ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠢᠶᠠᠩᠰᠢ ᠮᠤᠵᠢ ᠵᠢᠨ ᠵᠢᠢ ᠠᠨ ᠬᠣᠲᠠ ᠵᠢᠨ ᠴᠢᠩ ᠶᠤᠸᠠᠨ ᠲᠣᠭᠣᠷᠢᠭ᠎ᠤᠨ ᠯᠦ᠍ ᠯᠢᠩ ᠸᠠᠨ《ᠠᠲᠠᠷᠰᠢᠭᠰᠠᠨ ᠭᠠᠵᠠᠷ》 ᠪᠠᠢ᠌ᠭᠰᠠᠨ᠎ᠠᠴᠠ᠎ᠪᠠᠨ 《ᠠᠷᠤ ᠴᠡᠴᠡᠭ᠎ᠤᠨ ᠬᠦᠷᠢᠶᠡᠯᠡᠩ》 ᠪᠣᠯᠵᠤ ᠬᠤᠪᠢᠷᠠᠪᠠ
ᠨᠡᠶ᠋ᠢᠲᠡᠯᠡᠭᠰᠡᠨ ᠴᠠᠭ᠄ 2024-12-13

      ᠤᠰᠤ᠎ᠨᠢ ᠴᠡᠪᠡᠷ ᠡᠷᠭᠢ᠎ᠨᠢ ᠨᠣᠭᠣᠭ᠋ᠠᠨ᠂ ᠠᠭ᠋ᠠᠷ᠎ᠨᠢ ᠴᠡᠪᠡᠷ ᠲᠤᠩᠭ᠋ᠠᠯᠠᠭ ᠠᠮᠢ ᠠᠬᠤᠢ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢ ᠬᠠᠷᠠᠬᠤ᠎ᠳᠠᠭᠠᠨ᠂ ᠵᠢᠶᠠᠩᠰᠢ ᠮᠤᠵᠢ ᠵᠢᠨ ᠵᠢᠢ ᠠᠨ ᠬᠤᠳᠠ ᠵᠢᠨ ᠴᠢᠩ ᠶᠤᠸᠠᠨ ᠲᠣᠭᠣᠷᠢᠭ᠎ᠤᠨ ᠾᠧ ᠳ᠋ᠦᠩ ᠵᠡᠭᠡᠯᠢ ᠵᠢᠨ ᠭᠠᠨᠵᠢᠶᠠᠩ ᠲᠣᠰᠬᠤᠨ᠎ᠤ ᠨᠠᠮ᠎ᠤᠨ ᠡᠭᠦᠷ᠎ᠤᠨ ᠱᠦᠵᠢ᠂ ᠡᠷᠬᠢᠯᠡᠭᠴᠢ ᠼᠤᠤ ᠳ᠋ᠣᠣ ᠰᠢᠶᠦ᠋ᠨ᠄ 《ᠣᠲᠣ ᠵᠢᠨ ᠯᠤ᠌ ᠯᠢᠩ ᠸᠠᠨ ᠨᠢᠭᠡᠨᠲᠡ ᠬᠤᠳᠠ ᠵᠢᠨ 〈ᠠᠷᠤ ᠴᠡᠴᠡᠭ᠎ᠤᠨ ᠬᠦᠷᠢᠶᠡᠯᠡᠩ〉 ᠪᠣᠯᠵᠤ᠂ ᠡᠳᠦᠷ ᠪᠦᠷᠢ ᠠᠲᠠ ᠢᠷᠠᠵᠤ ᠵᠤᠭ᠋ᠠᠴᠠᠨ ᠰᠡᠯᠡᠭᠦᠴᠡᠬᠦ ᠵᠤᠭ᠋ᠠᠴᠠᠭᠰᠠᠳ ᠲᠠᠰᠤᠷᠠᠯᠳᠡ ᠦᠭᠡᠢ ᠣᠯᠠᠰᠢᠷᠠᠵᠤ ᠪᠠᠢ᠌ᠨ᠎ᠠ》 ᠭᠡᠵᠦ ᠰᠡᠳᠬᠢᠯ ᠪᠠᠬᠠᠳᠤᠨ ᠶᠠᠷᠢᠵᠤ ᠪᠠᠢ᠌ᠯ᠎ᠠ᠃
