ᠡᠨᠡ ᠵᠢᠯ᠎ᠠᠴᠠ ᠨᠠᠭ᠋ᠠᠰᠢ᠂ ᠮᠧᠩ ᠴᠧᠩ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠤᠳᠤᠷᠢᠳᠤᠮᠵᠢ ᠵᠢ ᠪᠠᠲᠤ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠭᠤᠷᠪᠠᠨ ᠠᠷᠭ᠎ᠠ ᠬᠡᠮᠵᠢᠶ᠎ᠡ》᠎ᠪᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠪᠡ᠃
ᠨᠢᠭᠡ᠎ᠳᠤ 《ᠨᠢᠭᠡ ᠬᠥᠯᠭᠡ ᠰᠢᠲᠠᠷ᠎ᠠ》 ᠵᠢ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠳᠠᠯᠠᠪᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠯᠡᠯ᠎ᠤᠨ ᠠᠯᠪᠠᠨ ᠭᠡᠷ᠎ᠤᠨ 《ᠵᠢᠯᠤᠭᠣᠳᠬᠤ ᠲᠥᠪ》᠎ᠤᠨ ᠦᠢ᠍ᠯᠡᠳᠦᠯ᠎ᠢ ᠪᠠᠳᠠᠷᠠᠭᠤᠯᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠪᠠ᠃ ᠬᠠᠮᠲᠤᠷᠠᠭᠰᠠᠨ ᠬᠤᠷᠠᠯᠳᠤᠭ᠋ᠠᠨ᠂ ᠬᠡᠷᠡᠭ᠎ᠤᠨ ᠰᠦᠪᠡᠭᠴᠢ ᠵᠢ ᠰᠢᠯᠵᠢᠭᠦᠯᠦᠨ ᠲᠤᠰᠢᠶᠠᠬᠤ᠂ ᠲᠤᠰᠬᠠᠢ ᠠᠵᠢᠯ᠎ᠤᠨ ᠲᠠᠯ᠎ᠠ᠎ᠪᠠᠷ ᠬᠠᠮᠲᠤᠷᠠᠨ ᠠᠵᠢᠯᠯᠠᠬᠤ ᠵᠡᠷᠭᠡ ᠲᠣᠭᠲᠠᠴᠠ᠎ᠪᠠᠷ ᠳᠠᠮᠵᠢᠭᠤᠯᠤᠨ᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ + ᠪᠠᠢ᠌ᠴᠠᠭ᠋ᠠᠬᠤ ᠬᠢᠨᠠᠯᠲᠠ》 ᠵᠢᠨ ᠬᠦᠴᠦᠷᠬᠡᠭ ᠶᠡᠬᠡ ᠨᠡᠢ᠌ᠯᠡᠮᠡᠯ ᠬᠦᠴᠦᠨ᠎ᠢ ᠪᠦᠷᠢᠯᠳᠦᠭᠦᠯᠪᠡ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠂ ᠰᠢᠰᠲ᠋ᠧᠮ ᠪᠣᠯᠣᠨ ᠡᠬᠢ ᠡᠭᠦᠰᠦᠯ᠎ᠠᠴᠠ᠎ᠨᠢ ᠵᠠᠰᠠᠬᠤ ᠵᠢ ᠭᠠᠷ ᠬᠣᠯᠪᠣᠨ ᠠᠬᠢᠭᠤᠯᠵᠤ᠂ ᠲᠤᠰ ᠲᠤᠰ᠎ᠤᠨ ᠡᠭᠦᠷᠭᠡ ᠴᠢᠳᠠᠪᠬᠢ ᠵᠢᠨ ᠳᠠᠪᠠᠭᠤᠯᠢᠭ ᠵᠶ᠋ᠠᠨ ᠪᠠᠳᠠᠷᠠᠭᠤᠯᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠵᠦ᠂ ᠠᠷᠠᠳ ᠤᠯᠠᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠲᠤᠬᠠᠢ ᠬᠡᠷᠡᠭᠴᠡᠭᠡ ᠪᠣᠯᠣᠨ ᠬᠦᠰᠡᠯ ᠡᠷᠡᠮᠡᠯᠵᠡᠯ᠎ᠳᠤ ᠢᠳᠡᠪᠬᠢᠲᠡᠢ ᠬᠠᠷᠢᠭᠤᠯᠲᠠ ᠥᠭᠪᠡ᠃
