ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠵᠢᠨ ᠬᠤᠷᠠᠯ ᠬᠤᠷᠠᠯᠳᠤᠭᠤᠯᠵᠤ᠂ ᠬᠤᠨᠠᠨ᠎ᠤ ᠰᠢᠶᠠ ᠰᠠᠢ ᠬᠤ᠌ ᠨᠠᠭᠤᠷ᠎ᠢ ᠴᠡᠭᠴᠡᠯᠡᠨ ᠵᠠᠰᠠᠭᠰᠠᠨ ᠪᠠᠢ᠌ᠳᠠᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠵᠠᠢ
ᠨᠡᠶ᠋ᠢᠲᠡᠯᠡᠭᠰᠡᠨ ᠴᠠᠭ᠄ 2018-09-21
ᠦᠢ᠍ᠷ᠎ᠠ ᠵᠢᠨ ᠡᠳᠦᠷ᠂ ᠵᠧᠵᠢᠶᠠᠩ ᠮᠤᠵᠢ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠬᠤᠨᠠᠨ᠎ᠤ ᠮᠤᠵᠢ ᠵᠢᠨ ᠰᠢᠶᠠ ᠰᠠᠢ ᠬᠤ᠌ ᠨᠠᠭᠤᠷ᠎ᠢ ᠴᠡᠭᠴᠡᠯᠡᠨ ᠵᠠᠰᠠᠭᠰᠠᠨ ᠪᠠᠢ᠌ᠳᠠᠯ᠎ᠤᠨ ᠲᠤᠬᠠᠢ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠤᠯᠠᠮᠵᠢᠯᠠᠨ ᠰᠤᠷᠤᠯᠴᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠭᠡᠷ᠎ᠤᠨ ᠣᠪᠣᠷ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠴᠠᠭ᠋ᠠᠬᠤ ᠳᠤᠭᠤᠶ᠋ᠢᠯᠠᠩ ᠮᠠᠨ᠎ᠤ ᠮᠤᠵᠢ ᠵᠢ ᠪᠠᠢ᠌ᠴᠠᠭ᠋ᠠᠭᠰᠠᠨ᠎ᠤ ᠳᠠᠷᠠᠭ᠎ᠠ ᠬᠠᠷᠢᠭᠤ ᠳᠤᠰᠬᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠬᠣᠯᠪᠣᠭᠳᠠᠯ ᠪᠦᠬᠦᠢ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠮᠤᠵᠢ ᠵᠢᠨ ᠨᠠᠮ᠎ᠤᠨ ᠬᠣᠷᠢᠶᠠᠨ᠎ᠤ ᠱᠦᠵᠢ ᠴᠧ ᠵᠢᠶᠦ᠋ᠨ ᠬᠤᠷᠠᠯ ᠡᠷᠭᠢᠯᠡᠪᠡ᠃
ᠬᠤᠷᠠᠯ᠎ᠠᠴᠠ ᠵᠢᠭ᠋ᠠᠭᠰᠠᠨ᠎ᠨᠢ᠂ ᠶᠡᠷᠦᠩᠬᠡᠢ ᠱᠦᠵᠢ ᠰᠢ ᠵᠢᠨ ᠫᠢᠩ ᠬᠤᠨᠠᠨ᠎ᠤ ᠰᠢᠶᠠ ᠰᠠᠢ ᠬᠤ᠌ ᠨᠠᠭᠤᠷ᠎ᠢ ᠴᠡᠭᠴᠡᠯᠡᠨ ᠵᠠᠰᠠᠭᠰᠠᠨ ᠪᠠᠶ᠋ᠢᠳᠠᠯ᠎ᠤᠨ ᠲᠤᠬᠠᠢ ᠴᠢᠬᠤᠯᠠ ᠵᠢᠭ᠋ᠠᠪᠤᠷᠢ᠎ᠨᠢ᠂ ᠨᠠᠮ᠎ᠤᠨ ᠲᠥᠪ ᠬᠣᠷᠢᠶ᠎ᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠪᠠᠢ᠌ᠬᠤ ᠪᠠ ᠣᠪᠣᠷ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠡᠷᠡᠰ ᠵᠣᠷᠢᠭ᠎ᠢ ᠭᠦᠢ᠍ᠴᠡᠳ ᠬᠠᠷᠠᠭᠤᠯᠵᠤ᠂ ᠵᠧᠵᠢᠶᠠᠩ᠎ᠳᠤ ᠴᠦ᠍ ᠠᠳᠠᠯᠢᠬᠠᠨ ᠮᠠᠰᠢ ᠴᠢᠩᠭ᠎ᠠ ᠴᠢᠭᠯᠡᠭᠦᠯᠬᠦ ᠴᠢᠨᠠᠷ᠂ ᠵᠢᠯᠣᠭᠣᠳᠬᠤ ᠴᠢᠨᠠᠷᠲᠠᠢ ᠶᠤᠮ᠃ ᠡᠨᠡ ᠵᠢᠯ᠎ᠤᠨ 6 ᠳ᠋ᠤᠭ᠋ᠠᠷ ᠰᠠᠷ᠎ᠠ᠎ᠳᠤ᠂ ᠲᠥᠪ᠎ᠤᠨ ᠠᠯᠪᠠᠨ ᠭᠡᠷ᠎ᠤᠨ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠴᠠᠭ᠋ᠠᠬᠤ ᠳᠤᠭᠤᠶ᠋ᠢᠯᠠᠩ ᠮᠠᠨ᠎ᠤ ᠮᠤᠵᠢ᠎ᠳᠤ ᠬᠢᠨᠠᠨ ᠪᠠᠶ᠋ᠢᠴᠠᠭ᠋ᠠᠯᠲᠠ ᠬᠢᠵᠦ᠂ ᠮᠠᠨ᠎ᠤ ᠮᠤᠵᠢ ᠵᠢᠨ ᠰᠤᠷᠲᠠᠯ᠎ᠤᠨ ᠪᠠᠶ᠋ᠢᠭᠤᠯᠤᠯᠲᠠ ᠵᠢᠨ ᠠᠵᠢᠯ᠎ᠢ ᠭᠦᠢ᠍ᠴᠡᠳ ᠨᠤᠲᠠᠯᠠᠬᠤ ᠵᠢᠨ ᠬᠠᠮᠲᠤ᠂ ᠴᠡᠭᠴᠡᠯᠡᠨ ᠥᠭᠡᠷᠡᠴᠢᠯᠡᠬᠦ ᠴᠢᠬᠤᠯᠠᠲᠠᠶ ᠪᠣᠳᠠᠲᠠᠶ ᠠᠰᠠᠭᠤᠳᠠᠯ᠎ᠢ ᠲᠣᠳᠣᠷᠬᠠᠶ ᠳᠤᠷᠠᠳᠤᠨ ᠭᠠᠷᠭ᠋ᠠᠵᠠᠶ᠃ ᠮᠤᠵᠢ ᠵᠢᠨ ᠨᠠᠮ᠎ᠤᠨ ᠬᠣᠷᠢᠶ᠎ᠠ᠂ ᠮᠤᠵᠢ ᠵᠢᠨ ᠵᠠᠰᠠᠭ᠎ᠤᠨ ᠣᠷᠳᠣᠨ ᠪᠠ ᠬᠣᠯᠪᠣᠭᠳᠠᠯ ᠪᠥᠬᠥᠶ ᠬᠣᠲᠠ ᠰᠢᠶᠠᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭ᠋ᠠᠶ ᠴᠡᠭᠴᠡᠯᠡᠨ ᠥᠭᠡᠷᠡᠴᠢᠯᠡᠵᠦ᠂ ᠱᠠᠲᠤ ᠦᠶ᠎ᠡ ᠵᠢᠨ ᠴᠢᠨᠠᠷᠲᠠᠶ ᠵᠣᠬᠢᠬᠤ ᠦᠷ᠎ᠡ ᠪᠦᠲᠦᠮᠵᠢ ᠣᠯᠵᠠᠢ᠃ ᠭᠡᠪᠡᠴᠦ᠂ ᠪᠢᠳᠡ ᠣᠳᠣᠬᠠᠨ᠎ᠤ ᠴᠡᠭᠴᠡᠯᠡᠨ ᠰᠠᠢ᠌ᠵᠢᠷᠠᠭᠤᠯᠤᠭᠰᠠᠨ᠎ᠨᠢ ᠨᠠᠮ᠎ᠤᠨ ᠲᠥᠪ ᠬᠣᠷᠢᠶᠠᠨ᠎ᠤ ᠱᠠᠭ᠋ᠠᠷᠳᠠᠯᠭ᠎ᠠ ᠪᠠ ᠣᠯᠠᠨ ᠲᠦᠮᠡᠨ᠎ᠤ ᠬᠦᠰᠡᠯ ᠡᠷᠡᠮᠡᠯᠵᠡᠯ᠎ᠠᠴᠠ ᠮᠥᠨ ᠯᠡ ᠵᠥᠷᠢᠶ᠎ᠡ᠎ᠲᠠᠢ ᠪᠠᠶ᠋ᠢᠨ᠎ᠠ ᠭᠡᠳᠡᠭ᠎ᠢ ᠰᠡᠷᠭᠡᠭ ᠵᠶ᠋ᠡᠷ ᠣᠯᠵᠤ ᠬᠠᠷᠠᠬᠤ ᠬᠡᠷᠡᠭᠲᠡᠶ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠲᠥᠪ᠎ᠤᠨ ᠠᠯᠪᠠᠨ ᠭᠡᠷ᠎ᠤᠨ ᠣᠪᠣᠷ ᠰᠤᠷᠲᠠᠯ᠎ᠤᠨ ᠪᠠᠶ᠋ᠢᠭᠤᠯᠤᠯᠲᠠ ᠵᠢ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠬᠰᠠᠨ ᠰᠠᠨᠠᠯ᠎ᠲᠠᠢ ᠬᠠᠷᠢᠴᠠᠭᠤᠯᠵᠤ᠂ ᠬᠠᠮᠤᠭ᠎ᠤᠨ ᠢᠯᠡ ᠲᠣᠳᠣ ᠤᠯᠤᠰ ᠲᠦᠷᠦ ᠵᠢᠨ ᠵᠣᠭᠰᠣᠯᠲᠠ᠂ ᠬᠠᠮᠤᠭ᠎ᠤᠨ ᠤᠬᠠᠮᠰᠠᠷ ᠴᠢᠩᠭ᠎ᠠ ᠡᠭᠦᠷᠭᠡ ᠬᠠᠷᠢᠭᠤᠴᠠᠯᠭ᠋ᠠᠲᠤ ᠰᠡᠳᠬᠢᠯᠭᠡ᠂ ᠬᠠᠮᠤᠭ᠎ᠤᠨ ᠡᠷᠡᠰ ᠰᠢᠭᠤᠷᠬᠠᠶ ᠪᠣᠳᠠᠲᠤ ᠠᠵᠢᠯᠯᠠᠭ᠎ᠠ᠎ᠪᠠᠷ ᠵᠶ᠋ᠠᠨ ᠲᠤᠶ᠋ᠢᠯᠪᠤᠷᠢᠲᠠᠶ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠦᠨᠡᠨᠬᠦ ᠪᠠᠲᠤᠯᠠᠬᠤ ᠬᠡᠷᠡᠭᠲᠡᠶ᠂ ᠨᠥᠭᠡᠴᠡ ᠦᠯᠡᠳᠡᠭᠡᠬᠦ ᠦᠭᠡᠢ᠂ ᠠᠯᠠᠭ ᠦᠯᠡᠳᠡᠭᠡᠬᠦ ᠦᠭᠡᠢ᠂ ᠰᠡᠭᠦᠯ ᠦᠯᠡᠳᠡᠭᠡᠵᠦ ᠪᠣᠯᠬᠤ ᠦᠭᠡᠢ ᠭᠡᠵᠡᠢ᠃
