ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠰᠧᠴᠤᠸᠠᠨ ᠮᠤᠵᠢ ᠵᠢᠨ 4 ᠲᠣᠭᠣᠷᠢᠭ (ᠰᠢᠶᠠᠨ)᠎ᠨᠢ ᠬᠣᠶᠠᠳᠤᠭ᠋ᠠᠷ ᠪᠦᠯᠦᠭ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》᠎ᠤ ᠴᠣᠯᠠ ᠬᠦᠷᠲᠡᠪᠡ
ᠨᠡᠶ᠋ᠢᠲᠡᠯᠡᠭᠰᠡᠨ ᠴᠠᠭ᠄ 2018-12-24

     12 ᠳ᠋ᠤᠭ᠋ᠠᠷ ᠰᠠᠷ᠎ᠠ ᠵᠢᠨ 12᠎ᠤᠨ ᠡᠳᠦᠷ᠂ ᠰᠧᠴᠤᠸᠠᠨ ᠮᠤᠵᠢ ᠵᠢᠨ ᠴᠧᠩᠳᠦ᠋ ᠬᠣᠲᠠ ᠵᠢᠨ ᠸᠧᠨ ᠵᠢᠶᠠᠩ ᠲᠣᠭᠣᠷᠢᠭ᠂ ᠵᠢᠨ ᠲᠠᠩ ᠰᠢᠶᠠᠨ᠂ ᠨᠠᠨ ᠵᠢᠶᠠᠩ ᠰᠢᠶᠠᠨ᠂ ᠬᠤᠩ ᠶᠠ ᠰᠢᠶᠠᠨ ᠵᠡᠷᠭᠡ 4 ᠲᠣᠭᠣᠷᠢᠭ (ᠰᠢᠶᠠᠨ)᠎ᠨᠢ ᠬᠣᠶᠠᠳᠤᠭ᠋ᠠᠷ ᠪᠦᠯᠦᠭ 《ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》᠎ᠤ ᠴᠣᠯᠠ ᠬᠦᠷᠲᠡᠵᠦ᠂ ᠨᠢᠭᠡᠳᠦᠭᠡᠷ ᠪᠦᠯᠦᠭ᠎ᠤᠨ ᠲᠣᠭ᠎ᠠ ᠬᠡᠮᠵᠢᠶ᠎ᠡ᠎ᠲᠠᠢ ᠬᠠᠷᠢᠴᠠᠭᠤᠯᠪᠠᠯ 3 ᠨᠡᠮᠡᠭᠳᠡᠪᠡ᠃
      ᠣᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠰᠧᠴᠤᠸᠠᠨ ᠮᠤᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠪᠦᠬᠦ ᠲᠠᠯ᠎ᠠ᠎ᠳᠤ ᠬᠣᠯᠪᠣᠭᠳᠠᠬᠤ ᠴᠢᠬᠤᠯᠠ ᠪᠠᠢ᠌ᠷᠢᠨ᠎ᠳᠤ ᠲᠠᠯᠪᠢᠨ᠂ ᠲᠥᠪ᠎ᠤᠨ ᠠᠮᠢ ᠠᠬᠤᠢ ᠵᠢᠨ ᠪᠣᠯᠪᠠᠰᠤᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠰᠧᠴᠤᠸᠠᠨ᠎ᠳᠤ ᠪᠣᠳᠠᠲᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠢᠮᠠᠭᠲᠠ ᠡᠷᠡᠰ ᠭᠤᠢ᠌ᠪᠢᠰᠢ ᠦᠭᠡᠢ ᠦᠭᠡᠢ᠎ᠪᠠᠷ ᠲᠤᠭᠤᠰᠢᠯᠠᠭᠤᠯᠤᠨ ᠠᠬᠢᠭᠤᠯᠵᠠᠢ᠃