ᠬᠣᠶᠠᠷ᠎ᠲᠤ 《ᠨᠢᠭᠡ ᠰᠦᠯᠵᠢᠶ᠎ᠡ》 ᠵᠢ ᠨᠢᠭᠲᠠ ᠰᠦᠯᠵᠢᠵᠦ᠂ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠵᠠᠢ ᠵᠠᠪᠰᠠᠷ ᠦᠭᠡᠢ ᠪᠠᠶ᠋ᠢᠬᠤ ᠵᠢ ᠠᠬᠢᠭᠤᠯᠪᠠ᠃ ᠡᠷᠴᠢᠮ ᠵᠶ᠋ᠡᠨ ᠴᠢᠩᠭ᠋ᠠᠷᠠᠭᠤᠯᠵᠤ᠂ ᠬᠦᠴᠢᠷᠳᠡᠯ᠎ᠢ ᠰᠢᠢ᠍ᠳᠪᠦᠷᠢᠯᠡᠪᠡ᠃ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠪᠠ ᠵᠥᠪᠰᠢᠶᠡᠷᠡᠯ᠎ᠤᠨ ᠦᠢ᠍ᠯᠡᠴᠢᠯᠡᠭᠡ ᠵᠢ ᠬᠠᠮᠵᠢᠯᠴᠠᠨ ᠠᠬᠢᠭᠤᠯᠬᠤ ᠵᠢ ᠲᠦᠯᠬᠢᠨ ᠠᠬᠢᠭᠤᠯᠵᠤ᠂ ᠠᠵᠤ ᠠᠬᠤᠢ᠌ᠯᠠᠯ᠎ᠤᠨ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ᠂ ᠭᠣᠣᠯᠳᠠᠯᠭ᠎ᠠ᠎ᠲᠠᠢ ᠵᠦᠢ᠍ᠯᠡᠰ᠎ᠲᠤ ᠤᠷᠢᠳᠴᠢᠯᠠᠨ ᠣᠷᠣᠯᠴᠠᠵᠤ᠂ ᠲᠤᠰᠬᠠᠢ ᠬᠥᠮᠥᠨ ᠵᠶ᠋ᠡᠷ ᠠᠩᠬᠠᠷᠤᠭᠤᠯᠵᠤ᠂ ᠲᠤᠰᠬᠠᠢ ᠬᠥᠮᠥᠨ ᠵᠶ᠋ᠡᠷ ᠡᠷᠬᠢᠯᠡᠭᠦᠯᠵᠦ᠂ ᠲᠥᠷᠥᠯ ᠵᠦᠢ᠍ᠯᠡᠰ᠎ᠲᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠬᠠᠩᠭ᠋ᠠᠵᠠᠢ᠃ ᠣᠲᠣ ᠪᠣᠯᠲᠠᠯ᠎ᠠ᠂ 300 ᠭᠠᠷᠤᠢ ᠠᠵᠤ ᠠᠬᠤᠢ᠌ᠯᠠᠯ᠎ᠢ ᠬᠠᠪᠰᠤᠷᠤᠨ ᠲᠡᠳᠬᠦᠵᠦ᠂ 100 ᠭᠠᠷᠤᠢ ᠡᠯ᠎ᠡ ᠲᠥᠷᠥᠯ᠎ᠤᠨ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠪᠡ᠃ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ᠎ᠳᠤ᠂ ᠨᠢᠭᠡ ᠤᠳᠠᠭ᠎ᠠ ᠡᠭᠦᠳᠡ᠎ᠪᠠᠷ ᠣᠷᠣᠪᠠᠯ ᠤᠯᠠᠨ ᠵᠦᠢ᠍ᠯ᠎ᠤᠨ ᠤᠴᠢᠷ ᠶᠠᠪᠤᠳᠠᠯ᠎ᠢ ᠪᠠᠢ᠌ᠴᠠᠭ᠋ᠠᠬᠤ ᠵᠢ ᠪᠠᠷᠢᠮᠲᠠᠯᠠᠵᠤ᠂ 《ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ》 