ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
《ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》᠎ᠢ ᠬᠡᠷᠡᠭᠵᠢᠭᠦᠯᠬᠦ᠎ᠪᠠᠷ ᠪᠠᠢ᠌ᠨ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠨ᠎ᠠ
ᠨᠡᠶ᠋ᠢᠲᠡᠯᠡᠭᠰᠡᠨ ᠴᠠᠭ᠄ 2024-12-30

      《ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠢ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠲᠣᠭᠲᠠᠭ᠋ᠠᠯ》᠎ᠳᠤ᠂ ᠲᠤᠭ᠋ᠠᠴᠢᠯᠠᠯᠳᠠ ᠪᠣᠯᠣᠨ ᠣᠶᠤᠨᠴᠢᠯᠠᠯᠲᠠ᠎ᠪᠠᠷ ᠬᠠᠮᠢᠶᠠᠷᠤᠨ ᠡᠵᠡᠮᠳᠡᠬᠦ ᠠᠷᠭ᠎ᠠ ᠪᠠᠷᠢᠯ᠎ᠢ ᠬᠡᠷᠡᠭᠯᠡᠨ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠬᠤ ᠵᠢᠨ ᠬᠠᠮᠲᠤ ᠬᠠᠮᠲᠤᠷᠠᠨ ᠬᠠᠤᠯᠢ ᠬᠡᠷᠡᠭᠵᠢᠭᠦᠯᠬᠦ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠬᠤ ᠬᠡᠷᠡᠭᠲᠡᠶ ᠭᠡᠵᠦ ᠲᠣᠭᠲᠠᠭ᠋ᠠᠵᠠᠢ᠃
      ᠱᠠᠨᠰᠢ ᠮᠤᠵᠢ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠣᠷᠴᠢᠨ ᠲᠣᠭᠣᠷᠢᠨ ᠪᠠ ᠡᠬᠢ ᠪᠠᠶᠠᠯᠢᠭ᠎ᠤᠨ ᠬᠠᠮᠠᠭ᠋ᠠᠯᠠᠯᠲᠠ ᠵᠢᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ ᠯᠢ ᠴᠦᠩ ᠢ᠂ 《ᠲᠣᠭᠲᠠᠭ᠋ᠠᠯ》᠎ᠨᠢ ᠲᠤᠭ᠋ᠠᠴᠢᠯᠠᠯᠳᠠ ᠪᠣᠯᠣᠨ ᠣᠶᠤᠨᠴᠢᠯᠠᠯᠲᠠ᠎ᠪᠠᠷ ᠬᠠᠮᠢᠶᠠᠷᠤᠨ ᠡᠵᠡᠮᠳᠡᠬᠦ᠂ ᠢᠲᠡᠭᠡᠮᠵᠢ᠎ᠪᠠᠷ ᠬᠠᠮᠢᠶᠠᠷᠬᠤ᠂ ᠬᠢᠨᠠᠯᠲᠠ ᠲᠠᠯᠪᠢᠵᠤ ᠪᠠᠢ᠌ᠴᠠᠭ᠋ᠠᠬᠤ ᠵᠡᠷᠭᠡ ᠲᠠᠯ᠎ᠠ ᠵᠢᠨ 26 ᠵᠤᠷᠪᠤᠰ ᠠᠭᠤᠯᠭ᠎ᠠ᠎ᠪᠠᠷ ᠪᠦᠷᠢᠯᠳᠦᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠎ᠢ ᠪᠠᠲᠤᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠯᠬᠢᠨ ᠠᠬᠢᠭᠤᠯᠬᠤ᠎ᠪᠠᠷ ᠵᠣᠷᠢᠯᠲᠠ᠎ᠪᠠᠨ ᠪᠣᠯᠭ᠋ᠠᠵᠠᠢ ᠭᠡᠵᠦ ᠲᠠᠨᠢᠯᠴᠠᠭᠤᠯᠪᠠ᠃
