᠷᠢ ᠵᠢᠨ ᠬᠠᠶᠠᠬᠳᠠᠮᠠᠯ ᠮᠠᠲ᠋ᠧᠷᠢᠶᠠᠯ ᠤᠪᠤᠭ᠋ᠠᠯᠠᠬᠤ ᠲᠠᠯᠠᠪᠠᠢ᠂ ᠠᠭᠤᠷᠬᠠᠢ ᠮᠠᠯᠳᠠᠵᠤ ᠬᠦᠳᠡᠷ ᠰᠤᠩᠭᠤᠬᠤ ᠵᠡᠷᠬᠡ ᠭᠤᠤᠯᠳᠠᠯᠭ᠎ᠠ᠎ᠲᠠᠢ ᠤᠷᠤᠨ ᠬᠡᠪᠴᠢᠶᠡᠨ᠎ᠤ ᠬᠦᠪᠤᠮᠠᠯ ᠲᠤᠭᠤᠰᠤᠨ᠎ᠤ ᠪᠣᠬᠢᠷᠲᠤᠯ᠎ᠢ ᠰᠡᠷᠬᠡᠢ᠍ᠢ᠍ᠯᠡᠨ ᠵᠠᠰᠠᠬᠤ ᠪᠠᠢ᠍ᠢ᠍ᠳᠠᠯ᠎ᠳᠤ ᠭᠤᠤᠯᠳᠠᠯᠭ᠎ᠠ᠎ᠲᠠᠢ᠎ᠪᠠᠷ ᠬᠠᠤᠯᠢ ᠬᠡᠷᠡᠭᠵᠢᠬᠦᠯᠤᠨ ᠪᠠᠢ᠍ᠢ᠍ᠴᠠᠭ᠋ᠠᠯᠳᠠ ᠬᠢᠭᠰᠡᠨ᠎ᠤ ᠬᠠᠮᠲᠤ᠂ ᠭᠤᠤᠯᠳᠠᠯᠭ᠎ᠠ᠎ᠲᠠᠢ ᠬᠢᠨᠠᠨ ᠬᠠᠮᠢᠶᠠᠷᠬᠤ ᠠ᠋ᠳᠡᠬᠡᠳ᠎ᠳᠤ 《ᠴᠢᠭᠯᠡᠯ᠎ᠲᠠᠢ᠎ᠪᠠᠷ》 ᠬᠠᠤᠯᠢ ᠬᠡᠷᠡᠭᠵᠢᠬᠦᠯᠵᠤ᠂ ᠠᠵᠤ ᠠᠬᠤᠢ᠍ᠢ᠍ᠯᠠᠯ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠠᠤᠯᠢ ᠴᠠᠭ᠋ᠠᠵᠠ ᠲᠦᠷᠢᠮ ᠲᠤᠬᠳᠠᠭ᠋ᠠᠯ ᠎ᠲᠠᠢ ᠬᠠᠷᠢᠴᠠᠭᠤᠯᠵᠤ ᠥᠪᠡᠰᠦᠪᠡᠨ ᠪᠠᠢ᠍ᠢ᠍ᠴᠠᠭ᠋ᠠᠵᠤ ᠥᠪᠡᠰᠦᠪᠡᠨ ᠵᠠᠯᠠᠷᠠᠭᠤᠯᠬᠤ ᠮᠠᠶᠢᠭ ᠵᠶ᠋ᠠᠷ ᠴᠡᠭᠴᠡᠯᠡᠨ ᠵᠠᠰᠠᠵᠤ ᠳᠡᠭᠡᠭᠰᠢᠯᠡᠭᠦᠯᠬᠦ᠎ᠪᠠᠷ ᠰᠠᠨᠠᠭᠤᠯᠵᠡᠢ᠃ ᠪᠦᠷᠢᠳᠬᠡᠯ᠎ᠢ ᠦᠨᠳᠤᠰᠤᠯᠡᠪᠡᠯ᠂ ᠨᠢᠬᠡ ᠭᠠᠷᠠᠬ᠎ᠤᠨ ᠬᠤᠭᠤᠴᠠᠭ᠎ᠠ᠎ᠲᠠᠢ ᠶᠡᠬᠡ ᠬᠠᠮᠳᠤᠷᠠᠬᠰᠠᠨ ᠳᠠᠢ᠌ᠯᠠᠯᠳᠤᠭ᠋ᠠᠨ᠎ᠤ ᠳᠤᠮᠳᠠ᠂ ᠡᠯ᠎ᠠ ᠬᠠᠤᠯᠢ ᠬᠡᠷᠡᠭᠵᠢᠬᠦᠯᠬᠦ ᠲᠤᠭᠤᠢ᠍ᠢ᠍ᠯᠠᠩ᠎ᠤᠨ᠎ᠬᠢᠨ ᠨᠡᠢ᠍ᠢ᠍ᠳᠡ 6219 ᠠᠵᠤ ᠠᠬᠤᠢ᠍ᠢ᠍ᠯᠠᠯ᠎ᠳᠤ ᠪᠠᠢ᠌ᠴᠠᠭ᠋ᠠᠯᠲᠠ ᠬᠢᠵᠦ᠂ ᠬᠦᠪᠤᠮᠠᠯ ᠲᠤᠭᠤᠰᠤᠨ᠎ᠤ ᠪᠣᠬᠢᠷᠲᠤᠯ᠎ᠤᠨ 1172 ᠠᠰᠠᠭᠤᠳᠠᠯ᠎ᠢ ᠢᠯᠡᠷᠡᠬᠦᠯᠤᠬᠡᠳ᠂ ᠴᠠᠬ ᠲᠤᠬᠠᠢ᠎ᠳᠤ᠎ᠨᠢ ᠡᠯ᠎ᠠ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠦᠴᠢᠷ᠎ᠲᠤ ᠰᠢᠯᠵᠢᠬᠦᠯᠤᠨ ᠲᠤᠰᠢᠶᠠᠵᠤ ᠬᠠᠤᠯᠢ ᠶᠤᠰᠤᠭ᠋ᠠᠷ ᠪᠠᠢ᠍ᠢ᠍ᠴᠠᠭ᠋ᠠᠨ ᠰᠢᠢ᠍ᠳᠪᠦᠷᠢᠯᠡᠭᠦᠯᠦᠭᠰᠡᠨ ᠪᠤᠶᠤ ᠴᠡᠭᠴᠡᠯᠡᠨ ᠥᠭᠡᠷᠡᠴᠢᠯᠡᠬᠦ᠎ᠪᠠᠷ ᠰᠢᠮᠳᠠᠭᠤᠯᠪᠠ᠃
      ᠭᠤᠤᠯᠳᠠᠯᠭ᠎ᠠ᠎ᠲᠠᠢ ᠤᠷᠤᠨ ᠬᠡᠪᠴᠢᠶ᠎ᠠ᠂ ᠴᠠᠬ ᠬᠤᠭᠤᠴᠠᠭ᠎ᠠ ᠵᠢ ᠤᠨᠢᠯᠠᠨ ᠬᠠᠤᠯᠢ ᠬᠡᠷᠡᠭᠵᠢᠭᠦᠯᠦᠨ ᠰᠢᠪᠳᠤᠯᠤᠯᠳᠠ ᠬᠢᠬᠦ ᠵᠢ ᠥᠷᠨᠢᠭᠦᠯᠪᠡ᠃ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠤ ᠶᠢᠰᠤᠳᠤᠭᠡᠷ ᠠ᠋ᠬᠡᠯᠵᠢ ᠤᠳᠠᠭ᠎ᠠ ᠵᠢᠨ ᠬᠢᠨᠠᠯᠳᠠ ᠲᠠᠯᠪᠢᠬᠤ᠎ᠪᠠᠨ ᠴᠢᠩᠭ᠋ᠠᠷᠠᠭᠤᠯᠤᠨ ᠮᠠᠨ᠎ᠤ ᠮᠤᠵᠢ ᠵᠢᠨ ᠯᠠᠩᠹᠠᠩ᠂ ᠪᠤᠤᠳᠢᠩ᠂ ᠼᠠᠩᠵᠧᠤ ᠬᠤᠳᠠ ᠵᠢᠨ ᠠᠰᠠᠭᠤᠳᠠᠯ᠎ᠤᠨ ᠲᠤᠭ᠎ᠠ ᠬᠡᠮᠵᠢᠶ᠎ᠠ ᠲᠥᠪᠯᠡᠷᠡᠭᠦᠯᠵᠦ ᠵᠠᠷᠯᠠᠨ ᠨᠡᠢ᠌ᠲᠡᠯᠡᠭᠰᠡᠨ ᠪᠠᠢ᠍ᠢ᠍ᠳᠠᠯ᠎ᠳᠤ ᠴᠢᠭᠯᠡᠭᠦᠯᠵᠦ᠂ ᠲᠤᠰᠬᠠᠢ᠌ᠯᠠᠨ ᠬᠠᠤᠯᠢ ᠬᠡᠷᠡᠭᠵᠢᠬᠦᠯᠬᠦ ᠬᠦᠴᠤᠨ᠎ᠢ ᠰᠤᠭᠤᠴᠢᠨ ᠲᠤᠭᠢᠷᠠᠭᠤᠯᠵᠤ᠂ ᠳᠤᠰᠬᠠᠢ ᠠ᠋ᠩᠨᠡᠬᠡ ᠵᠣᠬᠢᠶᠠᠨ ᠪᠠᠢ᠌ᠭᠤᠯᠵᠤ᠂ 3 ᠬᠤᠳᠠ᠎ᠳᠤ ᠲᠣᠮᠢᠯᠠᠨ ᠰᠠᠭᠤᠯᠭ᠋ᠠᠵᠤ ᠳᠤᠰᠬᠠᠢ ᠵᠦᠢ᠍ᠯ᠎ᠤᠨ ᠬᠠᠤᠯᠢ ᠬᠡᠷᠡᠭᠵᠢᠬᠦᠯᠬᠦ ᠪᠠᠢ᠍ᠢ᠍ᠴᠠᠭ᠋ᠠᠯᠳᠠ ᠵᠢ ᠲᠠᠰᠤᠯᠳᠠᠭᠤᠯᠤᠯ ᠦᠬᠡᠢ ᠥᠷᠨᠢᠭᠦᠯᠪᠡ᠃ ᠦᠢ᠍ᠯᠠᠭ᠋ᠠᠬᠰᠠᠨ ᠵᠶ᠋ᠠᠷ᠂ ᠠᠵᠢᠯᠯᠠᠭ᠎ᠠ ᠵᠢᠨ ᠬᠤᠭᠤᠴᠠᠭ᠋ᠠᠨ᠎ᠳᠤ ᠳᠤᠰᠬᠠᠢ ᠵᠦᠢ᠍ᠯ᠎ᠤᠨ ᠬᠠᠤᠯᠢ ᠬᠡᠷᠡᠭᠵᠢᠬᠦᠯᠬᠦ ᠲᠤᠭᠤᠢ᠍ᠢ᠍ᠯᠠᠩ᠎ᠤᠨ᠎ᠬᠢᠨ ᠨᠡᠢ᠍ᠢ᠍ᠳᠡ 714 ᠠᠵᠤ ᠠᠬᠤᠢ᠍ᠢ᠍ᠯᠠᠯ (ᠴᠡᠭ ᠪᠠᠢ᠌ᠷᠢ)᠎ᠳᠤ ᠪᠠᠢ᠌ᠴᠠᠭ᠋ᠠᠯᠲᠠ ᠬᠢᠵᠦ᠂ ᠡᠯ᠎ᠠ ᠲᠦᠷᠤᠯ᠎ᠤᠨ ᠠᠭᠤᠷ ᠠᠮᠢᠰᠬᠤᠯ᠎ᠳᠤ ᠬᠣᠯᠪᠣᠭᠳᠠᠭᠰᠠᠨ ᠤᠷᠴᠢᠨ ᠲᠤᠭᠤᠷᠢᠨ᠎ᠤ 245 ᠠᠰᠠᠭᠤᠳᠠᠯ᠎ᠢ ᠢᠯᠡᠷᠡᠬᠦᠯᠵᠡᠢ᠃ ᠠ᠋ᠬᠦᠨ᠎ᠤ ᠬᠠᠮᠳᠤ᠂ ᠦᠢ᠍ᠷ᠎ᠠ ᠵᠢᠨ ᠬᠤᠭᠤᠴᠠᠭ᠋ᠠᠨ᠎ᠳᠠᠬᠢ ᠮᠠᠨ᠎ᠤ ᠮᠤᠵᠢ ᠵᠢᠨ ᠴᠠᠬ ᠠᠭᠤᠷ᠎ᠤᠨ ᠨᠦᠬᠦᠴᠡᠯ ᠠᠨᠠᠢ᠂ ᠬᠡᠰᠡᠭ ᠤᠷᠤᠨ ᠬᠡᠪᠴᠢᠶᠡᠨ᠎ᠳᠤ ᠬᠦᠨᠳᠤ ᠪᠤᠬᠢᠷᠳᠤᠯ᠎ᠲᠠᠢ ᠴᠠᠬ ᠠᠭᠤᠷ ᠳᠠᠬᠢᠨ ᠳᠠᠪᠲᠠᠨ ᠢᠯᠡᠷᠡᠵᠦ ᠪᠠᠢ᠍ᠢ᠍ᠭ᠎ᠠ ᠪᠠᠢ᠍ᠢ᠍ᠳᠠᠯ᠎ᠳᠤ ᠴᠢᠭᠯᠡᠭᠦᠯᠦᠨ᠂ ᠠᠵᠢᠯᠯᠠᠭ᠎ᠠ ᠥᠷᠨᠢᠭᠦᠯᠬᠦ ᠳᠤᠮᠳᠠ᠎ᠳᠤ᠎ᠪᠠᠨ ᠳᠠᠷᠠᠭ᠋ᠠᠯᠠᠨ ᠤᠯᠠᠨ ᠤᠳᠠᠭ᠎ᠠ ᠰᠦᠨᠢ ᠵᠢᠨ ᠪᠠᠢ᠍ᠢ᠍ᠴᠠᠭ᠋ᠠᠯᠳᠠ ᠵᠢ ᠵᠤᠬᠢᠶᠠᠨ ᠪᠠᠢ᠌ᠭᠤᠯᠵᠤ᠂ ᠤᠳᠠᠭ᠎ᠠ ᠪᠦᠷᠢ ᠵᠢᠨ ᠰᠦᠨᠢ ᠵᠢᠨ ᠪᠠᠢ᠍ᠢ᠍ᠴᠠᠭ᠋ᠠᠯᠳᠠ᠎ᠳᠤ ᠬᠠᠤᠯᠢ ᠬᠡᠷᠡᠭᠵᠢᠬᠦᠯᠬᠦ ᠠᠭᠤᠯᠭ᠎ᠠ᠂ ᠭᠤᠤᠯᠳᠠᠭ᠎ᠠ᠎ᠲᠠᠢ ᠤᠷᠤᠨ ᠬᠡᠪᠴᠢᠶ᠎ᠠ᠂ ᠭᠤᠤᠯᠳᠠᠯᠭ᠎ᠠ᠎ᠲᠠᠢ ᠠᠵᠤ ᠠᠬᠤᠢ᠍ᠢ᠍ᠯᠠᠯ᠎ᠳᠤ ᠳᠠᠰᠤᠷᠠᠯᠳᠠ ᠦᠬᠡᠢ ᠲᠣᠬᠢᠷᠠᠭᠤᠯᠤᠯᠲᠠ ᠬᠢᠵᠦ᠂ ᠭᠤᠤᠯ ᠪᠤᠯᠬᠤ ᠵᠦᠷᠢᠴᠡᠯ᠎ᠢ ᠴᠢᠩᠭ᠎ᠠ ᠠᠳᠬᠤᠨ᠂ ᠠᠰᠠᠭᠤᠳᠠᠯ᠎ᠢ ᠨᠠᠷᠢᠨ ᠤᠨᠤᠪᠴᠢᠳᠠᠢ ᠢᠯᠡᠷᠡᠬᠦᠯᠵᠤ᠂ ᠴᠠᠬ ᠲᠤᠬᠠᠢ᠎ᠳᠤ᠎ᠨᠢ ᠠᠰᠠᠭᠤᠳᠠᠯ᠎ᠢ ᠰᠢᠢ᠍ᠳᠪᠤᠷᠢᠯᠡᠨ᠂ ᠪᠤᠬᠢᠷᠳᠤᠯ ᠡᠳ᠋ ᠭᠠᠳᠠᠭᠰᠢᠯᠠᠭᠤᠯᠬᠤ ᠵᠢ ᠬᠠᠮᠤᠬ᠎ᠤᠨ ᠶᠡᠬᠡ ᠬᠡᠮᠵᠢᠶ᠎ᠠ᠎ᠪᠠᠷ ᠪᠠᠭ᠋ᠠᠰᠬᠠᠪᠠ᠃ ᠬᠦᠨᠳᠤ ᠪᠤᠬᠢᠷᠳᠤᠯ᠎ᠲᠠᠢ ᠴᠠᠬ ᠠᠭᠤᠷ᠎ᠤᠨ ᠪᠠᠴᠢᠮ ᠪᠠᠢ᠍ᠢ᠍ᠳᠠᠯ᠎ᠢ ᠠᠷᠭ᠋ᠠᠴᠠᠭ᠋ᠠᠵᠤ ᠪᠣᠬᠢᠷᠲᠤᠯ ᠡᠳ᠋ ᠭᠠᠳᠠᠭᠰᠢᠯᠠᠭᠤᠯᠬᠤ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠭᠰᠠᠨ ᠵᠶ᠋ᠠᠷ ᠬᠦᠷᠦᠯᠴᠡᠬᠦ ᠦᠭᠡᠢ᠂ ᠪᠤᠬᠢᠷᠳᠤᠯ᠎ᠢ ᠰᠡᠷᠬᠡᠢ᠍ᠢ᠍ᠯᠡᠨ ᠵᠠᠰᠠᠬᠤ ᠪᠡᠯᠡᠳᠬᠡᠮᠵᠢ ᠲᠤᠳᠠᠬᠳᠠᠬᠰᠠᠨ ᠪᠤᠶᠤ ᠬᠡᠪ᠎ᠤᠨ ᠪᠤᠰᠤ᠎ᠪᠠᠷ ᠠᠵᠢᠯᠯᠠᠭᠤᠯᠤᠭᠰᠠᠨ ᠵᠡᠷᠬᠡ ᠡᠯ᠎ᠠ ᠲᠦᠷᠤᠯ᠎ᠤᠨ ᠤᠷᠴᠢᠨ ᠲᠤᠭᠤᠷᠢᠨ᠎ᠤ ᠠᠰᠠᠭᠤᠳᠠᠯ᠎ᠢ ᠨᠡᠢ᠍ᠢ᠍ᠳᠡ 22 ᠢᠯᠡᠷᠡᠭᠦᠯᠦᠭᠰᠡᠨ᠎ᠤ ᠬᠠᠮᠲᠤ ᠰᠢᠮᠳᠠᠭᠤᠯᠵᠤ ᠪᠠᠢ᠌ᠭ᠋ᠠᠳ ᠴᠡᠭᠴᠡᠯᠡᠨ ᠥᠭᠡᠷᠡᠴᠢᠯᠡᠵᠡᠢ᠃
      ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠤᠷᠴᠢᠨ ᠲᠤᠭᠤᠷᠢᠨ᠎ᠤ ᠬᠠᠤᠯᠢ ᠬᠡᠷᠡᠭᠵᠢᠬᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠵᠢ ᠦᠷᠬᠦᠯᠵᠢᠯᠡᠨ ᠥᠷᠨᠢᠭᠦᠯᠵᠦ᠂ ᠠᠵᠤ ᠠᠬᠤᠢ᠍ᠢ᠍ᠯᠡᠯ᠎ᠤᠨ ᠤᠷᠴᠢᠨ ᠲᠤᠭᠤᠷᠢᠨ᠎ᠤ ᠬᠠᠮᠢᠶᠠᠷᠤᠯᠳᠠ ᠵᠢ ᠲᠠᠰᠤᠷᠠᠯᠳᠠ ᠦᠬᠡᠢ ᠵᠢᠷᠤᠮᠵᠢᠭᠤᠯᠤᠨ᠂ ᠬᠠᠤᠯᠢ ᠬᠡᠷᠡᠭᠵᠢᠬᠦᠯᠬᠦ᠎ᠪᠠᠷ ᠠᠵᠤ ᠠᠬᠤᠢ᠍ᠢ᠍ᠯᠡᠯ᠎ᠤᠨ ᠤᠷᠴᠢᠨ ᠲᠤᠭᠤᠷᠢᠨ᠎ᠤ ᠬᠠᠮᠢᠶᠠᠷᠤᠯᠳᠠ ᠵᠢᠨ ᠰᠢᠨ᠎ᠡ ᠬᠢᠷᠢ ᠲᠦᠪᠰᠢᠨ᠎ᠳᠤ ᠬᠦᠷᠬᠦ ᠵᠢ ᠠᠬᠢᠭᠤᠯᠪᠡ᠃ ᠠ᠋ᠨᠡ ᠵᠢᠯ ᠾᠧᠪᠧᠢ ᠮᠤᠵᠢ ᠬᠦᠪᠤᠮᠠᠯ ᠳᠤᠭᠤᠰᠤᠨ᠎ᠤ ᠪᠤᠬᠢᠷᠳᠤᠯ᠎ᠢ ᠬᠠᠮᠢᠶᠠᠷᠤᠨ ᠡᠵᠡᠮᠳᠡᠬᠦ᠂ VOCS᠎ᠳᠤ ᠬᠣᠯᠪᠣᠭᠳᠠᠭᠰᠠᠨ ᠪᠣᠬᠢᠷᠲᠤᠯ ᠡᠳ᠋ ᠭᠠᠳᠠᠭᠰᠢᠯᠠᠭᠤᠯᠬᠤ ᠵᠢ ᠬᠠᠮᠢᠶᠠᠷᠬᠤ ᠵᠡᠷᠬᠡ ᠳᠠᠯ᠎ᠠ᠎ᠪᠠᠷ ᠤᠷᠤᠰᠢᠵᠤ ᠪᠠᠢ᠍ᠢ᠍ᠭ᠎ᠠ ᠪᠠᠭᠤᠷᠠᠢ ᠭᠤᠭᠤᠴᠠᠭ᠎ᠠ᠎ᠳᠤ ᠴᠢᠭᠯᠡᠬᠦᠯᠤᠨ᠂ ᠭᠣᠣᠯᠳᠠᠯᠭ᠎ᠠ᠎ᠲᠠᠢ᠎ᠪᠠᠷ ᠬᠠᠤᠯᠢ ᠬᠡᠷᠡᠭᠵᠢᠭᠦᠯᠦᠨ ᠪᠠᠢ᠌ᠴᠠᠭ᠋ᠠᠯᠲᠠ ᠬᠢᠵᠦ᠂ ᠲᠤᠢ᠌ᠯ᠎ᠤᠨ ᠣᠨᠣᠪᠴᠢᠲᠠᠢ᠎ᠪᠠᠷ ᠬᠠᠤᠯᠢ ᠬᠡᠷᠡᠭᠵᠢᠭᠦᠯᠬᠦ᠎ᠪᠠᠷ ᠴᠢᠷᠮᠠᠢ᠌ᠨ᠂ ᠴᠢᠭᠯᠡᠯ᠎ᠲᠠᠢ᠎ᠪᠠᠷ ᠬᠠᠤᠯᠢ ᠵᠢ ᠲᠦᠬᠡᠮᠡᠯᠵᠢᠬᠦᠯᠵᠤ᠂ ᠤᠷᠤᠨ ᠨᠤᠳᠤᠬ ᠪᠠ ᠠᠵᠤ ᠠᠬᠤᠢ᠍ᠢ᠍ᠯᠠᠯ᠎ᠢ ᠰᠢᠮᠳᠠᠭᠤᠯᠤᠨ ᠵᠠᠰᠠᠯᠳᠠ ᠵᠢᠨ ᠲᠤᠳᠠᠭᠤᠳᠠᠯ᠎ᠢ᠎ᠨᠢ ᠨᠥᠬᠥᠪᠦᠷᠢᠯᠡᠨ ᠭᠦᠢ᠍ᠴᠡᠳᠬᠡᠪᠡ᠃
      ᠠᠷᠭ᠎ᠠ ᠠᠪᠴᠢᠯ ᠵᠶ᠋ᠠᠨ ᠴᠢᠩᠭ᠋ᠠᠷᠠᠭᠤᠯᠤᠨ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠢ᠌ᠳᠠᠪᠤᠷᠢᠵᠢᠭᠤᠯᠵᠤ ᠠᠵᠤ ᠠᠬᠤᠢ᠍ᠢ᠍ᠯᠡᠯ᠎ᠤᠨ ᠰᠠᠬᠢᠯᠭ᠎ᠠ ᠪᠠᠲᠤ ᠵᠢ ᠵᠢᠷᠤᠮᠯᠠᠨ ᠬᠠᠤᠯᠢ ᠴᠠᠭ᠋ᠠᠵᠠ ᠵᠢ ᠰᠠᠬᠢᠬᠤ ᠵᠢ ᠬᠡᠪ᠎ᠤᠨ ᠪᠠᠢ᠌ᠳᠠᠯ ᠪᠣᠯᠭ᠋ᠠᠬᠤ ᠵᠢ ᠠᠬᠢᠭᠤᠯᠪᠠ