ᠪᠠᠶ᠋ᠢᠬᠤ ᠵᠢ ᠪᠡᠶᠡᠯᠡᠭᠦᠯᠪᠡ᠃ ᠠᠵᠤ ᠠᠬᠤᠢ᠌ᠯᠠᠯ᠎ᠳᠤ ᠬᠠᠨᠳᠤᠭᠤᠯᠤᠨ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠤᠰᠬᠠᠢ ᠰᠡᠳᠦᠪᠲᠦ ᠪᠣᠯᠪᠠᠰᠤᠷᠠᠯ᠎ᠢ ᠥᠷᠨᠢᠭᠦᠯᠵᠦ᠂ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠴᠢᠳᠠᠪᠤᠷᠢ ᠵᠢ ᠦᠨᠡᠨ ᠬᠦ᠌ ᠳᠡᠭᠡᠭᠰᠢᠯᠡᠭᠦᠯᠵᠦ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠡᠭᠦᠰᠬᠦ ᠨᠤᠷᠮ᠎ᠠ ᠵᠢ ᠪᠠᠭᠤᠷᠠᠭᠤᠯᠪᠠ᠃ ᠣᠲᠣ ᠪᠣᠯᠲᠠᠯ᠎ᠠ᠂ ᠡᠯ᠎ᠡ ᠲᠥᠷᠥᠯ᠎ᠤᠨ ᠪᠣᠯᠪᠠᠰᠤᠷᠠᠯ᠎ᠢ 8 ᠲᠠᠯᠠᠪᠤᠷ (ᠤᠳᠠᠭ᠎ᠠ) ᠥᠷᠨᠢᠭᠦᠯᠵᠦ᠂ ᠠᠵᠤ ᠠᠬᠤᠢ᠌ᠯᠠᠯ᠎ᠳᠤ 200 ᠭᠠᠷᠤᠢ (ᠤᠳᠠᠭ᠎ᠠ) ᠵᠢᠭ᠋ᠠᠨ ᠵᠢᠯᠤᠭᠣᠳᠴᠤ ᠬᠠᠪᠰᠤᠷᠤᠨ ᠲᠡᠳᠬᠦᠪᠡ᠃ 《ᠬᠡᠨ ᠬᠠᠤᠯᠢ ᠬᠡᠷᠡᠭᠵᠢᠭᠦᠯᠪᠡᠯ᠂ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠯᠠᠪᠳᠠᠭᠤᠨ ᠪᠠᠲᠤᠲᠠᠢ ᠨᠠᠢ᠌ᠳᠠᠪᠤᠷᠢᠵᠢᠭᠤᠯᠵᠤ᠂ 《ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ + ᠬᠠᠤᠯᠢ ᠬᠡᠷᠡᠭᠵᠢᠭᠦᠯᠬᠦ + ᠬᠠᠪᠰᠤᠷᠤᠨ ᠲᠡᠳᠬᠦᠬᠦ》 ᠲᠣᠣᠷ ᠰᠦᠯᠵᠢᠶ᠎ᠡ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠵᠤ ᠠᠬᠤᠢ᠌ᠯᠠᠯ᠎ᠳᠤ ᠢᠳᠡᠪᠬᠢᠲᠡᠢ᠎ᠪᠠᠷ ᠪᠣᠳᠠᠲᠠᠢ ᠠᠷᠭ᠎ᠠ ᠤᠬᠠᠭ᠋ᠠᠨ ᠭᠠᠷᠭ᠋ᠠᠵᠤ᠂ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ᠎ᠢ ᠰᠢᠢ᠍ᠳᠪᠦᠷᠢᠯᠡᠨ ᠥᠭᠴᠦ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠠᠢ᠃