ᠬᠤᠷᠠᠯ᠎ᠠᠴᠠ᠂ ᠴᠡᠭᠴᠡᠯᠡᠨ ᠰᠠᠶ᠋ᠢᠵᠢᠷᠠᠭᠤᠯᠬᠤ ᠴᠢᠬᠤᠯᠠᠲᠠᠢ ᠪᠣᠳᠠᠲᠤ ᠵᠦᠢ᠍ᠯᠡᠰ᠎ᠢ ᠰᠤᠳᠤᠯᠵᠤ᠂ ᠲᠤᠰ ᠲᠤᠰ ᠴᠡᠭᠴᠡᠯᠡᠨ ᠰᠠᠶ᠋ᠢᠵᠢᠷᠠᠭᠤᠯᠬᠤ ᠱᠠᠭ᠋ᠠᠷᠳᠠᠯᠭ᠎ᠠ ᠵᠢ ᠲᠣᠳᠣᠷᠬᠠᠶ ᠳᠤᠷᠠᠳᠤᠨ ᠭᠠᠷᠭ᠋ᠠᠵᠠᠶ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠴᠢᠶᠠᠨ ᠳ᠋ᠤᠤ ᠬᠤ᠌ ᠨᠠᠭᠤᠷ ᠵᠡᠷᠭᠡ ᠨᠠᠭᠤᠷ ᠳᠠᠭ᠋ᠠᠭᠰᠠᠨ ᠭᠠᠵᠠᠷ᠎ᠤᠨ ᠬᠠᠤᠯᠢ᠎ᠠᠴᠠ ᠵᠥᠷᠢᠴᠡᠭᠰᠡᠨ ᠪᠠᠷᠢᠯᠭ᠎ᠠ ᠵᠢ ᠴᠡᠭᠴᠡᠯᠡᠨ ᠵᠠᠰᠠᠬᠤ ᠪᠣᠯ᠂ ᠥᠷᠭᠡᠨ ᠤᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠮᠤᠷ ᠲᠦᠪᠰᠢᠨ᠎ᠲᠠᠢ ᠬᠣᠯᠪᠣᠭᠳᠠᠬᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠶᠡᠬᠡ ᠲᠠᠯ᠎ᠠ᠎ᠲᠠᠢ ᠬᠣᠯᠪᠣᠭᠳᠠᠬᠤ ᠶᠤᠮ᠂ ᠮᠥᠨ ᠴᠤ᠌ ᠺᠠᠳ᠋ᠷᠴᠤᠳ᠎ᠲᠤ ᠲᠠᠯᠪᠢᠭᠰᠠᠨ ᠤᠯᠤᠰ ᠲᠦᠷᠦ ᠵᠢᠨ ᠤᠬᠠᠮᠰᠠᠷ ᠪᠣᠯᠤᠨ ᠠᠵᠢᠯᠯᠠᠬᠤ ᠰᠤᠷᠲᠠᠯ ᠵᠶ᠋ᠠᠨ ᠪᠣᠳᠠᠲᠠᠶ ᠰᠢᠯᠭ᠋ᠠᠨ ᠪᠠᠢ᠌ᠴᠠᠭ᠋ᠠᠯᠲᠠ ᠮᠦᠨ᠃ ᠬᠣᠯᠪᠣᠭᠳᠠᠯ ᠪᠥᠬᠥᠶ ᠬᠣᠲᠠ ᠰᠢᠶᠠᠨ ᠪᠣᠯᠤᠨ ᠰᠠᠯᠠᠭ᠎ᠠ ᠮᠥᠴᠢᠷ ᠡᠷᠬᠡᠪᠰᠢ ᠬᠠᠷᠢᠭᠤᠴᠠᠯᠭ᠎ᠠ ᠡᠭᠦᠷᠭᠡᠯᠡᠨ᠂ ᠴᠢᠩᠭ᠎ᠠ ᠪᠣᠳᠠᠲᠠᠢ ᠠᠵᠢᠯ᠎ᠤᠨ ᠰᠤᠷᠲᠠᠯ ᠵᠶ᠋ᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭ᠋ᠠᠢ ᠰᠠᠢ᠍ᠢ᠍ᠨ ᠠᠵᠢᠯᠯᠠᠵᠤ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 《ᠶᠡᠬᠡ ᠬᠠᠮᠠᠭ᠋ᠠᠯᠠᠯᠲᠠ ᠵᠢ ᠬᠠᠮᠲᠤ᠎ᠪᠠᠷ ᠠᠳᠬᠤᠵᠤ᠂ ᠶᠡᠬᠡ ᠨᠡᠭᠡᠭᠡᠨ ᠬᠥᠭᠵᠢᠭᠦᠯᠦᠯᠲᠡ ᠬᠢᠬᠦ ᠦᠭᠡᠢ》 ᠭᠡᠬᠦ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠬᠠᠷᠢᠶ᠎ᠠ ᠭᠠᠵᠠᠷ᠎ᠤᠨ ᠨᠠᠭᠤᠷ᠎ᠤᠨ ᠬᠥᠪᠡᠭᠡᠨ᠎ᠳᠤ᠂ ᠭᠣᠣᠯ᠎ᠤᠨ ᠬᠥᠪᠡᠭᠡᠨ᠎ᠳᠤ᠂ ᠳᠠᠯᠠᠢ ᠵᠢᠨ ᠬᠥᠪᠡᠭᠡᠨ᠎ᠳᠤ ᠢᠯᠠᠩᠭᠤᠶ᠎ᠠ ᠬᠠᠮᠠᠭ᠋ᠠᠯᠠᠯᠲᠠ ᠵᠢᠨ ᠣᠷᠣᠨ᠂ ᠦᠵᠡᠮᠵᠢ ᠵᠢᠨ ᠣᠷᠣᠨ᠎ᠳᠤ ᠬᠠᠤᠯᠢ ᠵᠢ ᠵᠥᠷᠢᠴᠡᠭᠰᠡᠨ ᠪᠠᠷᠢᠯᠭ᠎ᠠ ᠪᠠᠶ᠋ᠢᠬᠤ ᠡᠰᠡᠬᠦ ᠵᠢ ᠰᠠᠶ᠋ᠢᠲᠤᠷ ᠪᠠᠶ᠋ᠢᠴᠠᠭ᠋ᠠᠵᠤ᠂ ᠬᠣᠷᠢᠭ᠎ᠠ᠎ᠲᠠᠢ ᠣᠷᠣᠨ᠎ᠳᠠᠬᠢ ᠬᠠᠤᠯᠢ᠎ᠠᠴᠠ ᠵᠥᠷᠢᠴᠡᠭᠰᠡᠨ ᠪᠠᠷᠢᠯᠭ᠎ᠠ ᠵᠢ ᠨᠤᠷᠠᠭ᠋ᠠᠬᠤ ᠴᠢᠬᠤᠯᠠᠲᠠᠢ ᠵᠢ᠎ᠨᠢ ᠪᠦᠬᠦᠨ᠎ᠢ ᠨᠤᠷᠠᠭ᠋ᠠᠵᠤ᠂ ᠠᠵᠢᠯ᠎ᠤᠨ ᠳᠤᠮᠳᠠ ᠳᠦᠷᠢᠮ ᠲᠣᠭᠲᠠᠭ᠋ᠠᠯ᠎ᠢ ᠵᠥᠷᠢᠴᠡᠨ ᠬᠠᠤᠯᠢ᠎ᠠᠴᠠ ᠵᠥᠷᠢᠴᠡᠭᠰᠡᠳ᠎ᠢ ᠪᠠᠢ᠌ᠴᠠᠭ᠋ᠠᠬᠤ ᠴᠢᠬᠤᠯᠠᠲᠠᠢ ᠵᠢ᠎ᠨᠢ ᠪᠦᠬᠦᠨ᠎ᠢ ᠪᠠᠢ᠌ᠴᠠᠭ᠋ᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠣᠷᠳᠣ ᠬᠤᠭᠤᠴᠠᠭ᠋ᠠᠨ᠎ᠤ ᠪᠦᠲᠦᠮᠵᠢᠲᠡᠶ᠎ᠪᠠᠷ ᠵᠠᠰᠠᠨ ᠴᠡᠭᠴᠡᠯᠡᠵᠦ᠂ ᠠᠵᠢᠯ᠎ᠳᠤ᠎ᠪᠠᠨ ᠣᠰᠣᠯᠳᠠᠭᠰᠠᠨ᠎ᠠᠴᠠ ᠪᠣᠯᠵᠤ ᠪᠦᠬᠦ ᠮᠤᠵᠢ ᠵᠢᠨ ᠲᠣᠮᠣ ᠴᠡᠴᠡᠷᠯᠢᠭ᠎ᠢ ᠪᠠᠢ᠌ᠭᠤᠯᠬᠤ ᠠᠵᠢᠯ᠎ᠳᠤ ᠬᠥ᠋ ᠲᠦᠷᠬᠢᠬᠦ ᠦᠵᠡᠭᠳᠡᠯ᠎ᠢ ᠣᠭᠲᠣ ᠵᠥᠪᠰᠢᠶᠡᠷᠡᠵᠦ ᠪᠣᠯᠬᠤ ᠦᠭᠡᠢ ᠭᠡᠵᠡᠢ᠃
ᠬᠤᠷᠠᠯ᠎ᠠᠴᠠ᠂ ᠲᠥᠪ᠎ᠤᠨ ᠠᠯᠪᠠᠨ ᠭᠡᠷ᠎ᠤᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠠᠷᠢᠭᠤ ᠲᠤᠰᠬᠠᠭᠰᠠᠨ ᠰᠠᠨᠠᠯ ᠶᠣᠰᠣᠭ᠋ᠠᠷ ᠴᠡᠭᠴᠡᠯᠡᠨ ᠵᠠᠰᠠᠬᠤ ᠠᠵᠢᠯ᠎ᠢ ᠠᠵᠠ ᠲᠣᠬᠢᠶᠠᠯ ᠪᠣᠯᠭ᠋ᠠᠵᠤ᠂ ᠨᠢᠭᠡ᠎ᠠᠴᠠ ᠵᠦᠢ᠍ᠷᠯᠡᠵᠦ ᠣᠯᠠᠨ᠎ᠢ ᠪᠣᠳᠣᠵᠤ ᠮᠡᠳᠡᠬᠦ᠂ ᠣᠪᠣᠷ ᠰᠤᠷᠲᠠᠯ᠎ᠢ ᠶᠡᠬᠡ᠎ᠪᠠᠷ ᠰᠠᠢ᠌ᠵᠢᠷᠠᠭᠤᠯᠬᠤ᠎ᠪᠠᠷ ᠠᠵᠢᠯ ᠦᠢ᠍ᠯᠡᠰ᠎ᠤᠨ ᠶᠡᠬᠡ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠳ 《ᠶᠡᠬᠡ ᠰᠤᠷᠤᠯᠴᠠᠯᠭ᠎ᠠ ᠶᠡᠬᠡ ᠪᠠᠢ᠌ᠴᠠᠭ᠋ᠠᠨ ᠰᠤᠳᠤᠯᠤᠯᠲᠠ ᠶᠡᠬᠡ ᠨᠠᠢ᠌ᠳᠠᠪᠤᠷᠢᠵᠢᠭᠤᠯᠤᠯᠲᠠ ᠵᠢ ᠠᠳᠬᠤᠬᠤ ᠬᠡᠷᠡᠭᠲᠡᠶ》 ᠭᠡᠬᠦ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠰᠤᠷᠭ᠋ᠠᠨ ᠬᠥᠮᠥᠵᠢᠯ ᠵᠶ᠋ᠡᠷ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠠᠵᠢᠯ᠎ᠤᠨ ᠪᠦᠲᠦᠮᠵᠢ ᠵᠢᠨ ᠲᠤᠬᠠᠶ ᠵᠥᠪ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠢᠯ᠎ᠤᠨ ᠳᠤᠮᠳᠠ ᠴᠢᠩᠭ᠎ᠠ ᠪᠤᠰᠤ ᠪᠣᠳᠠᠲᠠᠶ ᠪᠤᠰᠤ ᠪᠠᠶ᠋ᠢᠬᠤ ᠠᠰᠠᠭᠤᠳᠠᠯ᠎ᠢ ᠭᠦᠨᠵᠡᠭᠡᠶ ᠡᠷᠢᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠦᠵᠡᠭᠳᠡᠯ᠎ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠢᠯᠠᠩᠭᠤᠶ᠎ᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠵᠣᠬᠢᠶᠠᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠨᠡᠢ᠌ᠭᠡᠮ᠎ᠢ ᠵᠠᠰᠠᠨ ᠴᠡᠭᠴᠡᠯᠡᠵᠦ᠂ ᠦᠨᠳᠦᠰᠦ᠎ᠪᠠᠨ ᠪᠠᠲᠤᠳᠬᠠᠵᠤ ᠰᠠᠭᠤᠷᠢ᠎ᠪᠠᠨ ᠪᠡᠬᠢᠵᠢᠭᠦᠯᠬᠦ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃ ᠡᠨᠡ ᠬᠦ᠌ ᠱᠠᠯᠠᠪᠳᠠᠭᠤᠯᠤᠨ ᠪᠠᠶ᠋ᠢᠴᠠᠭ᠋ᠠᠬᠤ ᠬᠤᠷᠴᠠ ᠵᠡᠪᠰᠡᠭ᠎ᠢ ᠰᠠᠶ᠋ᠢᠲᠤᠷ ᠠᠰᠢᠭᠯᠠᠵᠤ᠂ ᠨᠠᠶ᠋ᠢᠳᠠᠪᠤᠷᠢᠵᠢᠭᠤᠯᠬᠤ ᠦᠭᠡᠢ ᠪᠠᠶ᠋ᠢᠬᠤ ᠶᠠᠪᠤᠳᠠᠯ᠎ᠢ ᠨᠢᠭᠡᠨᠲᠡ ᠠᠩᠬᠠᠷᠴᠤ᠂ ᠨᠠᠶ᠋ᠢᠳᠠᠪᠤᠷᠢᠵᠢᠭᠤᠯᠬᠤ ᠦᠭᠡᠢ ᠬᠥᠮᠦᠨ᠎ᠢ ᠪᠠᠢ᠌ᠴᠠᠭ᠋ᠠᠵᠤ᠂ ᠨᠠᠶ᠋ᠢᠳᠠᠪᠤᠷᠢᠵᠢᠭᠤᠯᠬᠤ ᠦᠭᠡᠢ ᠪᠠᠶ᠋ᠢᠬᠤ ᠵᠢᠨ ᠰᠢᠯᠲᠠᠭ᠋ᠠᠨ᠎ᠢ ᠡᠷᠢᠵᠦ᠂ ᠨᠠᠢ᠌ᠳᠠᠪᠤᠷᠢᠵᠢᠭᠤᠯᠬᠤ ᠦᠭᠡᠢ ᠪᠠᠢ᠌ᠬᠤ ᠵᠢᠨ ᠬᠠᠷᠢᠭᠤᠴᠠᠯᠭ᠎ᠠ ᠵᠢ ᠨᠡᠬᠡᠮᠵᠢᠯᠡᠨ᠂ ᠴᠢᠩᠭ᠎ᠠ ᠪᠠᠢ᠌ᠴᠠᠭ᠋ᠠᠨ ᠪᠣᠳᠠᠲᠠᠢ ᠠᠵᠢᠯᠯᠠᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠡᠢ᠃