ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠧᠩᠵᠧᠦ ᠬᠣᠲᠠ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠨᠡᠶ᠋ᠢᠲᠡᠯᠡᠭᠰᠡᠨ ᠴᠠᠭ᠄ 2025-01-08

      ᠡᠨᠡ ᠵᠢᠯ᠎ᠠᠴᠠ ᠨᠠᠭ᠋ᠠᠰᠢ᠂ ᠵᠧᠩᠵᠧᠦ ᠬᠣᠲᠠ ᠪᠥᠬᠥ ᠤᠯᠤᠰ᠎ᠤᠨ ᠠᠩᠬᠠᠳᠠᠭᠴᠢ ᠪᠦᠯᠦᠭ ᠤᠯᠤᠰ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠭᠣᠣᠯᠳᠠᠯᠭ᠎ᠠ᠎ᠲᠠᠢ ᠬᠣᠲᠠ᠎ᠪᠠᠷ ᠲᠣᠬᠢᠶᠠᠯ ᠪᠠ ᠲᠠᠪᠴᠠᠩ ᠪᠣᠯᠭ᠋ᠠᠵᠤ᠂ ᠬᠠᠢ᠌ᠨ ᠰᠦᠪᠡᠭᠴᠢᠯᠡᠵᠦ ᠦᠢ᠍ᠯᠡᠳᠦᠯᠭᠡᠵᠢᠭᠦᠯᠬᠦ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠪᠣᠷᠣᠭ᠋ᠠᠨ᠎ᠤ ᠤᠰᠤ᠂ ᠪᠣᠬᠢᠷ ᠤᠰᠤ》 ᠵᠢ ᠴᠡᠪᠡᠷᠰᠢᠭᠦᠯᠬᠦ — 《ᠢᠯᠴᠢ ᠵᠢᠨ ᠡᠨᠧᠷᠭᠢ》 ᠵᠢ ᠡᠭᠡᠭᠦᠯᠦᠨ ᠬᠡᠷᠡᠭᠯᠡᠬᠦ — 《ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ》 ᠵᠢ ᠠᠰᠢᠭᠯᠠᠬᠤ ᠣᠷᠴᠢᠯᠳᠤᠭᠤᠯᠤᠨ ᠠᠰᠢᠭᠯᠠᠬᠤ ᠵᠠᠭᠪᠤᠷ᠎ᠢ ᠠᠩᠬ᠎ᠠ ᠠᠯᠬᠤᠮ ᠡᠭᠦᠳᠴᠦ᠂ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠡᠬᠢ ᠡᠭᠦᠰᠦᠯ᠎ᠠᠴᠠ᠎ᠨᠢ ᠴᠡᠪᠡᠷᠰᠢᠭᠦᠯᠬᠦ ᠵᠢ ᠰᠠᠶ᠋ᠢᠲᠤᠷ ᠠᠳᠬᠤᠵᠠᠢ᠃ ᠵᠧᠩ ᠳ᠋ᠦᠩ ᠰᠢᠨ᠎ᠡ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠠᠩᠬᠠᠳᠠᠭᠴᠢ ᠵᠠᠭᠤᠨ ᠲᠦᠮᠡᠨ ᠲᠣᠨ᠎ᠤ ᠲᠡᠰ᠎ᠤᠨ 