      ᠬᠢᠨᠠᠨ ᠬᠠᠮᠢᠶᠠᠷᠬᠤ ᠠᠵᠢᠯ᠎ᠤᠨ ᠬᠤᠪᠢᠶᠠᠷᠢᠯᠠᠯ᠎ᠢ ᠲᠣᠭᠲᠠᠭ᠋ᠠᠬᠤ ᠲᠠᠯ᠎ᠠ᠎ᠪᠠᠷ᠂ 《ᠲᠣᠭᠲᠠᠭ᠋ᠠᠯ》᠎ᠳᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠢ᠌ᠯᠡᠬᠦ ᠪᠠ ᠵᠠᠯᠬᠠᠭ᠋ᠠᠨ ᠰᠢᠢ᠍ᠳᠬᠡᠬᠦ ᠬᠠᠷᠢᠭᠤᠴᠠᠯᠭ᠎ᠠ ᠵᠢᠨ ᠰᠢᠰᠲ᠋ᠧᠮ ᠪᠠ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠶ; ᠠᠮᠢ ᠠᠬᠤᠢ ᠣᠷᠴᠢᠨ ᠲᠣᠭᠣᠷᠢᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠣᠯᠣᠨ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠳᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠵᠢ ᠲᠣᠳᠣᠷᠬᠠᠢ᠌ᠯᠠᠪᠠ᠃ ᠬᠢᠨᠠᠨ ᠬᠠᠮᠢᠶᠠᠷᠬᠤ ᠠᠭᠤᠯᠭ᠎ᠠ ᠵᠢ ᠲᠣᠳᠣᠷᠬᠠᠢ ᠪᠣᠯᠭ᠋ᠠᠬᠤ ᠲᠠᠯ᠎ᠠ᠎ᠪᠠᠷ᠂ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠵᠤ ᠥᠭᠡᠷᠡᠲᠦᠭᠦᠯᠦᠨ ᠵᠠᠰᠠᠬᠤ ᠵᠢ ᠴᠠᠭ᠋ᠠᠵᠠᠯᠠᠬᠤ᠎ᠪᠠᠷ ᠲᠣᠭᠲᠠᠭ᠋ᠠᠭᠰᠠᠨ ᠪᠥᠭᠡᠳ ᠪᠣᠳᠠᠲᠠᠢ ᠦᠢ᠍ᠯᠡ ᠪᠠᠶ᠋ᠢᠳᠠᠯ᠎ᠢ ᠵᠢᠭᠰᠠᠭ᠋ᠠᠪᠠ; ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠎ᠨᠢ ᠨᠠᠢ᠌ᠳᠠᠯᠭ᠎ᠠ ᠬᠦᠯᠢᠶᠡᠭᠰᠡᠨ ᠲᠠᠯ᠎ᠠ ᠵᠢᠨ ᠬᠢᠨᠠᠨ ᠬᠡᠮᠵᠢᠬᠦ ᠠᠵᠢᠯᠯᠠᠭ᠎ᠠ᠎ᠳᠤ ᠬᠢᠨᠠᠯᠲᠠ ᠲᠠᠯᠪᠢᠵᠤ᠂ ᠲᠣᠭᠲᠠᠭ᠋ᠠᠯ ᠶᠣᠰᠣᠭ᠋ᠠᠷ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠲᠠᠩᠰᠠ ᠪᠠᠢ᠌ᠭᠤᠯᠬᠤ ᠵᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠵᠢ ᠲᠡᠮᠳᠡᠭᠯᠡᠬᠦ ᠬᠡᠷᠡᠭᠲᠡᠶ ᠭᠡᠵᠦ ᠱᠠᠭ᠋ᠠᠷᠳᠠᠪᠠ᠃ 《ᠲᠣᠭᠲᠠᠭ᠋ᠠᠯ》᠎ᠳᠤ ᠪᠠᠰᠠ ᠬᠠᠤᠯᠢ ᠵᠢᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠵᠤ᠂ ᠲᠥᠷᠥ ᠵᠢᠨ ᠠᠵᠢᠯᠲᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠬᠤᠪᠢ ᠬᠥᠮᠥᠨ᠎ᠤ ᠬᠠᠤᠯᠢ ᠵᠢᠨ ᠬᠠᠷᠢᠭᠤᠴᠠᠯᠭ᠎ᠠ ᠵᠢᠨ ᠲᠤᠬᠠᠢ ᠲᠣᠭᠲᠠᠭ᠋ᠠᠯ ᠭᠠᠷᠭ᠋ᠠᠵᠤ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠦᠢ᠍ᠯᠡ ᠠᠵᠢᠯᠯᠠᠭ᠎ᠠ ᠵᠢ ᠴᠢᠩᠭ᠎ᠠ ᠰᠢᠢ᠍ᠳᠬᠡᠨ᠎ᠡ᠃
      ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠪᠣᠯ 《ᠲᠣᠭᠲᠠᠭ᠋ᠠᠯ》᠎ᠠᠴᠠ ᠡᠷᠬᠡ ᠣᠯᠭᠣᠭᠰᠠᠨ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠳᠡᠳ᠋ ᠳᠠᠷᠤᠭ᠎ᠠ ᠬᠤᠤ ᠶᠠᠨ ᠸᠧᠢ᠂ 《ᠲᠣᠭᠲᠠᠭ᠋ᠠᠯ》᠎ᠤᠨ ᠰᠤᠷᠤᠯᠴᠠᠯᠭ᠎ᠠ ᠤᠬᠠᠭᠤᠯᠭ᠎ᠠ ᠵᠢ ᠰᠠᠶ᠋ᠢᠲᠤᠷ ᠠᠳᠬᠤᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ ᠳᠦᠷᠦᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠣᠯᠣᠨ ᠡᠷᠡᠭᠦᠦ ᠵᠢᠨ ᠬᠡᠷᠡᠭ᠎ᠤᠨ ᠬᠠᠤᠯᠢ ᠴᠠᠭ᠋ᠠᠵᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠵᠤ᠂ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠬᠢᠬᠦ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ ᠳᠦᠷᠦᠯ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ᠎ᠳᠤ ᠰᠠᠢ᠍ᠢ᠍ᠨ ᠰᠠᠢ᠌ᠬᠠᠨ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ; 《ᠲᠣᠭᠲᠠᠭ᠋ᠠᠯ》᠎ᠢ ᠬᠡᠷᠡᠭᠵᠢᠭᠦᠯᠬᠦ ᠶᠠᠪᠤᠴᠠ᠎ᠳᠤ ᠲᠣᠬᠢᠶᠠᠯᠳᠤᠭᠰᠠᠨ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠢ ᠴᠠᠭ ᠲᠤᠬᠠᠢ᠎ᠳᠤᠨᠢ ᠣᠢ᠌ᠯᠠᠭ᠋ᠠᠨ ᠰᠤᠳᠤᠯᠵᠤ᠂ ᠠᠵᠢᠯ᠎ᠤᠨ ᠳᠦᠷᠢᠮ᠎ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ᠎ᠪᠠᠨ ᠴᠢᠩᠭ᠋ᠠᠷᠠᠭᠤᠯᠬᠤ ᠬᠡᠷᠡᠭᠲᠡᠢ ᠭᠡᠵᠦ ᠢᠯᠡᠷᠬᠡᠢ᠌ᠯᠡᠪᠡ᠃
      ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠬᠤ ᠵᠡᠷᠭᠡ ᠲᠠᠯ᠎ᠠ ᠵᠢᠨ ᠠᠵᠢᠯ᠎ᠤᠨ ᠲᠣᠭᠣᠷᠢᠨ᠎ᠳᠤ᠂ ᠱᠠᠨᠰᠢ ᠮᠤᠵᠢ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠨᠢᠦ ᠽᠢ ᠵᠥᠩ ᠢᠯᠡᠷᠬᠡᠢ᠌ᠯᠡᠬᠦ᠎ᠳᠡᠭᠡᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠠᠮᠢ ᠠᠬᠤᠢ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠲᠠᠢ ᠬᠠᠮᠲᠤ᠎ᠪᠠᠷ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠢ᠌ᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠬᠢᠷᠢ ᠬᠡᠮ᠎ᠢ ᠮᠠᠭ᠋ᠠᠳᠯᠠᠨ ᠲᠣᠭᠲᠠᠭ᠋ᠠᠬᠤ ᠮᠡᠳᠡᠭᠡ ᠵᠠᠩᠭᠢ ᠵᠢ ᠴᠠᠭ ᠲᠤᠬᠠᠢ᠎ᠳᠤᠨᠢ ᠬᠦᠷᠭᠡᠬᠦ ᠪᠣᠯᠣᠨ᠎ᠠ; ᠠᠮᠢ ᠠᠬᠤᠢ ᠣᠷᠴᠢᠨ ᠲᠣᠭᠣᠷᠢᠨ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠢᠲᠡᠭᠡᠮᠵᠢ ᠵᠢᠨ ᠦᠨᠡᠯᠡᠯᠲᠡ ᠬᠢᠵᠦ᠂ ᠬᠠᠤᠯᠢ᠎ᠠᠴᠠ ᠵᠥᠷᠢᠴᠡᠭᠰᠡᠨ ᠮᠡᠳᠡᠭᠡ ᠵᠠᠩᠭᠢ ᠵᠢ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠰᠢᠰᠲ᠋ᠧᠮ᠎ᠳᠤ ᠣᠷᠣᠭᠤᠯᠵᠤ᠂ ᠨᠡᠢ᠌ᠭᠡᠮ᠎ᠳᠤ ᠨᠡᠢ᠌ᠲᠡᠯᠡᠨ᠎ᠡ ᠭᠡᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠧᠩᠵᠧᠦ ᠬᠣᠲᠠ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠳ᠋ᠠᠯᠢ ᠵᠧᠦ ᠵᠢᠨ ᠶᠦᠨᠨᠠᠨ᠎ᠤ ᠪᠢᠨᠴᠤᠸᠠᠨ ᠰᠢᠶᠠᠨ ᠶᠦᠨᠨᠠᠨ ᠠᠷᠤᠷ᠎ᠠ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ ᠪᠤᠢ
ᠠᠨᠾᠦ᠋ᠢ ᠮᠤᠵᠢ ᠵᠢᠨ ᠹᠦ᠋ ᠶᠠᠩ ᠬᠣᠲᠠ ᠵᠢᠨ ᠶᠢᠩ ᠵᠧᠦ ᠲᠣᠭᠣᠷᠢᠭ᠎ᠤᠨ 《ᠳᠥᠷᠪᠡᠨ ᠠᠩᠬᠠᠷᠤᠯ᠎ᠤᠨ ᠴᠡᠭ》᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
ᠮᠢᠶᠠᠨᠶᠠᠩ ᠬᠤᠳᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠤᠯᠤᠰ᠎ᠤᠨ ᠪᠠᠷᠢᠮᠵᠢᠶ᠎ᠠ᠎ᠳᠤ ᠬᠦᠷᠦᠭᠰᠡᠨ ᠬᠣᠲᠠ ᠵᠢᠨ ᠡᠩᠨᠡᠭᠡᠨ᠎ᠳᠤ ᠲᠠᠬᠢᠨ ᠪᠤᠴᠠᠨ ᠢᠷᠡᠪᠡ
ᠵᠧᠵᠢᠶᠠᠩ᠎ᠤᠨ 11 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠪᠠ! ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠲᠡᠯᠡᠢ ᠵᠢᠨ ᠪᠤᠯᠤᠩ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠬᠦᠯᠵᠢᠯᠡᠨ ᠲᠡᠭᠡᠭᠰᠢᠯᠡᠬᠦᠯᠦᠨ᠎ᠡ
 
             蒙ICP备05000248号