ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠮᠤᠵᠢ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠨᠢ ᠬᠡᠷᠡᠭᠵᠢᠭᠦᠯᠬᠦ ᠰᠠᠨᠠᠯ ᠭᠠᠷᠭ᠋ᠠᠵᠤ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠢ ᠪᠦᠬᠦ ᠲᠠᠯ᠎ᠠ᠎ᠪᠠᠷ ᠴᠢᠩᠭ᠋ᠠᠳᠬᠠᠬᠤ ᠵᠢ ᠪᠠᠢ᠌ᠷᠢᠯᠠᠭᠤᠯᠵᠠᠢ᠂ ᠱᠠᠨᠳᠦ᠋ᠩ ᠮᠤᠵᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠭᠣᠣᠯᠳᠠᠯᠭ᠎ᠠ ᠲᠣᠭᠲᠠᠭ᠋ᠠᠪᠠ
ᠨᠡᠶ᠋ᠢᠲᠡᠯᠡᠭᠰᠡᠨ ᠴᠠᠭ᠄ 2018-09-27

     2020 ᠣᠨ ᠪᠣᠯᠬᠤ᠎ᠳᠤ᠂ ᠪᠦᠬᠦ ᠮᠤᠵᠢ ᠵᠢᠨ PM 2.5 ᠵᠢᠨ ᠳᠤᠮᠳᠠᠴᠢ ᠥᠳᠬᠡᠴᠡ᠎ᠨᠢ 2015 ᠣᠨ᠎ᠤ᠎ᠬᠢ᠎ᠠᠴᠠ 35%᠎ᠪᠠᠷ ᠪᠠᠭᠤᠷᠠᠭᠤᠯᠵᠤ᠂ ᠲᠣᠭᠣᠷᠢᠭ ᠪᠠᠶ᠋ᠢᠭᠤᠯᠤᠭᠰᠠᠨ ᠬᠤᠲᠠ ᠵᠢᠨ ᠠᠭ᠋ᠠᠷ᠎ᠤᠨ ᠶᠠᠰᠤ ᠴᠢᠨᠠᠷ ᠰᠢᠯᠢᠳᠡᠭ ᠰᠠᠶ᠋ᠢᠨ ᠪᠣᠯᠤᠭᠰᠠᠨ ᠡᠳᠦᠷ᠎ᠤᠨ ᠲᠣᠭ᠎ᠠ ᠵᠢᠨ ᠳᠤᠮᠳᠠᠴᠢ ᠬᠠᠷᠢᠴᠠᠯ᠎ᠢ᠎ᠨᠢ 62%᠎ᠲᠤ ᠬᠦᠷᠭᠡᠨ᠎ᠡ᠃ ᠭᠣᠣᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠶᠠᠰᠤ ᠴᠢᠨᠠᠷ᠎ᠤᠨ ᠰᠢᠯᠢᠳᠡᠭ ᠰᠠᠢ᠍ᠢ᠍ᠨ ᠪᠠᠶ᠋ᠢᠬᠤ ᠬᠠᠷᠢᠴᠠᠯ᠎ᠢ 61.5%᠎ᠳᠤ ᠬᠦᠷᠭᠡᠵᠦ᠂ ᠲᠣᠭᠣᠷᠢᠭ ᠪᠠᠶ᠋ᠢᠭᠤᠯᠤᠭᠰᠠᠨ ᠬᠤᠳᠠ ᠵᠢᠨ ᠲᠥᠪᠯᠡᠷᠡᠩᠭᠦᠶ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠶᠠᠰᠤ ᠴᠢᠨᠠᠷ᠎ᠨᠢ ᠪᠠᠷᠢᠮᠵᠢᠶ᠎ᠠ᠎ᠳᠤ ᠬᠦᠷᠦᠭᠰᠡᠨ ᠪᠤᠶᠤ III ᠲᠦᠷᠦᠯ᠎ᠤᠨ ᠬᠠᠷᠢᠴᠠᠯ᠎ᠤᠨ ᠶᠡᠷᠦᠩᠬᠡᠶ ᠨᠤᠷᠮ᠎ᠠ 98%᠎ᠠᠴᠠ ᠳᠡᠭᠡᠭᠰᠢ ᠬᠦᠷᠭᠡᠬᠦ ᠁
      ᠲᠦᠷᠦᠭᠦᠬᠡᠨ᠂ ᠱᠠᠨᠳᠦ᠋ᠩ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ 《ᠪᠦᠬᠦ ᠲᠠᠯ᠎ᠠ᠎ᠪᠠᠷ ᠠᠮᠢ ᠠᠬᠤᠢ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠪᠠᠲᠤ ᠰᠠᠶ᠋ᠢᠲᠤᠷ ᠬᠢᠵᠦ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ) ᠎ᠢ ᠨᠡᠢ᠌ᠲᠡᠯᠡᠵᠦ᠂ ᠨᠡᠩ ᠥᠨᠳᠥᠷ ᠪᠠᠷᠢᠮᠵᠢᠶ᠎ᠠ᠂ ᠨᠡᠩ ᠶᠡᠬᠡ ᠬᠦᠴᠦᠯᠡᠴᠡ᠂ ᠨᠡᠩ ᠪᠣᠳᠠᠲᠠᠶ ᠠᠷᠭ᠎ᠠ ᠬᠡᠮᠵᠢᠶ᠎ᠡ᠂ ᠨᠡᠩ ᠴᠢᠩᠭ᠎ᠠ ᠬᠠᠤᠯᠢ ᠬᠡᠷᠡᠭᠵᠢᠭᠦᠯᠬᠦ ᠵᠢ ᠱᠠᠭ᠋ᠠᠷᠳᠠᠵᠤ᠂ ᠪᠦᠬᠦ ᠣᠷᠣᠨ ᠪᠦᠰᠡ᠂ ᠪᠦᠬᠦᠢ᠌ᠯᠡ ᠶᠠᠪᠤᠴᠠ᠂ ᠪᠦᠬᠦ ᠲᠠᠯ᠎ᠠ᠎ᠪᠠᠷ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠵᠢ ᠴᠢᠩᠭ᠋ᠠᠳᠬᠠᠨ᠎ᠠ ᠭᠡᠵᠦ ᠱᠠᠭ᠋ᠠᠷᠳᠠᠪᠠ᠃
      ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠤᠷᠪᠠᠨ ᠶᠡᠬᠡ ᠳᠠᠶ᠋ᠢᠯᠠᠯᠳᠤᠭ᠋ᠠᠨ᠎ᠢ ᠬᠡᠷᠬᠢᠨ ᠬᠢᠬᠦ ᠪᠣᠢ?