《ᠨᠠᠭᠦᠷᠡᠰᠦᠲᠦ᠋ᠷᠦᠭᠴᠢ ᠦᠭᠡᠢ》 ᠤᠬᠠᠭᠳᠠᠬᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠪᠠᠢ᠌ᠭᠤᠯᠬᠤ ᠵᠢ ᠠᠬᠢᠭᠤᠯᠵᠤ᠂ ᠳᠠᠬᠢᠯᠲᠠ ᠤᠰᠤᠨ᠎ᠤ ᠤᠰᠤᠨ᠎ᠤ ᠴᠢᠨᠠᠷ᠎ᠢ ᠨᠡᠩ ᠰᠢᠯᠢᠳᠡᠭᠵᠢᠭᠦᠯᠵᠦ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠨᠡᠩ ᠳᠣᠣᠷ᠎ᠠ ᠪᠣᠯᠭ᠋ᠠᠬᠤ ᠵᠢ ᠪᠡᠶᠡᠯᠡᠭᠦᠯᠪᠡ᠃ 《ᠢᠯᠴᠢ ᠵᠢᠨ ᠡᠨᠧᠷᠭᠢ》 ᠵᠢ ᠪᠤᠴᠠᠭ᠋ᠠᠨ ᠬᠡᠷᠡᠭᠯᠡᠬᠦ ᠵᠢ ᠬᠡᠷᠡᠭᠵᠢᠭᠦᠯᠵᠡᠢ᠃ ᠳᠠᠬᠢᠯᠲᠠ ᠤᠰᠤ ᠵᠢ ᠱᠠᠲᠤᠯᠠᠨ ᠣᠷᠴᠢᠯᠳᠤᠭᠤᠯᠤᠨ ᠠᠰᠢᠭᠯᠠᠬᠤ ᠰᠢᠰᠲ᠋ᠧᠮᠵᠢ ᠵᠢ ᠪᠠᠢ᠌ᠭᠤᠯᠵᠤ᠂ ᠴᠡᠪᠡᠷ ᠡᠨᠧᠷᠭᠢ᠎ᠪᠠᠷ ᠬᠦᠢ᠍ᠲᠡᠨ ᠢᠯᠴᠢ ᠬᠠᠩᠭ᠋ᠠᠬᠤ ᠲᠠᠯᠠᠪᠠᠶ ᠵᠢ 350 ᠲᠦᠮᠡᠨ ᠲᠡᠭᠰᠢ ᠳᠥᠷᠪᠡᠯᠵᠢᠨ ᠮᠧᠲᠷ᠎ᠠᠴᠠ ᠳᠡᠭᠡᠭᠰᠢ᠎ᠳᠤ ᠬᠦᠷᠦᠭᠦᠯᠵᠦ᠂ 《ᠡᠨᠧᠷᠭᠢ ᠵᠢ ᠳᠡᠭᠡᠭᠰᠢᠯᠡᠭᠦᠯᠬᠦ᠎ᠳᠤ ᠤᠰᠤ ᠦᠯᠦ ᠬᠣᠷᠣᠭᠳᠠᠭᠤᠯᠬᠤ᠂ ᠪᠣᠬᠢᠷᠲᠤᠯ ᠦᠭᠡᠢ ᠠᠰᠢᠭᠯᠠᠬᠤ》 ᠵᠢ ᠪᠡᠶᠡᠯᠡᠭᠦᠯᠦᠨ᠂ ᠵᠢᠯ᠎ᠳᠤ ᠪᠠᠷᠢᠮᠵᠢᠶᠠᠲᠤ ᠨᠡᠭᠦᠷᠡᠰᠦ ᠵᠢ ᠪᠠᠷᠤᠭ 3 ᠲᠦᠮᠡᠨ ᠲᠣᠨ ᠠᠷᠪᠢᠯᠠᠵᠤ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠷᠤᠭ 7.5 ᠲᠦᠮᠡᠨ ᠲᠣᠨ ᠪᠠᠭ᠋ᠠᠰᠬᠠᠵᠤ᠂ ᠤᠯᠠᠮᠵᠢᠯᠠᠯᠲᠤ ᠢᠯᠴᠢ ᠵᠢᠨ ᠢᠷᠡᠯᠲᠡ᠎ᠠᠴᠠ ᠨᠠᠩ ᠠᠷᠪᠢᠲᠠᠢ᠂ ᠨᠠᠩ ᠳᠣᠣᠷ᠎ᠠ ᠨᠠᠭᠦᠷᠡᠰᠦᠲᠦ᠋ᠷᠦᠭᠴᠢ᠎ᠲᠠᠢ ᠪᠣᠯᠭ᠋ᠠᠪᠠ᠃ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠠᠢ᠃ 