ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠠᠨᠾᠦ᠋ᠢ ᠮᠤᠵᠢ ᠵᠢᠨ ᠹᠦ᠋ ᠶᠠᠩ ᠬᠣᠲᠠ ᠵᠢᠨ ᠶᠢᠩ ᠵᠧᠦ ᠲᠣᠭᠣᠷᠢᠭ᠎ᠤᠨ 《ᠳᠥᠷᠪᠡᠨ ᠠᠩᠬᠠᠷᠤᠯ᠎ᠤᠨ ᠴᠡᠭ》᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
ᠨᠡᠶ᠋ᠢᠲᠡᠯᠡᠭᠰᠡᠨ ᠴᠠᠭ᠄ 2025-01-24

      ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠬᠢᠨᠠᠨ ᠵᠥᠪᠰᠢᠶᠡᠷᠡᠯ᠎ᠢ ᠰᠢᠯᠢᠳᠡᠭᠵᠢᠭᠦᠯᠬᠦ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠴᠢᠯᠡᠭᠡᠨ᠎ᠤ ᠬᠦᠴᠦᠯᠡᠴᠡ᠎ᠪᠠᠨ ᠴᠢᠩᠭ᠋ᠠᠷᠠᠭᠤᠯᠪᠠ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠴᠢᠯᠠᠯᠲᠠ ᠵᠡᠷᠭᠡ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠨᠢᠭᠡᠴᠢ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠨᠢᠭᠡᠴᠢ᠎ᠯᠦᠭᠡ ᠬᠥᠨᠳᠡᠯᠡᠨ ᠪᠠ ᠭᠤᠯᠳᠤ᠎ᠪᠠᠷ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠲᠤᠰᠬᠠᠢ ᠠᠩᠭᠢ᠎ᠪᠠᠷ ᠠᠬᠢᠭᠤᠯᠬᠤ ᠵᠢ ᠪᠠᠷᠢᠮᠲᠠᠯᠠᠨ᠂ ᠨᠡᠪᠲᠡᠷᠡᠯᠴᠡᠭᠡ ᠪᠠ ᠬᠠᠷᠢᠯᠴᠠᠭ᠎ᠠ᠎ᠪᠠᠨ ᠴᠢᠩᠭ᠋ᠠᠳᠬᠠᠵᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠲᠣᠭᠣᠷᠢᠨ᠎ᠳᠤ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠦᠢ᠍ᠯᠡᠴᠢᠯᠡᠭᠡᠨ᠎ᠤ ᠨᠠᠷᠢᠨ ᠬᠠᠭᠤᠳᠠᠰᠤ ᠪᠠ ᠬᠠᠮᠢᠶᠠᠷᠤᠯᠲᠠ ᠵᠢᠨ ᠡᠬᠡ ᠲᠠᠩᠰᠠ ᠵᠢ ᠵᠢᠭᠰᠠᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠪᠰᠤᠷᠤᠨ ᠲᠡᠳᠬᠦᠵᠦ ᠵᠢᠯᠣᠭᠣᠳᠤᠨ᠂ ᠤᠷᠢᠳᠴᠢᠯᠠᠨ ᠦᠢ᠍ᠯᠡᠴᠢᠯᠡᠵᠦ᠂ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠭᠠᠷᠳᠠᠮ᠎ᠢ ᠲᠦᠷᠭᠡᠳᠬᠡᠨ ᠭᠦᠢ᠍ᠴᠡᠳᠬᠡᠬᠦ ᠵᠢ ᠰᠢᠮᠳᠠᠭᠤᠯᠵᠠᠢ᠃ ᠭᠣᠣᠯᠳᠠᠯᠭ᠎ᠠ᠎ᠲᠠᠢ ᠲᠥᠷᠥᠯ ᠵᠦᠢ᠍ᠯ᠎ᠳᠤ 《ᠰᠠᠭ᠋ᠠᠳ ᠦᠭᠡᠢ ᠨᠡᠪᠲᠡᠷᠡᠬᠦ ᠵᠠᠮ》᠎ᠢ ᠨᠡᠭᠡᠭᠡᠵᠦ᠂ ᠲᠥᠷᠥᠯ ᠵᠦᠢ᠍ᠯ᠎ᠤᠨ ᠮᠡᠳᠡᠭᠦᠯᠦᠯᠲᠡ ᠵᠢᠨ ᠪᠢᠴᠢᠭ᠂ ᠮᠡᠳᠡᠭᠦᠯᠦᠯᠲᠡ ᠵᠢᠨ ᠬᠦᠰᠦᠨᠦᠭ ᠪᠣᠯᠣᠨ ᠪᠦᠷᠢᠳᠬᠡᠨ ᠳᠠᠩᠰᠠᠯᠠᠬᠤ ᠲᠥᠷᠥᠯ ᠵᠦᠢ᠍ᠯ᠎ᠢ ᠲᠥᠷᠥᠯ ᠬᠤᠪᠢᠶᠠᠨ ᠲᠣᠳᠣᠷᠬᠠᠢ᠌ᠯᠠᠵᠤ᠂ ᠡᠬᠡ ᠲᠠᠩᠰᠠ ᠪᠠᠢ᠌ᠭᠤᠯᠵᠤ᠂ ᠦᠢ᠍ᠯᠡᠴᠢᠯᠡᠭᠡᠨ᠎ᠤ ᠠᠵᠤ ᠠᠬᠤᠢ᠌ᠯᠠᠯ᠎ᠤᠨ ᠬᠣᠯᠪᠣᠭ᠋ᠠᠴᠢᠨ᠎ᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠤᠷᠢᠳᠴᠢᠯᠠᠨ ᠣᠷᠣᠯᠴᠠᠵᠤ᠂ ᠲᠥᠷᠥᠯ ᠬᠤᠪᠢᠶᠠᠨ ᠮᠥᠷᠳᠡᠨ ᠵᠢᠯᠤᠭᠣᠳᠴᠤ᠂ ᠨᠠᠷᠢᠯᠢᠭ ᠣᠨᠣᠴᠠᠲᠠᠢ᠎ᠪᠠᠷ 《ᠨᠢᠭᠡ ᠵᠢ ᠨᠢᠭᠡ᠎ᠳᠤ ᠬᠠᠷᠠᠭ᠋ᠠᠯᠵᠠᠭᠤᠯᠬᠤ》 ᠦᠢ᠍ᠯᠡᠴᠢᠯᠡᠭᠡ ᠬᠠᠩᠭ᠋ᠠᠵᠤ᠂ ᠰᠠᠭ᠋ᠠᠳ ᠦᠭᠡᠢ ᠨᠡᠪᠲᠡᠷᠡᠬᠦ ᠵᠠᠮ᠎ᠢ ᠨᠡᠭᠡᠭᠡᠨ᠂ ᠨᠡᠢ᠌ᠯᠡᠭᠦᠯᠦᠨ ᠬᠣᠯᠪᠣᠵᠤ ᠬᠤᠷᠳᠤᠴᠠ ᠵᠢ ᠨᠡᠮᠡᠭᠳᠡᠭᠦᠯᠬᠦ ᠵᠢ ᠬᠡᠷᠡᠭᠵᠢᠭᠦᠯᠦᠨ᠂ ᠲᠥᠷᠥᠯ ᠵᠦᠢ᠍ᠯ᠎ᠢ ᠣᠬᠣᠷ ᠬᠤᠭᠤᠴᠠᠭ᠋ᠠᠨ᠎ᠤ ᠳᠣᠲᠣᠷ᠎ᠠ ᠬᠢᠨᠠᠨ ᠵᠥᠪᠰᠢᠶᠡᠷᠡᠬᠦ ᠵᠢ ᠪᠡᠶᠡᠯᠡᠭᠦᠯᠵᠦ᠂ ᠳᠠᠷᠤᠢ᠌ᠬᠠᠨ ᠢᠷᠠᠵᠤ ᠳᠠᠷᠤᠢ᠌ᠬᠠᠨ ᠬᠢᠨᠠᠬᠤ ᠵᠢ ᠪᠡᠶᠡᠯᠡᠭᠦᠯᠵᠦ᠂ ᠡᠷᠲᠡᠬᠡᠨ ᠬᠠᠤᠯᠢ ᠶᠣᠰᠣᠭ᠋ᠠᠷ ᠠᠵᠢᠯ ᠡᠬᠢᠯᠡᠭᠦᠯᠦᠨ ᠪᠦᠲᠦᠭᠡᠨ ᠪᠠᠢ᠌ᠭᠤᠯᠬᠤ ᠵᠢ ᠪᠡᠶᠡᠯᠡᠭᠦᠯᠬᠦ᠎ᠳᠤ ᠴᠢᠬᠤᠯᠠ ᠪᠦᠬᠦᠢ ᠨᠥᠬᠥᠴᠡᠯ᠎ᠢ ᠡᠭᠦᠳᠴᠦ ᠥᠭᠭᠦᠭᠰᠡᠨ ᠪᠠᠢ᠌ᠨ᠎ᠠ᠃ 2024 ᠣᠨ᠎ᠠᠴᠠ ᠣᠲᠣ ᠪᠣᠯᠲᠠᠯ᠎ᠠ᠂ ᠨᠠᠢ᠌ᠳᠠ 10 ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠮᠡᠳᠡᠭᠦᠯᠦᠯᠲᠡ ᠵᠢ ᠬᠢᠨᠠᠨ ᠵᠥᠪᠰᠢᠶᠡᠷᠡᠪᠡ᠃
      ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠪᠰᠤᠷᠤᠨ ᠲᠡᠳᠬᠦᠬᠦ ᠣᠨᠣᠪᠴᠢ ᠵᠢᠨ ᠬᠡᠮᠵᠢᠶ᠎ᠡ ᠵᠢ ᠳᠡᠭᠡᠭᠰᠢᠯᠡᠭᠦᠯᠪᠡ᠃ 《ᠭᠤᠷᠪᠠ ᠵᠢ ᠬᠦᠷᠭᠡᠵᠦ ᠭᠤᠷᠪᠠ ᠵᠢ ᠰᠢᠢ᠍ᠳᠪᠦᠷᠢᠯᠡᠵᠦ ᠭᠤᠷᠪᠠ ᠵᠢ ᠰᠢᠯᠢᠳᠡᠭᠵᠢᠭᠦᠯᠬᠦ》 ᠠᠵᠢᠯᠯᠠᠭ᠎ᠠ᠎ᠲᠠᠢ ᠤᠶᠠᠯᠳᠤᠭᠤᠯᠤᠨ᠂ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠪᠠ ᠬᠠᠤᠯᠢ ᠬᠡᠷᠡᠭᠵᠢᠭᠦᠯᠬᠦ ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠬᠦᠴᠦᠨ᠎ᠢ ᠵᠣᠬᠢᠶᠠᠨ ᠪᠠᠢ᠌ᠭᠤᠯᠵᠤ᠂ ᠡᠳᠦᠷ ᠲᠤᠲᠤᠮ᠎ᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ ᠵᠢᠴᠢ ᠴᠤᠭᠯᠠᠭᠤᠯᠵᠤ ᠣᠯᠣᠭᠰᠠᠨ ᠬᠡᠷᠡᠭᠴᠡᠭᠡ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠵᠤ ᠠᠬᠤᠢ᠌ᠯᠠᠯ᠎ᠳᠤ ᠬᠦᠷᠴᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠥᠷᠨᠢᠭᠦᠯᠵᠦ᠂ ᠣᠳᠣᠬᠠᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠪᠠᠶ᠋ᠢᠳᠠᠯ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠯᠡᠳᠬᠡᠮᠵᠢ ᠵᠢᠨ ᠠᠵᠢᠯᠯᠠᠭ᠋ᠠᠨ᠎ᠳᠤ ᠠᠩᠬᠠᠷᠬᠤ ᠴᠢᠬᠤᠯᠠᠲᠠᠢ ᠵᠦᠢ᠍ᠯᠡᠰ ᠵᠢᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠪᠡᠯ ᠡᠭᠦᠷᠭᠡᠯᠡᠵᠦ ᠮᠡᠳᠡᠬᠦ ᠬᠠᠤᠯᠢ ᠴᠠᠭ᠋ᠠᠵᠠ ᠵᠢᠨ ᠦᠷ᠎ᠡ ᠳ᠋ᠦᠩ᠂ ᠠᠵᠤ ᠠᠬᠤᠢ ᠵᠢᠨ ᠦᠷ᠎ᠡ ᠳ᠋ᠦᠩ ᠵᠡᠷᠭᠡ ᠵᠢ ᠭᠣᠣᠯᠳᠠᠯᠭ᠎ᠠ᠎ᠲᠠᠢ ᠲᠠᠢ᠌ᠯᠪᠤᠷᠢᠯᠠᠵᠠᠢ᠃ 2024 ᠣᠨ᠎ᠠᠴᠠ ᠨᠠᠭ᠋ᠠᠰᠢ ᠬᠠᠤᠯᠢ ᠴᠠᠭ᠋ᠠᠵᠠ ᠵᠢ ᠬᠦᠷᠭᠡᠵᠦ ᠠᠵᠤ ᠠᠬᠤᠢ᠌ᠯᠠᠯ᠎ᠳᠤ ᠣᠷᠣᠭᠤᠯᠬᠤ ᠠᠵᠢᠯᠯᠠᠭ᠎ᠠ ᠵᠢ 30 ᠭᠠᠷᠤᠢ (ᠤᠳᠠᠭ᠎ᠠ) ᠥᠷᠨᠢᠭᠦᠯᠵᠦ᠂ 51 ᠠᠵᠤ ᠠᠬᠤᠢ᠌ᠯᠠᠯ᠎ᠢ ᠰᠤᠷᠪᠤᠯᠵᠢᠯᠠᠵᠤ ᠬᠠᠪᠰᠤᠷᠤᠨ ᠲᠡᠳᠬᠦᠵᠦ᠂ 10 ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠵᠦ᠂ ᠠᠵᠤ ᠠᠬᠤᠢ᠌ᠯᠠᠯ᠎ᠤᠨ ᠪᠣᠬᠢᠷᠲᠤᠯ᠎ᠢ ᠵᠠᠰᠠᠬᠤ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ᠂ 《ᠭᠤᠷᠪᠠ ᠵᠢ ᠬᠦᠷᠭᠡᠵᠦ ᠭᠤᠷᠪᠠ ᠵᠢ ᠰᠢᠢ᠍ᠳᠪᠦᠷᠢᠯᠡᠵᠦ ᠭᠤᠷᠪᠠ ᠵᠢ ᠰᠢᠯᠢᠳᠡᠭᠵᠢᠭᠦᠯᠬᠦ》 ᠠᠵᠢᠯᠯᠠᠭ᠎ᠠ ᠪᠣᠯᠣᠨ ᠬᠠᠤᠯᠢ ᠴᠠᠭ᠋ᠠᠵᠠ ᠵᠢ ᠬᠦᠷᠭᠡᠵᠦ ᠠᠵᠤ ᠠᠬᠤᠢ᠌ᠯᠠᠯ᠎ᠳᠤ ᠣᠷᠣᠭᠤᠯᠬᠤ ᠠᠵᠢᠯᠯᠠᠭ᠎ᠠ᠎ᠪᠠᠷ ᠳᠠᠮᠵᠢᠭᠤᠯᠵᠤ᠂ ᠵᠠᠰᠠᠭ ᠠᠵᠤ ᠠᠬᠤᠢ᠌ᠯᠠᠯ᠎ᠤᠨ ᠨᠡᠪᠲᠡᠷᠡᠯᠴᠡᠬᠦ ᠬᠥᠭᠥᠷᠭᠡ ᠵᠢ ᠴᠢᠨᠠᠭᠰᠢᠳᠠ ᠪᠠᠢ᠌ᠭᠤᠯᠵᠤ᠂ ᠠᠵᠤ ᠠᠬᠤᠢ᠌ᠯᠠᠯ᠎ᠤᠨ ᠬᠠᠤᠯᠢ ᠶᠣᠰᠣᠨ᠎ᠤ ᠦᠢ᠍ᠯᠡᠳᠪᠦᠷᠢᠯᠡᠯ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢᠨ ᠤᠬᠠᠮᠰᠠᠷ᠎ᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠢᠶᠠᠷᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠪᠡ᠃
      ᠢᠲᠡᠭᠡᠮᠵᠢ ᠵᠢᠨ ᠬᠢᠨᠠᠯᠲᠠ ᠬᠠᠮᠢᠶᠠᠷᠤᠯᠲᠠ ᠵᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠵᠢᠨ ᠥᠷᠭᠡᠴᠡ ᠵᠢ ᠥᠷᠭᠡᠳᠬᠡᠪᠡ᠃ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠪᠠᠢ᠌ᠭᠤᠯᠵᠤ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠡᠯᠪᠡᠷᠢ᠎ᠪᠠᠨ ᠬᠤᠪᠢᠷᠠᠭᠤᠯᠬᠤ ᠵᠢ ᠬᠥᠲᠥᠯᠥᠨ ᠵᠢᠯᠤᠭᠣᠳᠴᠤ᠂ ᠠᠵᠤ ᠠᠬᠤᠢ᠌ᠯᠠᠯ᠎ᠤᠨ ᠪᠣᠬᠢᠷᠳᠤᠯ ᠦᠭᠡᠢ ᠬᠥᠭᠵᠢᠯᠲᠡ ᠵᠢ ᠠᠬᠢᠭᠤᠯᠵᠠᠢ᠃ ᠶᠢᠩ ᠵᠧᠦ ᠲᠣᠭᠣᠷᠢᠭ᠎ᠤᠨ 13 ᠮᠤᠵᠢ ᠵᠢᠨ ᠲᠡᠰ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ᠎ᠳᠤ ᠣᠷᠣᠯᠴᠠᠭᠰᠠᠨ ᠠᠵᠤ ᠠᠬᠤᠢ᠌ᠯᠠᠯ᠎ᠤᠨ ᠦᠨᠡᠯᠡᠯᠲᠡ ᠵᠢᠨ ᠦᠷ᠎ᠡ ᠳ᠋ᠦᠩ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠨᠡᠨᠴᠢ ᠢᠲᠡᠭᠡᠮᠵᠢ ᠵᠢᠨ ᠠᠵᠤ ᠠᠬᠤᠢ᠌ᠯᠠᠯ 7᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠢ᠍ᠢ᠍ᠨ ᠠᠵᠤ ᠠᠬᠤᠢ᠌ᠯᠠᠯ 6 ᠪᠤᠢ; ᠬᠣᠲᠠ ᠵᠢᠨ ᠲᠠᠰ᠎ᠤᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ 2 ᠠᠵᠤ ᠠᠬᠤᠢ᠌ᠯᠠᠯ᠎ᠨᠢ ᠴᠥᠮ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠨᠡᠨᠴᠢ ᠢᠲᠡᠭᠡᠮᠵᠢᠲᠡᠢ ᠠᠵᠤ ᠠᠬᠤᠢ᠌ᠯᠠᠯ ᠵᠶ᠋ᠠᠷ ᠦᠨᠡᠯᠡᠭᠳᠡᠪᠡ᠃ ᠠᠵᠤ ᠠᠬᠤᠢ᠌ᠯᠠᠯ᠎ᠤᠨ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠢ ᠲᠥᠷᠥᠯ ᠬᠤᠪᠢᠶᠠᠨ ᠪᠠᠢ᠌ᠭᠤᠯᠵᠤ᠂ ᠢᠲᠡᠭᠡᠮᠵᠢ ᠵᠢᠨ ᠲᠠᠰ᠎ᠨᠢ 《ᠦᠨᠡᠨᠴᠢ ᠢᠲᠡᠭᠡᠮᠵᠢᠲᠡᠢ》 ᠪᠠ 《ᠰᠠᠶ᠋ᠢᠨ》 ᠠᠵᠤ ᠠᠬᠤᠢ᠌ᠯᠠᠯ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠰᠬᠠᠢ ᠵᠦᠢ᠍ᠯ᠎ᠤᠨ ᠪᠡᠯᠡ ᠮᠥᠩᠭᠥ ᠪᠤᠶᠤ ᠪᠤᠰᠤᠳ ᠨᠥᠬᠥᠪᠦᠷᠢ ᠪᠡᠯᠡ ᠮᠥᠩᠭᠥ ᠭᠤᠶᠤᠴᠢᠯᠠᠬᠤ᠂ ᠠᠷᠢᠭᠤᠨ ᠴᠡᠪᠡᠷ ᠦᠢ᠍ᠯᠡᠳᠪᠦᠷᠢᠯᠡᠯ᠎ᠤᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠢ ᠥᠷᠨᠢᠭᠦᠯᠬᠦ ᠪᠠ ᠰᠢᠯᠢᠳᠡᠭ᠎ᠢ ᠡᠭᠦᠳᠴᠦ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠎ᠳᠤ ᠳᠡᠮᠵᠢᠯᠭᠡ ᠦᠵᠡᠭᠦᠯᠪᠡ᠃ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠬᠦ᠎ᠳᠡᠭᠡᠨ᠂ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠪᠠᠶ᠋ᠢᠳᠠᠯ᠎ᠢ ᠦᠨᠳᠦᠰᠦᠯᠡᠨ᠂ ᠲᠠᠰᠢᠷᠠᠮ ᠳᠠᠭ᠋ᠠᠤ ᠰᠤᠭᠤᠴᠢᠨ ᠪᠠᠢ᠌ᠴᠠᠭ᠋ᠠᠬᠤ ᠢᠯᠡᠳᠬᠡᠮᠵᠢ᠎ᠳᠤ ᠲᠣᠬᠢᠷᠠᠭᠤᠯᠤᠯᠲᠠ ᠬᠢᠵᠦ᠂ ᠰᠤᠭᠤᠴᠢᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠳᠤ 《ᠨᠢᠭᠡ ᠵᠢ ᠨᠢᠭᠡ᠎ᠳᠤ ᠬᠠᠷᠠᠭ᠋ᠠᠯᠵᠠᠭᠤᠯᠤᠭᠰᠠᠨ》 ᠣᠨᠣᠰᠢᠯᠠᠯᠲᠠ ᠵᠢᠨ ᠵᠠᠳᠠᠯᠤᠯᠲᠠ ᠬᠢᠵᠦ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢ ᠨᠠᠷᠢᠯᠢᠭ ᠣᠨᠣᠴᠠᠲᠠᠢ᠎ᠪᠠᠷ ᠲᠣᠭᠲᠠᠭ᠋ᠠᠵᠠᠢ᠃
      ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠦᠯᠲᠡ ᠵᠢᠨ ᠬᠠᠯᠠᠭᠤᠨ ᠳᠤᠯᠠᠭ᠋ᠠᠨ᠎ᠢ ᠢᠯᠡᠷᠡᠭᠦᠯᠪᠡ᠃ 《ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠣᠭᠲᠠᠭ᠋ᠠᠯ᠎ᠠᠴᠠ ᠬᠥᠩᠭᠡᠪᠲᠦᠷ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠣᠷᠭ᠋ᠠᠬᠤ᠎ᠠᠴᠠ ᠬᠡᠯᠲᠦᠷᠢᠭᠦᠯᠬᠦ ᠨᠠᠷᠢᠨ ᠲᠠᠩᠰᠠ》 ᠵᠢ ᠴᠢᠩᠭ᠎ᠠ ᠨᠠᠢ᠌ᠳᠠᠪᠤᠷᠢᠵᠢᠭᠤᠯᠵᠤ᠂ ᠪᠠᠭᠲᠠᠭ᠋ᠠᠮᠵᠢᠲᠠᠢ ᠪᠣᠯᠭᠣᠮᠵᠢᠲᠠᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠦᠨ᠂ ᠬᠥᠩᠭᠡᠪᠲᠦᠷ ᠬᠠᠤᠯᠢ᠎ᠠᠴᠠ ᠵᠥᠷᠢᠴᠡᠭᠰᠡᠨ ᠬᠣᠣᠷ ᠬᠥᠨᠥᠭᠡᠯ᠎ᠤᠨ ᠦᠷ᠎ᠡ ᠳ᠋ᠦᠩ ᠭᠠᠷᠭ᠋ᠠᠭᠰᠠᠨ ᠦᠭᠡᠢ 4 ᠬᠡᠷᠡᠭ᠎ᠢ ᠰᠢᠢ᠍ᠳᠬᠡᠯ ᠲᠣᠷᠭ᠋ᠠᠭᠤᠯᠢ᠎ᠠᠴᠠ ᠬᠡᠯᠲᠦᠷᠢᠭᠦᠯᠵᠡᠢ᠃ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠠᠷᠭ᠎ᠠ ᠮᠠᠶᠢᠭ᠎ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠵᠥᠪ ᠲᠠᠯ᠎ᠠ ᠵᠢᠨ ᠨᠠᠷᠢᠨ ᠲᠠᠩᠰᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ᠎ᠤᠨ ᠠᠯᠤᠰ᠎ᠠᠴᠠ ᠬᠢᠨᠠᠨ ᠬᠠᠮᠢᠶᠠᠷᠬᠤ ᠪᠠ 《ᠬᠣᠶᠠᠷ᠎ᠢ ᠲᠠᠰᠢᠷᠠᠮ ᠳᠠᠭ᠋ᠠᠤ᠂ ᠨᠢᠭᠡ ᠵᠢ ᠢᠯᠡ ᠪᠣᠯᠭ᠋ᠠᠬᠤ》 ᠰᠤᠭᠤᠴᠢᠨ ᠪᠠᠢ᠌ᠴᠠᠭ᠋ᠠᠯᠲᠠ᠎ᠪᠠᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠵᠤᠷᠰᠢᠯ᠎ᠤᠨ ᠪᠠᠢ᠌ᠴᠠᠭ᠋ᠠᠯᠲᠠ᠂ ᠭᠡᠨᠡᠳᠲᠡ ᠵᠢᠨ ᠪᠠᠢ᠌ᠴᠠᠭ᠋ᠠᠯᠲᠠ᠂ ᠰᠥᠨᠢ ᠵᠢᠨ ᠪᠠᠢ᠌ᠴᠠᠭ᠋ᠠᠯᠲᠠ ᠵᠡᠷᠭᠡ ᠬᠡᠯᠪᠡᠷᠢ ᠵᠢ ᠶᠡᠷᠦᠩᠬᠡᠢ᠌ᠯᠡᠨ ᠬᠡᠷᠡᠭᠯᠡᠵᠦ᠂ ᠡᠯ᠎ᠡ ᠲᠥᠷᠥᠯ᠎ᠤᠨ ᠣᠷᠴᠢᠨ ᠲᠣᠭᠣᠷᠢᠨ᠎ᠤ ᠠᠰᠠᠭᠤᠳᠠᠯ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠢ ᠥᠷᠨᠢᠭᠦᠯᠵᠡᠢ᠃ 2024 ᠣᠨ᠎ᠠᠴᠠ ᠨᠠᠭ᠋ᠠᠰᠢ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ 10 ᠬᠡᠷᠡᠭ᠎ᠢ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠡᠭᠦᠨ᠎ᠤ ᠳᠣᠲᠣᠷ᠎ᠠ ᠵᠠᠰᠠᠭ ᠵᠠᠬᠢᠷᠭ᠋ᠠᠨ᠎ᠤ ᠰᠢᠢ᠍ᠳᠬᠡᠯ ᠥᠭᠭᠦᠭᠰᠡᠨ 7 ᠬᠡᠷᠡᠭ ᠪᠠᠢ᠌ᠵᠤ᠂ 19.46 ᠲᠦᠮᠡᠨ ᠲᠥᠭᠥᠷᠢᠭ ᠵᠶ᠋ᠡᠷ ᠲᠣᠷᠭ᠋ᠠᠵᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠮᠢᠶᠠᠨᠶᠠᠩ ᠬᠤᠳᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠤᠯᠤᠰ᠎ᠤᠨ ᠪᠠᠷᠢᠮᠵᠢᠶ᠎ᠠ᠎ᠳᠤ ᠬᠦᠷᠦᠭᠰᠡᠨ ᠬᠣᠲᠠ ᠵᠢᠨ ᠡᠩᠨᠡᠭᠡᠨ᠎ᠳᠤ ᠲᠠᠬᠢᠨ ᠪᠤᠴᠠᠨ ᠢᠷᠡᠪᠡ
ᠵᠧᠵᠢᠶᠠᠩ᠎ᠤᠨ 11 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠪᠠ! ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠲᠡᠯᠡᠢ ᠵᠢᠨ ᠪᠤᠯᠤᠩ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠬᠦᠯᠵᠢᠯᠡᠨ ᠲᠡᠭᠡᠭᠰᠢᠯᠡᠬᠦᠯᠦᠨ᠎ᠡ
ᠱᠠᠩᠬᠠᠢ ᠶᠡᠬᠡ᠂ ᠳᠤᠮᠳᠠ᠂ ᠪᠠᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ᠎ᠠᠴᠠ ᠰᠠᠶ᠋ᠢᠲᠤᠷ ᠲᠥᠯᠥᠪᠵᠢᠭᠦᠯᠵᠦ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠎ᠡ
ᠱᠠᠨᠳᠦ᠋ᠩ ᠮᠤᠵᠢ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠬᠤᠷᠠᠯᠳᠤᠵᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠪᠦᠬᠦ ᠲᠠᠯ᠎ᠠ᠎ᠪᠠᠷ ᠬᠤᠪᠢᠷᠠᠭᠤᠯᠬᠤ ᠵᠢ ᠲᠦᠷᠭᠡᠳᠬᠡᠬᠦ ᠲᠠᠯ᠎ᠠ᠎ᠪᠠᠷ ᠬᠦᠴᠦ ᠲᠠᠯᠪᠢᠵᠤ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠨ᠎ᠠ
ᠪᠡᠭᠡᠵᠢᠩ᠂ ᠪᠠᠩᠺᠤᠺ ᠬᠣᠶᠠᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠡᠬᠢᠯᠡᠭᠦᠯᠵᠦ 《ᠪᠡᠭᠡᠵᠢᠩ᠎ᠤᠨ ᠲᠤᠷᠰᠢᠯᠭ᠎ᠠ》᠎ᠨᠢ ᠨᠥᠬᠥᠷᠰᠡᠭ ᠬᠤᠳᠠ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠦᠴᠦᠨ ᠨᠡᠮᠡᠷᠢᠯᠡᠬᠦ ᠪᠣᠯᠣᠨ᠎ᠠ
 
             蒙ICP备05000248号