8 ᠳ᠋ᠤᠭ᠋ᠠᠷ ᠰᠠᠷ᠎ᠠ ᠵᠢᠨ 31 ᠤ ᠡᠳᠦᠷ᠂ ᠴᠦᠩᠴᠢᠩ ᠬᠣᠲᠠ ᠵᠢᠨ ᠰᠠᠪᠠ ᠭᠠᠵᠠᠷ᠎ᠢ ᠵᠠᠰᠠᠬᠤ ᠪᠠ ᠠᠮᠢ ᠠᠬᠤᠶ ᠵᠢ ᠰᠡᠷᠭᠦᠭᠡᠬᠦ ᠮᠡᠷᠭᠡᠵᠢᠯ ᠪᠣᠯᠪᠠᠰᠤᠷᠠᠯ᠎ᠤᠨ ᠬᠤᠷᠠᠯ ᠬᠤᠷᠠᠯᠳᠤᠭᠤᠯᠵᠤ᠂ ᠡᠯ᠎ᠡ ᠭᠠᠵᠠᠷ᠎ᠤᠨ ᠲᠤᠰᠬᠠᠶ ᠮᠡᠷᠭᠡᠵᠢᠯᠲᠡᠨ ᠤᠷᠢᠭᠳᠠᠨ ᠢᠷᠡᠵᠦ ᠬᠢᠴᠢᠶᠡᠯ ᠣᠷᠣᠪᠠ᠃ ᠬᠣᠲᠠ ᠵᠢᠨ ᠳᠡᠳ᠋ ᠳᠠᠷᠤᠭ᠎ᠠ ᠯᠦ᠍ ᠺᠧ ᠬᠤᠸᠠ ᠪᠠᠶᠠᠷ᠎ᠤᠨ ᠦᠭᠡ ᠬᠡᠯᠡᠭᠰᠡᠨ ᠪᠥᠭᠡᠳ ᠶᠠᠷᠢᠶ᠎ᠠ ᠲᠠᠯᠪᠢᠪᠠ᠃ ᠴᠦᠩᠴᠢᠩ ᠬᠣᠲᠠ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠲᠣᠪᠴᠢᠶᠠᠨ᠎ᠤ ᠳᠠᠷᠤᠭ᠎ᠠ ᠰᠢᠨ ᠱ᠌ᠢ ᠵᠢᠶᠸ ᠪᠣᠯᠪᠠᠰᠤᠷᠠᠯ ᠡᠬᠢᠯᠡᠬᠦ ᠶᠣᠰᠣᠯᠠᠯ᠎ᠢ ᠡᠷᠬᠢᠯᠡᠪᠡ᠃ ᠡᠯ᠎ᠡ ᠲᠣᠭᠣᠷᠢᠭ ᠰᠢᠶᠠᠨ᠎ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠦ᠍ᠲᠦᠭᠡᠨ ᠪᠠᠢ᠌ᠭᠤᠯᠤᠯᠲᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠬᠤᠳᠠ ᠵᠢᠨ ᠬᠠᠮᠢᠶᠠᠷᠤᠯᠲᠠ᠂ ᠤᠰᠤᠨ ᠠᠰᠢᠭᠯᠠᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠳ᠂ ᠬᠣᠯᠪᠣᠭᠳᠠᠯ ᠪᠦᠬᠦᠢ ᠠᠵᠤ ᠦᠢ᠍ᠯᠡᠳᠪᠦᠷᠢ ᠵᠢᠨ ᠲᠣᠭᠣᠷᠢᠭ᠎ᠤᠨ ᠬᠠᠷᠢᠭᠤᠴᠠᠯᠭ᠋ᠠᠲᠠᠳ ᠵᠢᠴᠢ ᠬᠣᠯᠪᠣᠭᠳᠠᠭᠰᠠᠨ ᠬᠡᠰᠡᠭ ᠤᠰᠤᠨ᠎ᠤ ᠪᠣᠬᠢᠷᠲᠤᠯ᠎ᠢ ᠵᠠᠰᠠᠬᠤ ᠪᠠ ᠠᠮᠢ ᠠᠬᠤᠶ ᠵᠢ ᠰᠡᠷᠭᠦᠭᠡᠬᠦ ᠨᠢᠭᠡᠴᠢ ᠵᠢᠨ ᠬᠠᠷᠢᠭᠤᠴᠠᠯᠭ᠋ᠠᠲᠠᠨ 360 ᠭᠠᠷᠤᠢ ᠬᠥᠮᠦᠨ ᠪᠣᠯᠪᠠᠰᠤᠷᠠᠯ᠎ᠳᠤ ᠣᠷᠣᠯᠴᠠᠵᠠᠶ᠃
ᠯᠦ᠍ ᠺᠸ ᠬᠤᠸᠠ ᠴᠢᠬᠤᠯᠠᠴᠢᠯᠠᠭᠰᠠᠨ᠎ᠨᠢ᠂ ᠤᠰᠤᠨ᠎ᠤ ᠡᠬᠢ ᠪᠠᠶᠠᠯᠢᠭ᠎ᠨᠢ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠠᠴᠢ ᠬᠣᠯᠪᠣᠭᠳᠠᠯ᠎ᠲᠠᠢ ᠶᠤᠮ᠂ ᠪᠢᠳᠡ ᠡᠷᠬᠡᠪᠰᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠶ ᠭᠡᠵᠡᠢ᠃ ᠲᠡᠷᠨ ᠳᠤᠷᠠᠳᠤᠭᠰᠠᠨ᠎ᠨᠢ᠄ ᠰᠠᠪᠠ ᠭᠠᠵᠠᠷ᠎ᠢ ᠵᠠᠰᠠᠬᠤ ᠪᠠ ᠠᠮᠢ ᠠᠬᠤᠶ ᠵᠢ ᠵᠠᠰᠠᠨ ᠰᠡᠷᠭᠦᠭᠡᠬᠦ᠎ᠳᠤ ᠰᠢᠨᠵᠢᠯᠡᠬᠦ ᠤᠬᠠᠭ᠋ᠠᠨ᠎ᠢ ᠡᠷᠬᠢᠮᠯᠡᠬᠦ ᠬᠡᠷᠡᠭᠲᠡᠶ᠂ ᠤᠰᠤᠨ᠎ᠤ ᠴᠢᠨᠠᠷ᠎ᠢ ᠪᠠᠲᠤᠯᠠᠬᠤ ᠵᠢ ᠬᠦᠨᠳᠦᠳᠬᠡᠨ᠂ ᠬᠠᠮᠠᠭ᠋ᠠᠯᠠᠬᠤ ᠪᠠ ᠵᠢᠮ᠎ᠡ ᠶᠣᠰᠣᠲᠠᠢ ᠵᠣᠬᠢᠴᠠᠬᠤ ᠬᠡᠷᠡᠭᠲᠡᠢ᠂ ᠳᠤᠷ᠎ᠠ ᠵᠣᠷᠢᠭ ᠵᠶ᠋ᠠᠷ ᠵᠶ᠋ᠠᠨ ᠪᠠᠶ᠋ᠢᠵᠤ ᠪᠣᠯᠬᠤ ᠦᠭᠡᠢ᠂ ᠰᠠᠨᠠᠭ᠋ᠠᠨ ᠳᠤᠷ᠎ᠠ᠎ᠪᠠᠷ ᠵᠶ᠋ᠠᠨ ᠪᠤᠶᠤ ᠪᠦᠳᠦᠭᠦᠯᠢᠭ ᠵᠶ᠋ᠡᠷ ᠰᠢᠢ᠍ᠳᠪᠦᠷᠢᠯᠡᠵᠦ ᠪᠣᠯᠬᠤ ᠦᠭᠡᠢ ᠭᠡᠵᠡᠢ᠃ ᠲᠡᠷᠡ ᠵᠢᠭ᠋ᠠᠭᠰᠠᠨ᠎ᠨᠢ᠂ ᠪᠢᠳᠠ ᠪᠣᠳᠠᠲᠠᠢ᠎ᠲᠠᠢ ᠤᠶᠠᠯᠳᠤᠭᠤᠯᠵᠤ ᠪᠤᠰᠤᠳ ᠭᠠᠵᠠᠷ᠎ᠤᠨ ᠠᠮᠵᠢᠯᠲᠠ ᠣᠯᠤᠭᠰᠠᠨ ᠤᠰᠤ ᠵᠠᠰᠠᠬᠤ ᠲᠤᠷᠰᠢᠯᠭ᠎ᠠ ᠵᠢ ᠨᠠᠷᠢᠨ ᠬᠢᠨᠠᠮᠠᠭ᠋ᠠᠶ ᠰᠤᠷᠤᠯᠴᠠᠬᠤ ᠬᠡᠷᠡᠭᠲᠡᠢ ᠭᠡᠪᠡ᠃
ᠪᠣᠯᠪᠠᠰᠤᠷᠠᠯ᠎ᠤᠨ ᠬᠤᠷᠠᠯ ᠳᠡᠭᠡᠷ᠎ᠡ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠎ᠤ ᠬᠤᠲᠠ ᠵᠢᠨ ᠪᠥ᠋ᠳᠤᠭᠡᠨ ᠪᠠᠶ᠋ᠢᠭᠤᠯᠤᠯᠲᠠ ᠵᠢᠨ ᠵᠤᠷᠭ᠋ᠠᠨ᠎ᠤ ᠳᠡᠳ᠋ ᠵᠤᠷᠭ᠋ᠠᠨ᠎ᠤ ᠳᠠᠷᠤᠭ᠎ᠠ ᠵᠠᠩ ᠯᠢᠨ ᠸᠧᠢ 《ᠬᠠᠷ᠎ᠠ ᠦᠮᠡᠬᠡᠢ ᠤᠰᠤᠨ᠎ᠤ ᠴᠣᠭᠴᠠ ᠵᠢ ᠵᠠᠰᠠᠬᠤ᠎ᠪᠠᠷ ᠤᠳᠤᠷᠢᠳᠤᠮᠵᠢ ᠪᠣᠯᠭ᠋ᠠᠭᠰᠠᠨ ᠬᠣᠲᠠ ᠵᠢᠨ ᠤᠰᠤᠨ᠎ᠤ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠬᠡᠷᠡᠭᠲᠡᠶ》 ᠭᠡᠬᠦ ᠰᠡᠳᠦᠪ ᠵᠶ᠋ᠡᠷ ᠭᠣᠣᠯᠴᠢᠯᠠᠨ ᠶᠠᠷᠢᠵᠠᠢ᠃ ᠬᠤᠨᠠᠨ ᠮᠤᠵᠢ ᠵᠢᠨ ᠴᠠᠩ ᠳ᠋ᠧ ᠬᠣᠲᠠ ᠵᠢᠨ ᠣᠷᠣᠨ ᠰᠠᠭᠤᠴᠠ ᠪᠣᠯᠤᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶᠠᠨ᠎ᠤ ᠳᠠᠷᠤᠭ᠎ᠠ ᠬᠤᠸᠠᠩ ᠵᠢᠨ ᠯᠢᠩ 《ᠴᠠᠩ ᠳ᠋ᠧ ᠬᠣᠲᠠ ᠬᠠᠶ᠋ᠢᠮᠢᠶᠠᠨᠤ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠢᠭ᠎ᠤᠨ ᠦᠢ᠍ᠯᠡᠳᠦᠯᠭᠡ ᠵᠢᠨ ᠪᠣᠯᠪᠠᠰᠤᠷᠠᠯ》 ᠭᠡᠬᠦ ᠰᠡᠳᠦᠪ ᠵᠶ᠋ᠡᠷ ᠭᠣᠣᠯᠯᠠᠨ ᠶᠠᠷᠢᠵᠠᠢ᠃ ᠪᠡᠭᠡᠵᠢᠩ᠎ᠤᠨ ᠤᠰᠤ ᠲᠠᠲᠠᠷᠠᠭᠤᠯᠬᠤ ᠪᠦᠯᠦᠭᠯᠡᠯ᠎ᠤᠨ ᠳᠡᠳ᠋ ᠶᠡᠷᠦᠩᠬᠡᠢ ᠳᠠᠭ᠋ᠠᠭ᠋ᠠᠮᠠᠯ ᠺᠤᠸᠠᠩ ᠨᠦᠸᠸ 《ᠦᠢ᠍ᠯᠡᠳᠪᠦᠷᠢ᠂ ᠲᠣᠣᠷ᠂ ᠭᠣᠣᠯ᠎ᠢ ᠨᠢᠭᠡᠨ ᠴᠣᠭᠴᠠ ᠪᠣᠯᠭ᠋ᠠᠭᠰᠠᠨ ᠰᠠᠪᠠ ᠭᠠᠵᠠᠷ᠎ᠤᠨ ᠬᠠᠮᠢᠶᠠᠷᠤᠯᠲᠠ ᠵᠢᠨ ᠬᠡᠪ ᠵᠠᠭᠪᠤᠷ᠎ᠤᠨ ᠤᠰᠤᠨ᠎ᠤ ᠣᠷᠴᠢᠨ ᠠᠬᠤᠶ ᠵᠢ ᠵᠠᠰᠠᠬᠤ ᠳᠤᠮᠳᠠᠬᠢ ᠪᠣᠳᠠᠲᠤ ᠦᠢ᠍ᠯᠡᠳᠦᠯᠭᠡ》 ᠭᠡᠬᠦ ᠰᠡᠳᠦᠪ ᠵᠶ᠋ᠡᠷ ᠶᠠᠷᠢᠵᠠᠢ᠃ ᠠᠨᠾᠦ᠋ᠢ ᠮᠤᠵᠢ ᠵᠢᠨ ᠊ᠣᠣᠢ ᠵᠧᠦ ᠬᠣᠲᠠ ᠵᠢᠨ ᠳᠡᠳ᠋ ᠳᠠᠷᠤᠭ᠎ᠠ ᠵᠢᠶᠠ ᠰᠢᠤᠸᠠᠨ 《᠊ᠣᠣᠢ ᠵᠧᠦ ᠬᠣᠲᠠ ᠬᠠᠶ᠋ᠢᠮᠢᠶᠠᠨᠤ ᠬᠤᠲᠠ ᠵᠢᠨ ᠪᠦᠲᠦᠭᠡᠨ ᠪᠠᠢ᠌ᠭᠤᠯᠤᠯᠲᠠ ᠵᠢᠨ ppp ᠲᠥᠷᠥᠯ ᠵᠦᠢ᠍ᠯ᠎ᠤᠨ ᠲᠤᠬᠠᠢ ᠬᠠᠶ᠋ᠢᠨ ᠰᠦᠪᠡᠭᠴᠢᠯᠡᠯ ᠪᠠ ᠲᠤᠷᠰᠢᠯᠭ᠎ᠠ》 ᠭᠡᠬᠦ ᠰᠡᠳᠦᠪ ᠵᠶ᠋ᠡᠷ ᠶᠠᠷᠢᠪᠠ᠃ ᠵᠢᠶᠠᠩᠰᠦ ᠮᠤᠵᠢ ᠵᠢᠨ ᠵᠧᠨᠵᠢᠶᠠᠩ ᠬᠣᠲᠠ ᠵᠢᠨ ᠤᠰᠦᠠ᠎ᠤ ᠦᠢ᠍ᠯᠡᠰ᠎ᠤᠨ ᠶᠡᠷᠦᠩᠬᠡᠢ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠴᠧᠨ ᠾᠧᠩ ᠪᠣᠣ 《ᠬᠤᠳᠠ ᠵᠢᠨ ᠣᠷᠭ᠋ᠠᠨᠢᠭ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠲᠤᠬᠠᠶ ᠠᠰᠠᠭᠤᠳᠠᠯ᠎ᠢ ᠰᠦᠪᠡᠭᠴᠢᠯᠡᠨ ᠰᠤᠳᠤᠯᠬᠤ》 ᠰᠡᠳᠦᠪ ᠵᠶ᠋ᠡᠷ ᠶᠠᠷᠢᠪᠠ᠃
ᠲᠤᠰᠬᠠᠶ ᠮᠡᠷᠭᠡᠵᠢᠯᠲᠡᠨ ᠭᠣᠣᠯ ᠮᠥᠷᠡᠨ᠎ᠢ ᠵᠠᠰᠠᠬᠤ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠵᠢ ᠭᠦᠨᠵᠡᠭᠡᠢ ᠪᠥᠭᠡᠳ ᠣᠶ᠋ᠢᠯᠠᠭ᠋ᠠᠮᠵᠢᠲᠠᠢ ᠲᠠᠨᠢᠯᠴᠠᠭᠤᠯᠵᠤ᠂ ᠤᠰᠤ ᠵᠠᠰᠠᠬᠤ ᠲᠡᠷᠢᠭᠦᠨ᠎ᠤ ᠮᠡᠷᠭᠡᠵᠢᠯ ᠲᠠᠨᠢᠯᠴᠠᠭᠤᠯᠵᠤ᠂ ᠠᠳᠠᠯᠢ ᠪᠤᠰᠤ ᠵᠠᠰᠠᠯᠲᠠ ᠵᠢᠨ ᠵᠠᠭᠪᠤᠷ᠎ᠢ ᠰᠤᠳᠤᠯᠤᠨ ᠶᠠᠷᠢᠯᠴᠠᠵᠠᠢ᠃ ᠪᠣᠯᠪᠠᠰᠤᠷᠠᠯ᠎ᠳᠤ ᠣᠷᠣᠯᠴᠠᠭᠰᠠᠳ ᠢᠯᠡᠷᠬᠡᠢ᠌ᠯᠡᠬᠦ᠎ᠳᠤ᠎ᠪᠠᠨ ᠣᠯᠤᠯᠲᠠ᠎ᠲᠠᠢ᠂ ᠲᠥᠷᠥᠭᠳᠡᠯ ᠭᠦᠨᠵᠡᠭᠡᠢ ᠪᠣᠯᠪᠠ᠃ ᠰᠠᠪᠠ ᠭᠠᠵᠠᠷ᠎ᠢ ᠵᠠᠰᠠᠬᠤ ᠪᠠ ᠠᠮᠢ ᠠᠬᠤᠶ ᠵᠢ ᠵᠠᠰᠠᠨ ᠰᠡᠷᠭᠦᠭᠡᠬᠦ ᠠᠵᠢᠯ᠎ᠢ ᠨᠡᠩ ᠭᠦᠨᠵᠡᠭᠡᠢ ᠲᠠᠨᠢᠵᠤ᠂ ᠬᠠᠷ᠎ᠠ ᠦᠮᠡᠬᠡᠢ ᠤᠰᠤᠨ ᠴᠣᠭᠴᠠ ᠵᠢ ᠵᠠᠰᠠᠬᠤ᠎ᠳᠤ ᠨᠠᠩ ᠣᠯᠠᠨ ᠪᠣᠯᠤᠮᠵᠢ ᠬᠤᠷᠠᠮᠳᠤᠭᠤᠯᠵᠤ᠂ ᠲᠤᠰ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠨᠡᠩ ᠢᠲᠡᠭᠡᠯ ᠲᠡᠭᠦᠯᠳᠡᠷ ᠪᠠᠶ᠋ᠢᠨ᠎ᠠ ᠭᠡᠵᠢ᠃