《ᠵᠧᠩᠵᠧᠦ ᠬᠣᠲᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠬᠠᠮᠢᠶᠠᠷᠤᠯᠲᠠ ᠵᠢᠨ ᠠᠷᠭ᠎ᠠ (ᠰᠠᠨᠠᠯ ᠬᠤᠷᠢᠶᠠᠬᠤ ᠨᠣᠣᠷᠠᠭ)》 《ᠵᠧᠩᠵᠧᠦ ᠬᠣᠲᠠ ᠵᠢᠨ ᠳᠠᠬᠢᠯᠲᠠ ᠤᠰᠤᠨ᠎ᠤ ᠦᠨ᠎ᠡ ᠬᠠᠩᠰᠢ ᠵᠢᠨ ᠬᠠᠮᠢᠶᠠᠷᠤᠯᠲᠠ ᠵᠢᠨ ᠵᠢᠯᠤᠭᠣᠳᠬᠤ ᠰᠠᠨᠠᠯ (ᠰᠠᠨᠠᠯ ᠬᠤᠷᠢᠶᠠᠬᠤ ᠨᠣᠣᠷᠠᠭ)》᠎ᠢ ᠰᠤᠳᠤᠯᠤᠨ ᠲᠤᠭᠤᠷᠪᠢᠵᠤ᠂ ᠳᠠᠬᠢᠯᠲᠠ ᠤᠰᠤ ᠵᠢ ᠰᠢᠨᠵᠢᠯᠡᠬᠦ ᠤᠬᠠᠭ᠋ᠠᠨᠴᠢᠯᠠᠬᠤ᠂ ᠵᠢᠷᠤᠮᠵᠢᠭᠤᠯᠤᠨ ᠣᠷᠴᠢᠯᠳᠤᠭᠤᠯᠤᠨ ᠠᠰᠢᠭᠯᠠᠬᠤ ᠵᠢ ᠠᠬᠢᠭᠤᠯᠪᠠ᠃ ᠰᠤᠳᠤᠯᠭ᠋ᠠᠨ᠎ᠤ ᠰᠡᠳᠦᠪ᠎ᠤᠨ ᠰᠤᠳᠤᠯᠭ᠋ᠠᠨ᠎ᠢ ᠲᠦᠯᠬᠢᠨ ᠠᠬᠢᠭᠤᠯᠵᠠᠢ᠃ 《ᠵᠧᠩᠵᠧᠦ ᠬᠣᠲᠠ ᠵᠢᠨ ᠤᠯᠤᠰ᠎ᠤᠨ ᠣᠷᠣᠨ ᠪᠦᠰᠡ ᠵᠢᠨ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠵᠢᠨ ᠲᠥᠷᠥ ᠵᠢᠨ ᠪᠣᠳᠣᠯᠭ᠎ᠠ ᠵᠢᠨ ᠲᠣᠭᠲᠠᠴᠠ ᠵᠢ ᠡᠭᠦᠳᠦᠨ ᠪᠠᠢ᠌ᠭᠤᠯᠬᠤ ᠰᠤᠳᠤᠯᠤᠯ》 《ᠵᠧᠩᠵᠧᠦ ᠬᠣᠲᠠ ᠵᠢᠨ ᠳᠠᠬᠢᠯᠲᠠ ᠤᠰᠤᠨ᠎ᠤ ᠬᠦᠢ᠍ᠲᠡᠨ ᠢᠯᠴᠢ ᠵᠢᠨ ᠡᠨᠧᠷᠭᠢ ᠵᠢ ᠶᠡᠷᠦᠩᠬᠡᠢ᠌ᠯᠡᠨ ᠠᠰᠢᠭᠯᠠᠬᠤ ᠮᠡᠷᠭᠡᠵᠢᠯ᠎ᠤᠨ ᠵᠢᠷᠤᠮᠵᠢᠯ (ᠲᠥᠰᠥᠯ)》 《ᠭᠦᠨᠵᠡᠭᠡᠢ ᠰᠢᠢ᠍ᠳᠪᠦᠷᠢᠯᠡᠬᠦ + ᠴᠡᠪᠡᠷ ᠡᠨᠧᠷᠭᠢ ᠵᠢ ᠠᠰᠢᠭᠯᠠᠬᠤ》 ᠪᠠ ᠵᠣᠬᠢᠶᠠᠮᠠᠯ ᠴᠢᠭᠢᠭᠯᠢᠭ ᠭᠠᠵᠠᠷ᠎ᠤᠨ ᠬᠣᠶᠠᠷ ᠵᠦᠢ᠍ᠯ᠎ᠤᠨ ᠳᠠᠬᠢᠯᠲᠠ ᠤᠰᠤ ᠵᠢ ᠴᠡᠪᠡᠷᠰᠢᠭᠦᠯᠦᠨ ᠰᠢᠢ᠍ᠳᠪᠦᠷᠢᠯᠡᠬᠦ ᠵᠠᠭᠪᠤᠷ᠎ᠲᠤ ᠰᠠᠭᠤᠷᠢᠯᠠᠭᠰᠠᠨ ᠦᠨᠡᠯᠡᠨ ᠵᠠᠳᠠᠯᠤᠯᠲᠠ》 