ᠪᠢᠨᠴᠤᠸᠠᠨᠤ ᠵᠢᠶᠠ ᠬᠣᠩ ᠴᠡᠴᠡᠷᠯᠢᠭ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠶᠦᠨᠨᠠᠨ ᠠᠷᠤᠷ᠎ᠠ ᠵᠢᠨ ᠲᠠᠷᠢᠮᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ᠎ᠳᠤ ᠣᠷᠣᠬᠤ᠎ᠳᠤ᠂ ᠦᠷᠬᠦᠯᠵᠢᠯᠡᠨ ᠵᠠᠯᠭ᠋ᠠᠯᠳᠤᠭᠰᠠᠨ ᠶᠦᠨᠨᠠᠨ ᠠᠷᠤᠷ᠎ᠠ ᠵᠢᠨ ᠮᠣᠳᠣ᠎ᠨᠢ ᠠᠭᠤᠯᠠᠨ ᠬᠥᠲᠥᠯ᠎ᠢ ᠥᠪᠴᠢ ᠨᠣᠭᠣᠭ᠋ᠠᠨ ᠵᠶ᠋ᠠᠷ ᠴᠢᠮᠡᠭᠯᠡᠵᠦ᠂ ᠮᠣᠳᠣᠨ᠎ᠤ ᠳᠡᠭᠡᠷ᠎ᠡ ᠫᠢᠩᠫᠠᠩ ᠪᠥᠮᠪᠥᠭᠡ ᠰᠢᠭ ᠲᠣᠮᠣ ᠶᠦᠨᠨᠠᠨ ᠠᠷᠤᠷ᠎ᠠ ᠪᠠᠭᠰᠢᠷᠠᠨ ᠰᠠᠭᠤᠵᠤ᠂ ᠭᠢᠯᠲᠠᠭ᠋ᠠᠨᠠᠮᠠ ᠰᠠᠢ᠌ᠬᠠᠨ 《ᠨᠣᠭᠣᠭ᠋ᠠᠨ ᠬᠠᠰ》 ᠮᠢᠩᠭ᠋ᠠᠨ ᠲᠦᠮᠡᠨ ᠥᠷᠲᠡᠭ᠎ᠲᠠᠢ 《ᠲᠣᠮᠣ ᠠᠵᠤ ᠦᠢ᠍ᠯᠡᠰ》᠎ᠢ ᠲᠤᠯᠭ᠋ᠠᠭᠤᠷᠢᠯᠠᠭᠰᠠᠨ ᠪᠠᠢ᠌ᠨ᠎ᠠ᠃
ᠨᠠᠷᠢᠨ ᠨᠢᠮᠪᠠᠢ ᠰᠤᠳᠤᠯᠵᠤ᠂ ᠵᠢᠵᠢᠭ ᠠᠷᠤᠷ᠎ᠠ᠎ᠪᠠᠷ ᠶᠡᠬᠡ ᠵᠠᠬ᠎ᠠ ᠳᠡᠯᠭᠡᠭᠦᠷ᠎ᠢ ᠥᠷᠭᠡᠳᠬᠡᠨ᠎ᠡ
2014 ᠣᠨ᠎ᠠᠴᠠ ᠡᠬᠢᠯᠡᠨ᠂ ᠪᠢᠨᠴᠤᠸᠠᠨ ᠰᠢᠶᠠᠨ᠎ᠤ ᠵᠢᠶᠠ ᠬᠣᠩ ᠴᠡᠴᠡᠷᠯᠢᠭ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠢᠨᠴᠤᠸᠠᠨ ᠰᠢᠶᠠᠨ᠎ᠤ ᠬᠤᠳᠠ ᠵᠢᠨ ᠡᠷᠬᠢᠨ ᠲᠣᠭᠣᠷᠢᠨ᠎ᠤ 6000 ᠭᠠᠷᠤᠢ ᠮᠦ᠍ ᠰᠢᠭᠤᠶ᠋ᠢᠲᠤ ᠭᠠᠵᠠᠷ᠎ᠢ ᠵᠠᠯᠭ᠋ᠠᠪᠡᠷ ᠰᠢᠯᠵᠢᠭᠦᠯᠵᠦ᠂ ᠶᠦᠨᠨᠠᠨ ᠮᠤᠵᠢ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠯᠠᠮᠰᠢᠯ ᠣᠷᠣᠨ᠎ᠤ ᠶᠦᠨᠨᠠᠨ ᠠᠷᠤᠷ᠎ᠠ ᠲᠠᠷᠢᠬᠤ ᠡᠮᠦᠨᠡᠬᠢ ᠬᠤᠭᠤᠴᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠳᠤ ᠲᠦᠰᠢᠭᠯᠡᠨ᠂ ᠶᠦᠨᠨᠠᠨ ᠠᠷᠤᠷ᠎ᠠ ᠵᠢᠨ ᠰᠠᠢ᠍ᠢ᠍ᠨ ᠡᠭᠦᠯᠳᠡᠷ ᠵᠢᠴᠢ ᠥᠨᠳᠥᠷ ᠤᠨᠠᠯᠲᠠ᠎ᠲᠠᠢ ᠲᠠᠷᠢᠬᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠬᠦ ᠵᠢᠨ ᠬᠠᠮᠲᠤ 200 ᠮᠦ᠍ ᠭᠣᠣᠯ ᠵᠢᠱ᠌ᠢᠶ᠎ᠡ ᠦᠵᠡᠭᠦᠯᠬᠦ ᠰᠠᠭᠤᠷᠢᠨ᠎ᠢ ᠪᠠᠢ᠌ᠭᠤᠯᠪᠠ᠃ 2017 ᠣᠨ᠎ᠳᠤ᠂ ᠶᠦᠨᠨᠠᠨ᠎ᠤ ᠱᠤ᠌ ᠹᠧᠢ ᠼᠦᠢ ᠲᠠᠷᠢᠶᠠᠯᠠᠩ ᠣᠢ ᠰᠢᠭᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢ ᠪᠠᠢ᠌ᠭᠤᠯᠵᠤ᠂ 《ᠱᠤ᠌ ᠹᠧᠢ ᠼᠦᠢ》 ᠲᠥᠷᠥᠯ ᠲᠡᠮᠳᠡᠭᠲᠦ᠎ᠨᠢ ᠶᠦᠨᠨᠠᠨ ᠠᠷᠤᠷ᠎ᠠ᠎ᠲᠠᠢ ᠬᠠᠮᠲᠤ᠎ᠪᠠᠷ ᠮᠤᠵᠢ ᠵᠢᠨ ᠳᠣᠲᠣᠨ᠎ᠠ ᠭᠠᠳᠠᠨᠠᠬᠢ ᠵᠠᠬ᠎ᠠ ᠳᠡᠯᠭᠡᠭᠦᠷ᠎ᠲᠤ ᠣᠷᠣᠭᠰᠠᠨ ᠪᠠᠢ᠌ᠨ᠎ᠠ᠃
ᠭᠠᠷᠤᠯᠲᠠ ᠵᠢᠨ ᠨᠡᠮᠡᠭᠳᠡᠬᠦ ᠵᠢ ᠳᠠᠭ᠋ᠠᠯᠳᠤᠨ᠂ ᠲᠡᠭᠦᠵᠦ ᠬᠤᠷᠢᠶᠠᠭᠰᠠᠨ᠎ᠤ ᠳᠠᠷᠠᠭ᠋ᠠᠬᠢ ᠦᠷ᠎ᠡ ᠵᠢᠮᠢᠰ᠎ᠨᠢ ᠬᠠᠳᠠᠭ᠋ᠠᠯᠠᠭᠳᠠᠵᠤ ᠳᠠᠭ᠋ᠠᠭ᠋ᠠᠬᠤ ᠦᠭᠡᠢ ᠪᠣᠯᠵᠤ᠂ ᠪᠦᠲᠦᠭᠡᠭᠳᠡᠬᠦᠨ᠎ᠤ ᠨᠡᠮᠡᠯᠲᠡ ᠥᠷᠲᠡᠭ ᠳᠣᠣᠷ᠎ᠠ ᠵᠡᠷᠭᠡ ᠠᠰᠠᠭᠤᠳᠠᠯ ᠤᠯᠠᠮ ᠵᠶ᠋ᠠᠷ ᠲᠣᠪᠣᠢ᠌ᠮ᠎ᠠ ᠪᠣᠯᠵᠠᠢ᠃ ᠰᠠᠢ᠍ᠢ᠍ᠨ ᠠᠭᠤᠯᠠ ᠰᠠᠢ᠍ᠢ᠍ᠨ ᠤᠰᠤᠨ᠎ᠠᠴᠠ ᠬᠦᠪᠦᠷᠡᠨ ᠭᠠᠷᠤᠭᠰᠠᠨ ᠰᠠᠢ᠍ᠢ᠍ᠨ ᠦᠢ᠍ᠯᠡᠳᠬᠦᠨ᠎ᠢ ᠬᠡᠷᠬᠢᠨ ᠨᠡᠩ ᠥᠷᠭᠡᠨ ᠠᠭᠤᠳᠠᠮ ᠵᠠᠬ᠎ᠠ ᠳᠡᠯᠭᠡᠭᠦᠷ᠎ᠲᠤ ᠭᠠᠷᠭ᠋ᠠᠵᠤ᠂ ᠨᠡᠩ ᠥᠨᠳᠥᠷ ᠦᠨ᠎ᠡ᠎ᠪᠠᠷ ᠬᠤᠳᠠᠯᠳᠤᠨ ᠭᠠᠷᠭ᠋ᠠᠬᠤ᠎ᠨᠢ ᠤᠯᠠᠨ᠎ᠤ ᠰᠡᠳᠬᠢᠯ᠎ᠤᠨ ᠡᠪᠡᠳᠴᠢᠨ ᠪᠣᠯᠵᠠᠢ᠃ ᠨᠢᠭᠡ ᠤᠳᠠᠭ᠋ᠠᠨ᠎ᠤ ᠭᠡᠨᠡᠳᠲᠡ ᠵᠢᠨ ᠲᠣᠬᠢᠶᠠᠯ ᠵᠶ᠋ᠠᠷ᠂ ᠺᠣᠮᠫᠠᠨᠢ ᠵᠢᠨ ᠬᠠᠷᠢᠭᠤᠴᠠᠯᠭ᠋ᠠᠲᠠᠨ ᠶᠦᠨᠨᠠᠨ ᠠᠷᠤᠷ᠎ᠠ ᠵᠢᠨ ᠬᠠᠮᠢᠶ᠎ᠠ ᠪᠦᠬᠦᠢ ᠰᠡᠳᠦᠪ᠎ᠢ ᠰᠤᠳᠤᠯᠵᠤ ᠪᠠᠢ᠌ᠭ᠎ᠠ ᠳ᠋ᠠᠯᠢ ᠶᠡᠬᠡ ᠰᠤᠷᠭ᠋ᠠᠭᠤᠯᠢ ᠵᠢᠨ ᠤᠯᠠᠨ ᠨᠠᠢ᠌ᠳᠠ ᠵᠢᠨ ᠡᠷᠡᠭᠦᠯ ᠬᠠᠮᠠᠭ᠋ᠠᠯᠠᠯ᠎ᠤᠨ ᠳᠡᠭᠡᠳᠦ ᠰᠤᠷᠭ᠋ᠠᠭᠤᠯᠢ ᠵᠢᠨ ᠵᠢᠶᠠᠩ ᠶᠠᠨ᠎ᠤ ᠪᠦᠯᠬᠦᠮ᠎ᠲᠠᠢ ᠲᠠᠭ᠋ᠠᠷᠠᠯᠳᠤᠵᠤ᠂ ᠬᠣᠶᠠᠷ ᠲᠠᠯ᠎ᠠ᠎ᠪᠠᠷ ᠵᠶ᠋ᠠᠨ 《ᠰᠠᠨᠠᠯ ᠨᠡᠢ᠌ᠯᠡᠵᠦ》᠂ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠪᠠ ᠪᠠᠷᠢᠮᠵᠢᠶ᠎ᠠ ᠲᠣᠭᠲᠠᠭ᠋ᠠᠬᠤ ᠵᠡᠷᠭᠡ ᠲᠠᠯ᠎ᠠ᠎ᠪᠠᠷ ᠨᠢᠭᠲᠠ ᠬᠠᠮᠲᠤᠷᠠᠯᠴᠠᠵᠤ᠂ ᠵᠢᠮᠢᠰ᠎ᠤᠨ ᠰᠢᠭᠦᠰᠦ᠂ ᠵᠢᠮᠢᠰ᠎ᠤᠨ ᠬᠠᠲᠠᠭ᠋ᠠᠮᠠᠯ᠂ ᠵᠢᠮᠢᠰ᠎ᠤᠨ ᠳᠠᠷᠤᠰᠢ᠂ ᠵᠢᠮᠢᠰ᠎ᠤᠨ ᠨᠤᠨᠳᠠᠭ ᠵᠡᠷᠭᠡ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ ᠵᠢᠨ ᠬᠠᠮᠲᠤ ᠵᠠᠬ᠎ᠠ ᠳᠡᠯᠭᠡᠭᠦᠷ᠎ᠲᠤ ᠭᠠᠷᠭ᠋ᠠᠵᠤ᠂ ᠶᠦᠨᠨᠠᠨ ᠠᠷᠤᠷ᠎ᠠ ᠵᠢᠨ ᠴᠢᠨᠠᠷ ᠰᠠᠢ᠌ᠲᠠᠢ ᠥᠨᠳᠥᠷ ᠤᠨᠠᠯᠲᠠ᠎ᠲᠠᠢ ᠲᠠᠷᠢᠵᠤ ᠪᠣᠢ᠌ᠵᠢᠭᠤᠯᠬᠤ᠂ ᠵᠢᠮᠢᠰ ᠲᠡᠭᠦᠵᠦ ᠬᠤᠷᠢᠶᠠᠬᠤ᠂ ᠬᠠᠳᠠᠭ᠋ᠠᠯᠠᠵᠤ ᠵᠥᠭᠡᠭᠡᠪᠦᠷᠢᠯᠡᠬᠦ᠂ ᠵᠢᠮᠢᠰ᠎ᠢ ᠶᠡᠷᠦᠩᠬᠡᠢ᠌ᠯᠡᠨ ᠪᠣᠯᠪᠠᠰᠤᠷᠠᠭᠤᠯᠬᠤ ᠪᠠ ᠪᠦᠬᠦ ᠦᠨ᠎ᠡ᠎ᠪᠠᠷ ᠠᠰᠢᠭᠯᠠᠬᠤ ᠪᠦᠷᠢᠨ ᠪᠦᠲᠦᠨ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠵᠤ᠂ ᠠᠵᠤ ᠦᠢ᠍ᠯᠡᠰ᠎ᠤᠨ ᠰᠢᠯᠢᠳᠡᠭᠵᠢᠨ ᠲᠡᠰ ᠳᠡᠪᠰᠢᠬᠦ᠎ᠳᠤ ᠬᠦᠴᠦᠨ ᠨᠡᠮᠡᠷᠢᠯᠡᠵᠡᠢ᠃
2020 ᠣᠨ᠎ᠳᠤ᠂ ᠶᠦᠨᠨᠠᠨ ᠠᠷᠤᠷ᠎ᠠ ᠵᠢᠨ ᠳᠦᠷᠦᠯ ᠵᠦᠢ᠍ᠯ᠎ᠢ ᠪᠢᠨᠴᠤᠸᠠᠨ ᠰᠢᠶᠠᠨ᠎ᠤ 《ᠨᠢᠭᠡ ᠰᠢᠶᠠᠨ ᠨᠢᠭᠡ ᠠᠵᠤ ᠦᠢ᠍ᠯᠡᠰ》᠎ᠤᠨ ᠵᠢᠮᠢᠰ᠎ᠤᠨ ᠠᠵᠤ ᠦᠢ᠍ᠯᠡᠰ᠎ᠤᠨ ᠬᠤᠪᠢᠶᠠᠷᠢ ᠳᠦᠷᠦᠯ ᠵᠦᠢ᠍ᠯ᠎ᠳᠤ ᠣᠷᠣᠭᠤᠯᠵᠤ᠂ ᠦᠢ᠍ᠯᠡᠳᠬᠦᠨ᠎ᠢ ᠪᠡᠭᠡᠵᠢᠩ᠂ ᠱᠠᠩᠬᠠᠢ᠂ ᠭᠤᠸᠠᠩᠵᠧᠦ᠂ ᠺᠦᠨᠮᠢᠩ ᠵᠡᠷᠭᠡ ᠭᠠᠵᠠᠷ᠎ᠤᠨ ᠵᠠᠬ᠎ᠠ ᠳᠡᠯᠭᠡᠭᠦᠷ᠎ᠲᠤ ᠣᠷᠣᠭᠤᠯᠤᠭᠰᠠᠨ ᠪᠥᠭᠡᠳ ᠱᠠᠩᠬᠠᠢ᠂ ᠶᠦᠨᠨᠠᠨ᠎ᠤ ᠤᠯᠠᠨ ᠠᠵᠤ ᠠᠬᠤᠢ᠌ᠯᠠᠯ᠎ᠲᠠᠢ ᠤᠷᠳᠤ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠬᠠᠷᠢᠯᠴᠠᠭ᠎ᠠ ᠪᠠᠢ᠌ᠭᠤᠯᠪᠠ᠃ ᠶᠦᠨᠨᠠᠨ᠎ᠤ ᠱᠤ᠌ ᠹᠧᠢ ᠼᠦᠢ ᠲᠠᠷᠢᠶᠠᠯᠠᠩ ᠣᠢ ᠰᠢᠭᠤᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠳ᠋ᠤᠸᠠᠨ ᠱᠤ᠌ ᠮᠠᠨ ᠰᠤᠷᠪᠤᠯᠵᠢᠯᠠᠭᠴᠢ᠎ᠳᠤ ᠬᠡᠯᠡᠬᠦ᠎ᠳᠡᠭᠡᠨ᠂ ᠵᠢᠱ᠌ᠢᠯᠲᠡ᠎ᠪᠠᠷ ᠡᠨᠡ ᠵᠢᠯ ᠶᠦᠨᠨᠠᠨ ᠠᠷᠤᠷ᠎ᠠ ᠲᠠᠷᠢᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠭᠠᠷᠤᠯᠲᠠ 30 ᠲᠦᠮᠡᠨ ᠺᠢᠯᠣᠭ᠌ᠷᠠᠮ ᠬᠦᠷᠴᠦ᠂ ᠦᠢ᠍ᠯᠡᠳᠬᠦᠨ᠎ᠤ ᠥᠷᠲᠡᠭ᠎ᠨᠢ 369 ᠲᠦᠮᠡᠨ ᠲᠥᠭᠥᠷᠢᠭ ᠬᠦᠷᠴᠦ᠂ ᠵᠢᠯ᠎ᠤᠨ ᠦᠢ᠍ᠯᠡᠳᠪᠦᠷᠢᠯᠡᠵᠦ ᠡᠳ᠋ᠰᠢᠭᠦᠯᠦᠭᠰᠡᠨ ᠭᠠᠷᠤᠯᠲᠠ 262.6 ᠲᠦᠮᠡᠨ ᠺᠢᠯᠣᠭ᠌ᠷᠠᠮ᠂ ᠦᠢ᠍ᠯᠡᠳᠬᠦᠨ᠎ᠤ ᠥᠷᠲᠡᠭ᠎ᠨᠢ 1361 ᠲᠦᠮᠡᠨ ᠲᠥᠭᠥᠷᠢᠭ᠎ᠲᠤ ᠬᠦᠷᠬᠦ ᠪᠣᠯᠣᠨ᠎ᠠ ᠭᠡᠵᠡᠢ᠃
ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠦᠴᠦᠨ ᠣᠯᠭᠣᠵᠤ᠂ ᠬᠣᠷᠰᠢᠶᠠᠵᠢᠯ᠎ᠨᠢ ᠪᠠᠶᠠᠵᠢᠯ᠎ᠤᠨ ᠵᠠᠮ ᠵᠶ᠋ᠠᠷ ᠵᠠᠮᠨᠠᠪᠠ
ᠳ᠋ᠠᠯᠢ ᠶᠡᠬᠡ ᠰᠤᠷᠭ᠋ᠠᠭᠤᠯᠢ᠎ᠠᠴᠠ ᠭᠠᠳᠠᠨ᠎ᠠ᠂ ᠪᠢᠨᠴᠤᠸᠠᠨᠤ ᠵᠢᠶᠠ ᠬᠣᠩ ᠴᠡᠴᠡᠷᠯᠢᠭ᠎ᠤᠨ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠪᠠᠰᠠ ᠳᠤᠮᠳᠠᠳᠤ ᠤᠯᠤᠰ᠎ᠤᠨ ᠡᠮ᠎ᠤᠨ ᠰᠠᠯᠠᠭ᠋ᠠᠨ᠎ᠤ ᠶᠡᠬᠡ ᠰᠤᠷᠭ᠋ᠠᠭᠤᠯᠢ᠂ ᠳ᠋ᠠᠯᠢ ᠵᠢᠨ ᠲᠠᠷᠢᠶᠠᠯᠠᠩ ᠣᠢ ᠰᠢᠭᠤᠢ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ᠎ᠲᠠᠢ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠎ᠠ ᠥᠷᠨᠢᠭᠦᠯᠵᠦ᠂ 3 ᠲᠤᠰᠬᠠᠢ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢ ᠫᠠᠢ᠌ᠰᠠ ᠡᠯᠭᠦᠨ ᠪᠠᠢ᠌ᠭᠤᠯᠵᠤ᠂ 4 ᠵᠦᠢ᠍ᠯ᠎ᠤᠨ ᠰᠢᠨ᠎ᠡ ᠪᠣᠯᠪᠠᠰᠤᠷᠠᠭᠤᠯᠬᠤ ᠮᠡᠷᠭᠡᠵᠢᠯ᠎ᠢ ᠪᠤᠢ ᠪᠣᠯᠭ᠋ᠠᠵᠤ᠂ 5 ᠵᠦᠢ᠍ᠯ᠎ᠤᠨ ᠡᠮ᠎ᠤᠨ ᠵᠦᠢ ᠵᠢᠨ ᠢᠳᠡᠪᠬᠢ ᠴᠢᠨᠠᠷ᠎ᠤᠨ ᠵᠠᠳᠠᠯᠤᠯᠲᠠ ᠵᠢ ᠪᠡᠶᠡᠯᠡᠭᠦᠯᠵᠡᠢ; ᠤᠭ ᠰᠢᠭᠦᠰᠦ ᠵᠢ ᠲᠤᠩᠭ᠋ᠠᠬᠤ ᠵᠠᠩᠭᠢᠯᠠᠭ᠎ᠠ ᠵᠢᠨ ᠮᠡᠷᠭᠡᠵᠢᠯ᠎ᠤᠨ ᠠᠰᠠᠭᠤᠳᠠᠯ᠎ᠢ ᠠᠮᠵᠢᠯᠲᠠ᠎ᠲᠠᠢ ᠰᠢᠢ᠍ᠳᠪᠦᠷᠢᠯᠡᠵᠦ᠂ ᠶᠦᠨᠨᠠᠨ ᠮᠤᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠳᠠᠪᠰᠢᠯᠲᠠ ᠵᠢᠨ ᠱᠠᠩᠨᠠᠯ᠎ᠤᠨ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠪᠡ᠃ ᠣᠲᠣ ᠪᠣᠯᠲᠠᠯ᠎ᠠ᠂ ᠲᠣᠰ ᠺᠣᠮᠫᠠᠨᠢ ᠨᠢᠭᠡᠨᠲᠡ 20 ᠭᠠᠷᠤᠢ ᠵᠦᠢ᠍ᠯ᠎ᠤᠨ ᠲᠤᠰᠬᠠᠢ ᠠᠰᠢᠭ ᠭᠤᠶᠤᠴᠢᠯᠠᠵᠤ᠂ 18 ᠵᠦᠢ᠍ᠯ᠎ᠤᠨ ᠲᠤᠰᠬᠠᠢ ᠠᠰᠢᠭ᠎ᠤᠨ ᠦᠨᠡᠮᠯᠡᠯ᠎ᠲᠠᠢ᠂ 7 ᠳᠠᠩᠰᠠᠯᠠᠭᠤᠯᠤᠭᠰᠠᠨ ᠲᠠᠸᠠᠷ᠎ᠤᠨ ᠲᠥᠷᠥᠯ ᠲᠡᠮᠳᠡᠭ᠎ᠲᠠᠢ ᠪᠣᠯᠵᠠᠢ᠃
ᠲᠣᠰ ᠺᠣᠮᠫᠠᠨᠢ ᠪᠠᠰᠠ 《ᠨᠠᠮ᠎ᠤᠨ ᠡᠭᠦᠷ + ᠺᠣᠮᠫᠠᠨᠢ + ᠰᠠᠭᠤᠷᠢᠨ ᠭᠠᠵᠠᠷ + ᠬᠣᠷᠰᠢᠶ᠎ᠠ + ᠲᠠᠷᠢᠶᠠᠴᠢᠨ ᠡᠷᠦᠬᠡ + ᠵᠠᠬ᠎ᠠ ᠳᠡᠯᠭᠡᠭᠦᠷ》᠎ᠤᠨ ᠬᠥᠭᠵᠢᠯᠲᠡ ᠵᠢᠨ ᠵᠠᠭᠪᠤᠷ᠎ᠢ ᠪᠠᠢ᠌ᠭᠤᠯᠵᠤ᠂ 《ᠵᠠᠬᠢᠶᠠᠯᠠᠭ᠎ᠠ ᠵᠢᠨ ᠲᠠᠷᠢᠮᠠᠯ᠎ᠤᠨ ᠰᠠᠭᠤᠷᠢ ᠵᠢ ᠪᠠᠲᠤᠯᠠᠵᠤ ᠪᠤᠴᠠᠭ᠋ᠠᠨ ᠬᠤᠳᠠᠯᠳᠤᠨ ᠠᠪᠬᠤ》 ᠬᠠᠮᠲᠤᠷᠠᠯᠴᠠᠭ᠋ᠠᠨ᠎ᠤ ᠵᠠᠭᠪᠤᠷ᠎ᠢ ᠭᠠᠷᠭ᠋ᠠᠵᠤ᠂ ᠡᠷᠬᠢᠨ ᠲᠣᠭᠣᠷᠢᠨ᠎ᠤ ᠲᠣᠰᠬᠤᠨ᠎ᠤ ᠠᠷᠠᠳ᠎ᠢ ᠳᠠᠶ᠋ᠢᠴᠢᠯᠠᠨ ᠨᠢᠭᠡᠳᠦᠯᠲᠡᠢ ᠱᠠᠭ᠋ᠠᠷᠳᠠᠯᠭ᠎ᠠ ᠪᠠ ᠪᠠᠷᠢᠮᠵᠢᠶ᠎ᠠ᠎ᠪᠠᠷ ᠦᠢ᠍ᠯᠡᠳᠪᠦᠷᠢᠯᠡᠯ᠎ᠳᠤ ᠣᠷᠣᠯᠴᠠᠭᠤᠯᠬᠤ ᠵᠢᠨ ᠬᠠᠮᠲᠤ ᠲᠣᠰᠬᠤᠨ᠎ᠤ ᠠᠷᠠᠳ᠎ᠢ ᠠᠵᠤ ᠠᠬᠤᠢ᠌ᠯᠠᠯ᠎ᠳᠤ ᠣᠷᠣᠭᠤᠯᠤᠨ ᠠᠵᠢᠯ ᠬᠢᠯᠭᠡᠵᠡᠢ᠃ 《ᠪᠢ ᠨᠢᠭᠡ ᠲᠣᠰᠬᠤᠨ᠎ᠤ ᠬᠠᠨᠢᠲᠠᠨᠲᠠᠢᠪᠠᠨ ᠵᠢᠯ ᠪᠦᠷᠢ ᠰᠠᠭᠤᠷᠢᠨ ᠭᠠᠵᠠᠷ᠎ᠲᠤ ᠢᠷᠠᠵᠤ ᠬᠥᠯᠥᠰᠦᠨ ᠠᠵᠢᠯ ᠬᠢᠵᠦ᠂ ᠵᠢᠮᠢᠰ᠎ᠤᠨ ᠮᠣᠳᠣᠨ᠎ᠤ ᠡᠳᠦᠷ ᠲᠤᠲᠤᠮ᠎ᠤᠨ ᠬᠠᠮᠢᠶᠠᠷᠤᠯᠲᠠ ᠵᠢ ᠬᠠᠷᠢᠭᠤᠴᠠᠵᠤ᠂ ᠰᠠᠷ᠎ᠠ ᠪᠦᠷᠢ 4000 ᠲᠥᠭᠥᠷᠢᠭ᠎ᠤᠨ ᠴᠠᠯᠢᠩ ᠣᠯᠵᠤ ᠪᠠᠢ᠌ᠨ᠎ᠠ᠂ ᠺᠣᠮᠫᠠᠨᠢ᠎ᠠᠴᠠ ᠪᠠᠰᠠ ᠢᠳᠡᠵᠦ ᠤᠤᠭᠤᠬᠤ ᠵᠢ ᠬᠠᠮᠢᠶᠠᠷᠤᠨ᠎ᠠ᠂ ᠠᠲᠠ ᠢᠷᠡᠭᠡᠳ ᠵᠢᠯ ᠪᠦᠷᠢ ᠬᠥᠯᠥᠰᠦᠨ ᠠᠵᠢᠯ᠎ᠤᠨ ᠣᠷᠣᠯᠭ᠎ᠠ 