ᠭᠤᠷᠪᠠ᠎ᠳᠤ 《ᠨᠢᠭᠡ ᠵᠢᠷᠤᠭ》᠎ᠢ ᠬᠠᠮᠲᠤ᠎ᠪᠠᠷ ᠵᠢᠷᠤᠵᠤ᠂ ᠪᠣᠬᠢᠷᠲᠤᠯ ᠦᠭᠡᠢ ᠣᠷᠣᠰᠢᠨ ᠰᠠᠭᠤᠬᠤ᠎ᠳᠤ ᠲᠣᠬᠢᠷᠠᠮᠵᠢᠲᠠᠢ ᠭᠡᠷ ᠣᠷᠣᠨ᠎ᠢ ᠬᠠᠮᠲᠤ᠎ᠪᠠᠷ ᠪᠦᠲᠦᠭᠡᠨ ᠪᠠᠢ᠌ᠭᠤᠯᠪᠠ᠃ ᠵᠢᠷᠭᠤᠭ᠋ᠠᠨ ᠰᠠᠷ᠎ᠠ ᠵᠢᠨ ᠲᠠᠪᠤᠨ᠎ᠤ ᠣᠷᠴᠢᠨ ᠲᠣᠭᠣᠷᠢᠨ᠎ᠤ ᠡᠳᠦᠷ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠡᠳᠦᠷ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠡᠳᠦᠷ᠂ 12.4 ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠡᠳᠦᠷ ᠵᠡᠷᠭᠡ᠎ᠪᠠᠷ ᠠᠵᠠ ᠲᠣᠬᠢᠶᠠᠯ ᠪᠣᠯᠭ᠋ᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠠᠨ ᠬᠡᠯᠪᠡᠷᠢ ᠵᠢᠨ ᠬᠣᠯᠪᠣᠭᠳᠠᠯ ᠪᠦᠬᠦᠢ ᠭᠣᠣᠯ ᠰᠡᠳᠦᠪᠲᠦ ᠤᠬᠠᠭᠤᠯᠭ᠎ᠠ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠵᠦ᠂ ᠤᠬᠠᠭᠤᠯᠭ᠎ᠠ ᠵᠢᠨ ᠮᠠᠲ᠋ᠧᠷᠢᠶᠠᠯ᠎ᠢ 6000 ᠭᠠᠷᠤᠢ ᠬᠤᠪᠢ ᠲᠠᠷᠬᠠᠭ᠋ᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠵᠢ ᠲᠠᠢ᠌ᠯᠪᠤᠷᠢᠯᠠᠵᠤ᠂ ᠠᠮᠢᠳᠤᠷᠠᠯ᠎ᠤᠨ ᠳᠤᠮᠳᠠ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠢ ᠬᠡᠷᠬᠢᠨ ᠪᠡᠶᠡᠯᠡᠭᠦᠯᠬᠦ ᠲᠤᠬᠠᠢ ᠲᠠᠢ᠌ᠯᠪᠤᠷᠢᠯᠠᠪᠠ᠃ ᠥᠷᠭᠡᠨ ᠤᠯᠠᠨ ᠠᠷᠠᠳ ᠲᠦᠮᠡᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠠ ᠪᠣᠬᠢᠷᠲᠤᠯ ᠦᠭᠡᠢ ᠬᠥᠭᠵᠢᠯᠲᠡ᠎ᠳᠤ ᠢᠳᠡᠪᠬᠢᠲᠡᠢ ᠣᠷᠣᠯᠴᠠᠬᠤ ᠵᠢ ᠰᠠᠨᠠᠭ᠋ᠠᠴᠢᠯᠠᠵᠤ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠤ ᠢᠳᠡᠪᠬᠢᠲᠡᠢ ᠤᠯᠠᠮᠵᠢᠯᠠᠭᠴᠢ ᠪᠠ ᠵᠢᠱ᠌ᠢᠶᠡᠴᠢ ᠦᠢ᠍ᠯᠡᠳᠦᠯᠭᠡᠵᠢᠭᠦᠯᠦᠭᠴᠢ ᠪᠣᠯᠬᠤ ᠵᠢ ᠬᠥᠲᠥᠯᠥᠨ ᠵᠢᠯᠣᠭᠣᠳᠪᠠ᠃