     《ᠬᠡᠷᠡᠭᠵᠢᠭᠦᠯᠬᠦ ᠰᠠᠨᠠᠯ》᠎ᠳᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠶ᠋ᠢᠲᠤᠷ ᠬᠢᠬᠦ᠎ᠪᠠᠷ ᠪᠠᠷᠠᠬᠤ ᠦᠭᠡᠢ᠂ ᠨᠡᠩ ᠴᠤ᠌ ᠢᠯᠠᠯᠲᠠ ᠣᠯᠬᠤ ᠬᠡᠷᠡᠭᠲᠡᠢ᠃ ᠱᠠᠨᠳᠦ᠋ᠩ ᠮᠤᠵᠢ 2018 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ 《ᠰᠠᠯᠠᠩ ᠰᠠᠮᠠᠭᠤᠨ ᠪᠣᠬᠢᠷᠲᠤᠯ᠎ᠲᠠᠢ》 ᠠᠵᠤ ᠠᠬᠤᠶ᠋ᠢᠯᠠᠯ ᠵᠢᠴᠢ ᠪᠦᠯᠦᠭᠯᠡᠯ᠎ᠢ ᠴᠡᠭᠴᠡᠯᠡᠨ ᠵᠠᠰᠠᠵᠤ᠂ 10 ᠲᠣᠨ ᠠᠭᠤᠷ / ᠴᠠᠭ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠪᠥᠬᠦ ᠲᠠᠯ᠎ᠠ᠎ᠪᠠᠷ ᠰᠢᠯᠢᠳᠡᠭᠵᠢᠭᠦᠯᠦᠨ᠎ᠡ᠃ ᠳᠠᠮᠵᠢᠭᠤᠯᠬᠤ ᠱᠤᠭᠤᠮ ᠳᠡᠭᠡᠷᠡᠬᠢ 7 ᠬᠣᠲᠠ ᠵᠢᠨ 35 ᠲᠣᠨ ᠠᠭᠤᠷ / ᠴᠠᠭ᠎ᠠᠴᠠ ᠳᠣᠷᠣᠭᠰᠢᠬᠢ ᠨᠡᠭᠦᠷᠡᠰᠦ ᠰᠢᠲᠠᠭ᠋ᠠᠬᠤ ᠭᠦᠸᠧᠯᠦ ᠵᠢ ᠵᠢ ᠦᠨᠳᠦᠰᠦᠨ᠎ᠠᠴᠠ᠎ᠨᠢ ᠰᠢᠯᠢᠳᠡᠭᠵᠢᠭᠦᠯᠬᠦ ᠪᠣᠯᠣᠨ᠎ᠠ᠃
      ᠴᠠᠶ᠋ᠢᠶᠢᠦ ᠲᠣᠰᠣ ᠰᠢᠲᠠᠭ᠋ᠠᠳᠠᠭ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠠᠴᠠ ᠭᠠᠷᠳᠠᠵᠤ᠂ ᠲᠡᠷᠭᠡ᠂ ᠲᠤᠰᠤ᠂ ᠵᠠᠮ᠎ᠢ ᠴᠡᠭᠴᠡᠯᠡᠨ ᠵᠠᠰᠠᠬᠤ ᠪᠠ ᠮᠠᠰᠢᠨ ᠬᠥᠳᠡᠯᠭᠡᠭᠦᠷᠲᠦ ᠲᠡᠷᠭᠡ ᠣᠩᠭᠣᠴᠠ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠨᠢᠭᠡᠳᠦᠯᠲᠡᠶ ᠲᠥᠯᠥᠪᠯᠡᠨ ᠥᠷᠨᠢᠭᠦᠯᠦᠨ᠎ᠡ᠃ 2019 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ᠂ ᠪᠦᠬᠦ ᠮᠤᠵᠢ ᠵᠢᠨ ᠮᠠᠰᠢᠨ ᠲᠡᠷᠭᠡ᠎ᠳᠤ ᠤᠯᠤᠰ᠎ᠠᠴᠠ ᠲᠣᠭᠲᠠᠭ᠋ᠠᠭᠰᠠᠨ ᠵᠢᠷᠭᠤᠭ᠋ᠠᠨ ᠭᠠᠳᠠᠭᠰᠢᠯᠠᠭᠤᠯᠬᠤ ᠪᠠᠷᠢᠮᠵᠢᠶ᠎ᠠ ᠵᠢ ᠬᠡᠷᠡᠭᠵᠢᠭᠦᠯᠦᠨ᠎ᠡ᠃ ᠵᠠᠮ ᠵᠠᠰᠠᠬᠤ᠂ ᠢᠳᠡᠭᠡᠨ ᠤᠮᠳᠠᠭ᠋ᠠᠨ᠎ᠤ ᠲᠤᠰᠦ ᠵᠡᠷᠭᠡ ᠤᠯᠠᠨ ᠡᠬᠢᠲᠦ ᠪᠣᠬᠢᠷᠲᠤᠯ᠎ᠢ ᠴᠡᠭᠴᠡᠯᠡᠨ ᠵᠠᠰᠠᠬᠤ ᠵᠢ ᠭᠦᠨᠵᠡᠭᠡᠢ᠌ᠷᠡᠭᠦᠯᠵᠦ᠂ ᠡᠰᠢ ᠰᠦᠷᠡᠯ᠎ᠢ ᠵᠠᠳᠠᠭ᠋ᠠᠢ ᠰᠢᠲᠠᠭ᠋ᠠᠬᠤ ᠵᠢ ᠴᠢᠩᠭ᠎ᠠ ᠴᠠᠭ᠋ᠠᠵᠠᠯᠠᠨ᠎ᠠ᠃ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠢ᠌ᠳᠠᠯ᠎ᠢ ᠠᠷᠭ᠋ᠠᠴᠠᠭ᠋ᠠᠵᠤ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠬᠢᠵᠠᠭ᠋ᠠᠷᠯᠠᠬᠤ ᠵᠢ ᠴᠢᠩᠭ᠋ᠠᠳᠬᠠᠵᠤ᠂ ᠵᠢᠯ ᠪᠦᠷᠢ ᠤᠷᠬᠢᠯ ᠎ᠤᠨ ᠬᠤᠭᠤᠴᠠᠭ᠎ᠠ᠎ᠳᠤ ᠦᠢ᠍ᠯᠡᠳᠪᠦᠷᠢᠯᠡᠯ ᠎ᠢ ᠲᠣᠬᠢᠷᠠᠭᠤᠯᠤᠨ ᠡᠵᠡᠮᠳᠡᠬᠦ ᠲᠥᠰᠦᠯ᠎ᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ 2020 ᠣᠨ ᠪᠣᠯᠲᠠᠯ᠎ᠠ᠂ ᠲᠣᠭᠣᠷᠢᠭ ᠪᠠᠶ᠋ᠢᠭᠤᠯᠤᠭᠰᠠᠨ ᠡᠯ᠎ᠡ ᠬᠣᠲᠠ ᠵᠢᠨ ᠬᠦᠨᠳᠦ ᠪᠣᠬᠢᠷᠲᠤᠯᠳᠤ ᠡᠳᠦᠷ᠎ᠤᠨ ᠲᠣᠭ᠎ᠠ ᠵᠢ 2015 ᠣᠨ᠎ᠤ᠎ᠬᠢ᠎ᠠᠴᠠ 25%᠎ᠠᠴᠠ ᠳᠡᠭᠡᠭᠰᠢ ᠪᠠᠭ᠋ᠠᠰᠬᠠᠨ᠎ᠠ᠃
      ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ᠂ ᠱᠠᠨᠳᠦ᠋ᠩ ᠮᠤᠵᠢ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠶᠠᠰᠤ ᠴᠢᠨᠠᠷ᠎ᠢ ᠬᠠᠮᠠᠭ᠋ᠠᠯᠠᠬᠤ᠂ ᠬᠠᠷ᠎ᠠ ᠦᠮᠡᠬᠡᠶ ᠤᠰᠤᠨ ᠴᠣᠭᠴᠠ ᠵᠢ ᠵᠠᠰᠠᠬᠤ᠂ ᠪᠦᠸᠧᠬᠠᠢ ᠣᠷᠣᠨ᠎ᠤ ᠣᠷᠴᠢᠨ ᠲᠣᠭᠣᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ᠂ ᠬᠥᠳᠡᠭᠡ ᠠᠵᠤ ᠠᠬᠤᠢ ᠬᠥ᠋ᠳᠡᠭᠡ ᠲᠣᠰᠬᠣᠨ᠎ᠤ ᠪᠣᠬᠢᠷᠲᠤᠯ᠎ᠢ ᠵᠠᠰᠠᠬᠤ᠎ᠪᠠᠷ ᠭᠣᠣᠯᠳᠠᠯᠭ᠎ᠠ ᠪᠣᠯᠭ᠋ᠠᠬᠤ ᠵᠢ ᠲᠣᠳᠣᠷᠬᠠᠢ ᠲᠣᠭᠲᠠᠭ᠋ᠠᠵᠤ᠂ ᠴᠡᠩᠬᠡᠷ ᠤᠰᠤ ᠵᠢ ᠬᠠᠮᠠᠭ᠋ᠠᠯᠠᠬᠤ ᠠᠵᠢᠯ᠎ᠢ ᠬᠦᠴᠦ ᠲᠠᠯᠪᠢᠨ ᠬᠢᠨ᠎ᠡ᠃ 2019 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠰᠢᠶᠠᠨ ᠵᠢᠴᠢ ᠰᠢᠶᠠᠨ᠎ᠠᠴᠠ ᠳᠡᠭᠡᠭᠰᠢᠬᠢ ᠬᠤᠲᠠ ᠵᠢᠨ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠪᠥᠬᠥ ᠲᠠᠯ᠎ᠠ᠎ᠪᠠᠷ ᠢᠯᠭ᠋ᠠᠨ ᠪᠠᠢ᠌ᠴᠠᠭ᠋ᠠᠬᠤ ᠪᠠ ᠴᠡᠭᠴᠡᠯᠡᠨ ᠵᠠᠰᠠᠨ᠎ᠠ᠃ 2020 ᠣᠨ ᠪᠣᠯᠲᠠᠯ᠎ᠠ᠂ ᠲᠣᠭᠣᠷᠢᠭ ᠪᠠᠶ᠋ᠢᠭᠤᠯᠤᠭᠰᠠᠨ ᠡᠯ᠎ᠡ ᠬᠤᠳᠠ ᠵᠢᠨ ᠲᠣᠭᠣᠷᠢᠭ᠎ᠤᠨ ᠬᠠᠷ᠎ᠠ ᠦᠮᠡᠬᠡᠶ ᠣᠰᠣᠨ ᠴᠣᠭᠴᠠ ᠵᠢ ᠠᠷᠢᠯᠭ᠋ᠠᠬᠤ ᠬᠠᠷᠢᠴᠠᠯ᠎ᠢ 90%᠎ᠠᠴᠠ ᠳᠡᠭᠡᠭᠰᠢ᠎ᠳᠤ ᠬᠦᠷᠭᠡᠨ᠎ᠡ᠃
      ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠲᠦᠯᠬᠢᠨ ᠠᠬᠢᠭᠤᠯᠬᠤ᠎ᠪᠠᠷ ᠭᠣᠣᠯᠯᠠᠭᠤᠯᠤᠨ᠂ ᠬᠥᠷᠥᠰᠥ ᠰᠢᠷᠣᠢ ᠵᠢᠨ ᠪᠣᠬᠢᠷᠲᠤᠯ᠎ᠢ ᠬᠠᠮᠢᠶᠠᠷᠤᠨ ᠡᠵᠡᠮᠳᠡᠬᠦ ᠪᠠ ᠵᠠᠰᠠᠵᠤ ᠰᠡᠷᠭᠦᠭᠡᠬᠦ ᠵᠢ ᠭᠣᠣᠯᠳᠠᠯᠭ᠎ᠠ᠎ᠲᠠᠢ ᠴᠢᠩᠭ᠋ᠠᠳᠬᠠᠨ᠎ᠠ᠃ 2018 ᠣᠨ᠎ᠤ ᠵᠢᠯ᠎ᠤᠨ ᠡᠴᠦᠰ᠎ᠠᠴᠠ ᠡᠮᠦᠨ᠎ᠡ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠥᠷᠥᠰᠥᠨ᠎ᠤ ᠪᠣᠬᠢᠷᠲᠤᠯ᠎ᠤᠨ ᠪᠠᠶ᠋ᠢᠳᠠᠯ᠎ᠤᠨ ᠨᠠᠷᠢᠨ ᠪᠠᠶ᠋ᠢᠴᠠᠭ᠋ᠠᠯᠲᠠ ᠵᠢ ᠬᠢᠵᠦ ᠳᠠᠭᠤᠰᠬᠠᠨ᠎ᠠ᠃ 2020 ᠣᠨ᠎ᠤ ᠵᠢᠯ᠎ᠤᠨ ᠡᠴᠦᠰ᠎ᠠᠴᠠ ᠡᠮᠦᠨ᠎ᠡ ᠭᠣᠣᠯᠳᠠᠯᠭ᠎ᠠ᠎ᠲᠠᠢ ᠠᠵᠢᠯ ᠲᠥᠷᠥᠯ ᠠᠵᠤ ᠠᠬᠤᠶ᠋ᠢᠯᠠᠯ᠎ᠤᠨ ᠬᠡᠷᠡᠭᠯᠡᠬᠦ ᠭᠠᠵᠠᠷ ᠰᠢᠷᠣᠢ ᠵᠢᠨ ᠪᠣᠬᠢᠷᠲᠤᠯ᠎ᠤᠨ ᠪᠠᠶ᠋ᠢᠳᠠᠯ᠎ᠢ ᠪᠠᠶ᠋ᠢᠴᠠᠭ᠋ᠠᠬᠤ ᠪᠠ ᠲᠠᠷᠢᠶᠠᠨ ᠭᠠᠵᠠᠷ᠎ᠤᠨ ᠬᠥᠷᠥᠰᠥ ᠰᠢᠷᠣᠶ ᠵᠢᠨ ᠣᠷᠴᠢᠨ ᠠᠬᠤᠶ ᠵᠢᠨ ᠲᠦᠷᠦᠯ ᠬᠤᠪᠢᠶᠠᠭᠰᠠᠨ ᠲᠣᠳᠣᠷᠬᠠᠶ ᠬᠠᠭᠤᠳᠠᠰᠤ ᠵᠢ ᠨᠠᠶ᠋ᠢᠷᠠᠭᠤᠯᠤᠨ ᠵᠣᠬᠢᠶᠠᠨ᠎ᠠ᠃
      ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠰᠡᠷᠭᠦᠭᠡᠯᠲᠡ ᠵᠢ ᠬᠡᠷᠬᠢᠨ ᠠᠬᠢᠭᠤᠯᠵᠤ ᠬᠡᠷᠡᠭᠵᠢᠭᠦᠯᠬᠦ ᠪᠤᠢ?
      ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠵᠢᠨ ᠲᠥᠯᠥᠭᠡ᠂ 《ᠬᠡᠷᠡᠭᠵᠢᠭᠦᠯᠬᠦ ᠰᠠᠨᠠᠯ》᠎ᠳᠤ ᠳᠤᠷᠠᠳᠬᠤ᠎ᠳᠤ᠎ᠪᠠᠨ᠂ ᠪᠠᠲᠤᠯᠠᠬᠤ ᠶᠣᠰᠣᠲᠠᠶ ᠵᠢ᠎ᠨᠢ ᠴᠥᠮ ᠪᠠᠲᠤᠯᠠᠬᠤ᠂ ᠬᠤᠪᠢᠶᠠᠯᠠᠬᠤ ᠶᠣᠰᠣᠲᠠᠶ ᠵᠢ᠎ᠨᠢ ᠴᠥᠮ ᠬᠤᠪᠢᠶᠠᠷᠢᠯᠠᠬᠤ ᠵᠠᠷᠴᠢᠮ ᠶᠣᠰᠣᠭ᠋ᠠᠷ᠂ ᠠᠮᠢ ᠠᠬᠤᠢ ᠵᠢᠨ ᠴᠢᠳᠠᠮᠵᠢᠲᠤ ᠴᠢᠬᠤᠯᠠ ᠣᠷᠣᠨ ᠪᠦᠰᠡ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠡᠪᠡᠷᠡᠭ ᠪᠠᠭᠤᠷᠠᠢ ᠣᠷᠣᠨ ᠪᠦᠰᠡ ᠵᠡᠷᠭᠡ ᠵᠢ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠳᠤ ᠣᠷᠣᠭᠤᠯᠤᠨ᠎ᠠ ᠭᠡᠵᠡᠢ᠃
      ᠲᠥᠯᠥᠪᠯᠡᠭᠡ ᠶᠣᠰᠣᠭ᠋ᠠᠷ᠂ ᠱᠠᠨᠳᠦ᠋ᠩ ᠮᠤᠵᠢ 2018 ᠣᠨ᠎ᠤ ᠵᠢᠯ᠎ᠤᠨ ᠡᠴᠦᠰ᠎ᠠᠴᠠ ᠡᠮᠦᠨ᠎ᠡ ᠪᠦᠬᠦ ᠮᠤᠵᠢ ᠵᠢᠨ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠰᠢᠯᠢᠳᠡᠭᠵᠢᠭᠦᠯᠬᠦ ᠠᠵᠢᠯ᠎ᠢ ᠪᠡᠶᠡᠯᠡᠭᠦᠯᠵᠦ᠂ 2020   ᠣᠨ᠎ᠤ   ᠵᠢᠯ᠎ᠤᠨ   ᠡᠴᠦᠰ᠎ᠠᠴᠠ ᠡᠮᠦᠨ᠎ᠡ ᠬᠢᠯᠢ ᠵᠠᠭ᠋ᠠᠭ᠎ᠢ ᠬᠠᠶ᠋ᠢᠵᠤ ᠲᠡᠮᠳᠡᠭ ᠲᠣᠭᠲᠠᠭ᠋ᠠᠬᠤ ᠵᠢ ᠪᠡᠶᠡᠯᠡᠭᠦᠯᠦᠨ᠎ᠡ᠃ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠬᠠᠮᠢᠶᠠᠷᠤᠯᠲᠠ ᠵᠢᠨ ᠠᠷᠭ᠎ᠠ᠂ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠲᠥᠰᠥᠯ᠎ᠢ ᠲᠣᠭᠲᠠᠭ᠋ᠠᠨ ᠬᠡᠷᠡᠭᠵᠢᠭᠦᠯᠵᠦ᠂ ᠠᠮᠢ ᠠᠬᠤᠶ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠬᠢᠨᠠᠨ ᠬᠠᠮᠢᠶᠠᠷᠬᠤ ᠲᠠᠪᠴᠠᠩ᠎ᠢ ᠪᠠᠢ᠌ᠭᠤᠯᠤᠨ᠎ᠠ᠃ ᠬᠠᠤᠯᠢ ᠵᠢ ᠵᠥᠷᠢᠴᠡᠵᠦ ᠲᠣᠭᠲᠠᠭ᠋ᠠᠯ᠎ᠢ ᠵᠥᠷᠢᠴᠡᠨ ᠠᠮᠢ ᠠᠬᠤᠶ ᠵᠢᠨ ᠣᠷᠣᠨ ᠵᠠᠶ ᠵᠢ ᠰᠢᠬᠠᠨ ᠡᠵᠡᠯᠡᠬᠦ᠂ ᠪᠠᠶ᠋ᠢᠭ᠋ᠠᠯᠢ ᠵᠢᠨ ᠦᠯᠡᠳᠡᠭᠳᠡᠯ ᠣᠷᠣ ᠮᠥᠷ᠎ᠢ ᠡᠪᠳᠡᠭᠰᠡᠨ ᠵᠡᠷᠭᠡ ᠦᠢ᠍ᠯᠡ ᠠᠵᠢᠯᠯᠠᠭ᠎ᠠ ᠵᠢ ᠪᠦᠬᠦ ᠲᠠᠯ᠎ᠠ᠎ᠪᠠᠷ ᠢᠯᠭ᠋ᠠᠨ ᠪᠠᠢ᠌ᠴᠠᠭ᠋ᠠᠨ᠎ᠠ᠂ ᠵᠠᠰᠠᠬᠤ ᠪᠠ ᠵᠠᠰᠠᠨ ᠰᠡᠷᠭᠦᠭᠡᠬᠦ ᠲᠥᠯᠥᠪᠯᠡᠭᠡ ᠲᠣᠭᠲᠠᠭ᠋ᠠᠬᠤ ᠪᠥᠭᠡᠳ ᠨᠡᠶ᠋ᠢᠭᠡᠮ ᠨᠡᠶ᠋ᠢᠲᠡ᠎ᠳᠤ ᠢᠯᠡ ᠮᠡᠳᠡᠭᠳᠡᠨ᠎ᠡ᠃
      ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠦᠷᠢᠶ᠎ᠡ ᠬᠡᠪᠴᠢᠶᠡᠨ᠎ᠳᠤ ᠴᠢᠭᠯᠡᠭᠦᠯᠦᠭᠰᠡᠨ ᠠᠮᠢ ᠠᠬᠤᠶ ᠵᠢᠨ ᠠᠰᠠᠭᠤᠳᠠᠯ᠂ 《ᠨᠣᠭᠣᠭ᠋ᠠᠨ ᠪᠠᠮᠪᠠᠢ》 ᠵᠢᠨ ᠬᠢᠨᠠᠨ ᠪᠠᠶ᠋ᠢᠴᠠᠭ᠋ᠠᠬᠤ ᠲᠤᠰᠬᠠᠶ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 2020 ᠣᠨ᠎ᠤ ᠵᠢᠯ᠎ᠤᠨ ᠡᠴᠦᠰ᠎ᠠᠴᠠ ᠡᠮᠦᠨ᠎ᠡ᠂ 45 ᠮᠤᠵᠢ ᠵᠢᠨ ᠱᠠᠲᠤ ᠵᠢᠴᠢ ᠲᠡᠭᠦᠨ᠎ᠠᠴᠠ ᠳᠡᠭᠡᠭᠰᠢᠬᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠭᠣᠣᠯ ᠣᠷᠣᠨ ᠪᠣᠯᠤᠨ ᠵᠠᠪᠰᠠᠷ᠎ᠤᠨ ᠣᠷᠣᠨ᠎ᠤ ᠳᠣᠲᠣᠷᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠪᠣᠳᠠᠲᠠᠢ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠶ ᠪᠥᠭᠡᠳ ᠠᠮᠢ ᠠᠬᠤᠶ ᠵᠢ ᠰᠡᠷᠭᠦᠭᠡᠬᠦ ᠵᠢ ᠪᠡᠶᠡᠯᠡᠭᠦᠯᠬᠦ ᠬᠡᠷᠡᠭᠲᠡᠶ᠃
      ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠴᠥᠭᠥᠷᠥᠮ ᠡᠪᠡᠰᠦ ᠪᠡᠯᠴᠢᠭᠡᠷ᠎ᠤᠨ ᠰᠢᠰᠲ᠋ᠧᠮ᠎ᠲᠠᠢ ᠵᠠᠰᠠᠯᠲᠠ ᠵᠢ ᠨᠢᠭᠡᠳᠦᠯᠲᠡᠶ ᠲᠥᠯᠥᠪᠯᠡᠵᠦ᠂ ᠲᠠᠶ᠋ᠢᠱ᠌ᠠᠨ ᠠᠭᠤᠯᠠᠨ᠎ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠴᠥᠭᠥᠷᠥᠮ ᠡᠪᠡᠰᠦ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠤᠯᠤᠰ᠎ᠤᠨ ᠲᠤᠷᠰᠢᠯᠲᠠ ᠵᠢᠨ ᠢᠨᠵᠧᠨᠧᠷᠢᠩ᠎ᠤᠨ ᠬᠡᠷᠡᠭᠵᠢᠭᠦᠯᠦᠯᠲᠡ ᠵᠢ ᠲᠦᠯᠬᠢᠨ ᠠᠬᠢᠭᠤᠯᠵᠤ᠂ ᠴᠢᠩᠳᠣᠣ ᠠᠷᠠᠯ᠎ᠤᠨ ᠠᠮᠢ ᠠᠬᠤᠶ ᠵᠢᠨ ᠪᠣᠯᠪᠠᠰᠤᠨ᠎ᠤ ᠶᠡᠷᠦᠩᠬᠡᠶ᠋ᠢᠯᠡᠭᠰᠡᠨ ᠲᠤᠷᠰᠢᠯᠲᠠ ᠵᠢᠨ ᠣᠷᠣᠨ᠎ᠤ ᠪᠥᠲᠥᠭᠡᠨ ᠪᠠᠶ᠋ᠢᠭᠤᠯᠤᠯᠲᠠ ᠵᠢ ᠳᠡᠮᠵᠢᠨ᠎ᠡ᠃ ᠨᠠᠮᠤᠭ ᠭᠠᠵᠠᠷ᠎ᠢ ᠬᠠᠮᠠᠭ᠋ᠠᠯᠠᠵᠤ ᠵᠠᠰᠠᠨ ᠰᠡᠷᠭᠦᠭᠡᠬᠦ ᠵᠢ ᠠᠬᠢᠭᠤᠯᠵᠤ ᠲᠡᠷᠡᠴᠢᠯᠡᠨ ᠬᠥᠷᠥᠰᠥ ᠰᠢᠷᠣᠶ ᠵᠢᠨ ᠢᠳᠡᠭᠳᠡᠯ᠂ ᠴᠥᠯᠬᠡᠷᠡᠭᠵᠢᠯ᠎ᠢ ᠶᠡᠷᠦᠩᠬᠡᠶ᠋ᠢᠯᠡᠨ ᠵᠠᠰᠠᠬᠤ ᠠᠵᠢᠯ᠎ᠢ ᠠᠬᠢᠭᠤᠯᠵᠤ᠂ ᠲᠠᠷᠢᠶᠠᠨ ᠭᠠᠵᠠᠷ᠂ ᠣᠢ ᠰᠢᠭᠤᠢ᠂ ᠭᠣᠣᠯ ᠤᠷᠤᠰᠬᠠᠯ᠂ ᠨᠠᠭᠤᠷ᠂ ᠳᠠᠯᠠᠢ ᠵᠢᠨ ᠠᠮᠠᠷᠠᠨ ᠠᠮᠢᠵᠢᠷᠠᠬᠤ ᠵᠢ ᠠᠬᠢᠭᠤᠯᠤᠨ᠎ᠠ᠃
     《ᠬᠡᠷᠡᠭᠵᠢᠭᠦᠯᠬᠦ ᠰᠠᠨᠠᠯ》 ᠎ᠳᠤ ᠱᠠᠭ᠋ᠠᠷᠳᠠᠭᠰᠠᠨ᠎ᠨᠢ᠂ 2019 ᠣᠨ᠎ᠠᠴᠠ ᠡᠮᠦᠨ᠎ᠡ᠂ ᠣᠷᠣᠨ ᠪᠦᠰᠡ ᠵᠢᠨ ᠣᠷᠣᠨ ᠵᠠᠶ ᠵᠢᠨ ᠠᠮᠢ ᠠᠬᠤᠶ ᠵᠢᠨ ᠣᠷᠴᠢᠨ ᠲᠣᠭᠣᠷᠢᠨ᠎ᠤ ᠦᠨᠡᠯᠡᠯᠲᠡ ᠵᠢ ᠪᠡᠶᠡᠯᠡᠭᠦᠯᠵᠦ᠂᠂ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠭᠤᠷᠪᠠᠨ ᠱᠤᠭᠤᠮ ᠨᠢᠭᠡ ᠬᠠᠭᠤᠳᠠᠰᠤ》᠎ᠪᠠᠷ ᠶᠡᠷᠦᠩᠬᠡᠶ᠋ᠢᠯᠡᠭᠰᠡᠨ ᠰᠢᠢ᠍ᠳᠪᠦᠷᠢᠲᠦ ᠪᠣᠳᠣᠯᠭ᠎ᠠ ᠵᠢᠨ ᠤᠷᠢᠲᠠᠯ ᠨᠥᠬᠥᠴᠡᠯ ᠪᠣᠯᠭ᠋ᠠᠵᠤ᠂ ᠣᠷᠣᠨ ᠨᠤᠲᠤᠭ᠎ᠤᠨ ᠬᠠᠤᠯᠢ ᠲᠣᠭᠲᠠᠭ᠋ᠠᠬᠤ᠂ ᠲᠦᠷᠦ ᠵᠢᠨ ᠪᠤᠳᠤᠯᠭ᠎ᠠ ᠲᠣᠭᠲᠠᠭ᠋ᠠᠬᠤ᠂ ᠲᠥᠯᠥᠪᠵᠢᠭᠦᠯᠭᠡ ᠨᠠᠶ᠋ᠢᠷᠠᠭᠤᠯᠤᠨ ᠵᠣᠬᠢᠶᠠᠵᠤ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠳᠤᠮᠳᠠ ᠤᠯᠠᠷᠢᠭᠤᠯᠤᠨ ᠬᠤᠪᠢᠷᠠᠭᠤᠯᠵᠤ ᠪᠣᠯᠬᠤ ᠦᠭᠡᠢ᠂ ᠪᠠᠷᠢᠮᠵᠢᠶ᠎ᠠ ᠵᠢ ᠪᠠᠭᠤᠷᠠᠭᠤᠯᠵᠤ ᠪᠣᠯᠬᠤ ᠦᠭᠡᠢ᠂ ᠨᠡᠶ᠋ᠢᠴᠡᠬᠦ ᠤᠢ᠍ᠭᠡᠢ᠂ ᠬᠠᠷᠢᠯᠴᠠᠨ ᠵᠣᠯᠭ᠋ᠠᠬᠤ ᠦᠭᠡᠢ᠂ ᠦᠯᠦ ᠵᠣᠬᠢᠴᠠᠬᠤ ᠵᠦᠢ᠍ᠯ᠎ᠢ᠎ᠨᠢ 2020 ᠣᠨ᠎ᠤ ᠵᠢᠯ᠎ᠤᠨ ᠡᠴᠦᠰ᠎ᠠᠴᠠ ᠡᠮᠦᠨ᠎ᠡ ᠲᠣᠬᠢᠷᠠᠭᠤᠯᠤᠯᠲᠠ ᠬᠢᠨ᠎ᠡ ᠭᠡᠵᠡᠢ᠃
      ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠬᠡᠷᠬᠢᠨ ᠬᠡᠷᠬᠢᠨ ᠲᠡᠭᠦᠯᠳᠡᠷᠵᠢᠭᠦᠯᠬᠦ ᠪᠣᠢ?
     《ᠬᠡᠷᠡᠭᠵᠢᠭᠦᠯᠬᠦ ᠰᠠᠨᠠᠯ》 ᠎ᠳᠤ ᠲᠣᠳᠣᠷᠬᠠᠢ᠌ᠯᠠᠭᠰᠠᠨ᠎ᠨᠢ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠳᠤ ᠤᠯᠠᠮ ᠨᠢᠭᠡ ᠠᠯᠬᠤᠮ ᠥᠭᠡᠷᠡᠴᠢᠯᠡᠯᠲᠡ ᠬᠢᠵᠦ ᠲᠡᠭᠦᠯᠳᠡᠷᠵᠢᠭᠦᠯᠦᠨ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠡᠷᠡᠭᠲᠡᠢ ᠭᠡᠵᠡᠢ᠃
      ᠱᠠᠨᠳᠦ᠋ᠩ ᠮᠤᠵᠢ᠎ᠠᠴᠠ ᠱᠠᠭ᠋ᠠᠷᠳᠠᠭᠰᠠᠨ᠎ᠨᠢ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠷᠠᠭᠤᠯᠤᠨ᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠦᠭᠡᠶ ᠣᠷᠣᠨ ᠪᠦᠰᠡ ᠬᠣᠲᠠ᠂ ᠰᠢᠶᠠᠨ᠎ᠤ ᠱᠠᠲᠤᠨ᠎ᠤ ᠵᠠᠰᠠᠭ᠎ᠤᠨ ᠣᠷᠳᠣᠨ᠎ᠢ 2018 ᠣᠨ᠎ᠤ ᠵᠢᠯ᠎ᠤᠨ ᠡᠴᠦᠰ᠎ᠠᠴᠠ ᠡᠮᠦᠨ᠎ᠡ ᠬᠤᠭᠤᠴᠠᠭ᠎ᠠ ᠲᠣᠭᠲᠠᠭ᠋ᠠᠨ ᠪᠠᠷᠢᠮᠵᠢᠶ᠎ᠠ᠎ᠳᠤ ᠬᠦᠷᠭᠡᠬᠦ ᠲᠥᠯᠥᠪᠵᠢᠭᠦᠯᠭᠡ ᠲᠣᠭᠲᠠᠭ᠋ᠠᠨ ᠬᠡᠷᠡᠭᠵᠢᠭᠦᠯᠬᠦ ᠬᠡᠷᠡᠭᠲᠡᠢ᠃ ᠡᠯ᠎ᠡ ᠠᠶ᠋ᠢᠮᠠᠭ ᠬᠤᠳᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ ᠵᠶ᠋ᠠᠨ ᠵᠢᠯ ᠪᠦᠷᠢ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠶ ᠭᠡᠵᠡᠢ᠃
      ᠱᠠᠨᠳᠦ᠋ᠩ ᠮᠤᠵᠢ ᠵᠢᠨ᠎ᠬᠢᠨ ᠪᠠᠰᠠ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠠᠵᠢᠯ᠎ᠤᠨ ᠠᠮᠵᠢᠯᠲᠠ ᠪᠦᠲᠦᠮᠵᠢ ᠵᠢ ᠬᠢᠨᠠᠨ ᠰᠢᠯᠭ᠋ᠠᠬᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠠᠯᠲᠠ ᠲᠣᠭᠲᠠᠭ᠋ᠠᠨ ᠦᠨᠡᠯᠡᠵᠦ ᠬᠢᠨᠠᠨ ᠰᠢᠯᠭ᠋ᠠᠬᠤ ᠠᠵᠢᠯ᠎ᠢ ᠥᠷᠨᠢᠭᠦᠯᠵᠡᠢ᠃ ᠤᠳᠤᠷᠢᠳᠬᠤ ᠺᠠᠳ᠋ᠷ᠎ᠤᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠬᠦᠷᠦᠩᠬᠡ ᠵᠢᠨ ᠲᠤᠬᠠᠢ ᠲᠤᠰᠢᠶᠠᠯ᠎ᠠᠴᠠ ᠪᠠᠭᠤᠬᠤ ᠦᠶ᠎ᠡ ᠵᠢᠨ ᠬᠢᠨᠠᠨ ᠪᠤᠳᠤᠯᠳᠠ ᠬᠢᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠬᠤ ᠴᠢᠬᠤᠯᠠ ᠶᠡᠬᠡ ᠰᠢᠢ᠍ᠳᠪᠦᠷᠢᠲᠦ ᠵᠢᠨ ᠪᠤᠳᠤᠯᠭ᠎ᠠ ᠪᠠᠶ᠋ᠢᠷᠢᠯᠠᠭᠤᠯᠤᠯᠲᠠ ᠵᠢ ᠮᠥᠷᠳᠡᠨ ᠳᠠᠭ᠋ᠠᠭᠰᠠᠨ ᠬᠢᠨᠠᠨ ᠪᠣᠳᠣᠯᠲᠠ ᠬᠢᠬᠦ ᠵᠢ ᠪᠦᠬᠦ ᠲᠠᠯ᠎ᠠ᠎ᠪᠠᠷ ᠥᠷᠨᠢᠭᠦᠯᠵᠡᠢ᠃ ᠬᠣᠲᠠ ᠰᠢᠶᠠᠨ ᠰᠢᠶᠠᠩ ᠭᠤᠷᠪᠠᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠨᠡᠷᠡᠰ ᠳ᠋ᠤᠭ᠋ᠠᠷ ᠵᠢᠭᠰᠠᠭ᠋ᠠᠬᠤ ᠵᠢ ᠬᠡᠷᠡᠭᠵᠢᠭᠦᠯᠵᠦ᠂ ᠨᠡᠢ᠌ᠳᠡᠮ ᠮᠡᠳᠡᠭᠳᠡᠬᠦ᠂ ᠪᠣᠯᠵᠣᠨ ᠬᠡᠯᠡᠯᠴᠡᠬᠦ᠂ ᠵᠥᠪᠰᠢᠶᠡᠷᠡᠯ᠎ᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ ᠵᠢ ᠬᠡᠷᠡᠭᠵᠢᠭᠦᠯᠪᠡ᠃ ᠮᠤᠵᠢ ᠵᠢᠨ ᠱᠠᠲᠤᠨ᠎ᠤ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠶ᠋ᠢᠴᠠᠭ᠋ᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠬᠦᠷᠢᠶ᠎ᠡ ᠬᠡᠪᠴᠢᠶ᠎ᠡ᠂ ᠭᠣᠣᠯᠳᠠᠯᠭ᠎ᠠ᠎ᠲᠠᠢ ᠠᠵᠢᠯ ᠲᠦᠷᠦᠯ᠎ᠤᠨ ᠲᠤᠰᠬᠠᠶ ᠵᠦᠢ᠍ᠯᠡᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠢ᠌ᠴᠠᠭ᠋ᠠᠪᠠ᠃
      ᠱᠠᠨᠳᠦ᠋ᠩ ᠮᠤᠵᠢ ᠵᠢᠨ ᠡᠯ᠎ᠡ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠭ᠎ᠠ ᠮᠤᠵᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠣᠯᠤᠨ ᠠᠮᠢ ᠠᠬᠤᠶ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠶᠳᠪᠦᠷᠢᠲᠦ   ᠪᠣᠳᠣᠯᠭ᠎ᠠ ᠵᠢᠨ   ᠪᠠᠶ᠋ᠢᠷᠢᠯᠠᠭᠤᠯᠤᠯᠲᠠ ᠵᠢ   ᠨᠠᠢ᠌ᠳᠠᠪᠤᠷᠢᠵᠢᠭᠤᠯᠤᠭᠰᠠᠨ ᠵᠶ᠋ᠠᠷ ᠡᠷᠡᠰ ᠴᠢᠩᠭ᠎ᠠ ᠪᠢᠰᠢ᠂ ᠲᠤᠶ᠋ᠢᠯᠪᠤᠷᠢ ᠦᠭᠡᠢ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠵᠶ᠋ᠡᠷ ᠬᠦᠷᠦᠯᠴᠡᠬᠦ ᠦᠭᠡᠢ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠡᠭᠦᠷᠭᠡ ᠵᠢ ᠪᠡᠶᠡᠯᠡᠭᠦᠯᠬᠦ᠎ᠳᠤ᠎ᠪᠠᠨ ᠬᠦᠨᠳᠦ ᠨᠣᠴᠢᠲᠠᠶ ᠬᠣᠵᠢᠮᠳᠠᠭᠰᠠᠨ᠂ ᠣᠷᠣᠨ ᠪᠦᠰᠡ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ ᠲᠣᠪᠣᠶ᠋ᠢᠮ᠎ᠠ ᠪᠠᠶ᠋ᠢᠪᠠᠯ᠂ ᠲᠡᠭᠦᠨ᠎ᠤ ᠭᠣᠣᠯ ᠬᠠᠷᠢᠭᠤᠴᠠᠯᠭ᠋ᠠᠲᠠᠨ᠎ᠲᠠᠢ᠎ᠨᠢ ᠪᠣᠯᠵᠣᠨ ᠶᠠᠷᠢᠯᠴᠠᠬᠤ ᠪᠣᠯᠣᠨ᠎ᠠ᠃
     《ᠬᠡᠷᠡᠭᠵᠢᠭᠦᠯᠬᠦ ᠰᠠᠨᠠᠯ》 ᠎ᠳᠤ ᠲᠣᠳᠣᠷᠬᠠᠢ᠌ᠯᠠᠭᠰᠠᠨ᠎ᠨᠢ᠂ ᠠᠵᠤ ᠠᠬᠤᠶ᠋ᠢᠯᠠᠯ᠎ᠤᠨ ᠣᠷᠴᠢᠨ ᠠᠬᠤᠶ ᠵᠢᠨ ᠪᠣᠬᠢᠷᠲᠤᠯ᠎ᠢ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠬᠢᠨᠠᠯᠲᠠ ᠬᠠᠮᠢᠶᠠᠷᠤᠯᠲᠠ ᠵᠢᠨ ᠬᠢᠵᠠᠭ᠋ᠠᠷᠯᠠᠯ᠎ᠢ ᠴᠢᠩᠭ᠋ᠠᠳᠬᠠᠵᠤ᠂ ᠠᠵᠤ ᠠᠬᠤᠶ᠋ᠢᠯᠠᠯ᠎ᠢ ᠰᠢᠬᠠᠮᠳᠠᠭᠤᠯᠵᠤ ᠪᠣᠬᠢᠷᠲᠤᠯ᠎ᠢ ᠵᠠᠰᠠᠭᠤᠯᠤᠨ᠎ᠠ᠃ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠤᠨ ᠪᠠᠶ᠋ᠢᠭᠤᠯᠤᠯᠲᠠ ᠵᠢ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠣᠷᠴᠢᠨ ᠠᠬᠤᠶ ᠵᠢᠨ ᠬᠠᠮᠢᠶᠠᠷᠤᠯᠲᠠ ᠵᠢᠨ ᠭᠣᠣᠯ ᠳᠦᠷᠢᠮ ᠪᠣᠯᠭ᠋ᠠᠵᠤ᠂ 《ᠨᠢᠭᠡ ᠯᠡ ᠦᠨᠡᠮᠯᠡᠯ᠎ᠤᠨ ᠳᠦᠷᠢᠮ》 ᠎ᠤᠨ ᠬᠠᠮᠢᠶᠠᠷᠤᠯᠲᠠ ᠵᠢ ᠪᠡᠶᠡᠯᠡᠭᠦᠯᠦᠨ᠎ᠡ᠃ ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠪᠦᠬᠦ ᠲᠠᠯ᠎ᠠ᠎ᠪᠠᠷ ᠭᠠᠳᠠᠭᠰᠢᠯᠠᠭᠤᠯᠬᠤ ᠪᠠᠷᠢᠮᠵᠢᠶ᠎ᠠ᠎ᠳᠤ ᠬᠦᠷᠭᠡᠬᠦ ᠲᠥᠯᠥᠪᠯᠡᠭᠡ ᠵᠢ ᠬᠡᠷᠡᠭᠵᠢᠭᠦᠯᠦᠨ᠎ᠡ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠭᠤᠸᠠᠩᠳᠦ᠋ᠩ ᠭᠣᠣᠯ ᠮᠥᠷᠡᠨ᠎ᠤ ᠳᠠᠷᠤᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠬᠦ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠩᠬᠠᠳᠤᠭ᠋ᠠᠷ ᠤᠳᠠᠭ᠋ᠠᠨ᠎ᠤ ᠬᠤᠷᠠᠯ᠎ᠢ ᠬᠤᠷᠠᠯᠳᠤᠭᠤᠯᠵᠤ 《ᠲᠠᠪᠤ ᠵᠢ ᠢᠯᠭ᠋ᠠᠷᠠᠭᠤᠯᠤᠨ ᠴᠡᠪᠡᠷᠯᠡᠬᠦ》 ᠲᠤᠰᠬᠠᠢ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠪᠡ
ᠵᠧᠵᠢᠶᠠᠩ ᠮᠤᠵᠢ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠴᠡᠭᠴᠡᠯᠡᠨ ᠵᠠᠰᠠᠬᠤ ᠲᠠᠯ᠎ᠠ᠎ᠪᠠᠷ ᠬᠣᠴᠣᠷᠤᠩᠭᠤᠢ 7 ᠰᠢᠶᠠᠨ (ᠬᠣᠲᠠ᠂ ᠲᠣᠭᠣᠷᠢᠭ)᠎ᠤ ᠭᠣᠣᠯ ᠤᠳᠤᠷᠢᠳᠤᠯᠭ᠎ᠠ ᠵᠢ ᠲᠥᠪᠯᠡᠷᠡᠭᠦᠯᠵᠦ ᠪᠣᠯᠵᠣᠨ ᠶᠠᠷᠢᠯᠴᠠᠪᠠ
ᠾᠧᠨᠠᠨ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠣᠯᠪᠣᠭ᠋ᠠᠯᠠᠨ 《ᠾᠧᠨᠠᠨ ᠮᠤᠵᠢ ᠵᠢᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠲᠡᠭᠡᠮᠵᠢ᠎ᠳᠤ ᠦᠨᠡᠯᠡᠯᠲᠡ ᠬᠢᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
ᠲᠣᠰᠬᠤᠨ᠎ᠤ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠳᠤᠭᠤᠢ᠌ᠯᠠᠩ ᠨᠡᠭᠦᠳᠡᠯ᠎ᠤᠨ ᠰᠢᠪᠠᠭᠤ ᠵᠢ ᠬᠠᠮᠠᠭ᠋ᠠᠯᠠᠬᠤ ᠠᠵᠢᠯᠯᠠᠭ᠎ᠠ ᠥᠷᠨᠢᠭᠦᠯᠪᠡ
ᠬᠤᠨᠠᠨ ᠮᠤᠵᠢ ᠵᠢᠨ ᠮᠤᠵᠢ ᠵᠢᠨ ᠱᠠᠲᠤᠨ᠎ᠤ 18 ᠭᠣᠣᠯ ᠮᠥᠷᠡᠨ᠎ᠤ ᠳᠠᠷᠤᠭ᠎ᠠ ᠭᠣᠣᠯ ᠨᠠᠭᠤᠷ᠎ᠤᠨ ᠴᠡᠭᠴᠡᠯᠡᠨ ᠵᠠᠰᠠᠭᠰᠠᠨ᠎ᠢ ᠭᠣᠣᠯᠳᠠᠯᠭ᠎ᠠ᠎ᠲᠠᠢ ᠴᠠᠭᠳᠠᠨ ᠪᠠᠢ᠌ᠴᠠᠭ᠋ᠠᠬᠤ ᠪᠠ ᠰᠢᠮᠳᠠᠭᠤᠯᠤᠨ ᠰᠢᠢ᠍ᠳᠪᠦᠷᠢᠯᠡᠭᠦᠯᠵᠦ ᠭᠣᠣᠯ ᠨᠠᠭᠤᠷ᠎ᠢ 31 ᠤᠳᠠᠭ᠎ᠠ ᠴᠢᠭᠵᠢᠭᠦᠯᠦᠨ ᠴᠠᠭᠳᠠᠵᠤ ᠨᠢᠭᠡᠨᠲᠡ 1328 《ᠳᠥᠷᠪᠡᠨ ᠵᠦᠢ᠍ᠯ᠎ᠤᠨ ᠰᠠᠮᠠᠭᠤᠷᠠᠯ》᠎ᠤᠨ ᠠᠰᠠᠭᠤᠳᠠᠯ᠎ᠢ ᠴᠡᠭᠴᠡᠯᠡᠨ ᠵᠠᠰᠠᠪᠠ
 
             蒙ICP备05000248号