ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠬᠠᠨ ᠳ᠋ᠠᠨ᠎ᠤ ᠹᠧᠩ ᠹᠧᠩ ᠠᠭᠤᠷᠬᠠᠢ ᠵᠢᠨ ᠣᠷᠣᠨ᠄ ᠪᠣᠬᠢᠷᠳᠤᠯ᠎ᠢ ᠠᠷᠢᠯᠭ᠋ᠠᠨ ᠨᠣᠭᠣᠭ᠋ᠠᠨ᠎ᠢ ᠬᠥᠭᠡᠭᠡᠴᠡᠯᠳᠦᠵᠦ ᠠᠰᠢᠭ ᠡᠭᠦᠳᠦᠨ ᠬᠠᠭᠤᠴᠢᠨ ᠠᠵᠤ ᠦᠢ᠍ᠯᠡᠳᠪᠦᠷᠢ ᠠᠭᠤᠷᠬᠠᠢ ᠵᠢᠨ ᠣᠷᠣᠨ᠎ᠤ ᠤᠯᠠᠮᠵᠢᠯᠠᠯᠲᠤ ᠠᠵᠤ ᠦᠢ᠍ᠯᠡᠰ ᠰᠢᠨ᠎ᠡ ᠳᠦᠷᠰᠦ᠎ᠪᠠᠷ ᠰᠣᠯᠢᠭᠳᠠᠪᠠ
ᠨᠡᠶ᠋ᠢᠲᠡᠯᠡᠭᠰᠡᠨ ᠴᠠᠭ᠄ 2024-12-04

      ᠰᠢᠲᠠᠭ᠋ᠠᠨ ᠪᠠᠷᠢᠯᠳᠤᠭᠤᠯᠬᠤ ᠮᠠᠰᠢᠨ᠎ᠤ ᠲᠣᠯᠣᠭ᠋ᠠᠢ ᠵᠢᠨ ᠬᠦᠬᠦᠷ ᠦᠭᠡᠢ᠌ᠳᠡᠭᠦᠯᠬᠦ ᠱᠡᠦ ᠦᠭᠡᠢ᠌ᠳᠡᠭᠦᠯᠬᠦ ᠬᠡᠢ ᠭᠠᠷᠭ᠋ᠠᠬᠤ ᠳᠦᠩᠰᠡ ᠵᠢᠨ ᠠᠮᠠᠰᠠᠷ᠎ᠲᠠᠬᠢ ᠤᠲᠤᠭ᠎ᠠ ᠲᠣᠭᠣᠰᠣ 2.411mg/m᠂ ᠬᠦᠬᠦᠷ᠎ᠤᠨ ᠳᠠᠪᠬᠤᠷ ᠢᠰᠦᠯ 12.076mg/m᠂ ᠠᠽᠣᠲ᠎ᠤᠨ ᠢᠰᠦᠮᠡᠭ 14.353mg/m ᠁
      ᠲᠦᠷᠦᠭᠦᠬᠡᠨ᠂ ᠬᠠᠨ ᠳ᠋ᠠᠨ ᠬᠣᠲᠠ ᠵᠢᠨ ᠹᠧᠩ ᠹᠧᠩ ᠠᠭᠤᠷᠬᠠᠢ ᠵᠢᠨ ᠲᠣᠭᠣᠷᠢᠭ᠎ᠲᠤ ᠪᠠᠢ᠌ᠭ᠎ᠠ ᠾᠧᠪᠧᠢ ᠵᠢᠨ ᠬᠤᠸᠠ ᠰᠢᠨ ᠣᠨᠴᠠ ᠲᠥᠷᠥᠯ᠎ᠤᠨ ᠪᠣᠯᠣᠳ ᠲᠡᠮᠦᠷ᠎ᠤᠨ ᠬᠢᠵᠠᠭ᠋ᠠᠷᠲᠤ ᠺᠣᠮᠫᠠᠨᠢ᠎ᠳᠤ ᠬᠦᠷᠴᠦ᠂ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠣᠶᠤᠨᠴᠢ ᠬᠠᠮᠢᠶᠠᠷᠤᠨ ᠡᠵᠡᠮᠳᠡᠬᠦ ᠶᠡᠬᠡ ᠲᠢᠩᠬᠢᠮ᠎ᠤᠨ ᠳᠡᠯᠭᠡᠴᠡᠨ ᠳᠡᠭᠡᠷ᠎ᠡ᠎ᠠᠴᠠ ᠪᠣᠳᠠᠰ᠎ᠤᠨ ᠮᠠᠲ᠋ᠧᠷᠢᠶᠠᠯ᠎ᠤᠨ ᠦᠢ᠍ᠯᠡᠳᠪᠦᠷᠢ ᠵᠢᠨ ᠲᠠᠰᠤᠭ᠂ ᠰᠢᠲᠠᠭ᠋ᠠᠨ ᠪᠠᠷᠢᠯᠳᠤᠭᠤᠯᠬᠤ ᠪᠤᠬ᠎ᠠ ᠲᠡᠷᠭᠡᠨ᠎ᠤ ᠲᠠᠰᠤᠭ ᠵᠡᠷᠭᠡ ᠦᠢ᠍ᠯᠡᠳᠪᠦᠷᠢ ᠵᠢᠨ ᠲᠠᠰᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠣᠯᠵᠤ ᠬᠠᠷᠠᠯ᠎ᠠ᠃
      《ᠡᠲᠡᠭᠡᠷ ᠲᠣᠭ᠎ᠠ ᠪᠠᠷᠢᠮᠲᠠ᠎ᠨᠢ ᠪᠣᠬᠢᠷᠲᠤᠯ ᠪᠣᠳᠠᠰ᠎ᠢ ᠴᠠᠭ ᠲᠤᠬᠠᠢ᠎ᠳᠤᠨᠢ ᠭᠠᠳᠠᠭᠰᠢᠯᠠᠭᠤᠯᠬᠤ ᠬᠡᠮᠵᠢᠶ᠎ᠡ ᠵᠢ ᠲᠤᠰᠬᠠᠵᠤ ᠪᠠᠢ᠌ᠨ᠎ᠠ᠂ ᠡᠲᠡᠭᠡᠷ ᠭᠠᠳᠠᠭᠰᠢᠯᠠᠭᠤᠯᠤᠯᠲᠠ᠎ᠨᠢ ᠴᠥᠮ 10mg/m᠂ 35mg/m᠂ 50mg/m ᠵᠢᠨ ᠣᠷᠣᠨ ᠨᠤᠲᠤᠭ᠎ᠤᠨ ᠪᠠᠷᠢᠮᠵᠢᠶ᠎ᠠ᠎ᠠᠴᠠ ᠳᠣᠣᠷ᠎ᠠ ᠪᠠᠢ᠌ᠵᠤ᠂ ᠤᠯᠤᠰ᠎ᠤᠨ ᠪᠠᠷᠢᠮᠵᠢᠶ᠎ᠠ᠎ᠠᠴᠠ ᠨᠡᠩ ᠳᠣᠣᠷ᠎ᠠ ᠪᠠᠢ᠌ᠳᠠᠭ᠎ᠢ ᠪᠢᠳᠡ ᠲᠣᠳᠣᠷᠬᠠᠢ ᠣᠯᠵᠤ ᠬᠠᠷᠠᠵᠤ ᠪᠣᠯᠣᠨ᠎ᠠ》 ᠭᠡᠵᠦ ᠲᠤᠰ ᠺᠣᠮᠫᠠᠨᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠋ᠠᠨ᠎ᠤ ᠳᠠᠷᠤᠭ᠎ᠠ ᠮᠦ᠍ ᠬᠠᠢ ᠳ᠋ᠦᠩ ᠲᠠᠨᠢᠯᠴᠠᠭᠤᠯᠤᠨ᠎ᠠ᠃
      ᠹᠧᠩ ᠹᠧᠩ ᠠᠭᠤᠷᠬᠠᠢ ᠵᠢᠨ ᠣᠷᠣᠨ ᠪᠣᠯ ᠡᠬᠢ ᠪᠠᠶᠠᠯᠢᠭ ᠡᠨᠧᠷᠭᠢ ᠵᠢᠨ ᠰᠤᠷᠪᠤᠯᠵᠢ ᠵᠢᠨ ᠬᠡᠯᠪᠡᠷᠢ ᠵᠢᠨ ᠬᠠᠭᠤᠴᠢᠨ ᠦᠢ᠍ᠯᠡᠳᠪᠦᠷᠢ ᠠᠭᠤᠷᠬᠠᠢ ᠵᠢᠨ ᠣᠷᠣᠨ ᠪᠣᠯᠬᠤ ᠤᠴᠢᠷ᠎ᠠᠴᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠲᠣᠪᠣᠢ᠌ᠮ᠎ᠠ ᠪᠠᠢ᠌ᠳᠠᠭ᠃ 《ᠣᠢ᠌ᠷ᠎ᠠ ᠵᠢᠨ ᠵᠢᠯ᠎ᠤᠳ᠎ᠲᠤ᠂ ᠮᠠᠨ᠎ᠤ ᠣᠷᠣᠨ ᠠᠮᠢ ᠠᠬᠤᠢ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ ᠨᠠᠭᠦᠷᠡᠰᠦᠲᠦ᠋ᠷᠦᠭᠴᠢ ᠵᠢ ᠣᠷᠭᠢᠯ᠎ᠳᠤ ᠬᠦᠷᠭᠡᠬᠦ᠂ ᠨᠠᠭᠦᠷᠡᠰᠦᠲᠦ᠋ᠷᠦᠭᠴᠢ ᠵᠢ ᠰᠠᠭ᠋ᠠᠷᠮᠠᠭᠵᠢᠭᠤᠯᠬᠤ ᠠᠵᠢᠯ ᠵᠶ᠋ᠠᠷ ᠵᠢᠯᠣᠭᠣᠳᠤᠯᠭ᠎ᠠ ᠪᠣᠯᠭ᠋ᠠᠵᠤ᠂ ᠠᠵᠤ ᠦᠢ᠍ᠯᠡᠰ᠎ᠤᠨ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ᠂ ᠡᠨᠧᠷᠭᠢ ᠵᠢᠨ ᠰᠤᠷᠪᠤᠯᠵᠢ ᠵᠢ ᠠᠷᠢᠭᠤᠨ ᠴᠡᠪᠡᠷ ᠵᠶ᠋ᠡᠷ ᠣᠷᠣᠯᠠᠭᠤᠯᠬᠤ᠂ ᠵᠠᠮ ᠬᠠᠷᠢᠯᠴᠠᠭ᠎ᠠ ᠪᠣᠬᠢᠷᠲᠤᠯ ᠦᠭᠡᠢ ᠪᠠᠷᠠᠭ᠋ᠠᠨ᠎ᠤ ᠲᠡᠭᠡᠭᠡᠪᠦᠷᠢ᠂ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭᠤᠷᠠᠭᠤᠯᠬᠤ ᠵᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠯᠠᠪᠳᠠᠭᠤᠨ ᠵᠶ᠋ᠠᠷ ᠠᠬᠢᠭᠤᠯᠤᠭ᠋ᠠᠳ ᠢᠯᠡᠳᠲᠡ ᠦᠷ᠎ᠡ ᠪᠦᠲᠦᠮᠵᠢ ᠣᠯᠵᠤ᠂ ᠪᠥᠬᠥ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢᠨ ᠣᠷᠣᠨ ᠵᠠᠢ ᠵᠢ ᠥᠷᠭᠡᠳᠬᠡᠭᠰᠡᠨ ᠪᠠᠢ᠌ᠨ᠎ᠠ》 ᠭᠡᠵᠦ ᠬᠠᠨ ᠳ᠋ᠠᠨ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠹᠧᠩ ᠹᠧᠩ ᠠᠭᠤᠷᠬᠠᠢ ᠵᠢᠨ ᠣᠷᠣᠨ᠎ᠤ ᠬᠤᠪᠢᠶᠠᠷᠢ ᠲᠣᠪᠴᠢᠶ᠎ᠠ ᠵᠢᠨ ᠬᠠᠷᠢᠭᠤᠴᠠᠯᠭ᠋ᠠᠲᠠᠨ ᠵᠠᠩ ᠵᠢᠶᠠᠨ ᠵᠢᠶᠦ᠋ᠨ ᠢᠯᠡᠳᠬᠡᠪᠡ᠃
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠮᠵᠢᠯᠲᠠ ᠪᠦᠲᠦᠮᠵᠢ A ᠲᠡᠰ᠎ᠲᠤ ᠬᠦᠷᠴᠦ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠠᠯᠬᠤᠮ᠎ᠢ ᠲᠦᠷᠭᠡᠳᠬᠡᠪᠡ
      ᠹᠧᠩ ᠹᠧᠩ ᠠᠭᠤᠷᠬᠠᠢ ᠵᠢᠨ ᠣᠷᠣᠨ᠎ᠤ ᠠᠵᠤ ᠦᠢ᠍ᠯᠡᠰ᠎ᠤᠨ ᠪᠦᠲᠦᠴᠡ ᠬᠦᠨᠳᠦ ᠰᠢᠭ ᠪᠠᠢ᠌ᠵᠤ᠂ ᠥᠩᠭᠡᠷᠡᠭᠰᠡᠨ᠎ᠳᠤ ᠪᠦᠳᠦᠭᠦᠯᠢᠭ ᠪᠠᠢ᠌ᠭᠰᠠᠨ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠤᠨ ᠠᠪᠴᠢᠷᠠᠭᠰᠠᠨ ᠬᠦᠨᠳᠦ ᠨᠣᠴᠢᠲᠠᠢ ᠪᠣᠬᠢᠷᠲᠤᠯ᠎ᠨᠢ ᠣᠷᠴᠢᠨ ᠲᠣᠭᠣᠷᠢᠨ᠎ᠤ ᠳᠠᠭ᠋ᠠᠭ᠋ᠠᠯᠲᠠ ᠵᠢ ᠬᠥᠨᠲᠥᠷᠦᠭᠦᠯᠪᠡ᠃
      ᠡᠭᠦᠨ᠎ᠳᠤ᠂ 《ᠪᠢᠳᠡ 〈ᠡᠷᠡᠰ ᠰᠢᠭᠤᠷᠬᠠᠢ〉 ᠵᠣᠷᠢᠭ ᠰᠥᠰᠥ ᠪᠠ 〈ᠰᠢᠨᠳᠠᠰᠤ ᠬᠠᠲᠠᠭᠤ〉 ᠰᠥᠰᠥ ᠵᠣᠷᠢᠭ ᠵᠶ᠋ᠠᠷ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠵᠤ ᠪᠠᠢ᠌ᠨ᠎ᠠ》 ᠵᠠᠩ ᠵᠢᠶᠠᠨ ᠵᠢᠶᠦ᠋ᠨ᠂ ᠣᠢ᠌ᠷ᠎ᠠ ᠵᠢᠨ ᠵᠢᠯ᠎ᠳᠤ᠂ ᠲᠤᠬᠠᠢ ᠵᠢᠨ ᠭᠠᠵᠠᠷ᠎ᠤᠨ᠎ᠬᠢᠨ ᠪᠦᠲᠦᠴᠡ ᠵᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠭ᠋ᠠᠰᠬᠠᠵᠤ᠂ ᠰᠢᠲᠠᠭ᠋ᠠᠯᠭ᠎ᠠ ᠵᠢᠨ ᠨᠡᠭᠦᠷᠡᠰᠦ ᠵᠢ ᠬᠢᠵᠠᠭ᠋ᠠᠷᠯᠠᠵᠤ᠂ ᠠᠵᠤ ᠠᠬᠤᠢ᠌ᠯᠠᠯ᠎ᠢ ᠵᠠᠰᠠᠵᠤ᠂ ᠳᠡᠭᠳᠡᠮᠡᠯ ᠲᠣᠭᠣᠰᠣ ᠵᠢ ᠳᠠᠷᠤᠵᠤ᠂ ᠨᠡᠩ ᠴᠢᠩᠭ᠎ᠠ ᠣᠷᠴᠢᠨ ᠲᠣᠭᠣᠷᠢᠨ᠎ᠤ ᠪᠠᠷᠢᠮᠵᠢᠶ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠵᠤ᠂ ᠣᠷᠴᠢᠨ ᠲᠣᠭᠣᠷᠢᠨ᠎ᠤ ᠪᠣᠬᠢᠷᠲᠤᠯ᠎ᠢ ᠪᠠᠭ᠋ᠠᠰᠬᠠᠵᠤ᠂ ᠠᠭ᠋ᠠᠷ᠎ᠤᠨ ᠶᠠᠰᠤ ᠴᠢᠨᠠᠷ᠎ᠢ ᠲᠡᠦᠬᠡᠲᠦ ᠴᠢᠨᠠᠷᠲᠠᠢ ᠰᠠᠢ᠌ᠵᠢᠷᠠᠯᠲᠠ᠎ᠲᠠᠢ ᠪᠣᠯᠭ᠋ᠠᠵᠠᠢ ᠭᠡᠵᠦ ᠶᠠᠷᠢᠵᠤ ᠪᠠᠢ᠌ᠪᠠ᠃
      ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ ᠨᠢᠳᠤᠨᠤᠨ᠎ᠤ ᠰᠢᠯᠢᠳᠡᠭ ᠡᠳᠦᠷ᠎ᠤᠨ ᠲᠣᠭ᠎ᠠ 244 ᠡᠳᠦᠷ ᠪᠣᠯᠵᠤ᠂ PM2.5 ᠵᠢᠨ ᠵᠢᠯ᠎ᠤᠨ ᠳᠤᠮᠳᠠᠴᠢ ᠥᠳᠬᠡᠴᠡ 42 ᠮᠢᠺᠷᠥᠭᠷᠠᠮ / ᠪᠣᠰᠣᠭ᠎ᠠ ᠳᠥᠷᠪᠡᠯᠵᠢᠨ ᠮᠧᠲᠷ ᠪᠣᠯᠣᠨ ᠪᠠᠭᠤᠷᠠᠵᠤ᠂ ᠪᠥᠬᠥ ᠵᠢᠯ᠎ᠤᠨ ᠬᠦᠨᠳᠦ ᠪᠣᠬᠢᠷᠲᠤᠯ᠎ᠲᠠᠢ ᠡᠳᠦᠷ᠎ᠤᠨ ᠲᠣᠭ᠎ᠠ 12 ᠡᠳᠦᠷ ᠪᠣᠯᠣᠨ ᠪᠠᠭᠤᠷᠠᠪᠠ᠃
      ᠹᠧᠩ ᠹᠧᠩ ᠠᠭᠤᠷᠬᠠᠢ ᠵᠢᠨ ᠣᠷᠣᠨ᠎ᠤ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠬᠤᠸᠠ ᠰᠢᠨ ᠣᠨᠴᠠ ᠪᠣᠯᠣᠳ ᠲᠡᠮᠦᠷ᠎ᠤᠨ ᠺᠣᠮᠫᠠᠨᠢ ᠵᠢ 5 ᠰᠢᠶᠠᠩ ᠪᠠᠯᠭ᠋ᠠᠰᠤᠨ᠎ᠤ 7 ᠠᠵᠤ ᠠᠬᠤᠢ᠌ᠯᠠᠯ 1.25᠄ 1 ᠵᠢᠨ ᠬᠠᠷᠢᠴᠠᠯ ᠵᠶ᠋ᠠᠷ ᠦᠢ᠍ᠯᠡᠳᠪᠦᠷᠢᠯᠡᠬᠦ ᠴᠢᠳᠠᠪᠤᠷᠢ ᠵᠢ ᠰᠣᠯᠢᠵᠤ ᠳᠠᠬᠢᠨ ᠪᠠᠢ᠌ᠭᠤᠯᠵᠤ ᠰᠢᠨ᠎ᠡ᠎ᠪᠠᠷ ᠪᠠᠢ᠌ᠭᠤᠯᠤᠭᠰᠠᠨ ᠶᠤᠮ᠃
      《ᠠᠵᠤ ᠠᠬᠤᠢ᠌ᠯᠠᠯ᠎ᠢ 2019 ᠣᠨ᠎ᠤ 4 ᠰᠠᠷ᠎ᠠ᠎ᠳᠤ ᠪᠡᠯᠡᠳᠬᠡᠨ ᠪᠠᠢ᠌ᠭᠤᠯᠵᠤ᠂ 2021 ᠣᠨ᠎ᠤ 5 ᠰᠠᠷ᠎ᠠ᠎ᠳᠤ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠵᠤ᠂ ᠵᠢᠯ᠎ᠳᠤ 219 ᠲᠦᠮᠡᠨ ᠲᠣᠨ ᠰᠢᠲᠠᠭ᠋ᠠᠨ ᠪᠠᠷᠢᠯᠳᠤᠭᠤᠯᠬᠤ ᠠᠭᠤᠷᠬᠠᠢ ᠵᠢ ᠰᠢᠢ᠍ᠳᠪᠦᠷᠢᠯᠡᠵᠦ᠂ ᠵᠢᠯ᠎ᠳᠤ 103 ᠲᠦᠮᠡᠨ ᠲᠣᠨ ᠲᠡᠮᠦᠷ᠂ 110 ᠲᠦᠮᠡᠨ ᠲᠣᠨ ᠪᠦᠳᠦᠭᠦᠯᠢᠭ ᠪᠣᠯᠣᠳ ᠦᠢ᠍ᠯᠡᠳᠪᠦᠷᠢᠯᠡᠨ᠎ᠡ》 ᠮᠦ᠍ ᠬᠠᠢ ᠳ᠋ᠦᠩ᠂ ᠺᠣᠮᠫᠠᠨᠢ ᠵᠢ ᠪᠡᠯᠡᠳᠬᠡᠨ ᠪᠠᠢ᠌ᠭᠤᠯᠬᠤ ᠵᠢᠨ ᠡᠬᠢᠨ᠎ᠤ ᠦᠶ᠎ᠡ᠎ᠳᠤ ᠳᠠᠷᠤᠢ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢᠨ A ᠳᠡᠰ᠎ᠤᠨ ᠠᠵᠤ ᠠᠬᠤᠢ᠌ᠯᠠᠯ᠎ᠤᠨ ᠪᠠᠷᠢᠮᠵᠢᠶ᠎ᠠ ᠵᠢ ᠴᠢᠩᠭ᠎ᠠ ᠵᠢᠷᠤᠮᠯᠠᠨ ᠲᠥᠯᠥᠪᠵᠢᠭᠦᠯᠵᠦ ᠵᠢᠷᠤᠵᠤ ᠲᠥᠯᠥᠪᠯᠡᠨ᠂ ᠨᠠᠢ᠌ᠳᠠ 8.8 ᠳ᠋ᠦᠩᠰᠢᠭᠤᠷ ᠲᠥᠭᠥᠷᠢᠭ᠎ᠤᠨ ᠪᠡᠯᠡ ᠣᠷᠣᠭᠤᠯᠵᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢᠨ ᠲᠥᠬᠦᠭᠡᠷᠦᠮᠵᠢ ᠪᠣᠯᠣᠨ ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠣᠶᠤᠨᠴᠢ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ 2023 ᠣᠨ᠎ᠤ 10 ᠰᠠᠷ᠎ᠠ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠠᠮᠵᠢᠯᠲᠠ ᠪᠦᠲᠦᠮᠵᠢ A ᠲᠡᠰ᠎ᠢ ᠡᠭᠦᠳᠬᠦ ᠵᠢ ᠪᠡᠶᠡᠯᠡᠭᠦᠯᠵᠡᠢ᠃ ᠣᠲᠣ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢᠨ ᠲᠥᠬᠦᠭᠡᠷᠦᠮᠵᠢ ᠬᠡᠪ᠎ᠤᠨ ᠪᠠᠶ᠋ᠢᠳᠠᠯ ᠵᠶ᠋ᠠᠷ ᠠᠵᠢᠯᠯᠠᠵᠤ᠂ ᠭᠠᠳᠠᠭᠰᠢᠯᠠᠭᠤᠯᠤᠯᠲᠠ ᠵᠢᠨ ᠲᠣᠭ᠎ᠠ ᠪᠠᠷᠢᠮᠲᠠ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠴᠡᠢ ᠭᠡᠵᠦ ᠲᠠᠨᠢᠯᠴᠠᠭᠤᠯᠪᠠ᠃
