ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠴᠠᠩᠴᠦ᠋ᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠨ ᠭᠤᠸᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠠᠭᠤᠷ᠎ᠤᠨ ᠲᠣᠭᠣᠭ᠎ᠠ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠴᠢᠩᠭ᠋ᠠᠳᠬᠠᠵᠤ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2024-12-20

      ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠴᠠᠩᠴᠦ᠋ᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠨ ᠭᠤᠸᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠣᠢ᠌ᠷ᠎ᠠ ᠵᠢᠨ ᠬᠤᠭᠤᠴᠠᠭ᠋ᠠᠨ᠎ᠳᠤ ᠠᠭᠤᠷ᠎ᠤᠨ ᠲᠣᠭᠣᠭ᠎ᠠ ᠵᠢᠨ ᠬᠡᠷᠡᠭᠯᠡᠯᠲᠡ ᠵᠢᠨ ᠨᠢᠭᠡᠴᠢ᠎ᠳᠤ ᠴᠢᠭᠯᠡᠭᠦᠯᠦᠭᠰᠡᠨ ᠬᠠᠤᠯᠢ ᠬᠡᠷᠡᠭᠵᠢᠭᠦᠯᠦᠯᠲᠡ ᠵᠢᠨ ᠲᠤᠰᠬᠠᠢ ᠪᠠᠢ᠌ᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ ᠵᠢᠨ ᠵᠣᠷᠢᠯᠭ᠎ᠠ᠎ᠨᠢ ᠠᠭᠤᠷ᠎ᠤᠨ ᠲᠣᠭᠣᠭ᠎ᠠ ᠵᠢᠨ ᠬᠡᠷᠡᠭᠯᠡᠯᠲᠡ ᠵᠢ ᠵᠢᠷᠤᠮᠵᠢᠭᠤᠯᠵᠤ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠨ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠵᠢᠨ ᠲᠥᠯᠥᠭᠡ ᠶᠤᠮ᠃
      ᠲᠣᠰ ᠤᠳᠠᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠭᠣᠣᠯᠳᠠᠭᠤ ᠠᠭᠤᠷ᠎ᠤᠨ ᠲᠣᠭᠣᠭ᠎ᠠ ᠵᠢᠨ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ᠂ ᠪᠣᠬᠢᠷᠲᠤᠯ᠎ᠢ ᠵᠠᠰᠠᠬᠤ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ ᠵᠢᠴᠢ ᠬᠣᠯᠪᠣᠭᠳᠠᠯ ᠪᠦᠬᠦᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠠᠷ ᠭᠦᠢ᠍ᠴᠡᠳᠬᠡᠯ᠎ᠤᠨ ᠪᠦᠷᠢᠨ ᠭᠦᠢ᠍ᠴᠡᠳ ᠴᠢᠨᠠᠷ᠎ᠤᠨ ᠲᠣᠭᠣᠷᠢᠨ᠎ᠳᠤ ᠪᠠᠢ᠌ᠴᠠᠭ᠋ᠠᠯᠲᠠ ᠬᠢᠪᠡ᠃ ᠨᠠᠨ ᠭᠤᠸᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠭᠤᠷᠪᠠᠨ ᠰᠠᠯᠠᠭ᠎ᠠ ᠬᠠᠤᠯᠢ ᠬᠡᠷᠡᠭᠵᠢᠭᠦᠯᠬᠦ ᠡᠩᠨᠡᠭᠡ ᠵᠢ ᠵᠣᠬᠢᠶᠠᠨ ᠪᠠᠢ᠌ᠭᠤᠯᠵᠤ᠂ ᠲᠤᠬᠠᠢ ᠵᠢᠨ ᠲᠠᠯᠠᠪᠤᠷ᠎ᠲᠤ ᠪᠠᠢ᠌ᠴᠠᠭ᠋ᠠᠯᠲᠠ ᠬᠢᠬᠦ᠂ ᠮᠠᠲ᠋ᠧᠷᠢᠶᠠᠯ ᠪᠠᠢ᠌ᠴᠠᠭ᠋ᠠᠨ ᠦᠵᠡᠬᠦ ᠪᠠ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠠᠷᠢᠶᠠᠲᠤ ᠣᠷᠣᠨ᠎ᠤ ᠳᠣᠲᠣᠷᠠᠬᠢ ᠠᠭᠤᠷ᠎ᠤᠨ ᠲᠣᠭᠣᠭ᠎ᠠ ᠵᠢᠨ ᠬᠡᠷᠡᠭᠯᠡᠯᠲᠡ ᠵᠢᠨ ᠨᠢᠭᠡᠴᠢ᠎ᠳᠤ ᠨᠠᠷᠢᠨ ᠪᠠᠢ᠌ᠴᠠᠭ᠋ᠠᠯᠲᠠ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》᠎ᠢ ᠬᠡᠷᠡᠭᠵᠢᠭᠦᠯᠬᠦ᠎ᠪᠠᠷ ᠪᠠᠢ᠌ᠨ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠨ᠎ᠠ
ᠵᠧᠩᠵᠧᠦ ᠬᠣᠲᠠ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠳ᠋ᠠᠯᠢ ᠵᠧᠦ ᠵᠢᠨ ᠶᠦᠨᠨᠠᠨ᠎ᠤ ᠪᠢᠨᠴᠤᠸᠠᠨ ᠰᠢᠶᠠᠨ ᠶᠦᠨᠨᠠᠨ ᠠᠷᠤᠷ᠎ᠠ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ ᠪᠤᠢ
ᠠᠨᠾᠦ᠋ᠢ ᠮᠤᠵᠢ ᠵᠢᠨ ᠹᠦ᠋ ᠶᠠᠩ ᠬᠣᠲᠠ ᠵᠢᠨ ᠶᠢᠩ ᠵᠧᠦ ᠲᠣᠭᠣᠷᠢᠭ᠎ᠤᠨ 《ᠳᠥᠷᠪᠡᠨ ᠠᠩᠬᠠᠷᠤᠯ᠎ᠤᠨ ᠴᠡᠭ》᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
ᠮᠢᠶᠠᠨᠶᠠᠩ ᠬᠤᠳᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠤᠯᠤᠰ᠎ᠤᠨ ᠪᠠᠷᠢᠮᠵᠢᠶ᠎ᠠ᠎ᠳᠤ ᠬᠦᠷᠦᠭᠰᠡᠨ ᠬᠣᠲᠠ ᠵᠢᠨ ᠡᠩᠨᠡᠭᠡᠨ᠎ᠳᠤ ᠲᠠᠬᠢᠨ ᠪᠤᠴᠠᠨ ᠢᠷᠡᠪᠡ
 
             蒙ICP备05000248号