      ᠭᠠᠨᠵᠢᠶᠠᠩ ᠮᠥᠷᠡᠨ᠎ᠤ ᠬᠥᠪᠡᠭᠡᠨ᠎ᠳᠠᠬᠢ ᠯᠤ᠌ ᠯᠢᠩ ᠸᠠᠨ᠎ᠨᠢ 4 ᠺᠢᠯᠣᠮᠧᠲᠷ ᠣᠷᠳᠣ S ᠬᠡᠯᠪᠡᠷᠢ ᠵᠢᠨ ᠡᠷᠭᠢ ᠵᠢᠨ ᠱᠤᠭᠤᠮ᠎ᠲᠠᠢ ᠪᠠᠢ᠌ᠳᠠᠭ᠃ 《ᠥᠩᠭᠡᠷᠡᠭᠰᠡᠨ᠎ᠳᠤ ᠠᠲᠠ ᠴᠥᠮ ᠬᠠᠭᠤᠴᠢᠨ ᠦᠢ᠍ᠯᠡᠳᠪᠦᠷᠢ ᠵᠢᠨ ᠪᠠᠢ᠌ᠰᠢᠩ᠂ ᠬᠠᠶᠠᠭᠳᠠᠮᠠᠯ ᠠᠮᠤ ᠪᠤᠳᠠᠭ᠋ᠠᠨ᠎ᠤ ᠬᠥᠮᠥᠷᠭᠡ᠂ ᠭᠠᠨᠵᠢᠶᠠᠩ ᠮᠥᠷᠡᠨ᠎ᠤ ᠭᠠᠷᠠᠮ᠂ ᠭᠣᠣᠯ᠎ᠤᠨ ᠰᠠᠢ᠌ᠷᠭ᠋ᠠᠯ᠎ᠤᠨ ᠭᠠᠵᠠᠷ᠂ ᠠᠭᠯᠠᠭ ᠠᠭᠤᠯᠠ᠂ ᠨᠦᠬᠡ ᠴᠥᠭᠥᠷᠥᠮ ᠵᠡᠷᠭᠡ ᠰᠤᠯᠠ ᠲᠠᠯᠪᠢᠭᠳᠠᠵᠤ ᠪᠠᠢ᠌ᠭ᠎ᠠ ᠠᠮᠢ ᠠᠬᠤᠢ ᠵᠢᠨ ᠡᠬᠢ ᠪᠠᠶᠠᠯᠢᠭ᠎ᠤᠳ ᠯᠡ ᠪᠠᠢ᠌ᠵᠤ᠂ ᠨᠡᠢ᠌ᠳᠡᠮ᠎ᠳᠡᠭᠡᠨ ᠠᠲᠠᠷᠰᠢᠵᠤ᠂ ᠠᠰᠠᠭᠤᠵᠤ ᠰᠣᠨᠢᠷᠬᠠᠬᠤ ᠬᠥᠮᠥᠨ ᠴᠤ᠌ ᠦᠭᠡᠢ ᠪᠠᠢ᠌ᠵᠠᠢ》 ᠭᠡᠵᠦ ᠼᠤᠤ ᠳ᠋ᠣᠣ ᠰᠢᠶᠦ᠋ᠨ ᠶᠠᠷᠢᠵᠤ ᠪᠠᠢ᠌ᠯ᠎ᠠ᠃
      ᠬᠥᠮᠥᠨ ᠠᠮᠢᠲᠠᠨ ᠦᠭᠡᠢ 《ᠠᠲᠠᠷᠰᠢᠭᠰᠠᠨ ᠭᠠᠵᠠᠷ》 ᠪᠠᠢ᠌ᠭᠰᠠᠨ᠎ᠠᠴᠠ᠎ᠪᠠᠨ 《ᠠᠷᠤ ᠴᠡᠴᠡᠭ᠎ᠤᠨ ᠬᠦᠷᠢᠶᠡᠯᠡᠩ》 ᠬᠦᠷᠲᠡᠯ᠎ᠡ᠂ ᠯᠤ᠌ ᠯᠢᠩ ᠸᠠᠨ ᠬᠡᠷᠬᠢᠨ ᠦᠵᠡᠰᠬᠦᠯᠡᠩᠲᠦ ᠰᠠᠢ᠌ᠬᠠᠨ ᠬᠤᠪᠢᠷᠠᠯᠲᠠ ᠵᠢ ᠪᠡᠶᠡᠯᠡᠭᠦᠯᠵᠦ ᠴᠢᠳᠠᠭᠰᠠᠨ ᠪᠤᠢ?