      ᠬᠠᠨ ᠳ᠋ᠠᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠹᠧᠩ ᠹᠧᠩ ᠠᠭᠤᠷᠬᠠᠢ ᠵᠢᠨ ᠣᠷᠣᠨ᠎ᠤ ᠬᠤᠪᠢᠶᠠᠷᠢ ᠲᠣᠪᠴᠢᠶ᠎ᠠ ᠵᠢᠨ ᠬᠣᠶᠠᠳᠤᠭ᠋ᠠᠷ ᠳᠡᠰ᠎ᠤᠨ ᠡᠷᠬᠢᠯᠡᠭᠴᠢ ᠭᠡᠰᠢᠭᠦᠴᠢ ᠯᠢ ᠬᠠᠢ ᠪᠥᠸᠧ ᠵᠢᠨ ᠲᠠᠨᠢᠯᠴᠠᠭᠤᠯᠤᠭᠰᠠᠨ ᠵᠶ᠋ᠠᠷ᠂ ᠲᠣᠰ ᠲᠣᠭᠣᠷᠢᠭ᠎ᠤᠨ ᠪᠣᠯᠣᠳ ᠲᠡᠮᠦᠷ᠂ ᠬᠡᠦᠷᠰᠢᠭᠦᠯᠬᠦ᠂ ᠢᠯᠴᠢ ᠵᠢᠨ ᠴᠠᠬᠢᠯᠭ᠋ᠠᠨ᠂ ᠼᠧᠮᠧᠨ᠋ᠲ ᠵᠡᠷᠭᠡ ᠡᠬᠢ ᠪᠠᠶᠠᠯᠢᠭ ᠡᠨᠧᠷᠭᠢ ᠵᠢᠨ ᠬᠡᠯᠪᠡᠷᠢ ᠵᠢᠨ ᠠᠵᠤ ᠠᠬᠤᠢ᠌ᠯᠠᠯ ᠨᠠᠢ᠌ᠳᠠ 5 ᠪᠤᠢ᠂ ᠡᠭᠦᠨ᠎ᠳᠤ ᠰᠢᠨ ᠫᠧᠩ ᠨᠠᠨ᠎ᠤ 《251》 ᠬᠡᠦᠷᠰᠢᠭᠦᠯᠬᠦ ᠦᠢ᠍ᠯᠡᠰ᠎ᠢ ᠶᠠᠭ ᠪᠠᠢ᠌ᠭᠤᠯᠵᠤ ᠪᠠᠢ᠌ᠨ᠎ᠠ᠂ ᠬᠠᠨ ᠳ᠋ᠠᠨ᠎ᠤ ᠵᠢᠨ ᠢᠦᠢ᠎ᠲᠠᠢ ᠬᠠᠩ ᠼᠧᠮᠧᠨ᠋ᠲ ᠵᠢᠨ ᠬᠢᠵᠠᠭ᠋ᠠᠷᠲᠤ ᠺᠣᠮᠫᠠᠨᠢ ᠵᠢ ᠶᠠᠭ ᠨᠡᠭᠦᠯᠭᠡᠵᠦ ᠪᠠᠢ᠌ᠨ᠎ᠠ᠂ 2 ᠠᠵᠤ ᠠᠬᠤᠢ᠌ᠯᠠᠯ᠎ᠢ ᠬᠡᠲᠦ ᠳᠣᠣᠷ᠎ᠠ ᠭᠠᠳᠠᠭᠰᠢᠯᠠᠭᠤᠯᠬᠤ ᠱᠠᠭ᠋ᠠᠷᠳᠠᠯᠭ᠎ᠠ᠎ᠪᠠᠷ ᠪᠠᠢ᠌ᠭᠤᠯᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ A ᠲᠠᠰ᠎ᠤᠨ ᠪᠠᠷᠢᠮᠵᠢᠶ᠎ᠠ᠎ᠳᠤ ᠬᠦᠷᠬᠦ ᠪᠣᠯᠣᠨ᠎ᠠ᠃ 《ᠣᠳᠣᠬᠠᠨ᠎ᠳᠤ ᠲᠤᠰ ᠲᠣᠭᠣᠷᠢᠭ᠎ᠲᠤ ᠨᠠᠢ᠌ᠳᠠ 161 A ᠲᠡᠰ᠎ᠤᠨ ᠰᠢᠯᠢᠳᠡᠭ ᠠᠵᠤ ᠠᠬᠤᠢ᠌ᠯᠠᠯ ᠪᠤᠢ᠂ ᠡᠨᠡ ᠵᠢᠯ 32 ᠠᠵᠤ ᠠᠬᠤᠢ᠌ᠯᠠᠯ᠎ᠢ ᠪᠡᠶᠡᠯᠡᠭᠦᠯᠬᠦ᠎ᠪᠠᠷ ᠲᠥᠯᠥᠪᠯᠡᠵᠦ᠂ ᠭᠤᠷᠪᠠᠨ ᠵᠢᠯ᠎ᠤᠨ ᠳᠣᠲᠣᠷ᠎ᠠ ᠪᠦᠬᠦᠨ᠎ᠢ ᠪᠡᠶᠡᠯᠡᠭᠦᠯᠦᠨ᠎ᠡ》᠃
      ᠮᠡᠷᠭᠡᠵᠢᠯ᠎ᠤᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠬᠡᠷᠡᠭᠵᠢᠭᠦᠯᠵᠦ ᠴᠡᠪᠡᠷ ᠡᠨᠧᠷᠭᠢ ᠵᠢᠨ ᠰᠤᠷᠪᠤᠯᠵᠢ ᠵᠢ ᠣᠷᠣᠯᠠᠭᠤᠯᠬᠤ ᠵᠢ ᠯᠠᠪᠳᠠᠭᠤᠨ ᠠᠬᠢᠭᠤᠯᠪᠠ
      ᠹᠧᠩ ᠹᠧᠩ ᠠᠭᠤᠷᠬᠠᠢ ᠵᠢᠨ ᠣᠷᠣᠨ᠎ᠤ ᠢᠦᠢ ᠰᠢᠩ ᠸᠠᠭ᠋ᠠᠷ ᠱᠠᠭ᠋ᠠᠵᠠᠩ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠸᠠᠭ᠋ᠠᠷ ᠱᠠᠭ᠋ᠠᠵᠠᠩ᠎ᠤᠨ ᠤᠷᠠᠯᠢᠭ᠎ᠤᠨ ᠦᠵᠡᠭᠦᠯᠭᠡ ᠵᠢᠨ ᠲᠢᠩᠬᠢᠮ᠎ᠳᠤ᠂ ᠡᠯ᠎ᠡ ᠵᠦᠢ᠍ᠯ᠎ᠤᠨ ᠸᠠᠭ᠋ᠠᠷ ᠱᠠᠭ᠋ᠠᠵᠠᠩ ᠬᠣᠭᠣᠯᠠᠨ᠎ᠤ ᠰᠠᠪᠠ ᠬᠡᠷᠡᠭᠰᠡᠯ ᠨᠢᠳᠦ ᠭᠢᠯᠠᠰᠤᠮ᠎ᠠ᠂ ᠦᠵᠡᠬᠦ᠎ᠳᠤ ᠬᠠᠰ ᠮᠡᠲᠦ ᠴᠡᠪᠡᠷ ᠲᠤᠩᠭ᠋ᠠᠯᠠᠭ᠂ ᠶᠠᠭ ᠯᠠ ᠤᠷᠠᠯᠢᠭ᠎ᠤᠨ ᠪᠦᠲᠦᠭᠡᠯ ᠰᠢᠭ ᠪᠠᠢ᠌ᠳᠠᠭ᠃
      《ᠡᠢ᠌ᠮᠦ ᠰᠠᠢ᠍ᠬᠠᠨ ᠪᠦᠲᠦᠭᠡᠭᠳᠡᠬᠦᠨ᠎ᠢ ᠤᠤᠯ᠎ᠨᠢ ᠪᠢᠳᠡ ᠰᠢᠲᠠᠭ᠋ᠠᠵᠤ ᠭᠠᠷᠭ᠋ᠠᠵᠤ ᠴᠢᠳᠠᠬᠤ ᠦᠭᠡᠢ ᠪᠠᠢ᠍ᠭᠰᠠᠨ ᠶᠤᠮ》 ᠭᠡᠵᠦ ᠲᠣᠰ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠴᠧᠩ ᠬᠠᠢ ᠶᠦᠩ ᠬᠡᠯᠡᠬᠦ᠎ᠳᠡᠭᠡᠨ᠂ ᠦᠢ᠍ᠯᠡᠳᠬᠦᠨ᠎ᠤ ᠶᠠᠰᠤ ᠴᠢᠨᠠᠷ᠎ᠤᠨ ᠳᠡᠭᠡᠭᠰᠢᠯᠡᠯᠲᠡ᠎ᠨᠢ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠴᠡᠪᠡᠷ ᠡᠨᠧᠷᠭᠢ ᠵᠢᠨ ᠰᠤᠷᠪᠤᠯᠵᠢ ᠵᠢ ᠣᠷᠣᠯᠠᠭᠤᠯᠵᠤ ᠥᠭᠡᠷᠡᠴᠢᠯᠡᠭᠰᠡᠨ᠎ᠠᠴᠠ ᠪᠣᠯᠤᠭᠰᠠᠨ ᠶᠤᠮ ᠭᠡᠵᠡᠢ᠃
      ᠲᠠᠨᠢᠯᠴᠠᠭᠤᠯᠤᠭᠰᠠᠨ ᠵᠶ᠋ᠠᠷ᠂ ᠨᠡᠭᠦᠷᠡᠰᠦ᠎ᠲᠠᠢ ᠬᠠᠷᠢᠴᠠᠭᠤᠯᠪᠠᠯ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠰᠢᠲᠠᠭ᠋ᠠᠵᠤ ᠭᠠᠷᠭ᠋ᠠᠭᠰᠠᠨ ᠦᠢ᠍ᠯᠡᠳᠬᠦᠨ᠎ᠨᠢ ᠥᠩᠭᠡ ᠪᠤᠳᠤᠭ᠎ᠨᠢ ᠴᠡᠪᠡᠷ ᠲᠤᠩᠭ᠋ᠠᠯᠠᠭ᠂ ᠭᠡᠷᠡᠯᠲᠦᠴᠡ᠎ᠨᠢ ᠥᠨᠳᠥᠷ᠂ ᠴᠢᠨᠠᠷ᠎ᠨᠢ ᠰᠠᠶ᠋ᠢᠨ ᠪᠠᠢ᠌ᠳᠠᠭ᠃ 《ᠺᠣᠮᠫᠠᠨᠢ ᠵᠢᠨ ᠭᠣᠣᠯᠯᠠᠬᠤ ᠦᠢ᠍ᠯᠡᠳᠬᠦᠨ ᠪᠣᠯ ᠶᠠᠰᠤᠨ᠎ᠤ ᠡᠳ᠋᠎ᠤᠨ ᠱᠠᠵᠠᠩ ᠰᠢᠯ ᠪᠤᠳᠤᠭ᠎ᠤᠨ ᠳᠣᠲᠣᠷᠠᠬᠢ ᠥᠩᠭᠡᠲᠦ ᠪᠤᠳᠤᠭ᠎ᠤᠨ ᠰᠢᠷᠢᠰ ᠶᠤᠮ᠂ ᠰᠢᠯ ᠪᠤᠳᠤᠭ᠎ᠤᠨ ᠳᠣᠲᠣᠷᠠᠬᠢ ᠥᠩᠭᠡᠲᠦ ᠪᠤᠳᠤᠭ᠎ᠢ ᠰᠢᠲᠠᠭ᠋ᠠᠬᠤ᠎ᠳᠤ ᠡᠷᠬᠡᠪᠰᠢ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠵᠤᠤᠬ᠎ᠠ᠎ᠪᠠᠷ ᠰᠢᠲᠠᠭ᠋ᠠᠬᠤ ᠬᠡᠷᠡᠭᠲᠡᠶ᠂ ᠲᠡᠭᠦᠨ᠎ᠤ ᠬᠠᠯᠠᠭᠤᠨ᠎ᠤ ᠬᠡᠮᠵᠢᠶ᠎ᠡ᠎ᠨᠢ ᠥᠨᠳᠥᠷ ᠪᠣᠯᠬᠣᠷ ᠳᠤᠯᠠᠭ᠋ᠠᠨ᠎ᠤ ᠬᠡᠮᠵᠢᠶ᠎ᠡ ᠵᠢ ᠬᠢᠵᠠᠭ᠋ᠠᠷᠯᠠᠬᠤ᠎ᠳᠤ ᠳᠥᠭᠥᠮ ᠪᠠᠢ᠌ᠳᠠᠭ᠂ ᠵᠠᠷᠢᠮ ᠤᠯᠠᠮᠵᠢᠯᠠᠯᠲᠤ ᠡᠨᠧᠷᠭᠢ ᠵᠢᠨ ᠰᠤᠷᠪᠤᠯᠵᠢ᠎ᠨᠢ ᠡᠭᠦᠨ᠎ᠢ ᠦᠨᠳᠦᠰᠦᠨ᠎ᠳᠡᠭᠡᠨ ᠪᠡᠶᠡᠯᠡᠭᠦᠯᠵᠦ ᠴᠢᠳᠠᠬᠤ ᠦᠭᠡᠢ ᠶᠤᠮ》ᠭᠡᠵᠦ ᠴᠧᠩ ᠬᠠᠢ ᠶᠦᠩ ᠲᠠᠨᠢᠯᠴᠠᠭᠤᠯᠤᠨ᠎ᠠ᠃
      ᠡᠭᠦᠨ᠎ᠤ ᠵᠡᠷᠭᠡ᠎ᠳᠤ ᠲᠡᠷᠡ ᠪᠠᠰᠠ ᠪᠠᠶ᠋ᠢᠭ᠋ᠠᠯᠢ ᠵᠢᠨ ᠰᠢᠲᠠᠮᠠᠬᠠᠢ ᠬᠡᠢ ᠵᠢ ᠬᠣᠭᠣᠯᠠᠢ᠎ᠪᠠᠷ ᠳᠠᠮᠵᠢᠭᠤᠯᠤᠨ ᠵᠥᠭᠡᠭᠡᠪᠦᠷᠢᠯᠡᠵᠦ᠂ ᠵᠥᠭᠡᠭᠡᠪᠦᠷᠢᠯᠡᠬᠦ ᠪᠠ ᠤᠩᠭᠤᠷᠬᠠᠢ᠎ᠳᠤ ᠰᠠᠪᠠᠯᠠᠬᠤ ᠬᠥᠮᠥᠨ᠎ᠤ ᠬᠦᠴᠦᠨ᠎ᠤ ᠥᠪᠡᠷ᠎ᠤᠨ ᠥᠷᠲᠡᠭ᠎ᠢ ᠠᠷᠪᠢᠯᠠᠵᠠᠢ᠃ ᠬᠠᠮᠤᠭ᠎ᠤᠨ ᠴᠢᠬᠤᠯᠠ᠎ᠨᠢ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠪᠣᠬᠢᠷᠲᠤᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠢᠯᠠᠩᠭᠤᠶ᠎ᠠ SO2᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠷᠭᠡᠵᠢᠯ᠎ᠤᠨ ᠥᠭᠡᠷᠡᠴᠢᠯᠡᠯᠲᠡ ᠵᠢᠨ ᠵᠠᠷᠤᠳᠠᠯ᠎ᠢ ᠪᠠᠭᠤᠷᠠᠭᠤᠯᠤᠭᠰᠠᠨ ᠪᠠᠢ᠌ᠨ᠎ᠠ᠃
      ᠣᠢ᠌ᠯᠠᠭ᠋ᠠᠭᠰᠠᠨ ᠵᠶ᠋ᠠᠷ᠂ ᠣᠳᠣᠬᠠᠨ᠎ᠳᠤ᠂ ᠹᠧᠩ ᠹᠧᠩ ᠠᠭᠤᠷᠬᠠᠢ ᠵᠢᠨ ᠣᠷᠣᠨ᠎ᠳᠤ ᠨᠠᠢ᠌ᠳᠠ 41 ᠸᠠᠭ᠋ᠠᠷ ᠱᠠᠭ᠋ᠠᠵᠠᠩ᠎ᠤᠨ ᠦᠢ᠍ᠯᠡᠳᠪᠦᠷᠢ ᠪᠤᠢ᠂ ᠡᠭᠦᠨ᠎ᠳᠤ ᠡᠳᠦᠷ ᠲᠤᠲᠤᠮ᠎ᠤᠨ ᠬᠡᠷᠡᠭᠯᠡᠭᠡᠨ᠎ᠤ ᠱᠠᠭ᠋ᠠᠵᠠᠩ 39᠂ ᠠᠵᠤ ᠦᠢ᠍ᠯᠡᠳᠪᠦᠷᠢ ᠵᠢᠨ ᠱᠠᠭ᠋ᠠᠵᠠᠩ 2 ᠪᠤᠢ᠃
《ᠣᠲᠣ 41 ᠸᠠᠭ᠋ᠠᠷ ᠱᠠᠭ᠋ᠠᠵᠠᠩ᠎ᠤᠨ ᠦᠢ᠍ᠯᠡᠳᠪᠦᠷᠢ ᠴᠥᠮ ᠮᠡᠷᠭᠡᠵᠢᠯ᠎ᠤᠨ ᠥᠭᠡᠷᠡᠴᠢᠯᠡᠯᠲᠡ ᠬᠢᠵᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠪᠣᠬᠢᠷᠲᠤᠯ ᠦᠭᠡᠢ ᠡᠨᠧᠷᠭᠢ ᠵᠢᠨ ᠣᠷᠤᠯᠠᠭᠤᠯᠤᠯᠲᠠ ᠵᠢ ᠪᠡᠶᠡᠯᠡᠭᠦᠯᠵᠡᠢ᠃ PM10᠂ SO2᠂ NOX ᠵᠡᠷᠭᠡ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ᠎ᠨᠢ 〈ᠸᠠᠭ᠋ᠠᠷ ᠱᠠᠭ᠋ᠠᠵᠠᠩ᠎ᠤᠨ ᠠᠵᠤ ᠦᠢ᠍ᠯᠡᠳᠪᠦᠷᠢ ᠵᠢᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠪᠠᠷᠢᠮᠵᠢᠶ᠎ᠠ〉᠎ᠠᠴᠠ ᠬᠣᠯᠠ ᠳᠣᠣᠷ᠎ᠠ ᠪᠠᠢ᠌ᠨ᠎ᠠ》 ᠭᠡᠵᠦ ᠯᠢ ᠴᠢᠦ ᠹᠧᠩ ᠬᠡᠯᠡᠪᠡ᠃
      ᠠᠩᠬᠠᠷᠤᠭᠤᠰᠢᠲᠠᠢ᠎ᠨᠢ᠂ 2023 ᠣᠨ᠎ᠳᠤ᠂ ᠹᠧᠩ ᠹᠧᠩ ᠠᠭᠤᠷᠬᠠᠢ ᠵᠢᠨ ᠣᠷᠣᠨ᠎ᠳᠤ ᠪᠠᠰᠠ 4 ᠴᠣᠬᠣᠢ ᠵᠢᠨ ᠠᠵᠤ ᠠᠬᠤᠢ᠌ᠯᠠᠯ᠎ᠤᠨ 7 ᠵᠤᠤᠬ᠎ᠠ ᠵᠢᠨ ᠤᠭᠤᠷᠬᠠᠶ᠂ 1 ᠭᠠᠯ᠎ᠳᠤ ᠳᠠᠭ᠋ᠠᠭ᠋ᠠᠮᠠᠭ᠋ᠠᠢ ᠮᠠᠲ᠋ᠧᠷᠢᠶᠠᠯ᠎ᠤᠨ ᠠᠵᠤ ᠠᠬᠤᠢ᠌ᠯᠠᠯ᠎ᠤᠨ 2 ᠵᠤᠤᠬ᠎ᠠ ᠵᠢᠨ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠴᠡᠪᠡᠷ ᠡᠨᠧᠷᠭᠢ ᠵᠢᠨ ᠣᠷᠤᠯᠠᠭᠤᠯᠤᠯᠲᠠ ᠵᠢ ᠪᠡᠶᠡᠯᠡᠭᠦᠯᠵᠦ᠂ ᠸᠠᠭ᠋ᠠᠷ᠎ᠤᠨ ᠤᠭᠤᠷᠬᠠᠶ᠂ ᠴᠣᠬᠣᠢ᠂ ᠭᠠᠯ᠎ᠳᠤ ᠳᠠᠭ᠋ᠠᠭ᠋ᠠᠮᠠᠭ᠋ᠠᠢ ᠮᠠᠲ᠋ᠧᠷᠢᠶᠠᠯ ᠵᠡᠷᠭᠡ ᠠᠵᠢᠯ ᠲᠥᠷᠥᠯ᠎ᠤᠨ᠎ᠬᠢᠨ ᠣᠷᠳᠣ ᠬᠤᠭᠤᠴᠠᠭ᠎ᠠ᠎ᠪᠠᠷ ᠦᠢ᠍ᠯᠡᠳᠪᠦᠷᠢᠯᠡᠬᠦ᠎ᠪᠠᠨ ᠵᠣᠭᠰᠣᠭᠰᠠᠨ ᠠᠵᠤ ᠠᠬᠤᠢ᠌ᠯᠠᠯ᠎ᠢ ᠭᠠᠷᠭ᠋ᠠᠪᠠᠯ᠂ 《ᠨᠡᠭᠦᠷᠡᠰᠦ ᠵᠢ ᠰᠢᠲᠠᠮᠠᠬᠠᠢ ᠬᠡᠢ ᠪᠣᠯᠭ᠋ᠠᠨ ᠥᠭᠡᠷᠡᠴᠢᠯᠡᠬᠦ》 ᠥᠭᠡᠷᠡᠴᠢᠯᠡᠯᠲᠡ ᠵᠢ ᠪᠦᠬᠦᠨ᠎ᠢ ᠪᠡᠶᠡᠯᠡᠭᠦᠯᠵᠦ᠂ 《ᠨᠡᠭᠦᠷᠡᠰᠦ ᠦᠭᠡᠢ ᠵᠤᠤᠬ᠎ᠠ᠂ ᠣᠲᠣᠭ᠎ᠠ ᠦᠭᠡᠢ ᠦᠢ᠍ᠯᠡᠳᠪᠦᠷᠢ᠂ ᠬᠡᠲᠦ ᠳᠣᠣᠷ᠎ᠠ ᠭᠠᠳᠠᠭᠰᠢᠯᠠᠭᠤᠯᠤᠯᠲᠠ》 ᠵᠢ ᠦᠨᠳᠦᠰᠦᠨ᠎ᠳᠡᠭᠡᠨ ᠪᠡᠶᠡᠯᠡᠭᠦᠯᠦᠭᠰᠡᠨ ᠪᠠᠢ᠌ᠨ᠎ᠠ᠃
      ᠰᠢᠨ᠎ᠡ ᠡᠨᠧᠷᠭᠢ ᠵᠢᠨ ᠮᠠᠰᠢᠨ ᠲᠡᠷᠭᠡ ᠬᠤᠳᠠᠯᠳᠤᠨ ᠠᠪᠴᠤ ᠵᠠᠮ ᠬᠠᠷᠢᠯᠴᠠᠭ᠋ᠠᠨ᠎ᠤ ᠪᠣᠬᠢᠷᠲᠤᠯ ᠦᠭᠡᠢ ᠪᠠᠷᠠᠭ᠋ᠠᠨ᠎ᠤ ᠲᠡᠭᠡᠭᠡᠪᠦᠷᠢ ᠵᠢ ᠢᠳᠡᠪᠬᠢᠲᠡᠢ ᠲᠦᠯᠬᠢᠨ ᠠᠬᠢᠭᠤᠯᠪᠠ
      ᠬᠠᠨ ᠳ᠋ᠠᠨ᠎ᠤ ᠵᠢᠨ ᠢᠦᠢ᠎ᠲᠠᠢ ᠬᠠᠩ ᠪᠧᠲ᠋ᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠣᠯ ᠹᠧᠩ ᠹᠧᠩ ᠠᠭᠤᠷᠬᠠᠢ ᠵᠢᠨ ᠲᠣᠭᠣᠷᠢᠭ᠎ᠤᠨ ᠨᠢᠭᠡᠨ ᠤᠷᠢᠳᠴᠢᠯᠠᠨ ᠬᠣᠯᠢᠭᠰᠠᠨ ᠪᠧᠲ᠋ᠤᠨ (ᠡᠯᠡᠰᠦᠨ ᠡᠭᠡᠳᠡᠩ)᠎ᠤ ᠺᠣᠮᠫᠠᠨᠢ ᠪᠣᠯᠣᠨ᠎ᠠ᠃ 2023 ᠣᠨ᠎ᠠᠴᠠ ᠨᠠᠭ᠋ᠠᠰᠢ᠂ ᠲᠣᠰ ᠺᠣᠮᠫᠠᠨᠢ ᠤᠷᠢᠳ ᠬᠣᠵᠢᠳ ᠤᠯᠤᠰ᠎ᠤᠨ ᠲᠠᠪᠤᠳᠤᠭ᠋ᠠᠷ ᠬᠤᠭᠤᠴᠠᠭ᠋ᠠᠨ᠎ᠤ 5 ᠰᠠᠤᠷᠢ ᠮᠠᠰᠢᠨ ᠲᠡᠷᠭᠡ ᠵᠢ ᠰᠢᠭᠰᠢᠭᠳᠡᠭᠦᠯᠦᠭᠰᠡᠨ ᠪᠥᠭᠡᠳ 12 ᠰᠢᠨ᠎ᠡ ᠡᠨᠧᠷᠭᠢ ᠵᠢᠨ ᠰᠤᠷᠪᠤᠯᠵᠢ ᠵᠢᠨ ᠪᠸᠲ᠋ᠣᠨ ᠵᠢᠭᠤᠷᠠᠬᠤ ᠲᠡᠭᠡᠭᠡᠪᠦᠷᠢ ᠵᠢᠨ ᠲᠡᠷᠭᠡ ᠵᠢ ᠰᠢᠨ᠎ᠡ᠎ᠪᠠᠷ ᠬᠤᠳᠠᠯᠳᠤᠨ ᠠᠪᠴᠠᠢ᠃
      《ᠰᠢᠨ᠎ᠡ ᠡᠨᠧᠷᠭᠢ ᠵᠢᠨ ᠰᠤᠷᠪᠤᠯᠵᠢ ᠵᠢᠨ ᠪᠸᠲ᠋ᠣᠨ ᠵᠢᠭᠤᠷᠠᠬᠤ ᠲᠡᠭᠡᠭᠡᠪᠦᠷᠢ ᠵᠢᠨ ᠲᠡᠷᠭᠡ᠎ᠨᠢ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠬᠢᠵᠠᠭ᠋ᠠᠷᠯᠠᠯ᠎ᠢ ᠬᠦᠯᠢᠶᠡᠬᠦ ᠦᠭᠡᠢ᠂ ᠲᠤᠬᠠᠢ᠌ᠯᠠᠭᠰᠠᠨ ᠠᠵᠢᠯ᠎ᠤᠨ ᠬᠡᠮᠵᠢᠶ᠎ᠡ᠎ᠪᠠᠨ ᠨᠡᠮᠡᠭᠳᠡᠭᠦᠯᠦᠭᠰᠡᠨ ᠪᠥᠭᠡᠳ ᠲᠡᠭᠡᠭᠡᠪᠦᠷᠢ ᠵᠢᠨ ᠥᠪᠡᠷ᠎ᠤᠨ ᠥᠷᠲᠡᠭ᠎ᠢ ᠴᠦ᠍ ᠶᠡᠬᠡ᠎ᠪᠠᠷ ᠠᠷᠪᠢᠯᠠᠵᠠᠢ》 ᠲᠣᠰ ᠺᠣᠮᠫᠠᠨᠢ ᠵᠢᠨ ᠲᠡᠷᠭᠡᠨ ᠠᠩᠭᠢ ᠵᠢᠨ ᠳᠠᠷᠤᠭ᠎ᠠ ᠯᠢ ᠴᠢᠩ ᠭᠥᠸᠧ ᠨᠢᠭᠡ ᠲᠠᠩᠰᠠ ᠪᠤᠳᠤᠵᠤ ᠦᠵᠡᠵᠡᠢ᠂ ᠡᠩ᠎ᠤᠨ ᠴᠠᠢ᠌ᠶᠢᠦ ᠲᠣᠰᠣᠨ᠎ᠤ ᠲᠡᠷᠭᠡ ᠵᠢ ᠹᠧᠩ ᠹᠧᠩ ᠠᠭᠤᠷᠬᠠᠢ ᠵᠢᠨ ᠣᠷᠣᠨ᠎ᠳᠤ ᠨᠢᠭᠡ ᠤᠳᠠᠭ᠎ᠠ ᠭᠠᠷᠭ᠋ᠠᠬᠤ᠎ᠳᠤ ᠲᠣᠰᠣᠨ᠎ᠤ ᠵᠠᠷᠤᠳᠠᠯ᠎ᠨᠢ 150 ᠲᠥᠭᠥᠷᠢᠭ᠎ᠠᠴᠠ 200 ᠲᠥᠭᠥᠷᠢᠭ ᠬᠡᠷᠡᠭᠰᠡᠨ᠎ᠡ᠂ ᠰᠢᠨ᠎ᠡ ᠡᠨᠧᠷᠭᠢ ᠵᠢᠨ ᠲᠡᠷᠭᠡ᠎ᠳᠤ ᠳᠤᠮᠳᠠᠴᠢ᠎ᠪᠠᠷ ᠴᠠᠬᠢᠯᠭ᠋ᠠᠨ᠎ᠤ ᠵᠠᠷᠤᠳᠠᠯ᠎ᠨᠢ 60 ᠲᠥᠭᠥᠷᠢᠭ ᠣᠷᠴᠢᠮ ᠯᠠ ᠬᠡᠷᠡᠭᠰᠡᠨ᠎ᠡ᠂ ᠨᠢᠭᠡ ᠲᠡᠷᠭᠡ ᠵᠢ ᠨᠢᠭᠡ ᠰᠠᠷ᠎ᠠ᠎ᠳᠤ 60 ᠤᠳᠠᠭ᠎ᠠ ᠭᠠᠷᠭ᠋ᠠᠬᠤ᠎ᠪᠠᠷ ᠪᠤᠳᠤᠪᠠᠯ᠂ 12 ᠲᠡᠷᠭᠡ᠎ᠨᠢ ᠨᠢᠭᠡ ᠵᠢᠯ᠎ᠳᠤ ᠵᠠᠭᠤᠨ ᠲᠦᠮᠡᠨ ᠲᠥᠭᠥᠷᠢᠭ᠎ᠤᠨ ᠲᠡᠭᠡᠭᠡᠪᠦᠷᠢ ᠵᠢᠨ ᠥᠪᠡᠷ᠎ᠤᠨ ᠥᠷᠲᠡᠭ᠎ᠢ ᠠᠷᠪᠢᠯᠠᠵᠤ ᠪᠣᠯᠣᠨ᠎ᠠ᠃
      ᠬᠠᠨ ᠳ᠋ᠠᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠹᠧᠩ ᠹᠧᠩ ᠠᠭᠤᠷᠬᠠᠢ ᠵᠢᠨ ᠣᠷᠣᠨ᠎ᠤ ᠬᠤᠪᠢᠶᠠᠷᠢ ᠲᠣᠪᠴᠢᠶ᠎ᠠ ᠵᠢᠨ ᠭᠤᠷᠪᠠᠳᠤᠭ᠋ᠠᠷ ᠳᠡᠰ᠎ᠤᠨ ᠡᠷᠬᠢᠯᠡᠭᠴᠢ ᠭᠡᠰᠢᠭᠦᠴᠢ ᠯᠢᠦ ᠴᠧᠨ ᠭᠤᠸᠠᠩ᠎ᠤᠨ ᠲᠠᠨᠢᠯᠴᠠᠭᠤᠯᠤᠭᠰᠠᠨ ᠵᠶ᠋ᠠᠷ᠂ ᠹᠧᠩ ᠹᠧᠩ ᠠᠭᠤᠷᠬᠠᠢ ᠵᠢᠨ ᠣᠷᠣᠨ᠎ᠤ ᠬᠢᠯᠢ᠎ᠪᠠᠷ ᠥᠩᠭᠡᠷᠡᠬᠦ 4 ᠮᠤᠵᠢ ᠵᠢᠨ ᠵᠠᠮ᠎ᠤᠨ ᠪᠥᠬᠥ ᠶᠠᠪᠤᠴᠠ᠎ᠨᠢ 30 ᠭᠠᠷᠤᠢ ᠺᠢᠯᠣᠮᠧᠲᠷ ᠪᠠᠢ᠌ᠵᠤ᠂ ᠡᠳᠦᠷ ᠪᠦᠷᠢ ᠬᠢᠯᠢ᠎ᠪᠠᠷ ᠥᠩᠭᠡᠷᠡᠬᠦ ᠬᠦᠨᠳᠦ ᠬᠡᠯᠪᠡᠷᠢ ᠵᠢᠨ ᠪᠠᠷᠠᠭ᠋ᠠᠨ᠎ᠤ ᠲᠡᠷᠭᠡ 2 ᠲᠦᠮᠡ ᠭᠠᠷᠤᠢ ᠪᠠᠢ᠌ᠵᠤ᠂ ᠤᠯᠤᠰ᠎ᠤᠨ ᠵᠢᠷᠭᠤᠳᠤᠭ᠋ᠠᠷ ᠪᠠᠷᠢᠮᠵᠢᠶ᠎ᠠ ᠵᠢᠨ ᠲᠡᠷᠭᠡ ᠪᠦᠷᠢ᠎ᠳᠤ ᠭᠤᠷᠪᠠᠨ ᠵᠦᠢ᠍ᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠨᠢ 3.51 ᠭ᠋ᠷᠡᠮ \ ᠺᠢᠯᠣᠮᠧᠲᠷ᠎ᠲᠤ ᠬᠦᠷᠴᠦ᠂ ᠡᠳᠦᠷ᠎ᠤᠨ ᠭᠠᠳᠠᠭᠰᠢᠯᠠᠭᠤᠯᠬᠤ ᠬᠡᠮᠵᠢᠶ᠎ᠡ᠎ᠨᠢ 2.1 ᠲᠣᠨ᠎ᠳᠤ ᠬᠦᠷᠴᠦ᠂ ᠰᠢᠨ᠎ᠡ ᠡᠨᠧᠷᠭᠢ ᠵᠢᠨ ᠰᠤᠷᠪᠤᠯᠵᠢ ᠵᠢᠨ ᠲᠡᠷᠭᠡ᠎ᠪᠠᠷ ᠣᠷᠣᠯᠠᠬᠤ ᠶᠠᠪᠤᠳᠠᠯ ᠮᠠᠰᠢ ᠲᠤᠯᠭ᠋ᠠᠮ ᠱᠠᠭ᠋ᠠᠷᠳᠠᠭᠳᠠᠵᠤ ᠪᠠᠢ᠌ᠨ᠎ᠠ᠃
      ᠨᠢᠳᠤᠨᠤᠨ᠎ᠠᠴᠠ ᠨᠠᠭ᠋ᠠᠰᠢ᠂ ᠹᠧᠩ ᠹᠧᠩ ᠠᠭᠤᠷᠬᠠᠢ ᠵᠢᠨ ᠣᠷᠣᠨ᠎ᠤ᠎ᠬᠢᠨ ᠠᠵᠤ ᠠᠬᠤᠢ᠌ᠯᠠᠯ᠎ᠤᠨ ᠪᠠᠷᠠᠭ᠋ᠠᠨ᠎ᠤ ᠲᠡᠭᠡᠭᠡᠪᠦᠷᠢ ᠵᠢᠨ ᠰᠢᠨ᠎ᠡ ᠡᠨᠧᠷᠭᠢ ᠵᠢᠨ ᠲᠡᠭᠡᠭᠡᠪᠦᠷᠢ ᠵᠢᠨ ᠮᠠᠰᠢᠨ ᠲᠡᠷᠭᠡ ᠵᠢ ᠰᠣᠯᠢᠬᠤ ᠠᠵᠢᠯ᠎ᠢ ᠢᠳᠡᠪᠬᠢᠲᠡᠢ ᠠᠬᠢᠭᠤᠯᠵᠤ᠂ ᠤᠷᠢᠳ ᠬᠣᠵᠢᠳ 388 ᠰᠢᠨ᠎ᠡ ᠡᠨᠧᠷᠭᠢ ᠵᠢᠨ ᠪᠠᠷᠠᠭ᠋ᠠᠨ᠎ᠤ ᠲᠡᠷᠭᠡ ᠵᠢ ᠬᠤᠳᠠᠯᠳᠤᠨ ᠠᠪᠤᠪᠠ᠃ ᠡᠭᠦᠨ᠎ᠤ ᠵᠡᠷᠭᠡ᠎ᠳᠤ ᠨᠡᠭᠦᠷᠡᠰᠦ᠂ ᠢᠯᠴᠢ ᠵᠢᠨ ᠴᠠᠬᠢᠯᠭ᠋ᠠᠨ᠂ ᠬᠡᠦᠷᠰᠢᠭᠦᠯᠬᠦ᠂ ᠪᠣᠯᠣᠳ ᠲᠡᠮᠦᠷ ᠵᠡᠷᠭᠡ ᠶᠡᠬᠡ ᠬᠡᠮᠵᠢᠶᠡᠨ᠎ᠤ ᠲᠦᠭᠦᠬᠡᠢ ᠮᠠᠲ᠋ᠧᠷᠢᠶᠠᠯ᠎ᠤᠨ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠵᠠᠰᠠᠮᠠᠯ ᠵᠠᠮ᠎ᠤᠨ ᠥᠭᠡᠷᠡᠴᠢᠯᠡᠯᠲᠡ ᠵᠢ ᠢᠳᠡᠪᠬᠢᠲᠡᠢ᠎ᠪᠠᠷ ᠲᠦᠯᠬᠢᠨ ᠠᠬᠢᠭᠤᠯᠵᠤ᠂ ᠹᠧᠩ ᠹᠧᠩ ᠪᠦᠯᠦᠭᠯᠡᠯ᠂ ᠬᠠᠨ ᠹᠧᠩ ᠴᠠᠬᠢᠯᠭ᠋ᠠᠨ ᠦᠢ᠍ᠯᠡᠳᠪᠦᠷᠢ ᠪᠠ ᠹᠧᠩ ᠮᠧᠢ ᠬᠡᠦᠷᠰᠢᠭᠦᠯᠬᠦ ᠵᠡᠷᠭᠡ ᠨᠡᠭᠦᠷᠡᠰᠦᠨ᠎ᠳᠤ ᠬᠣᠯᠪᠣᠭᠳᠠᠬᠤ ᠠᠵᠤ ᠠᠬᠤᠢ᠌ᠯᠠᠯ᠎ᠤᠳ ᠤᠷᠢᠳ ᠬᠣᠵᠢᠳ ᠲᠡᠮᠦᠷ ᠵᠠᠮ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠮᠠᠰᠢᠨᠲᠤ ᠲᠡᠷᠭᠡᠨ᠎ᠤ ᠪᠣᠬᠢᠷᠲᠤᠯ ᠭᠠᠳᠠᠭᠰᠢᠯᠠᠭᠤᠯᠤᠯᠲᠠ ᠵᠢ ᠪᠠᠭ᠋ᠠᠰᠬᠠᠨ᠂ ᠲᠡᠭᠡᠭᠡᠪᠦᠷᠢ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠰᠠᠢ᠌ᠵᠢᠷᠠᠭᠤᠯᠪᠠ᠃
      《ᠳᠠᠷᠠᠭ᠋ᠠᠴᠢ ᠵᠢᠨ ᠠᠯᠬᠤᠮ᠎ᠳᠤ᠂ ᠹᠧᠩ ᠹᠧᠩ ᠠᠭᠤᠷᠬᠠᠢ ᠵᠢᠨ ᠣᠷᠣᠨ᠎ᠤ᠎ᠬᠢᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠪᠠᠷᠢᠮᠲᠠᠯᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠤᠨ ᠬᠥᠭᠵᠢᠯᠲᠡ᠂ ᠰᠢᠨ᠎ᠡ ᠡᠨᠧᠷᠭᠢ ᠪᠣᠯᠣᠨ ᠴᠡᠪᠡᠷ ᠡᠨᠧᠷᠭᠢ ᠵᠢᠨ ᠣᠷᠤᠯᠠᠭᠤᠯᠤᠯᠲᠠ᠂ ᠪᠣᠬᠢᠷᠲᠤᠯ ᠦᠭᠡᠢ ᠲᠡᠭᠡᠭᠡᠪᠦᠷᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠢ ᠹᠧᠩ ᠹᠧᠩ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠨ᠎ᠠ》 ᠭᠡᠵᠦ ᠵᠠᠩ ᠵᠢᠶᠠᠨ ᠵᠢᠶᠦ᠋ᠨ ᠢᠯᠡᠳᠬᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠨᠾᠦ᠋ᠢ ᠮᠤᠵᠢ ᠵᠢᠨ ᠮᠧᠩ ᠴᠧᠩ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ 《ᠭᠤᠷᠪᠠᠨ ᠠᠷᠭ᠎ᠠ ᠬᠡᠮᠵᠢᠶ᠎ᠡ》᠎ᠨᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠠᠷᠢᠨ ᠲᠥᠰᠥᠪ᠎ᠢ ᠵᠢᠷᠤᠭᠯᠠᠨ᠎ᠠ
ᠵᠢᠶᠠᠩᠰᠢ ᠮᠤᠵᠢ ᠵᠢᠨ ᠵᠢᠢ ᠠᠨ ᠬᠣᠲᠠ ᠵᠢᠨ ᠴᠢᠩ ᠶᠤᠸᠠᠨ ᠲᠣᠭᠣᠷᠢᠭ᠎ᠤᠨ ᠯᠦ᠍ ᠯᠢᠩ ᠸᠠᠨ《ᠠᠲᠠᠷᠰᠢᠭᠰᠠᠨ ᠭᠠᠵᠠᠷ》 ᠪᠠᠢ᠌ᠭᠰᠠᠨ᠎ᠠᠴᠠ᠎ᠪᠠᠨ 《ᠠᠷᠤ ᠴᠡᠴᠡᠭ᠎ᠤᠨ ᠬᠦᠷᠢᠶᠡᠯᠡᠩ》 ᠪᠣᠯᠵᠤ ᠬᠤᠪᠢᠷᠠᠪᠠ
ᠴᠠᠩᠴᠦ᠋ᠨ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠨ ᠭᠤᠸᠠᠨ ᠲᠣᠭᠣᠷᠢᠭ᠎ᠤᠨ ᠬᠤᠪᠢᠶᠠᠷᠢ ᠲᠣᠪᠴᠢᠶ᠎ᠠ ᠠᠭᠤᠷ᠎ᠤᠨ ᠲᠣᠭᠣᠭ᠎ᠠ ᠵᠢᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠴᠢᠩᠭ᠋ᠠᠳᠬᠠᠵᠤ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
《ᠱᠠᠨᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠭ᠋ᠠᠯ》᠎ᠢ ᠬᠡᠷᠡᠭᠵᠢᠭᠦᠯᠬᠦ᠎ᠪᠠᠷ ᠪᠠᠢ᠌ᠨ᠎ᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢᠨ ᠪᠥᠬᠥ ᠶᠠᠪᠤᠴᠠ᠎ᠳᠤ ᠬᠢᠨᠠᠯᠲᠠ ᠲᠠᠯᠪᠢᠨ᠎ᠠ
ᠵᠧᠩᠵᠧᠦ ᠬᠣᠲᠠ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
 
             蒙ICP备05000248号