4 ᠲᠦᠮᠡ ᠭᠠᠷᠤᠢ ᠲᠥᠭᠥᠷᠢᠭ ᠣᠯᠵᠤ ᠪᠠᠢ᠌ᠨ᠎ᠠ》 ᠭᠡᠵᠦ ᠰᠢᠶᠠᠩ ᠶᠦᠨ ᠰᠢᠶᠠᠨ᠎ᠤ ᠱᠠ ᠯᠦᠩ ᠪᠠᠯᠭ᠋ᠠᠰᠤ᠎ᠠᠴᠠ ᠰᠠᠭᠤᠷᠢᠨ᠎ᠳᠤ ᠢᠷᠠᠵᠤ ᠠᠵᠢᠯ ᠬᠢᠵᠦ ᠪᠠᠢ᠌ᠭ᠎ᠠ ᠵᠠᠩ ᠵᠢᠨ ᠯᠢᠨ ᠠᠷᠤᠷ᠎ᠠ ᠵᠢᠨ ᠮᠣᠳᠣ ᠵᠢ ᠴᠠᠢ᠌ᠷᠠᠭᠤᠯᠬᠤ ᠵᠢᠨ ᠳᠠᠭ᠋ᠠᠤ ᠢᠩᠭᠢᠵᠦ ᠲᠠᠨᠢᠯᠴᠠᠭᠤᠯᠵᠠᠢ᠃ ᠣᠢ᠌ᠯᠠᠭ᠋ᠠᠭᠰᠠᠨ ᠵᠶ᠋ᠠᠷ᠂ ᠣᠲᠣ ᠪᠣᠯᠲᠠᠯ᠎ᠠ᠂ ᠲᠣᠰ ᠺᠣᠮᠫᠠᠨᠢ ᠨᠢᠭᠡᠨᠲᠡ ᠪᠢᠨᠴᠤᠸᠠᠨ᠂ ᠶᠠᠩ ᠪᠢ᠂ ᠯᠢ ᠵᠢᠶᠠᠩ ᠵᠡᠷᠭᠡ ᠭᠠᠵᠠᠷ᠎ᠤᠨ ᠬᠡᠰᠡᠭ ᠰᠢᠶᠠᠩ ᠪᠠᠯᠭ᠋ᠠᠰᠤᠨ᠎ᠤ 1500 ᠭᠠᠷᠤᠢ ᠡᠷᠦᠬᠡ᠂ 4000 ᠭᠠᠷᠤᠢ ᠬᠥᠮᠥᠨ᠎ᠢ ᠳᠠᠶ᠋ᠢᠴᠢᠯᠠᠨ ᠲᠡᠳᠬᠦᠵᠦ ᠵᠢᠱ᠌ᠢᠶ᠎ᠡ ᠦᠵᠡᠭᠦᠯᠦᠨ ᠲᠠᠷᠢᠵᠤ᠂ ᠶᠦᠨᠨᠠᠨ ᠠᠷᠤᠷ᠎ᠠ ᠵᠢᠨ ᠠᠵᠤ ᠦᠶ᠋ᠢᠯᠡᠰᠵᠢᠯᠲᠡ ᠵᠢᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠵᠠᠢ᠃
ᠣᠢ᠌ᠷ᠎ᠠ ᠵᠢᠨ ᠵᠢᠯ᠎ᠳᠤ᠂ ᠪᠢᠨᠴᠤᠸᠠᠨ ᠰᠢᠶᠠᠨ᠎ᠤ᠎ᠬᠢᠨ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ 《ᠠᠭᠤᠯᠠ ᠵᠢᠨ ᠦᠰᠦᠭᠲᠦ ᠨᠣᠮ》᠎ᠢ ᠰᠠᠶ᠋ᠢᠲᠤᠷ ᠤᠩᠰᠢᠵᠤ᠂ 《ᠣᠢ ᠰᠢᠭᠤᠢ ᠡᠪᠡᠰᠦ ᠪᠡᠯᠴᠢᠭᠡᠷ᠎ᠤᠨ ᠰᠢ》 ᠵᠢ ᠠᠮᠢᠳᠤᠯᠢᠭ ᠵᠶ᠋ᠠᠷ ᠳᠠᠭᠤᠯᠠᠵᠤ᠂ ᠡᠭᠦᠯᠳᠡᠷ᠎ᠢ ᠰᠠᠢ᠌ᠵᠢᠷᠠᠭᠤᠯᠬᠤ᠂ ᠲᠠᠷᠢᠮᠠᠯ᠎ᠤᠨ ᠮᠡᠷᠭᠡᠵᠢᠯ᠎ᠢ ᠳᠡᠭᠡᠭᠰᠢᠯᠡᠭᠦᠯᠬᠦ᠂ ᠠᠵᠤ ᠦᠢ᠍ᠯᠡᠰ᠎ᠤᠨ ᠬᠡᠯᠬᠢᠶ᠎ᠡ ᠵᠢ ᠪᠠᠢ᠌ᠭᠤᠯᠬᠤ᠂ ᠤᠯᠠᠨ ᠠᠷᠭ᠎ᠠ ᠵᠠᠮ᠎ᠤᠨ ᠤᠬᠠᠭᠤᠯᠭ᠎ᠠ ᠵᠢ ᠴᠢᠩᠭ᠋ᠠᠳᠬᠠᠬᠤ᠂ ᠵᠠᠬ᠎ᠠ ᠳᠡᠯᠭᠡᠭᠦᠷ᠎ᠢ ᠢᠳᠡᠪᠬᠢᠲᠡᠢ᠎ᠪᠠᠷ ᠥᠷᠭᠡᠳᠬᠡᠬᠦ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ᠂ ᠣᠢ ᠰᠢᠭᠤᠢ ᠵᠢᠨ ᠵᠢᠮᠢᠰ᠂ ᠣᠢ ᠰᠢᠭᠤᠢ ᠵᠢᠨ ᠡᠮ᠂ ᠣᠢ ᠰᠢᠭᠤᠢ ᠵᠢᠨ ᠢᠳᠡᠰᠢᠨ ᠨᠣᠭᠣᠭ᠎ᠠ᠂ ᠣᠢ ᠰᠢᠭᠤᠢ ᠵᠢᠨ ᠪᠠᠯ ᠵᠡᠷᠭᠡ ᠬᠥᠭᠵᠢᠯᠲᠡ ᠵᠢᠨ ᠵᠠᠭᠪᠤᠷ᠎ᠢ ᠬᠦᠴᠦᠯᠡᠨ ᠰᠦᠪᠡᠭᠴᠢᠯᠡᠵᠦ᠂ ᠣᠢ ᠰᠢᠭᠤᠢ ᠡᠪᠡᠰᠦᠨ᠎ᠤ ᠠᠵᠤ ᠦᠢ᠍ᠯᠡᠰ᠎ᠤᠨ ᠡᠵᠡᠩᠨᠡᠯᠲᠡ ᠵᠢᠨ ᠭᠣᠣᠯ ᠴᠣᠭᠴᠠ ᠵᠢ ᠪᠣᠢ᠌ᠵᠢᠭᠤᠯᠬᠤ ᠦᠷ᠎ᠡ ᠪᠦᠲᠦᠮᠵᠢ ᠢᠯᠡᠳᠲᠡ ᠪᠣᠯᠵᠤ᠂ ᠣᠢ ᠰᠢᠭᠤᠢ ᠡᠪᠡᠰᠦᠨ᠎ᠤ ᠪᠦᠲᠦᠭᠡᠭᠳᠡᠬᠦᠨ᠎ᠤ ᠨᠡᠷᠡᠲᠦ ᠲᠥᠷᠥᠯ ᠲᠡᠮᠳᠡᠭ᠎ᠢ ᠪᠤᠢ ᠪᠣᠯᠭ᠋ᠠᠬᠤ ᠦᠷ᠎ᠡ ᠪᠦᠲᠦᠮᠵᠢ ᠢᠯᠡᠳᠲᠡ ᠪᠣᠯᠵᠤ᠂ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠪᠠ ᠲᠠᠯᠠᠪᠤᠷ ᠭᠠᠵᠠᠷ᠎ᠤᠨ ᠭᠡᠷᠡᠴᠢᠯᠡᠯ ᠲᠠᠰᠤᠷᠠᠯᠲᠠ ᠦᠭᠡᠢ ᠥᠷᠭᠡᠵᠢᠨ᠂ ᠣᠢ ᠵᠢᠨ ᠠᠵᠤ ᠠᠬᠤᠢ ᠰᠢᠨ᠎ᠡ ᠠᠯᠬᠤᠮ᠎ᠳᠤ ᠣᠷᠣᠪᠠ᠃ ᠪᠦᠷᠢᠳᠬᠡᠯ᠎ᠢ ᠦᠨᠳᠦᠰᠦᠯᠡᠪᠡᠯ᠂ 11 ᠰᠠᠷ᠎ᠠ ᠵᠢᠨ ᠰᠡᠭᠦᠯᠴᠢ ᠪᠣᠯᠲᠠᠯ᠎ᠠ᠂ ᠪᠢᠨᠴᠤᠸᠠᠨ ᠰᠢᠶᠠᠨ᠎ᠤ ᠤᠢ ᠰᠢᠭᠤᠢ ᠡᠪᠡᠰᠦᠨ᠎ᠤ ᠠᠵᠤ ᠦᠢ᠍ᠯᠡᠰ᠎ᠤᠨ ᠦᠢ᠍ᠯᠡᠳᠬᠦᠨ᠎ᠤ ᠶᠡᠷᠦᠩᠬᠡᠢ ᠥᠷᠲᠡᠭ 33.85 ᠳ᠋ᠦᠩᠰᠢᠭᠤᠷ ᠲᠥᠭᠥᠷᠢᠭ᠎ᠲᠤ ᠬᠦᠷᠴᠦ᠂ 2023 ᠣᠨ᠎ᠤ 28.21 ᠳ᠋ᠦᠩᠰᠢᠭᠤᠷ ᠲᠥᠭᠥᠷᠢᠭ᠎ᠠᠴᠠ 5.64 ᠳ᠋ᠦᠩᠰᠢᠭᠤᠷ ᠲᠥᠭᠥᠷᠢᠭ ᠨᠡᠮᠡᠭᠳᠡᠵᠦ᠂ ᠪᠦᠬᠦ ᠰᠢᠶᠠᠨ᠎ᠤ 5.4 ᠲᠦᠮᠡᠨ ᠲᠠᠷᠢᠶᠠᠴᠢᠨ᠎ᠢ ᠲᠠᠢ᠍ᠢ᠍ᠴᠢᠯᠠᠨ ᠠᠵᠢᠯ ᠣᠯᠭᠣᠵᠤ ᠣᠷᠣᠯᠭ᠎ᠠ ᠵᠢ᠎ᠨᠢ ᠨᠡᠮᠡᠭᠳᠡᠭᠦᠯᠵᠡᠢ᠃