《ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠋ᠠᠨ᠎ᠤ ᠲᠥᠯᠥᠪᠯᠡᠭᠡ》 ᠵᠢ ᠪᠦᠬᠦ ᠲᠠᠯ᠎ᠠ᠎ᠪᠠᠷ ᠬᠡᠷᠡᠭᠵᠢᠭᠦᠯᠵᠦ ᠲᠥᠯᠥᠭᠡ᠂ ᠡᠨᠡ ᠵᠢᠯ᠎ᠤᠨ 8 ᠳ᠋ᠤᠭ᠋ᠠᠷ ᠰᠠᠷ᠎ᠠ᠎ᠳᠤ᠂ ᠭᠤᠸᠠᠩᠰᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ᠎ᠤᠨ ᠲᠢᠩᠬᠢᠮ᠂ ᠠᠮᠤ ᠪᠤᠳᠠᠭ᠋ᠠᠨ᠎ᠤ ᠲᠣᠪᠴᠢᠶ᠎ᠠ ᠺᠠᠳ᠋ᠮᠢ ᠵᠡᠷᠭᠡ ᠬᠦᠨᠳᠦ ᠲᠡᠮᠦᠷᠯᠢᠭ᠎ᠲᠤ ᠬᠣᠯᠪᠣᠭᠳᠠᠭᠰᠠᠨ ᠭᠣᠣᠯᠳᠠᠯᠭ᠎ᠠ ᠲᠠᠢ ᠠᠵᠢᠯ ᠲᠦᠷᠦᠯ᠎ᠤᠨ ᠠᠵᠤ ᠠᠬᠤᠶ᠋ᠢᠯᠠᠯ ᠢᠯᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠪᠡ᠃
ᠲᠣᠰ ᠤᠳᠠᠭ᠋ᠠᠨ᠎ᠤ ᠢᠯᠭ᠋ᠠᠨ ᠪᠠᠶ᠋ᠢᠴᠠᠭ᠋ᠠᠵᠤ ᠲᠣᠳᠣᠷᠬᠠᠶ᠋ᠢᠯᠠᠭᠰᠠᠨ ᠭᠣᠣᠯᠳᠠᠯᠭ᠎ᠠ ᠪᠣᠯᠬᠤ ᠠᠵᠢᠯ᠎ᠤᠨ ᠠᠭᠤᠯᠭ᠎ᠠ᠎ᠨᠢ᠄
ᠡᠯ᠎ᠡ ᠰᠢᠶᠠᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠪᠠᠶ᠋ᠢᠴᠠᠭ᠋ᠠᠯᠲᠠ ᠥᠷᠨᠢᠭᠦᠯᠬᠦ ᠱᠠᠭ᠋ᠠᠷᠳᠠᠭᠠᠲᠠᠢ ᠭᠣᠣᠯᠳᠠᠯᠭ᠎ᠠ᠎ᠲᠠᠢ ᠣᠷᠣᠨ ᠪᠦᠰᠡ ᠵᠢᠨ ᠠᠩᠬ᠎ᠠ ᠠᠯᠬᠤᠮ᠎ᠤᠨ ᠲᠣᠳᠣᠷᠬᠠᠶ ᠬᠠᠭᠤᠳᠠᠰᠤ ᠲᠣᠭᠲᠠᠭ᠋ᠠᠬᠤ ᠵᠢᠨ ᠬᠠᠮᠲᠤ ᠬᠣᠲᠠ ᠵᠢᠨ ᠱᠠᠲᠤᠨ᠎ᠤ ᠬᠢᠨᠠᠨ ᠬᠠᠷᠭᠤᠭᠤᠯᠬᠤ᠎ᠳᠤ ᠮᠡᠳᠡᠭᠦᠯᠦᠨ᠎ᠡ᠂ ᠡᠯ᠎ᠡ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ ᠪᠣᠯᠤᠨ ᠠᠳᠠᠯᠢ ᠱᠠᠲᠤᠨ᠎ᠤ ᠲᠠᠷᠢᠶᠠᠯᠠᠩ᠂ ᠠᠮᠤ ᠪᠤᠳᠠᠭ᠎ᠠ ᠵᠡᠷᠭᠡ ᠰᠠᠯᠠᠭ᠎ᠠ ᠮᠥᠴᠢᠷ᠎ᠠᠴᠠ ᠭᠣᠣᠯᠳᠠᠯᠭ᠎ᠠ᠎ᠲᠠᠢ ᠣᠷᠣᠨ ᠪᠦᠰᠡ ᠵᠢᠨ ᠲᠣᠳᠣᠷᠬᠠᠶ ᠬᠠᠭᠤᠳᠠᠰᠤ ᠵᠢ ᠬᠢᠨᠠᠨ ᠲᠤᠳᠤᠯᠠᠵᠤ ᠢᠯᠭ᠋ᠠᠨ ᠪᠠᠢ᠌ᠴᠠᠭ᠋ᠠᠨ᠎ᠠ᠃ 9 ᠳ᠋ᠦ᠍ᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠬᠤᠳᠠ ᠵᠢᠨ ᠱᠠᠲᠤᠨ᠎ᠤ ᠬᠠᠷᠢᠶ᠎ᠠ ᠣᠷᠣᠨ᠎ᠤ ᠪᠣᠬᠢᠷᠲᠤᠯ᠎ᠤᠨ ᠡᠬᠢ ᠵᠢ ᠢᠯᠭ᠋ᠠᠨ ᠪᠠᠢ᠌ᠴᠠᠭ᠋ᠠᠭᠰᠠᠨ ᠲᠣᠳᠣᠷᠬᠠᠶ ᠬᠠᠭᠤᠳᠠᠰᠤ ᠵᠢ ᠪᠠᠢ᠌ᠭᠤᠯᠬᠤ ᠬᠡᠷᠡᠭᠲᠡᠶ ᠪᠥᠭᠡᠳ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠡᠯ᠎ᠡ ᠲᠣᠭᠣᠷᠢᠭ ᠪᠠᠶ᠋ᠢᠭᠤᠯᠤᠭᠰᠠᠨ ᠬᠣᠲᠠ ᠵᠢᠨ ᠪᠣᠬᠢᠷᠲᠤᠯ᠎ᠤᠨ ᠡᠬᠢ ᠵᠢᠨ ᠢᠯᠭ᠋ᠠᠨ ᠪᠠᠶ᠋ᠢᠴᠠᠭ᠋ᠠᠬᠤ ᠲᠣᠳᠣᠷᠬᠠᠶ ᠬᠠᠭᠤᠳᠠᠰᠤ ᠵᠢ ᠲᠣᠭᠲᠠᠭ᠋ᠠᠭᠰᠠᠨ᠎ᠤ ᠳᠠᠷᠠᠭ᠎ᠠ᠂ ᠡᠯ᠎ᠡ ᠬᠣᠲᠠ ᠵᠢᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠲᠣᠪᠴᠢᠶ᠎ᠠ ᠤᠰᠤ᠂ ᠠᠭ᠋ᠠᠷ ᠮᠠᠨᠳᠠᠯ᠂ ᠬᠠᠲᠠᠭᠤ ᠪᠡᠶᠡᠲᠦ ᠬᠠᠶᠠᠭᠳᠠᠮᠠᠯ ᠡᠳ᠋᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠵᠡᠷᠭᠡ ᠲᠠᠯ᠎ᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠪᠣᠬᠢᠷᠲᠤᠯ᠎ᠢ ᠢᠯᠭ᠋ᠠᠨ ᠪᠠᠢ᠌ᠴᠠᠭ᠋ᠠᠬᠤ ᠲᠣᠳᠣᠷᠬᠠᠶ ᠬᠠᠭᠤᠳᠠᠰᠤᠨ᠎ᠳᠤ ᠵᠢᠭᠰᠠᠭ᠋ᠠᠭᠳᠠᠭᠰᠠᠨ ᠠᠵᠤ ᠠᠬᠤᠶ᠋ᠢᠯᠠᠯ᠎ᠢ ᠨᠢᠭᠡᠳ ᠨᠢᠭᠡ᠎ᠪᠠᠷ ᠲᠤᠬᠠᠶ ᠵᠢᠨ ᠲᠠᠯᠠᠪᠠᠢ ᠵᠢᠨ ᠪᠠᠶ᠋ᠢᠴᠠᠭ᠋ᠠᠯᠲᠠ ᠬᠢᠵᠦ᠂ ᠪᠠᠶ᠋ᠢᠴᠠᠭ᠋ᠠᠯᠲᠠ ᠵᠢᠨ ᠦᠷ᠎ᠡ ᠳ᠋ᠦ᠍ᠩᠢ ᠦᠨᠳᠦᠰᠦᠯᠡᠨ᠂ ᠪᠣᠬᠢᠷᠲᠤᠯ᠎ᠤᠨ ᠡᠬᠢ ᠰᠤᠷᠪᠤᠯᠵᠢ ᠵᠢ ᠵᠠᠰᠠᠨ ᠰᠢᠢ᠍ᠳᠪᠦᠷᠢᠯᠡᠭᠰᠡᠨ ᠨᠠᠷᠢᠨ ᠳᠠᠩᠰᠠ ᠪᠠᠶ᠋ᠢᠭᠤᠯᠵᠤ᠂ 12 ᠳ᠋ᠤᠭ᠋ᠠᠷ ᠰᠠᠷ᠎ᠠ ᠵᠢᠨ 10 ᠤ ᠡᠳᠦᠷ᠎ᠠᠴᠠ ᠡᠮᠦᠨ᠎ᠡ᠂ ᠭᠤᠸᠠᠩᠰᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠠᠷᠢᠶᠠᠯᠠᠩ᠎ᠤᠨ ᠲᠢᠩᠬᠢᠮ᠂ ᠠᠮᠤ ᠪᠤᠳᠠᠭ᠋ᠠᠨ᠎ᠤ ᠲᠣᠪᠴᠢᠶ᠎ᠠ ᠳᠤ ᠳᠡᠪᠰᠢᠭᠦᠯᠦᠨ᠎ᠡ᠃ ᠳᠥᠷᠪᠡᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠭᠤᠸᠠᠩᠰᠢ ᠵᠢᠨ ᠪᠣᠬᠢᠷᠲᠤᠯ᠎ᠤᠨ ᠡᠬᠢ ᠰᠤᠷᠪᠤᠯᠵᠢ ᠵᠢ ᠵᠠᠰᠠᠨ ᠰᠢᠢ᠍ᠳᠪᠦᠷᠢᠯᠡᠭᠰᠡᠨ ᠨᠠᠷᠢᠨ ᠳᠠᠩᠰᠠ ᠪᠠᠢ᠌ᠭᠤᠯᠵᠤ᠂ 12 ᠳ᠋ᠤᠭ᠋ᠠᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠳᠤ ᠳᠡᠪᠰᠢᠭᠦᠯᠬᠦ ᠪᠣᠯᠣᠨ᠎ᠠ᠃