      《ᠪᠢᠳᠡ 〈ᠨᠢᠭᠡ ᠬᠥᠯᠭᠡ ᠰᠢᠲᠠᠷ᠎ᠠ〉 ᠵᠢᠨ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ 〈ᠵᠢᠭᠰᠠᠭ᠋ᠠᠨ ᠪᠠᠢ᠌ᠴᠠᠭ᠋ᠠᠬᠤ + ᠬᠣᠷᠢᠶᠠᠨ ᠬᠠᠳᠠᠭ᠋ᠠᠯᠠᠬᠤ + ᠨᠡᠭᠡᠭᠡᠨ ᠬᠥᠭᠵᠢᠭᠦᠯᠬᠦ〉 ᠵᠢ ᠨᠢᠭᠡ ᠴᠣᠭᠴᠠᠵᠢᠭᠤᠯᠤᠨ ᠠᠬᠢᠭᠤᠯᠵᠤ᠂ 〈ᠰᠣᠶᠣᠯ + ᠵᠢᠭᠤᠯᠴᠢᠯᠠᠯ + ᠲᠠᠷᠢᠶᠠᠯᠠᠩ〉᠎ᠢ ᠨᠢᠭᠡ ᠴᠣᠭᠴᠠᠵᠢᠭᠤᠯᠤᠨ ᠬᠥᠭᠵᠢᠭᠦᠯᠵᠦ᠂ ᠯᠤ᠌ ᠯᠢᠩ ᠸᠠᠨ᠎ᠢ ᠭᠦᠨᠵᠡᠭᠡᠢ ᠨᠡᠭᠡᠭᠡᠨ ᠬᠥᠭᠵᠢᠭᠦᠯᠵᠦ᠂ ᠠᠮᠲᠠᠲᠤ ᠢᠳᠡᠭᠡᠨ᠎ᠤ ᠰᠣᠶᠣᠯ᠂ ᠬᠣᠨᠣᠭᠯᠠᠨ ᠪᠠᠭᠤᠳᠠᠯᠯᠠᠬᠤ᠂ ᠰᠤᠳᠤᠯᠤᠨ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠦᠬᠦᠯᠢ ᠡᠳᠦᠷ᠎ᠤᠨ 〈ᠪᠢᠴᠢᠯ〉 ᠠᠮᠠᠷᠠᠯᠲᠠ ᠵᠢᠨ ᠶᠡᠷᠦᠩᠬᠡᠢ᠌ᠯᠡᠭᠰᠡᠨ ᠴᠣᠭᠴᠠ ᠪᠣᠯᠭ᠋ᠠᠨ ᠪᠠᠢ᠌ᠭᠤᠯᠵᠤ᠂ 〈ᠬᠣᠶᠠᠷ ᠠᠭᠤᠯᠠ〉 ᠵᠢ ᠬᠠᠷᠢᠯᠴᠠᠨ ᠤᠯᠠᠷᠢᠭᠤᠯᠬᠤ ᠵᠠᠮ᠎ᠢ ᠨᠡᠪᠲᠡᠷᠡᠭᠦᠯᠵᠡᠢ》 ᠭᠡᠵᠦ ᠴᠢᠩ ᠶᠤᠸᠠᠨ ᠲᠣᠭᠣᠷᠢᠭ᠎ᠤᠨ ᠬᠣᠶᠠᠷ ᠠᠭᠤᠯᠠ ᠺᠣᠮᠫᠠᠨᠢ ᠵᠢᠨ ᠬᠠᠷᠢᠭᠤᠴᠠᠯᠭ᠋ᠠᠲᠠᠨ ᠲᠠᠨᠢᠯᠴᠠᠭᠤᠯᠪᠠ᠃
      《ᠵᠢᠭᠰᠠᠭ᠋ᠠᠨ ᠪᠠᠢ᠌ᠴᠠᠭ᠋ᠠᠬᠤ + ᠬᠣᠷᠢᠶᠠᠨ ᠬᠠᠳᠠᠭ᠋ᠠᠯᠠᠬᠤ + ᠨᠡᠭᠡᠭᠡᠨ ᠬᠥᠭᠵᠢᠭᠦᠯᠬᠦ》 ᠵᠢ ᠨᠢᠭᠡ ᠴᠣᠭᠴᠠᠵᠢᠭᠤᠯᠤᠨ ᠠᠬᠢᠭᠤᠯᠵᠤ᠂ ᠠᠮᠢ ᠠᠬᠤᠢ ᠵᠢᠨ ᠪᠦᠲᠦᠭᠡᠭᠳᠡᠬᠦᠨ᠎ᠤ ᠥᠷᠲᠡᠭ᠎ᠢ ᠪᠡᠶᠡᠯᠡᠭᠦᠯᠪᠡ᠃
      ᠲᠠᠷᠢᠶᠠᠨ ᠭᠠᠵᠠᠷ᠂ ᠣᠢ᠌ᠲᠤ ᠭᠠᠵᠠᠷ᠂ ᠭᠣᠣᠯ᠎ᠤᠨ ᠰᠠᠢ᠌ᠷᠭ᠋ᠠᠯ᠂ ᠨᠠᠭᠤᠷ ᠴᠥᠭᠥᠷᠥᠮ᠎ᠤᠨ ᠤᠰᠤᠨ ᠭᠠᠳᠠᠷᠭᠤ᠂ ᠰᠤᠯᠠ ᠪᠠᠶ᠋ᠢᠬᠤ ᠦᠢ᠍ᠯᠡᠳᠪᠦᠷᠢ ᠵᠢᠨ ᠭᠡᠷ ᠪᠠᠢ᠌ᠰᠢᠩ᠂ ᠰᠤᠷᠭ᠋ᠠᠭᠤᠯᠢ᠂ ᠬᠠᠶᠠᠭᠳᠠᠮᠠᠯ ᠲᠠᠬᠢᠶ᠎ᠠ ᠲᠡᠵᠢᠭᠡᠬᠦ ᠲᠠᠯᠠᠪᠠᠶ᠂ ᠠᠮᠤ ᠪᠤᠳᠠᠭ᠋ᠠᠨ᠎ᠤ ᠬᠥᠮᠥᠷᠭᠡ ᠁ ᠁ ᠬᠡᠰᠡᠭ ᠣᠷᠣᠨ᠎ᠤ ᠳᠣᠲᠣᠷᠠᠬᠢ 《ᠨᠣᠢ᠌ᠷᠮᠣᠭᠯᠠᠵᠤ》 ᠪᠠᠢ᠌ᠭᠰᠠᠨ ᠠᠮᠢ ᠠᠬᠤᠢ ᠵᠢᠨ ᠡᠬᠢ ᠪᠠᠶᠠᠯᠢᠭ᠎ᠢ ᠰᠡᠷᠭᠦᠭᠡᠬᠦ ᠵᠢᠨ ᠲᠥᠯᠥᠭᠡ᠂ ᠴᠢᠩ ᠶᠤᠸᠠᠨ ᠲᠣᠭᠣᠷᠢᠭ᠎ᠤᠨ᠎ᠬᠢᠨ 《ᠲᠥᠪᠯᠡᠷᠡᠩᠭᠦᠢ ᠮᠠᠶᠢᠭ ᠵᠶ᠋ᠠᠷ ᠵᠢᠭᠰᠠᠭ᠋ᠠᠨ ᠪᠠᠢ᠌ᠴᠠᠭ᠋ᠠᠬᠤ᠂ ᠲᠠᠷᠠᠬᠠᠢ ᠪᠤᠲᠠᠷᠬᠠᠢ᠎ᠪᠠᠷ ᠣᠷᠣᠭᠤᠯᠬᠤ᠂ ᠲᠤᠰᠬᠠᠢ᠌ᠵᠢᠭᠤᠯᠤᠨ ᠡᠮᠬᠢᠯᠡᠨ ᠨᠡᠶ᠋ᠢᠯᠡᠭᠦᠯᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ》 ᠣᠢ᠌ᠯᠠᠭ᠋ᠠᠭᠳᠠᠬᠤᠨ ᠶᠣᠰᠣᠭ᠋ᠠᠷ᠂ ᠬᠣᠶᠠᠷ ᠠᠭᠤᠯᠠ ᠺᠣᠮᠫᠠᠨᠢ᠎ᠠᠴᠠ ᠲᠥᠪᠯᠡᠷᠡᠭᠦᠯᠦᠨ ᠬᠣᠷᠢᠶᠠᠨ ᠬᠠᠳᠠᠭ᠋ᠠᠯᠠᠵᠤ᠂ ᠰᠤᠯᠠ ᠲᠠᠯᠪᠢᠭᠳᠠᠵᠤ ᠪᠠᠢ᠌ᠭ᠎ᠠ ᠠᠮᠢ ᠠᠬᠤᠢ ᠵᠢᠨ ᠡᠬᠢ ᠪᠠᠶᠠᠯᠢᠭ᠎ᠢ 《ᠲᠠᠷᠠᠬᠠᠢ》 ᠪᠠᠢ᠌ᠭᠰᠠᠨ᠎ᠠᠴᠠ 《ᠲᠥᠪᠯᠡᠷᠡᠭᠦᠯᠬᠦ》᠂ 《ᠲᠥᠪᠯᠡᠷᠡᠭᠦᠯᠬᠦ》᠎ᠠᠴᠠ 《ᠰᠢᠯᠢᠳᠡᠭᠵᠢᠭᠦᠯᠬᠦ》 ᠪᠣᠯᠭ᠋ᠠᠵᠤ᠂ ᠰᠤᠯᠠ ᠲᠠᠯᠪᠢᠭᠳᠠᠵᠤ ᠪᠠᠢ᠌ᠭ᠎ᠠ ᠠᠮᠢ ᠠᠬᠤᠢ ᠵᠢᠨ ᠡᠬᠢ ᠪᠠᠶᠠᠯᠢᠭ᠎ᠢ 《ᠬᠠᠶᠠᠭᠳᠠᠮᠠᠯ᠎ᠢ ᠡᠷᠳᠡᠨᠢ ᠪᠣᠯᠭ᠋ᠠᠬᠤ》 ᠵᠢ ᠲᠦᠯᠬᠢᠨ ᠠᠬᠢᠭᠤᠯᠵᠠᠢ᠃
      ᠠᠮᠢ ᠠᠬᠤᠢ ᠵᠢᠨ ᠡᠬᠢ ᠪᠠᠶᠠᠯᠢᠭ᠎ᠢ 《ᠪᠡᠯᠡᠨ ᠵᠣᠭᠣᠰ ᠪᠣᠯᠭ᠋ᠠᠬᠤ》 ᠵᠢ ᠲᠦᠷᠭᠡᠳᠬᠡᠬᠦ ᠵᠢᠨ ᠲᠥᠯᠥᠭᠡ᠂ ᠴᠢᠩ ᠶᠤᠸᠠᠨ ᠲᠣᠭᠣᠷᠢᠭ᠎ᠤᠨ᠎ᠬᠢᠨ 《ᠤᠯᠤᠰ᠎ᠤᠨ ᠥᠮᠴᠢᠯᠡᠯ᠎ᠤᠨ ᠡᠳ᠋ ᠬᠥᠷᠥᠩᠭᠡ + ᠠᠷᠠᠳ᠎ᠤᠨ ᠡᠵᠡᠩᠨᠡᠯᠲᠡ》 ᠵᠢᠨ ᠬᠤᠷᠰᠢᠨ ᠡᠵᠡᠩᠨᠡᠬᠦ ᠵᠠᠭᠪᠤᠷ᠎ᠢ ᠰᠦᠪᠡᠭᠴᠢᠯᠡᠨ ᠪᠠᠢ᠌ᠭᠤᠯᠵᠤ᠂ ᠬᠣᠷᠢᠶᠠᠨ ᠬᠠᠳᠠᠭ᠋ᠠᠯᠠᠭᠰᠠᠨ ᠡᠬᠢ ᠪᠠᠶᠠᠯᠢᠭ ᠪᠠ ᠪᠦᠲᠦᠭᠡᠨ ᠪᠠᠢ᠌ᠭᠤᠯᠤᠯᠲᠠ᠎ᠳᠤ ᠣᠷᠣᠭᠤᠯᠤᠭᠰᠠᠨ ᠡᠳ᠋ ᠬᠥᠷᠥᠩᠭᠡ᠎ᠪᠠᠷ ᠬᠤᠪᠢ ᠣᠷᠣᠭᠤᠯᠵᠤ᠂ ᠭᠤᠷᠪᠠᠳᠠᠭᠢ ᠡᠲᠡᠭᠡᠳ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠪᠡᠯᠡ ᠮᠥᠩᠭᠥ ᠪᠠ ᠲᠤᠰᠬᠠᠢ᠌ᠵᠢᠭᠰᠠᠨ ᠡᠵᠡᠩᠨᠡᠯᠲᠡ᠎ᠪᠠᠷ ᠬᠤᠪᠢ ᠣᠷᠣᠭᠤᠯᠬᠤ ᠵᠢ ᠳᠠᠶ᠋ᠢᠴᠢᠯᠠᠵᠤ᠂ ᠨᠠᠢ᠌ᠳᠠ 1.2 ᠳ᠋ᠦᠩᠰᠢᠭᠤᠷ ᠭᠠᠷᠤᠢ ᠲᠥᠭᠥᠷᠢᠭ ᠪᠡᠯᠡ ᠮᠥᠩᠭᠥ ᠴᠤᠭᠯᠠᠭᠤᠯᠵᠤ᠂ ᠡᠬᠢ ᠪᠠᠶᠠᠯᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠵᠢᠭᠤᠯᠴᠢᠯᠠᠯ᠎ᠤᠨ ᠦᠢ᠍ᠯᠡᠰ᠎ᠤᠨ ᠬᠡᠯᠪᠡᠷᠢ ᠪᠠᠶ᠋ᠢᠳᠠᠯ᠎ᠢ ᠪᠤᠢ ᠪᠣᠯᠭ᠋ᠠᠬᠤ ᠵᠢ ᠥᠷᠨᠢᠭᠦᠯᠵᠦ᠂ ᠲᠠᠷᠠᠬᠠᠢ ᠪᠤᠲᠠᠷᠬᠠᠢ ᠰᠤᠯᠠ ᠲᠠᠯᠪᠢᠭᠳᠠᠵᠤ ᠪᠠᠢ᠌ᠭᠰᠠᠨ ᠠᠮᠢ ᠠᠬᠤᠢ ᠵᠢᠨ ᠡᠬᠢ ᠪᠠᠶᠠᠯᠢᠭ᠎ᠢ ᠰᠠᠶ᠋ᠢᠨ ᠰᠠᠢ᠌ᠬᠠᠨ ᠵᠢᠭᠤᠯᠴᠢᠯᠠᠯ᠎ᠤᠨ ᠡᠬᠢ ᠪᠠᠶᠠᠯᠢᠭ ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃
      《ᠰᠣᠶᠣᠯ + ᠵᠢᠭᠤᠯᠴᠢᠯᠠᠯ + ᠲᠠᠷᠢᠶᠠᠯᠠᠩ》᠎ᠢ ᠨᠢᠭᠡ ᠴᠣᠭᠴᠠᠵᠢᠭᠤᠯᠤᠨ ᠬᠥᠭᠵᠢᠭᠦᠯᠵᠦ᠂ 《ᠬᠣᠶᠠᠷ ᠠᠭᠤᠯᠠ》 ᠵᠢ ᠬᠤᠪᠢᠷᠠᠭᠤᠯᠬᠤ ᠵᠠᠮ᠎ᠢ ᠨᠡᠪᠲᠡᠷᠡᠭᠦᠯᠪᠡ᠃
      ᠲᠠᠷᠢᠶᠠᠯᠠᠩ ᠪᠠ ᠵᠢᠭᠤᠯᠴᠢᠯᠠᠯ᠎ᠢ ᠬᠠᠷᠢᠯᠴᠠᠨ ᠠᠬᠢᠭᠤᠯᠬᠤ᠂ ᠰᠣᠶᠣᠯ ᠪᠠ ᠵᠢᠭᠤᠯᠴᠢᠯᠠᠯ᠎ᠢ ᠬᠠᠷᠢᠯᠴᠠᠨ ᠠᠭᠤᠰᠤᠯᠴᠠᠭᠤᠯᠬᠤ᠂ ᠦᠵᠡᠮᠵᠢ ᠵᠢᠨ ᠣᠷᠣᠨ᠎ᠢ ᠬᠠᠷᠢᠯᠴᠠᠨ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠴᠢᠩ ᠶᠤᠸᠠᠨ ᠲᠣᠭᠣᠷᠢᠭ᠎ᠤᠨ᠎ᠬᠢᠨ ᠵᠠᠯᠭ᠋ᠠᠯᠳᠤᠭᠰᠠᠨ ᠣᠷᠣᠨ᠎ᠤ ᠳᠣᠲᠣᠷᠠᠬᠢ ᠲᠠᠷᠢᠶᠠᠯᠠᠩ᠎ᠤᠨ ᠲᠠᠯᠠᠪᠠᠶ᠂ ᠵᠢᠮᠢᠰ᠎ᠤᠨ ᠬᠦᠷᠢᠶᠡᠯᠡᠩ᠂ ᠣᠢ ᠰᠢᠭᠤᠢ ᠵᠢᠨ ᠲᠠᠯᠠᠪᠠᠶ ᠵᠡᠷᠭᠡ ᠰᠤᠯᠠ ᠲᠠᠯᠪᠢᠭᠳᠠᠵᠤ ᠪᠠᠢ᠌ᠭ᠎ᠠ ᠠᠮᠢ ᠠᠬᠤᠢ ᠵᠢᠨ ᠡᠬᠢ ᠪᠠᠶᠠᠯᠢᠭ᠎ᠢ ᠠᠰᠢᠭᠯᠠᠨ᠂ ᠬᠠᠰ᠎ᠤᠨ ᠪᠦᠲᠦᠭᠡᠭᠳᠡᠬᠦᠨ᠎ᠤ ᠭᠡᠷ ᠪᠦᠯᠢ ᠵᠢᠨ ᠲᠠᠷᠢᠶᠠᠯᠠᠩ᠎ᠤᠨ ᠲᠠᠯᠠᠪᠠᠶ᠂ ᠴᠡᠴᠡᠭ ᠵᠢᠮᠢᠰ᠎ᠤᠨ ᠬᠦᠷᠢᠶᠡᠯᠡᠩ᠂ ᠥᠩᠭᠡᠲᠦ ᠲᠤᠲᠤᠷᠭ᠎ᠠ ᠵᠢᠨ ᠲᠠᠷᠢᠶ᠎ᠠ᠂ ᠴᠡᠩᠭᠡᠯᠲᠦ ᠵᠢᠭ᠋ᠠᠰᠤ ᠠᠩᠨᠠᠬᠤ᠂ ᠲᠠᠷᠢᠶᠠᠯᠠᠬᠤ ᠰᠣᠶᠣᠯ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠭᠦᠯᠭᠡ ᠵᠢᠨ ᠣᠷᠳᠣᠨ ᠵᠡᠷᠭᠡ ᠦᠵᠡᠮᠵᠢ ᠪᠠᠢ᠌ᠷᠢᠯᠠᠮᠵᠢ᠎ᠪᠠᠷ ᠪᠠᠶᠠᠯᠢᠭ᠂ ᠪᠡᠶᠡᠴᠢᠯᠡᠨ ᠣᠢ᠌ᠯᠠᠭ᠋ᠠᠬᠤ ᠴᠢᠨᠠᠷ ᠵᠶ᠋ᠠᠷ ᠴᠢᠩᠭ᠎ᠠ ᠲᠠᠷᠢᠶᠠᠯᠠᠩ ᠪᠠ ᠵᠢᠭᠤᠯᠴᠢᠯᠠᠯ᠎ᠤᠨ ᠲᠥᠷᠥᠯ ᠵᠦᠢ᠍ᠯ᠎ᠢ ᠴᠢᠨᠠᠷ ᠰᠠᠢ᠌ᠲᠠᠢ ᠨᠡᠭᠡᠭᠡᠨ ᠬᠥᠭᠵᠢᠭᠦᠯᠵᠡᠢ᠃
      ᠣᠷᠣᠨ᠎ᠤ ᠳᠣᠲᠣᠷᠠᠬᠢ ᠭᠠᠷᠠᠮ᠎ᠤᠨ ᠰᠣᠶᠣᠯ᠂ ᠯᠤ᠌ ᠯᠢᠩ ᠰᠣᠶᠣᠯ᠂ ᠥᠪᠡᠷᠮᠢᠴᠡ ᠣᠨᠴᠠᠯᠢᠭ᠎ᠲᠠᠢ ᠠᠷᠠᠳ᠎ᠤᠨ ᠵᠠᠩ ᠦᠢ᠍ᠯᠡ ᠵᠢᠨ ᠰᠣᠶᠣᠯ᠎ᠢ ᠠᠭᠤᠳᠠᠯᠵᠤ᠂ ᠤᠤᠯ᠎ᠤᠨ ᠬᠠᠭᠤᠴᠢᠷᠠᠮᠠᠯ ᠠᠢ᠌ᠯ ᠲᠣᠰᠬᠤᠨ᠂ ᠰᠤᠯᠠ ᠪᠠᠢ᠌ᠭ᠎ᠠ ᠭᠣᠣᠯ᠎ᠤᠨ ᠰᠠᠢ᠌ᠷᠭ᠋ᠠᠯ ᠵᠢᠴᠢ ᠬᠠᠶᠠᠭᠳᠠᠮᠠᠯ ᠦᠢ᠍ᠯᠡᠳᠪᠦᠷᠢ ᠵᠢᠨ ᠭᠡᠷ ᠪᠠᠢ᠌ᠰᠢᠩ᠂ ᠠᠮᠤ ᠪᠤᠳᠠᠭ᠋ᠠᠨ᠎ᠤ ᠬᠥᠮᠥᠷᠭᠡ ᠵᠡᠷᠭᠡ ᠵᠢ ᠲᠠᠰ ᠳᠡᠪᠰᠢᠭᠦᠯᠦᠨ ᠥᠭᠡᠷᠡᠴᠢᠯᠡᠵᠦ᠂ ᠭᠠᠨᠵᠢᠶᠠᠩ ᠮᠥᠷᠡᠨ᠎ᠤ ᠭᠠᠷᠠᠮ᠎ᠤᠨ ᠣᠷᠳᠣ ᠬᠣᠩᠭᠢᠯ᠂ ᠭᠠᠷᠠᠮ᠎ᠤᠨ ᠵᠢᠭ᠋ᠠᠰᠤᠨ ᠲᠣᠰᠬᠤᠨ᠂ ᠡᠷᠡᠭᠦᠯ ᠠᠮᠠᠷᠠᠯᠲᠠ ᠰᠤᠪᠢᠯᠠᠯᠲᠠ᠂ ᠤᠰᠤ᠎ᠲᠠᠢ ᠡᠭᠡᠨᠡᠭᠰᠢᠬᠦ ᠡᠯᠡᠰᠦᠨ ᠲᠠᠩ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠡᠭᠦᠯᠡᠨ ᠰᠢᠷᠢᠰ᠎ᠤᠨ IP᠂ ᠮᠣᠷᠢ ᠤᠷᠤᠯᠳᠤᠬᠤ ᠲᠠᠯᠠᠪᠠᠶ ᠵᠡᠷᠭᠡ 30 ᠭᠠᠷᠤᠢ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠪᠤᠢ ᠪᠣᠯᠭ᠋ᠠᠪᠠ᠃
      ᠴᠢᠩ ᠳ᠋ᠦᠩ ᠵᠠᠰᠠᠮᠠᠯ ᠵᠠᠮ᠎ᠳᠤ ᠲᠦᠰᠢᠭᠯᠡᠨ᠂ ᠴᠢᠩ ᠶᠤᠸᠠᠨ ᠱᠠᠨ ᠠᠭᠤᠯᠠ ᠵᠢᠨ ᠦᠵᠡᠮᠵᠢ ᠵᠢᠨ ᠣᠷᠣᠨ᠂ ᠮᠧᠢ ᠪᠧᠢ ᠬᠥ᠋ ᠲᠣᠰᠬᠤᠨ᠂ ᠪᠧᠢ ᠰᠢᠶᠠ ᠬᠥ᠋ ᠲᠣᠰᠬᠤᠨ᠂ ᠳ᠋ᠦᠩ ᠬᠥ᠋ ᠦᠵᠡᠮᠵᠢ ᠵᠢᠨ ᠣᠷᠣᠨ ᠵᠡᠷᠭᠡ 4A ᠲᠠᠰ᠎ᠤᠨ ᠦᠵᠡᠮᠵᠢ ᠵᠢᠨ ᠣᠷᠣᠨ᠎ᠲᠠᠢ ᠳᠠᠪᠠᠭᠤᠯᠢᠭ ᠵᠶ᠋ᠠᠨ ᠬᠠᠷᠢᠯᠴᠠᠨ ᠨᠥᠬᠥᠪᠦᠷᠢᠯᠡᠵᠦ᠂ ᠬᠠᠮᠲᠤᠷᠠᠯᠴᠠᠨ ᠬᠥᠭᠵᠢᠵᠦ᠂ ᠤᠯᠠᠭ᠋ᠠᠨ᠂ ᠡᠷᠲᠡᠨ᠎ᠤ᠂ ᠨᠣᠭᠣᠭ᠋ᠠᠨ ᠥᠩᠭᠡ ᠰᠣᠯᠪᠢᠴᠠᠨ ᠭᠡᠷᠡᠯᠲᠦᠭᠰᠡᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠷᠢᠰᠢᠯ᠎ᠢ ᠪᠤᠢ ᠪᠣᠯᠭ᠋ᠠᠵᠠᠢ᠃
      《ᠠᠲᠠᠷᠰᠢᠭᠰᠠᠨ ᠭᠠᠵᠠᠷ》᠎ᠨᠢ 《ᠠᠷᠤ ᠴᠡᠴᠡᠭ᠎ᠤᠨ ᠬᠦᠷᠢᠶᠡᠯᠡᠩ》 ᠪᠣᠯᠵᠤ ᠬᠤᠪᠢᠷᠠᠭ᠋ᠠᠳ᠂ ᠬᠥᠳᠡᠭᠡ ᠲᠣᠰᠬᠤᠨ᠎ᠢ ᠭᠣᠶᠣᠯᠠᠵᠤ᠂ ᠠᠷᠠᠳ ᠢᠷᠭᠡᠳ᠎ᠢ ᠪᠠᠶᠠᠵᠢᠭᠤᠯᠪᠠ᠃ ᠬᠣᠶᠠᠷ ᠠᠭᠤᠯᠠ ᠺᠣᠮᠫᠠᠨᠢ ᠵᠢᠨ ᠬᠠᠷᠢᠭᠤᠴᠠᠯᠭ᠋ᠠᠲᠠᠨ᠄ 《2023 ᠣᠨ᠎ᠤ 10 ᠰᠠᠷ᠎ᠠ᠎ᠳᠤ ᠲᠤᠷᠰᠢᠨ ᠡᠵᠡᠩᠨᠡᠭᠰᠡᠨ᠎ᠠᠴᠠ ᠨᠠᠭ᠋ᠠᠰᠢ᠂ ᠯᠦ᠍ ᠯᠢᠩ ᠸᠠᠨ᠎ᠤ ᠵᠤᠭ᠋ᠠᠴᠠᠯ᠎ᠤᠨ ᠶᠡᠷᠦᠩᠬᠡᠢ ᠣᠷᠣᠯᠭ᠎ᠠ 50 ᠲᠦᠮᠡᠨ ᠲᠥᠭᠥᠷᠢᠭ᠎ᠲᠤ ᠬᠦᠷᠴᠦ᠂ ᠳᠦᠷᠦᠯ ᠵᠦᠢ᠍ᠯ᠎ᠤᠨ ᠪᠠᠢ᠌ᠭ᠎ᠠ ᠭᠠᠵᠠᠷ᠎ᠤᠨ ᠲᠣᠰᠬᠤᠨ᠎ᠤ ᠳᠡᠰ᠎ᠤᠨ ᠬᠠᠮᠲᠤ ᠨᠠᠢ᠌ᠳᠠ ᠵᠢᠨ ᠣᠷᠣᠯᠭ᠎ᠠ 13.6 ᠲᠦᠮᠡᠨ ᠲᠥᠭᠥᠷᠢᠭ᠎ᠲᠤ ᠬᠦᠷᠴᠦ᠂ ᠲᠤᠬᠠᠢ ᠵᠢᠨ ᠭᠠᠵᠠᠷ᠎ᠤᠨ ᠲᠣᠰᠬᠤᠨ᠎ᠤ ᠠᠷᠠᠳ 〈ᠭᠡᠷ᠎ᠤᠨ ᠡᠭᠦᠳᠡᠨ᠎ᠳᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ〉 ᠵᠢ ᠪᠡᠶᠡᠯᠡᠭᠦᠯᠵᠡᠢ》 ᠭᠡᠵᠦ ᠲᠠᠨᠢᠯᠴᠠᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠴᠠᠩᠴᠦ᠋ᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠨ ᠭᠤᠸᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠠᠭᠤᠷ᠎ᠤᠨ ᠲᠣᠭᠣᠭ᠎ᠠ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠴᠢᠩᠭ᠋ᠠᠳᠬᠠᠵᠤ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
《ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》᠎ᠢ ᠬᠡᠷᠡᠭᠵᠢᠭᠦᠯᠬᠦ᠎ᠪᠠᠷ ᠪᠠᠢ᠌ᠨ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠨ᠎ᠠ
ᠵᠧᠩᠵᠧᠦ ᠬᠣᠲᠠ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠳ᠋ᠠᠯᠢ ᠵᠧᠦ ᠵᠢᠨ ᠶᠦᠨᠨᠠᠨ᠎ᠤ ᠪᠢᠨᠴᠤᠸᠠᠨ ᠰᠢᠶᠠᠨ ᠶᠦᠨᠨᠠᠨ ᠠᠷᠤᠷ᠎ᠠ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ ᠪᠤᠢ
ᠠᠨᠾᠦ᠋ᠢ ᠮᠤᠵᠢ ᠵᠢᠨ ᠹᠦ᠋ ᠶᠠᠩ ᠬᠣᠲᠠ ᠵᠢᠨ ᠶᠢᠩ ᠵᠧᠦ ᠲᠣᠭᠣᠷᠢᠭ᠎ᠤᠨ 《ᠳᠥᠷᠪᠡᠨ ᠠᠩᠬᠠᠷᠤᠯ᠎ᠤᠨ ᠴᠡᠭ》᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
 
             蒙ICP备05000248号