     (ᠨᠢᠭᠡ) ᠬᠠᠮᠤᠭ᠎ᠤᠨ ᠶᠡᠬᠡ ᠡᠷᠡᠰ ᠵᠣᠷᠢᠭ ᠵᠶ᠋ᠠᠷ ᠬᠥᠬᠡ ᠮᠥᠷᠡᠨ᠎ᠤ ᠳᠡᠭᠡᠳᠦ ᠤᠷᠤᠰᠬᠠᠯ᠎ᠤᠨ ᠠᠮᠢ ᠠᠬᠤᠢ ᠵᠢᠨ ᠬᠠᠯᠬᠠᠪᠴᠢ ᠵᠢ ᠪᠠᠢ᠌ᠭᠤᠯᠬᠤ ᠪᠠ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠶᠡᠬᠡ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠪᠡ᠃ 《ᠰᠧᠴᠤᠸᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠵᠢᠨ ᠬᠡᠷᠡᠭᠵᠢᠭᠦᠯᠬᠦ ᠲᠥᠰᠥᠯ》᠎ᠢ ᠨᠡᠢ᠌ᠲᠡᠯᠡᠵᠦ᠂ 5 ᠵᠢᠯ᠎ᠤᠨ ᠴᠢᠷᠮᠠᠢ᠌ᠯᠭ᠎ᠠ᠎ᠪᠠᠷ ᠳᠠᠮᠵᠢᠭᠤᠯᠤᠨ᠂ ᠭᠣᠣᠯ ᠴᠣᠭᠴᠠ ᠵᠢᠨ ᠴᠢᠳᠠᠮᠵᠢ ᠵᠢᠨ ᠣᠷᠣᠨ᠎ᠤ ᠵᠦᠢ ᠵᠣᠬᠢᠰᠲᠠᠢ ᠪᠠᠢ᠌ᠷᠢᠰᠢᠭᠤᠯᠤᠯ᠎ᠢ ᠦᠨᠳᠦᠰᠦᠨ᠎ᠳᠤ᠎ᠪᠠᠨ ᠪᠦᠷᠢᠯᠳᠦᠭᠦᠯᠵᠦ᠂ ᠬᠥᠬᠡ ᠮᠥᠷᠡᠨ᠎ᠤ ᠳᠡᠭᠡᠳᠦ ᠤᠷᠤᠰᠬᠠᠯ᠎ᠤᠨ ᠠᠮᠢ ᠠᠬᠤᠢ ᠵᠢᠨ ᠬᠠᠯᠬᠠᠪᠴᠢ ᠵᠢ ᠪᠠᠢ᠌ᠭᠤᠯᠵᠤ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ᠎ᠢ ᠢᠯᠡᠳᠲᠡ ᠳᠡᠭᠡᠭᠰᠢᠯᠡᠭᠦᠯᠦᠨ᠂ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠥᠭᠵᠢᠬᠦ ᠰᠢᠨ᠎ᠡ ᠪᠠᠢ᠌ᠷᠢᠯᠠᠭᠤᠯᠤᠯᠲᠠ ᠵᠢ ᠦᠨᠳᠦᠰᠦᠨ᠎ᠳᠤ᠎ᠪᠠᠨ ᠪᠦᠷᠢᠯᠳᠦᠭᠦᠯᠬᠦ᠎ᠪᠠᠷ ᠴᠢᠷᠮᠠᠢ᠌ᠵᠠᠢ᠃
     (ᠬᠣᠶᠠᠷ) ᠬᠠᠮᠤᠭ᠎ᠤᠨ ᠡᠷᠡᠰ ᠰᠢᠭᠤᠷᠬᠠᠢ ᠣᠪᠣᠷ ᠵᠶ᠋ᠠᠷ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ ᠵᠶ᠋ᠡᠷ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠪᠠ᠃ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠨᠠᠮ ᠵᠠᠰᠠᠭ ᠬᠠᠮᠲᠤ᠎ᠪᠠᠷ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ᠎ᠤᠨ ᠪᠠᠢ᠌ᠷᠢ᠎ᠳᠤ ᠬᠣᠣᠰ ᠬᠠᠷᠢᠭᠤᠴᠠᠯᠭ᠎ᠠ ᠡᠭᠦᠷᠭᠡᠯᠡᠬᠦ》 ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠴᠡᠭᠴᠡᠯᠡᠨ ᠥᠭᠡᠷᠡᠴᠢᠯᠡᠬᠦ ᠲᠥᠰᠥᠯ ᠪᠠ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠵᠢ ᠲᠣᠭᠲᠠᠭ᠋ᠠᠭᠰᠠᠨ᠎ᠤ ᠬᠠᠮᠲᠤ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠨᠠᠷᠢᠨ ᠬᠠᠭᠤᠳᠠᠰᠤ ᠵᠢᠨ ᠳᠦᠷᠢᠮ + ᠬᠠᠷᠢᠭᠤᠴᠠᠯᠭ᠎ᠠ ᠵᠢᠨ ᠳᠦᠷᠢᠮ》᠎ᠢ ᠴᠢᠩᠭ᠎ᠠ ᠬᠡᠷᠡᠭᠵᠢᠭᠦᠯᠦᠨ᠂ ᠴᠡᠭᠴᠡᠯᠡᠨ ᠥᠭᠡᠷᠡᠴᠢᠯᠡᠬᠦ 《ᠨᠣᠮᠧᠷ᠎ᠢ ᠬᠦᠴᠦᠨ ᠦᠭᠡᠢ ᠪᠣᠯᠭ᠋ᠠᠬᠤ ᠳᠦᠷᠢᠮ》᠎ᠢ ᠴᠢᠩᠭ᠎ᠠ ᠨᠠᠢ᠌ᠳᠠᠪᠤᠷᠢᠵᠢᠭᠤᠯᠵᠤ᠂ ᠰᠢᠯᠭ᠋ᠠᠨ ᠬᠢᠨᠠᠵᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠴᠢᠩᠭ᠎ᠠ ᠰᠢᠮᠳᠠᠭᠤᠯᠤᠨ ᠪᠠᠢ᠌ᠴᠠᠭ᠋ᠠᠵᠤ᠂ ᠲᠥᠪ ᠪᠠ ᠮᠤᠵᠢ ᠵᠢᠨ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠵᠢ ᠴᠢᠩᠭ᠎ᠠ ᠪᠣᠳᠠᠲᠠᠢ ᠮᠥᠷᠲᠡᠭᠡᠨ ᠰᠠᠢ᠌ᠲᠤᠷ ᠠᠳᠬᠤᠵᠠᠢ᠃
     (ᠭᠤᠷᠪᠠ) ᠬᠠᠮᠤᠭ᠎ᠤᠨ ᠬᠦᠴᠦᠨ ᠪᠦᠬᠦᠢ ᠠᠷᠭ᠎ᠠ ᠬᠡᠮᠵᠢᠶ᠎ᠡ᠎ᠪᠠᠷ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠪᠡ᠃ ᠣᠯᠠᠨ ᠵᠶ᠋ᠠᠷ ᠵᠶ᠋ᠠᠨ ᠠᠷᠭ᠎ᠠ ᠪᠣᠳᠣᠵᠤ ᠣᠯᠠᠨ ᠵᠶ᠋ᠠᠷ ᠵᠶ᠋ᠠᠨ ᠬᠦᠴᠦ ᠭᠠᠷᠭ᠋ᠠᠨ᠂ ᠣᠯᠠᠨ ᠵᠶ᠋ᠠᠷ ᠵᠶ᠋ᠠᠨ ᠰᠡᠷᠭᠡᠢ᠌ᠯᠡᠵᠦ ᠣᠯᠠᠨ ᠵᠶ᠋ᠠᠷ ᠵᠶ᠋ᠠᠨ ᠵᠠᠰᠠᠬᠤ ᠵᠢ ᠪᠠᠷᠢᠮᠲᠠᠯᠠᠨ᠂ ᠣᠯᠠᠨ ᠲᠦᠮᠡᠨ᠎ᠤ ᠠᠩᠬᠠᠷᠤᠯ ᠲᠠᠯᠪᠢᠵᠤ ᠪᠠᠢ᠌ᠭ᠎ᠠ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠶᠡᠬᠡ ᠬᠡᠪᠴᠢᠶᠡᠨ᠎ᠤ ᠨᠣᠭᠣᠭ᠋ᠠᠷᠠᠭᠤᠯᠤᠯᠲᠠ ᠵᠢᠨ ᠪᠦᠬᠦ ᠰᠧᠴᠤᠸᠠᠨ᠎ᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢ ᠵᠢᠨ ᠡᠷᠭᠢᠯᠲᠡᠲᠦ ᠠᠵᠤ ᠠᠬᠤᠢ᠎ᠢ ᠬᠥᠭᠵᠢᠭᠦᠯᠬᠦ 《ᠲᠠᠪᠤᠨ ᠶᠡᠬᠡ ᠠᠵᠢᠯᠯᠠᠭ᠎ᠠ》 ᠵᠢ ᠰᠠᠢ᠌ᠲᠤᠷ ᠠᠳᠬᠤᠨ᠂ ᠣᠷᠴᠢᠨ ᠲᠣᠭᠣᠷᠢᠨ᠎ᠤ ᠵᠥᠪᠰᠢᠶᠡᠷᠡᠨ ᠣᠷᠣᠭᠤᠯᠬᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠨ ᠬᠠᠮᠢᠶᠠᠷᠬᠤ᠂ ᠰᠢᠯᠭ᠋ᠠᠨ ᠬᠢᠨᠠᠵᠤ ᠦᠨᠡᠯᠡᠯᠲᠡ ᠬᠢᠬᠦ᠂ ᠣᠷᠴᠢᠨ ᠲᠣᠭᠣᠷᠢᠨ᠎ᠤ ᠠᠵᠤ ᠠᠬᠤᠢ ᠵᠢᠨ ᠲᠥᠷᠥ ᠵᠢᠨ ᠪᠣᠳᠣᠯᠭ᠎ᠠ ᠪᠠ ᠵᠠᠰᠠᠯᠲᠠ ᠵᠢᠨ ᠰᠢᠰᠲ᠋ᠧᠮᠵᠢ ᠵᠡᠷᠭᠡ ᠲᠠᠯ᠎ᠠ ᠵᠢᠨ ᠤᠷᠲᠤ ᠬᠤᠭᠤᠴᠠᠭ᠋ᠠᠨ᠎ᠤ ᠲᠣᠭᠲᠠᠴᠠ ᠵᠢ ᠰᠦᠪᠡᠭᠴᠢᠯᠡᠨ ᠪᠠᠢ᠌ᠭᠤᠯᠵᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠂ ᠨᠣᠮᠢᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠂ ᠬᠠᠷ᠎ᠠ ᠦᠮᠡᠬᠡᠢ ᠤᠰᠤᠨ ᠴᠣᠭᠴᠠ᠎ᠳᠤ ᠵᠠᠰᠠᠯᠲᠠ ᠬᠢᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠬᠥᠬᠡ ᠮᠥᠷᠡᠨ᠎ᠢ ᠬᠠᠮᠠᠭ᠋ᠠᠯᠠᠵᠤ ᠵᠠᠰᠠᠨ ᠰᠡᠷᠭᠦᠭᠡᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠠᠰᠠᠭᠤᠳᠠᠯ᠎ᠢ ᠴᠡᠭᠴᠡᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠭᠤᠷᠢ ᠪᠡᠯᠡᠳᠬᠡᠮᠵᠢ ᠵᠢ ᠪᠠᠢ᠌ᠭᠤᠯᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠂ ᠲᠠᠷᠢᠶᠠᠯᠠᠩ ᠬᠥᠳᠡᠭᠡ ᠲᠣᠰᠬᠤᠨ᠎ᠤ ᠪᠣᠬᠢᠷᠲᠤᠯ᠎ᠢ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠂ 《ᠲᠠᠷᠠᠬᠠᠢ ᠡᠮᠬᠢ ᠵᠠᠮᠪᠠᠷᠠᠭ᠎ᠠ ᠦᠭᠡᠢ ᠪᠣᠬᠢᠷᠲᠤᠯ᠎ᠲᠠᠢ》 ᠠᠵᠤ ᠠᠬᠤᠢ᠌ᠯᠠᠯ᠎ᠢ ᠴᠡᠭᠴᠡᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠵᠡᠷᠭᠡ 《ᠨᠠᠢ᠍ᠮᠠᠨ ᠶᠡᠬᠡ ᠳᠠᠢ᠌ᠯᠠᠯᠳᠤᠭ᠋ᠠᠨ》᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠤᠯᠤᠰ᠎ᠤᠨ ᠴᠤᠷ᠎ᠤᠨ ᠭᠠᠭᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠲᠠ ᠪᠣᠯᠬᠤ ᠰᠧᠴᠤᠸᠠᠨ ᠮᠤᠵᠢ ᠵᠢᠨ ᠮᠢᠶᠠᠨᠶᠠᠩ ᠬᠣᠲᠠ᠎ᠳᠤ ᠳᠠᠬᠢᠨ 《ᠪᠣᠬᠢᠷᠲᠤᠯ ᠦᠭᠡᠢ ᠨᠡᠷ᠎ᠡ ᠵᠢᠨ ᠬᠠᠭᠤᠳᠠᠰᠤ》 ᠵᠢ ᠨᠡᠮᠡᠷᠢᠯᠡᠪᠡ
175 ᠠᠵᠤ ᠠᠬᠤᠢ᠌ᠯᠠᠯ᠎ᠠᠴᠠ 16 ᠠᠵᠤ ᠠᠬᠤᠢ᠌ᠯᠠᠯ ᠪᠣᠯᠣᠭᠰᠠᠨ᠄ ᠳ᠋ᠢᠶᠠᠨ ᡂᠢ ᠵᠢᠨ ᠬᠣᠲᠠ ᠵᠢᠨ ᠬᠡᠯᠪᠡᠷᠢ᠎ᠪᠠᠨ ᠬᠤᠪᠢᠷᠠᠭᠤᠯᠤᠭᠰᠠᠨ ᠵᠠᠮ
ᠭᠢᠷᠢᠨ ᠮᠤᠵᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡ᠎ᠠᠴᠠ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠪᠠᠴᠢᠮ ᠠᠷᠭ᠋ᠠᠴᠠᠭ᠋ᠠᠵᠤ ᠬᠢᠨᠠᠨ ᠬᠡᠮᠵᠢᠬᠦ ᠰᠣᠷᠢᠯᠲᠠ ᠵᠢ ᠥᠷᠨᠢᠭᠦᠯᠪᠡ
ᠭᠢᠷᠢᠨ ᠮᠤᠵᠢ ᠵᠢᠨ ᠪᠠᠢ᠌ᠴᠧᠩ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠠᠴᠠ ᠠᠮᠢ ᠠᠬᠤᠢ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠬᠤ ᠵᠢ 2019 ᠣᠨ᠎ᠤ ᠭᠣᠣᠯ ᠠᠵᠢᠯ᠎ᠳᠤ᠎ᠪᠠᠨ ᠣᠷᠣᠭᠤᠯᠪᠠ
ᠰᠧᠴᠤᠸᠠᠨ ᠮᠤᠵᠢ ᠴᠡᠩᠬᠡᠷ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠵᠡᠷᠭᠡ 9 ᠬᠡᠷᠡᠭᠵᠢᠭᠦᠯᠬᠦ ᠲᠥᠷᠥᠯ᠎ᠢ ᠰᠤᠳᠤᠯᠤᠨ ᠭᠠᠷᠭ᠋ᠠᠪᠠ
 
             蒙ICP备05000248号