ᠱᠠᠩᠬᠠᠶ ᠬᠤᠳᠠ ᠵᠢᠨ ᠴᠢᠨᠭᠫᠦ᠋ ᠵᠢᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠬᠥᠬᠡ ᠲᠩᠷᠢ ᠵᠢ ᠬᠠᠮᠠᠭ᠋ᠠᠯᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠬᠦᠴᠦᠲᠡᠶ ᠲᠦᠯᠬᠢᠨ ᠠᠬᠢᠭᠤᠯᠵᠤ ᠪᠠᠢ᠌ᠨ᠎ᠠ
ᠨᠡᠶ᠋ᠢᠲᠡᠯᠡᠭᠰᠡᠨ ᠴᠠᠭ᠄ 2018-09-21
《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠳᠤ ᠢᠯᠠᠯᠲᠠ ᠣᠯᠵᠤ》᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠳᠠᠬᠢ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠦᠷᠭᠦᠯᠵᠢᠯᠡᠭᠦᠯᠦᠨ ᠲᠡᠭᠦᠯᠳᠡᠷᠵᠢᠭᠦᠯᠬᠦ ᠵᠢᠨ ᠲᠥᠯᠥᠭᠡ᠂ ᠱᠠᠩᠬᠠᠶ ᠬᠤᠳᠠ ᠵᠢᠨ ᠴᠢᠨᠭᠫᠦ᠋ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠠᠯᠬᠤᠮ ᠠᠯᠬᠤᠮ ᠵᠶ᠋ᠠᠷ ᠯᠠᠪᠳᠠᠭᠤᠨ ᠪᠠᠲᠤᠲᠠᠢ ᠠᠬᠢᠭᠤᠯᠵᠤ᠂ ᠲᠤᠰᠬᠠᠶ ᠠᠵᠢᠯ ᠪᠠ ᠡᠩ᠎ᠤᠨ ᠠᠵᠢᠯ᠎ᠤᠨ ᠳᠤᠮᠳᠠ ᠰᠢᠪᠲᠤᠯᠤᠯᠲᠠ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠠᠩᠬᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ᠎ᠤᠨ ᠤᠯᠠᠨ ᠤᠯᠤᠰ᠎ᠤᠨ ᠭᠠᠳᠠᠭ᠋ᠠᠳᠤ ᠣᠷᠣᠭᠤᠯᠤᠯᠲᠠ ᠵᠢᠨ ᠦᠵᠡᠰᠬᠦᠯᠡᠩ᠎ᠤᠨ ᠴᠤᠭᠯᠠᠭ᠋ᠠᠨ᠎ᠢ ᠡᠷᠬᠢᠯᠡᠨ ᠶᠠᠪᠤᠭᠳᠠᠭᠤᠯᠬᠤ᠎ᠳᠤ ᠪᠦᠬᠦ ᠲᠠᠯ᠎ᠠ᠎ᠪᠠᠷ ᠬᠦᠴᠦᠨ ᠨᠡᠮᠡᠷᠢᠯᠡᠵᠦ ᠪᠠᠢ᠌ᠨ᠎ᠠ᠃
ᠨᠢᠭᠡ᠂ ᠠᠭ᠋ᠠᠷ ᠮᠠᠨᠳᠠᠯ VOCS᠎ᠤᠨ ᠡᠳᠦᠷ ᠲᠤᠲᠤᠮ᠎ᠤᠨ ᠲᠣᠭᠣᠷᠢᠨ ᠪᠠᠶ᠋ᠢᠴᠠᠭ᠋ᠠᠬᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠴᠢᠩᠭ᠋ᠠᠳᠬᠠᠨ᠎ᠠ᠃ ᠴᠢᠨᠭᠫᠦ᠋ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠤᠳᠤ ᠪᠠᠶ᠋ᠢᠭ᠎ᠠ ᠭᠣᠣᠯᠳᠠᠯᠭ᠎ᠠ᠎ᠲᠠᠢ VOCS ᠠᠵᠤ ᠠᠬᠤᠶ᠋ᠢᠯᠠᠯ ᠤᠨ ᠨᠡᠷᠡᠰ᠎ᠢ ᠲᠠᠰᠤᠷᠠᠯᠲᠠ ᠦᠭᠡᠢ ᠡᠮᠬᠢᠯᠡᠨ ᠰᠢᠨᠡᠳᠬᠡᠵᠦ᠂ ᠡᠳᠦᠷ ᠲᠤᠲᠤᠮ᠎ᠤᠨ ᠬᠢᠨᠠᠨ ᠪᠠᠶ᠋ᠢᠴᠠᠭ᠋ᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ ᠥᠷᠨᠢᠭᠦᠯᠵᠦ᠂ ᠭᠠᠷᠠᠭ ᠵᠶ᠋ᠠᠷ ᠮᠡᠳᠡᠭᠦᠯᠬᠦ᠂ ᠰᠠᠷ᠎ᠠ᠎ᠪᠠᠷ ᠮᠡᠳᠡᠭᠦᠯᠬᠦ᠂ ᠤᠯᠠᠷᠢᠯ ᠵᠶ᠋ᠠᠷ ᠮᠡᠳᠡᠭᠦᠯᠬᠦ ᠨᠠᠷᠢᠨ ᠨᠢᠭᠲᠠ ᠲᠦᠷᠢᠮ᠎ᠢ ᠬᠡᠷᠡᠭᠵᠢᠭᠦᠯᠦᠨ᠂ ᠪᠥᠬᠥ ᠲᠣᠭᠣᠷᠢᠭ᠎ᠤᠨ ᠠᠭ᠋ᠠᠷ ᠮᠠᠨᠳᠠᠯ᠎ᠳᠤ ᠪᠣᠬᠢᠷᠲᠤᠯ ᠭᠠᠳᠠᠭᠰᠢᠯᠠᠭᠤᠯᠵᠤ ᠪᠠᠢ᠌ᠭ᠎ᠠ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠰᠢᠨ᠎ᠡ᠃ ᠡᠭᠦᠨ᠎ᠤ ᠬᠠᠮᠲᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠤᠷᠢᠳᠠᠪᠠᠷ ᠰᠣᠷᠢᠯᠲᠠ ᠬᠢᠵᠦ᠂ ᠭᠡᠨᠡᠳᠲᠡ ᠡᠭᠦᠰᠦᠭᠰᠡᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠭᠡᠶ᠋ᠢᠯᠡᠨ ᠡᠵᠡᠮᠳᠡᠬᠦ ᠬᠡᠷᠡᠭᠲᠡᠢ᠃ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠴᠦ ᠬᠦᠴᠦᠲᠡᠶ ᠳᠠᠷᠤᠯᠲᠠ ᠦᠵᠡᠭᠦᠯᠬᠦ ᠪᠠᠶ᠋ᠢᠳᠠᠯ᠎ᠢ ᠢᠮᠠᠭᠲᠠ ᠪᠠᠷᠢᠮᠲᠠᠯᠠᠵᠤ᠂ ᠦᠢ᠍ᠯᠡ ᠠᠵᠢᠯᠯᠠᠭ᠎ᠠ᠎ᠨᠢ ᠮᠠᠰᠢ ᠬᠣᠣᠷᠲᠠᠢ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠪᠥᠭᠡᠳ ᠬᠦᠨᠳᠦ᠎ᠪᠠᠷ ᠰᠢᠳᠬᠡᠵᠦ᠂ ᠪᠦᠬᠦ ᠣᠷᠣᠨ᠎ᠤ ᠳᠣᠲᠣᠷᠠᠬᠢ ᠠᠭ᠋ᠠᠷ᠎ᠤᠨ ᠶᠠᠰᠤ ᠴᠢᠨᠠᠷ᠎ᠤᠨ ᠠᠶᠤᠯ ᠥᠭᠡᠢ ᠪᠠᠢ᠌ᠬᠤ ᠵᠢ ᠪᠦᠬᠦ ᠲᠠᠯ᠎ᠠ᠎ᠪᠠᠷ ᠬᠠᠮᠠᠭ᠋ᠠᠯᠠᠨ᠎ᠠ᠃
ᠬᠣᠶᠠᠷ᠂ ᠣᠽᠣᠨ᠎ᠤ ᠳᠠᠪᠬᠤᠷᠭ᠎ᠠ (ODS) ᠵᠢᠨ ᠪᠣᠳᠠᠰ᠎ᠢ ᠬᠣᠷᠣᠭᠳᠠᠭᠤᠯᠬᠤ ᠲᠤᠬᠠᠢ ᠬᠠᠤᠯᠢ ᠬᠡᠷᠡᠭᠵᠢᠭᠦᠯᠬᠦ ᠲᠤᠰᠬᠠᠶ ᠠᠵᠢᠯᠯᠠᠭ᠎ᠠ ᠥᠷᠨᠢᠭᠦᠯᠦᠨ᠎ᠡ᠃
ᠴᠢᠨᠭᠫᠦ᠋ ᠲᠣᠭᠣᠷᠢᠭ ᠣᠷᠴᠢᠨ ᠲᠣᠭᠣᠷᠢᠨ᠎ᠤ ᠬᠢᠨᠠᠨ ᠪᠠᠶ᠋ᠢᠴᠠᠭ᠋ᠠᠯᠲᠠ ᠪᠠ ᠬᠢᠨᠠᠨ ᠰᠢᠯᠭ᠋ᠠᠬᠤ ᠵᠢ ᠵᠡᠷᠭᠡ᠎ᠪᠠᠷ ᠪᠦᠲᠦᠮᠵᠢᠲᠡᠢ ᠶᠠᠪᠤᠭᠳᠠᠭᠤᠯᠪᠠ᠃ ᠴᠢᠨᠭᠫᠦ᠋ ᠲᠣᠭᠣᠷᠢᠭ᠎ᠤᠨ ᠬᠡᠪᠴᠢᠶᠡᠨ᠎ᠳᠠᠬᠢ ᠬᠥᠭᠡᠰᠦ᠎ᠲᠦ ᠠᠵᠢᠯ ᠲᠥᠷᠥᠯ (ODS)᠎ᠤᠨ ᠦᠢ᠍ᠯᠡᠳᠪᠦᠷᠢᠯᠡᠬᠦ᠂ ᠬᠡᠷᠡᠭᠯᠡᠬᠦ ᠪᠠ ᠪᠣᠷᠣᠯᠠᠭᠤᠯᠬᠤ ᠵᠡᠷᠭᠡ ᠭᠣᠣᠯᠳᠠᠯᠭ᠎ᠠ᠎ᠲᠠᠢ ᠠᠵᠤ ᠠᠬᠤᠶ᠋ᠢᠯᠠᠯ᠎ᠢ ᠪᠦᠬᠦ ᠲᠠᠯ᠎ᠠ᠎ᠪᠠᠷ ᠬᠢᠨᠠᠨ ᠪᠠᠢ᠌ᠴᠠᠭ᠋ᠠᠨ᠎ᠠ᠃ ᠠᠵᠤ ᠠᠬᠤᠶ᠋ᠢᠯᠠᠯ᠎ᠤᠨ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠬᠢᠨᠠᠨ ᠬᠠᠷᠭᠤᠭᠤᠯᠵᠤ᠂ ᠰᠡᠵᠢᠭᠲᠡᠶ ᠠᠵᠢᠯᠯᠠᠭ᠎ᠠ ᠵᠢ ᠣᠯᠵᠤ ᠮᠡᠳᠡᠮᠡᠭᠴᠡ᠂ ᠴᠠᠭ ᠲᠤᠬᠠᠶ᠎ᠳᠤᠨᠢ ᠵᠠᠭᠪᠤᠷ ᠴᠤᠭᠯᠠᠭᠤᠯᠬᠤ᠂ ᠠᠵᠤ ᠠᠬᠤᠶ᠋ᠢᠯᠠᠯ᠎ᠤᠨ ᠬᠠᠤᠯᠢ᠎ᠠᠴᠠ ᠵᠥᠷᠢᠴᠡᠭᠰᠡᠨ ᠪᠠᠢ᠌ᠳᠠᠯ᠎ᠢ ᠡᠵᠡᠮᠰᠢᠨ ᠲᠣᠳᠣᠯᠠᠨ᠎ᠠ᠃ ᠡᠭᠦᠰᠦᠯ ᠰᠤᠷᠪᠤᠯᠵᠢ ᠵᠢ᠎ᠨᠢ ᠮᠥᠷᠳᠡᠬᠦ ᠰᠢᠰᠲ᠋ᠧᠮᠵᠢ ᠵᠢ ᠲᠠᠰᠤᠷᠠᠯᠲᠠ ᠦᠭᠡᠢ ᠴᠢᠩᠭ᠋ᠠᠳᠬᠠᠵᠤ᠂ ᠬᠥᠭᠡᠰᠦ᠎ᠲᠠᠢ ᠠᠵᠢᠯ ᠲᠥᠷᠥᠯ᠎ᠤᠨ ᠦᠢ᠍ᠯᠡᠳᠬᠦᠨ᠎ᠤ ᠡᠮᠦᠨ᠎ᠡ ᠬᠣᠢ᠌ᠨᠠᠬᠢ ᠢᠷᠡᠯᠲᠡ ᠣᠴᠢᠯᠲᠠ ᠵᠢ ᠣᠶ᠋ᠢᠯᠠᠭ᠋ᠠᠵᠤ᠂ ᠺᠣᠮᠫᠠᠨᠢ ᠵᠢᠨ ᠤᠳᠤ ᠪᠠᠶ᠋ᠢᠭ᠎ᠠ ᠰᠠᠩ᠎ᠤᠨ ᠬᠠᠳᠠᠭ᠋ᠠᠯᠠᠯᠲᠠ ᠵᠢᠨ ᠲᠣᠭ᠎ᠠ ᠬᠡᠮᠵᠢᠶ᠎ᠡ ᠵᠢ ᠲᠣᠳᠣᠷᠬᠠᠢ ᠣᠢ᠌ᠯᠭ᠋ᠠᠵᠤ᠂ ᠪᠣᠬᠢᠷᠲᠤᠯ᠎ᠤᠨ ᠡᠬᠢ ᠰᠤᠷᠪᠤᠯᠵᠢ ᠵᠢ ᠴᠢᠩᠭ᠎ᠠ ᠬᠢᠵᠠᠭ᠋ᠠᠷᠯᠠᠨ᠎ᠠ᠃
ᠭᠤᠷᠪᠠ᠂ ᠲᠣᠰᠣ ᠨᠡᠮᠡᠬᠦ ᠥᠷᠲᠡᠭᠡ᠂ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ᠎ᠤᠨ ᠭᠠᠳᠠᠭᠰᠢᠯᠠᠭᠤᠯᠬᠤ ᠤᠲᠤᠭ᠎ᠠ ᠵᠢ ᠬᠢᠨᠠᠨ ᠪᠠᠶ᠋ᠢᠴᠠᠭ᠋ᠠᠬᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃
ᠲᠤᠰᠤ ᠨᠡᠮᠡᠬᠦ ᠥᠷᠲᠡᠭᠡᠨ᠎ᠤ ᠲᠤᠰᠤ ᠬᠡᠢ ᠵᠢ ᠬᠤᠷᠢᠶᠠᠬᠤ ᠲᠣᠨᠣᠭᠯᠠᠯ᠎ᠢ ᠬᠢᠨᠠᠵᠤ ᠬᠡᠮᠵᠢᠬᠦ ᠤᠳᠠᠭ᠎ᠠ ᠵᠢ ᠨᠡᠮᠡᠭᠳᠡᠭᠦᠯᠵᠦ᠂ ᠠᠭ᠋ᠠᠷ ᠮᠠᠨᠳᠠᠯ᠎ᠤᠨ ᠪᠣᠬᠢᠷᠲᠤᠯ᠎ᠤᠨ ᠪᠣᠳᠠᠰ (ᠠᠽᠣᠲ ᠠᠽᠣᠲᠯᠢᠭ ᠪᠣᠳᠠᠰ ᠵᠡᠷᠭᠡ)᠂ ᠣᠷᠴᠢᠨ ᠲᠣᠭᠣᠷᠢᠨ᠎ᠤ ᠠᠮᠤᠷ ᠲᠦᠪᠰᠢᠨ᠎ᠤ ᠲᠠᠯᠳᠠ ᠭᠡᠮ᠎ᠢ ᠪᠠᠭᠤᠷᠠᠭᠤᠯᠤᠨ᠎ᠠ᠃ ᠵᠠᠮ ᠬᠠᠷᠢᠯᠴᠠᠭ᠋ᠠᠨ᠎ᠤ ᠪᠤᠰᠤ ᠰᠢᠯᠵᠢᠮᠡᠯ ᠮᠧᠬᠠᠨᠢᠭ᠂ ᠢᠯᠠᠩᠭᠤᠶ᠎ᠠ ᠴᠠᠶ᠋ᠢᠶᠢᠦ ᠲᠣᠰᠣ ᠬᠡᠷᠡᠭᠯᠡᠳᠡᠭ ᠠᠴᠠ ᠲᠡᠷᠭᠡᠨ᠎ᠳᠤ ᠨᠠᠷᠢᠨ ᠨᠢᠮᠪᠠᠢ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠨ ᠬᠠᠮᠢᠶᠠᠷᠴᠤ᠂ ᠬᠤᠳᠠᠯᠳᠤᠨ ᠠᠪᠤᠭᠰᠠᠨ ᠵᠢᠯ ᠬᠤᠭᠤᠴᠠᠭ᠎ᠠ ᠪᠠ ᠬᠡᠷᠡᠭᠯᠡᠬᠦ ᠵᠢᠯ ᠬᠤᠭᠤᠴᠠᠭ᠎ᠠ ᠵᠢ ᠲᠠᠬᠢᠨ ᠳᠠᠪᠲᠠᠨ ᠬᠢᠨᠠᠵᠤ ᠮᠠᠭ᠋ᠠᠳᠯᠠᠬᠤ ᠬᠡᠷᠡᠭᠲᠡᠶ᠂ ᠭᠠᠳᠠᠭᠰᠢᠯᠠᠭᠤᠯᠬᠤ ᠤᠳᠤᠭ᠎ᠠ᠎ᠨᠢ ᠪᠠᠷᠢᠮᠵᠢᠶ᠎ᠠ᠎ᠠᠴᠠ ᠬᠡᠲᠦᠷᠡᠭᠰᠡᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠠᠵᠢᠯᠯᠠᠭ᠎ᠠ ᠵᠢ ᠴᠢᠩᠭ᠎ᠠ ᠪᠠᠶ᠋ᠢᠴᠠᠭ᠋ᠠᠵᠤ᠂ ᠠᠵᠤ ᠠᠬᠤᠢ᠌ᠯᠠᠯ᠎ᠳᠤ ᠭᠠᠳᠠᠭᠰᠢᠯᠠᠭᠤᠯᠤᠭᠰᠠᠨᠢ ᠡᠭᠡᠭᠦᠯᠦᠨ ᠬᠤᠷᠢᠶᠠᠬᠤ ᠲᠣᠨᠣᠭᠯᠠᠯ᠎ᠤᠨ ᠢᠵᠢ ᠪᠦᠷᠢᠳᠦᠭᠦᠯᠬᠦ ᠵᠢ ᠵᠣᠷᠢᠭᠵᠢᠭᠤᠯᠵᠤ᠂ ᠪᠣᠬᠢᠷᠲᠤᠯ ᠦᠭᠡᠢ ᠰᠢᠨ᠎ᠡ ᠡᠨᠧᠷᠭᠢ ᠬᠡᠷᠡᠭᠯᠡᠬᠦ ᠵᠢ ᠰᠠᠨᠠᠭ᠋ᠠᠴᠢᠯᠠᠨ᠎ᠠ᠃
ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ ᠪᠣᠯ ᠤᠷᠲᠤ ᠬᠤᠭᠤᠴᠠᠭ᠋ᠠᠨ᠎ᠤ ᠦᠷᠭᠦᠯᠵᠢᠯᠡᠭᠰᠡᠨ ᠴᠢᠨᠠᠷᠲᠠᠢ ᠠᠵᠢᠯ᠎ᠤᠨ ᠡᠭᠦᠷᠭᠡ ᠮᠥᠨ᠂ ᠨᠡᠩ ᠴᠤ᠌ 《ᠭᠤᠷᠪᠠᠨ ᠬᠤᠭᠤᠴᠠᠭ᠎ᠠ》 ᠳᠠᠪᠬᠤᠴᠠᠭᠰᠠᠨ ᠦᠶ᠎ᠡ ᠵᠢᠨ ᠠᠷᠠᠳ ᠲᠦᠮᠡᠨ᠎ᠤ ᠣᠷᠴᠢᠨ ᠠᠬᠤᠶ ᠵᠢᠨ ᠲᠠᠯ᠎ᠠ᠎ᠪᠠᠷ᠎ᠬᠢ ᠬᠦᠰᠡᠯ ᠱᠠᠭ᠋ᠠᠷᠳᠠᠯᠭ᠎ᠠ ᠮᠥᠨ ᠪᠣᠯᠬᠣᠷ᠂ ᠮᠠᠨ᠎ᠤ ᠣᠷᠴᠢᠨ ᠲᠣᠭᠣᠷᠢᠨ᠎ᠤ ᠬᠠᠮᠠᠭ᠋ᠠᠯᠠᠭᠴᠢᠳ᠎ᠤᠨ ᠡᠭᠦᠷᠭᠡ ᠲᠤᠰᠢᠶᠠᠯ ᠵᠶ᠋ᠠᠨ ᠬᠢᠴᠢᠶᠡᠩᠭᠦᠶ᠋ᠢᠯᠡᠨ ᠭᠦᠢ᠍ᠴᠡᠳᠬᠡᠵᠦ ᠱᠠᠭ᠋ᠠᠷᠳᠠᠯᠭ᠎ᠠ᠂ ᠰᠢᠨᠲᠠᠷᠠᠰᠢ ᠦᠭᠡᠢ ᠵᠣᠷᠢᠭ ᠰᠠᠨᠠᠭ᠎ᠠ᠎ᠪᠠᠷ ᠴᠠᠭ ᠦᠶ᠎ᠡ ᠵᠢᠨ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠬᠦ ᠬᠡᠷᠡᠭᠲᠡᠢ᠃