      ᠠᠰᠠᠭᠤᠳᠠᠯ᠎ᠢ ᠪᠠᠢ᠍ᠢ᠍ᠴᠠᠭ᠋ᠠᠬᠤ᠎ᠪᠠᠷ ᠪᠠᠷᠠᠬᠤ ᠦᠬᠡᠢ᠂ ᠨᠡᠩ ᠴᠢᠬᠤᠯᠠ᠎ᠨᠢ ᠴᠡᠭᠴᠡᠯᠡᠨ ᠥᠭᠡᠷᠡᠴᠢᠯᠡᠬᠦ ᠵᠢ ᠣᠨᠢᠯᠠᠬᠤ ᠬᠡᠷᠡᠭᠳᠡᠢ᠃ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠦᠷᠬᠦᠯᠵᠢᠯᠡᠨ ᠪᠦᠬᠦ ᠳᠠᠯ᠎ᠠ᠎ᠪᠠᠷ ᠠᠬᠢᠭᠤᠯᠵᠤ᠂ ᠭᠤᠷᠪᠠᠳᠠᠭᠴᠢ ᠲᠠᠯ᠎ᠠ ᠵᠢᠨ᠎ᠬᠢᠨ᠎ᠤ ᠰᠦᠯᠵᠢᠶᠡᠨ᠎ᠤ ᠮᠡᠷᠬᠡᠵᠢᠯ᠎ᠤᠨ ᠦᠢ᠍ᠯᠡᠴᠢᠯᠡᠬᠡᠨ᠎ᠤ ᠺᠤᠮᠫᠠᠨᠢ ᠵᠢ ᠵᠢᠯᠣᠭᠣᠳᠤᠨ ᠾᠧᠪᠧᠢ ᠮᠤᠵᠢ ᠵᠢᠨ ᠤᠷᠴᠢᠨ ᠲᠤᠭᠤᠷᠢᠨ᠎ᠤ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠲᠠᠬᠯᠠᠨ ᠮᠡᠳᠡᠭᠦᠯᠬᠦ ᠰᠢᠰᠲ᠋ᠧᠮ᠎ᠢ ᠨᠡᠭᠡᠭᠡᠨ ᠬᠥᠭᠵᠢᠭᠦᠯᠵᠦ᠂ ᠠᠮᠢ ᠠᠬᠤᠢ ᠤᠷᠴᠢᠨ ᠲᠤᠭᠤᠷᠢᠨ᠎ᠤ ᠶᠠᠮᠤᠨ᠎ᠠᠴᠠ ᠬᠢᠨᠠᠯᠲᠠ ᠲᠠᠯᠪᠢᠬᠤ ᠵᠢ ᠴᠢᠩᠭ᠋ᠠᠷᠠᠭᠤᠯᠤᠭᠰᠠᠨ ᠪᠠ ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠤᠷᠴᠢᠨ ᠲᠤᠭᠤᠷᠢᠨ᠎ᠤ ᠬᠠᠤᠯᠢ ᠬᠡᠷᠡᠭᠵᠢᠬᠦᠯᠬᠦ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠲᠤᠰᠢᠶᠠᠨ ᠭᠦᠢ᠍ᠴᠡᠳᠬᠡᠯᠭᠡᠭᠰᠡᠨ ᠠᠰᠠᠭᠤᠳᠠᠯ᠎ᠤᠨ ᠪᠦᠬᠦ ᠶᠠᠪᠤᠴᠠ ᠵᠢ ᠰᠦᠯᠵᠢᠶᠡᠨ᠎ᠤ ᠲᠠᠪᠴᠠᠩ ᠵᠶ᠋ᠠᠷ ᠲᠤᠰᠢᠶᠠᠨ ᠭᠦᠢ᠍ᠴᠡᠳᠬᠡᠯᠭᠡᠬᠦ ᠪᠠ ᠬᠠᠷᠢᠭᠤ ᠳᠤᠰᠬᠠᠵᠤ᠂ ᠠᠵᠢᠯ᠎ᠤᠨ ᠦᠷ᠎ᠠ ᠪᠦᠳᠤᠮᠵᠢ᠎ᠪᠠᠨ ᠶᠡᠬᠡ᠎ᠪᠠᠷ ᠳᠡᠬᠡᠭᠰᠢᠯᠡᠬᠦᠯᠵᠡᠢ᠃ ᠾᠧᠪᠧᠢ ᠮᠤᠵᠢ ᠵᠢᠨ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠠᠴᠠ ᠮᠤᠵᠢ ᠵᠢᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠢᠨᠠᠨ ᠪᠠᠢ᠍ᠢ᠍ᠴᠠᠭ᠋ᠠᠬᠤ ᠲᠦᠪ᠎ᠲᠤ ᠴᠡᠭᠴᠡᠯᠡᠨ ᠥᠭᠡᠷᠡᠴᠢᠯᠡᠬᠦ ᠵᠢ ᠰᠢᠮᠳᠠᠭᠤᠯᠤᠨ ᠬᠦᠢ᠍ᠴᠡᠳᠬᠡᠬᠦ ᠲᠤᠭᠤᠢ᠍ᠢ᠍ᠯᠠᠩ ᠪᠠᠢ᠍ᠢ᠍ᠭᠤᠯᠵᠤ᠂ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠡᠬᠡ ᠳᠠᠩᠰᠠ ᠵᠢ ᠪᠠᠢ᠌ᠭᠤᠯᠵᠤ᠂ ᠴᠡᠭᠴᠡᠯᠡᠨ ᠥᠭᠡᠷᠡᠴᠢᠯᠡᠬᠦ ᠵᠢ ᠰᠢᠮᠳᠠᠭᠤᠯᠤᠨ ᠭᠦᠢ᠍ᠴᠡᠳᠬᠡᠬᠦ ᠲᠣᠭᠲᠠᠴᠠ ᠵᠢ ᠲᠡᠭᠦᠯᠳᠡᠷᠵᠢᠭᠦᠯᠪᠡ᠃ ᠠᠰᠠᠭᠤᠳᠠᠯ᠎ᠢ ᠢᠯᠡᠷᠡᠬᠦᠯᠪᠡᠯ ᠲᠤᠬᠠᠢ ᠵᠢᠨ ᠲᠠᠯᠠᠪᠤᠷ᠎ᠳᠤ ᠰᠢᠯᠵᠢᠬᠦᠯᠤᠨ ᠲᠤᠰᠢᠶᠠᠬᠤ᠂ ᠪᠢᠴᠢᠭ ᠮᠠᠲ᠋ᠧᠷᠢᠶᠠᠯ ᠵᠶ᠋ᠠᠷ ᠰᠢᠮᠳᠠᠭᠤᠯᠤᠨ ᠬᠦᠢ᠍ᠴᠡᠳᠬᠡᠬᠦ᠂ ᠠ᠋ᠯᠧᠺᠲᠷᠤᠨ ᠰᠢᠮᠳᠠᠭᠤᠯᠤᠨ ᠬᠦᠢ᠍ᠴᠡᠳᠬᠡᠬᠦ 《ᠭᠤᠷᠪᠠᠨ ᠳᠠᠪᠬᠤᠷ ᠬᠠᠮᠠᠭ᠋ᠠᠯᠠᠯᠳᠠ》 ᠵᠢᠨ ᠳᠦᠷᠢᠮ᠎ᠢ ᠬᠡᠷᠡᠭᠵᠢᠬᠦᠯᠵᠤ᠂ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠲᠤᠭᠤᠰᠢᠲᠠᠢ ᠨᠠᠢ᠌ᠳᠠᠪᠤᠷᠢᠵᠢᠭᠤᠯᠬᠤ ᠵᠢ ᠪᠠᠲᠤᠯᠠᠵᠠᠢ᠃
      ᠠᠵᠢᠯᠯᠠᠭ᠎ᠠ ᠵᠢᠨ ᠬᠤᠭᠤᠴᠠᠭ᠋ᠠᠨ᠎ᠳᠤ᠂ ᠾᠧᠪᠧᠢ ᠮᠤᠵᠢ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠍ᠢ᠍ᠯᠡᠨ ᠵᠠᠰᠠᠬᠤ ᠠᠵᠢᠯ᠎ᠤᠨ ᠤᠳᠤᠷᠢᠳᠬᠤ ᠲᠤᠭᠤᠢ᠍ᠢ᠍ᠯᠠᠩ᠎ᠤᠨ ᠠᠯᠪᠠᠨ ᠬᠡᠷ᠎ᠠᠴᠠ ᠡᠯ᠎ᠠ ᠬᠤᠳᠠ ᠵᠢᠨ ᠵᠠᠰᠠᠬ᠎ᠤᠨ ᠤᠷᠳᠤᠨ᠎ᠳᠤ 《ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠠᠵᠢᠯ᠎ᠢ ᠰᠠᠢ᠍ᠢ᠍ᠳᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠳᠠᠷᠬᠠᠭ᠋ᠠᠵᠤ᠂ ᠡᠯ᠎ᠠ ᠭᠠᠵᠷ᠎ᠤᠨ᠎ᠬᠢᠨ᠎ᠤ ᠴᠡᠭᠴᠡᠯᠡᠨ ᠥᠭᠡᠷᠡᠴᠢᠯᠡᠬᠦ ᠠᠵᠢᠯ᠎ᠢ ᠴᠢᠬᠤᠯᠠᠴᠢᠯᠠᠨ᠂ ᠴᠡᠭᠴᠡᠯᠡᠨ ᠥᠭᠡᠷᠡᠴᠢᠯᠡᠬᠦ ᠵᠢ ᠠᠬᠢᠭᠤᠯᠬᠤ ᠲᠣᠭᠲᠠᠴᠠ ᠪᠠᠢ᠍ᠢ᠍ᠭᠤᠯᠵᠤ᠂ ᠳᠤᠰᠬᠠᠢ ᠬᠦᠮᠤᠨ ᠵᠶ᠋ᠠᠷ ᠬᠠᠷᠢᠭᠤᠴᠠᠭᠤᠯᠤᠨ ᠰᠢᠮᠳᠠᠭᠤᠯᠤᠨ ᠨᠠᠢ᠌ᠳᠠᠪᠤᠷᠢᠵᠢᠭᠤᠯᠬᠤ ᠵᠢ ᠲᠣᠳᠣᠷᠬᠠᠢ᠌ᠯᠠᠵᠤ᠂ ᠠᠰᠠᠭᠤᠳᠠᠯ᠎ᠢ ᠲᠦᠢ᠍ᠯᠪᠤᠷᠢᠳᠠᠢ ᠰᠢᠢ᠍ᠳᠪᠤᠷᠢᠯᠡᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠡᠯ᠎ᠠ ᠭᠠᠵᠠᠷ ᠵᠢᠨ᠎ᠬᠢᠨ ᠴᠡᠭᠴᠡᠯᠡᠨ ᠥᠭᠡᠷᠡᠴᠢᠯᠡᠬᠦ ᠱᠠᠭ᠋ᠠᠷᠳᠠᠯᠭ᠎ᠠ ᠵᠢ ᠢᠳᠡᠪᠬᠢᠳᠡᠢ ᠨᠠᠢ᠌ᠳᠠᠪᠤᠷᠢᠵᠢᠭᠤᠯᠤᠨ᠂ ᠪᠦᠬᠦ ᠠᠰᠠᠭᠤᠳᠠᠯ᠎ᠢ ᠴᠢᠩᠭ᠎ᠠ ᠪᠠᠢ᠍ᠢ᠍ᠴᠠᠭ᠋ᠠᠵᠤ ᠬᠦᠨᠳᠤ᠎ᠪᠠᠷ ᠰᠢᠢ᠍ᠳᠬᠡᠵᠦ᠂ ᠲᠠᠷᠤᠢ᠎ᠳᠤ᠎ᠨᠢ ᠬᠡᠷᠡᠭᠵᠢᠬᠦᠯᠤᠨ ᠳᠠᠷᠤᠢ᠎ᠳᠤ᠎ᠨᠢ   ᠦᠬᠡᠷᠡᠴᠢᠯᠡᠪᠡ᠃ 11   ᠳ᠋ᠦ᠍ᠭᠡᠷ ᠰᠠᠷ᠎ᠠ ᠵᠢᠨ  30᠎ᠤ ᠠ᠋ᠳᠤᠷ   ᠪᠤᠯᠳᠠᠯ᠎ᠠ᠂ ᠡᠯ᠎ᠡ ᠭᠠᠵᠠᠷ᠎ᠳᠤ ᠨᠡᠢ᠌ᠲᠡ 4221 ᠤᠷᠴᠢᠨ ᠲᠤᠭᠤᠷᠢᠨ᠎ᠤ ᠠᠰᠠᠭᠤᠳᠠᠯ ᠲᠤᠰᠢᠶᠠᠨ ᠭᠦᠢ᠍ᠴᠡᠳᠬᠡᠯᠭᠡᠵᠦ᠂ 2746 ᠵᠢ᠎ᠨᠢ ᠴᠡᠭᠴᠡᠯᠡᠨ ᠵᠠᠰᠠᠬᠤ ᠵᠢ ᠪᠡᠶᠡᠯᠡᠭᠦᠯᠵᠦ᠂ ᠴᠡᠭᠴᠡᠯᠡᠨ ᠥᠭᠡᠷᠡᠴᠢᠯᠡᠬᠦ ᠵᠢ ᠪᠡᠶᠡᠯᠡᠭᠦᠯᠦᠭᠰᠡᠨ ᠨᠤᠷᠮ᠎ᠠ᠎ᠨᠢ 65.1%᠎ᠳᠤ ᠬᠦᠷᠪᠡ᠃
      ᠦᠢ᠍ᠯᠡᠴᠢᠯᠡᠬᠡᠨ᠎ᠤ ᠣᠨᠣᠯᠵᠢᠬᠤᠨ ᠵᠶ᠋ᠠᠨ ᠤᠯᠠᠮ ᠨᠢᠬᠡ ᠠᠯᠬᠤᠮ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠬᠡᠷᠡᠭᠵᠢᠬᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠵᠶ᠋ᠡᠨ ᠴᠢᠩᠭ᠋ᠠᠷᠠᠭᠤᠯᠵᠤ᠂ ᠤᠷᠴᠢᠨ ᠲᠤᠭᠤᠷᠢᠨ᠎ᠤ ᠠᠰᠠᠭᠤᠳᠠᠯ ᠴᠡᠭᠴᠡᠯᠡᠨ ᠥᠭᠡᠷᠡᠴᠢᠯᠡᠵᠦ ᠳᠡᠭᠡᠭᠰᠢᠯᠡᠭᠦᠯᠬᠦ ᠵᠢ ᠰᠢᠮᠳᠠᠭᠤᠯᠤᠨ᠂ ᠬᠠᠷᠠᠯᠳᠠ᠎ᠪᠠᠷ ᠤᠳᠤᠷᠢᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠳᠠᠯᠠᠵᠤ᠂ ᠬᠠᠤᠯᠢ ᠵᠢ ᠰᠠᠬᠢᠬᠤ ᠬᠣᠷᠢᠭ᠎ᠠ ᠱᠤᠭᠤᠮ᠎ᠢ ᠴᠢᠩᠭ᠋ᠠᠷᠠᠭᠤᠯᠵᠤ᠂ ᠲᠤᠢ᠌ᠯ᠎ᠤᠨ ᠣᠨᠣᠪᠴᠢᠲᠠᠢ᠎ᠪᠠᠷ ᠠᠷᠭ᠎ᠠ ᠪᠤᠳᠤᠯᠭ᠎ᠠ ᠵᠢ ᠬᠡᠷᠡᠭᠵᠢᠭᠦᠯᠬᠦ ᠵᠢᠨ ᠲᠤᠰᠠᠳᠠ᠂ ᠾᠧᠪᠧᠢ ᠮᠤᠵᠢ ᠦᠢ᠍ᠷ᠎ᠠ ᠵᠢᠨ ᠬᠤᠭᠤᠴᠠᠭ᠋ᠠᠨ᠎ᠳᠤ ᠨᠠᠮᠤᠷ ᠡᠪᠤᠯ᠎ᠤᠨ ᠤᠯᠠᠷᠢᠯ᠎ᠤᠨ ᠭᠤᠷᠪᠠᠳᠤᠭ᠋ᠠᠷ ᠠ᠋ᠬᠡᠯᠵᠢ ᠵᠢᠨ ᠠᠭ᠋ᠠᠷ ᠮᠠᠨᠳᠠᠯ᠎ᠤᠨ ᠤᠷᠴᠢᠨ ᠲᠤᠭᠤᠷᠢᠨ᠎ᠤ ᠬᠠᠤᠯᠢ ᠬᠡᠷᠡᠭᠵᠢᠬᠦᠯᠬᠦ ᠳᠤᠰᠬᠠᠢ ᠵᠦᠢ᠍ᠯ᠎ᠤᠨ ᠠᠵᠢᠯᠯᠠᠭ᠎ᠠ ᠵᠢ ᠵᠤᠬᠢᠶᠠᠨ ᠪᠠᠢ᠍ᠢ᠍ᠭᠤᠯᠤᠨ ᠥᠷᠨᠢᠭᠦᠯᠵᠦ᠂ ᠤᠷᠴᠢᠨ ᠲᠤᠭᠤᠷᠢᠨ᠎ᠤ ᠬᠠᠤᠯᠢ ᠬᠡᠷᠡᠵᠢᠬᠦᠯᠬᠦ ᠦᠨᠳᠤᠷ ᠳᠠᠷᠤᠯᠳᠠᠳᠤ ᠪᠠᠢ᠍ᠢ᠍ᠳᠠᠯ᠎ᠢ ᠦᠷᠬᠦᠯᠵᠢᠯᠡᠬᠦᠯᠵᠤ᠂ ᠠᠵᠤ ᠠᠬᠤᠢ᠍ᠢ᠍ᠯᠠᠯ᠎ᠤᠨ ᠰᠠᠬᠢᠯᠭ᠎ᠠ ᠪᠠᠲᠤ ᠵᠢ ᠵᠢᠷᠤᠮᠯᠠᠨ ᠬᠠᠤᠯᠢ ᠴᠠᠭ᠋ᠠᠵᠠ ᠵᠢ ᠰᠠᠬᠢᠬᠤ ᠵᠢ ᠬᠡᠪ᠎ᠤᠨ ᠪᠠᠢ᠍ᠢ᠍ᠳᠠᠯ ᠪᠤᠯᠭ᠋ᠠᠬᠤ ᠵᠢ ᠠᠬᠢᠭᠤᠯᠬᠤ᠎ᠪᠠᠷ ᠪᠠᠢ᠌ᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠾᠧᠪᠧᠢ ᠵᠢᠨ ᠡᠯ᠎ᠡ ᠭᠠᠵᠠᠷ᠎ᠤᠨ᠎ᠬᠢᠨ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠵᠦ ᠬᠥᠬᠡ ᠣᠭᠲᠠᠷᠭᠤᠢ ᠵᠢ ᠬᠠᠮᠠᠭ᠋ᠠᠯᠠᠵᠤ ᠪᠠᠢ᠌ᠨ᠎ᠠ
ᠰᠧᠴᠤᠸᠠᠨ ᠮᠤᠵᠢ ᠵᠢᠨ 4 ᠲᠣᠭᠣᠷᠢᠭ (ᠰᠢᠶᠠᠨ)᠎ᠨᠢ ᠬᠣᠶᠠᠳᠤᠭ᠋ᠠᠷ ᠪᠦᠯᠦᠭ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》᠎ᠤ ᠴᠣᠯᠠ ᠬᠦᠷᠲᠡᠪᠡ
ᠳᠤᠮᠳᠠᠳᠤ ᠤᠯᠤᠰ᠎ᠤᠨ ᠴᠤᠷ᠎ᠤᠨ ᠭᠠᠭᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠪᠣᠯᠬᠤ ᠰᠧᠴᠤᠸᠠᠨ ᠮᠤᠵᠢ ᠵᠢᠨ ᠮᠢᠶᠠᠨᠶᠠᠩ ᠬᠣᠲᠠ᠎ᠳᠤ ᠳᠠᠬᠢᠨ 《ᠪᠣᠬᠢᠷᠲᠤᠯ ᠦᠭᠡᠢ ᠨᠡᠷ᠎ᠡ ᠵᠢᠨ ᠬᠠᠭᠤᠳᠠᠰᠤ》 ᠵᠢ ᠨᠡᠮᠡᠷᠢᠯᠡᠪᠡ
175 ᠠᠵᠤ ᠠᠬᠤᠢ᠌ᠯᠠᠯ᠎ᠠᠴᠠ 16 ᠠᠵᠤ ᠠᠬᠤᠢ᠌ᠯᠠᠯ ᠪᠣᠯᠣᠭᠰᠠᠨ᠄ ᠳ᠋ᠢᠶᠠᠨ ᡂᠢ ᠵᠢᠨ ᠬᠣᠲᠠ ᠵᠢᠨ ᠬᠡᠯᠪᠡᠷᠢ᠎ᠪᠠᠨ ᠬᠤᠪᠢᠷᠠᠭᠤᠯᠤᠭᠰᠠᠨ ᠵᠠᠮ
ᠭᠢᠷᠢᠨ ᠮᠤᠵᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ᠎ᠠᠴᠠ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠪᠠᠴᠢᠮ ᠠᠷᠭ᠋ᠠᠴᠠᠭ᠋ᠠᠵᠤ ᠬᠢᠨᠠᠨ ᠬᠡᠮᠵᠢᠬᠦ ᠰᠣᠷᠢᠯᠲᠠ ᠵᠢ ᠥᠷᠨᠢᠭᠦᠯᠪᠡ
 
             蒙ICP备05000248号