ᠵᠡᠷᠭᠡ 3 ᠵᠦᠢ᠍ᠯ᠎ᠤᠨ ᠥᠪᠡᠷᠮᠢᠴᠡ ᠣᠨᠴᠠᠯᠢᠭ᠎ᠲᠠᠢ ᠲᠤᠰᠬᠠᠢ ᠰᠡᠳᠦᠪᠲᠦ ᠰᠤᠳᠤᠯᠭ᠋ᠠᠨ᠎ᠢ ᠥᠷᠨᠢᠭᠦᠯᠵᠦ᠂ ᠳᠠᠬᠢᠯᠲᠠ ᠤᠰᠤ ᠵᠢ ᠣᠷᠴᠢᠯᠳᠤᠭᠤᠯᠤᠨ ᠠᠰᠢᠭᠯᠠᠬᠤ ᠦᠢ᠍ᠯᠡᠳᠦᠯ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳ᠋ᠠᠯᠢ ᠵᠧᠦ ᠵᠢᠨ ᠶᠦᠨᠨᠠᠨ᠎ᠤ ᠪᠢᠨᠴᠤᠸᠠᠨ ᠰᠢᠶᠠᠨ ᠶᠦᠨᠨᠠᠨ ᠠᠷᠤᠷ᠎ᠠ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢ ᠠᠬᠢᠭᠤᠯᠵᠤ ᠪᠤᠢ
ᠠᠨᠾᠦ᠋ᠢ ᠮᠤᠵᠢ ᠵᠢᠨ ᠹᠦ᠋ ᠶᠠᠩ ᠬᠣᠲᠠ ᠵᠢᠨ ᠶᠢᠩ ᠵᠧᠦ ᠲᠣᠭᠣᠷᠢᠭ᠎ᠤᠨ 《ᠳᠥᠷᠪᠡᠨ ᠠᠩᠬᠠᠷᠤᠯ᠎ᠤᠨ ᠴᠡᠭ》᠎ᠨᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠪᠣᠬᠢᠷᠲᠤᠯ ᠦᠭᠡᠢ ᠬᠥᠭᠵᠢᠯᠲᠡ᠎ᠳᠤ ᠬᠦᠴᠦᠨ ᠨᠡᠮᠡᠷᠢᠯᠡᠪᠡ
ᠮᠢᠶᠠᠨᠶᠠᠩ ᠬᠤᠳᠠ ᠵᠢᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠤᠯᠤᠰ᠎ᠤᠨ ᠪᠠᠷᠢᠮᠵᠢᠶ᠎ᠠ᠎ᠳᠤ ᠬᠦᠷᠦᠭᠰᠡᠨ ᠬᠣᠲᠠ ᠵᠢᠨ ᠡᠩᠨᠡᠭᠡᠨ᠎ᠳᠤ ᠲᠠᠬᠢᠨ ᠪᠤᠴᠠᠨ ᠢᠷᠡᠪᠡ
ᠵᠧᠵᠢᠶᠠᠩ᠎ᠤᠨ 11 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠪᠠ! ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠲᠡᠯᠡᠢ ᠵᠢᠨ ᠪᠤᠯᠤᠩ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠬᠦᠯᠵᠢᠯᠡᠨ ᠲᠡᠭᠡᠭᠰᠢᠯᠡᠬᠦᠯᠦᠨ᠎ᠡ
ᠱᠠᠩᠬᠠᠢ ᠶᠡᠬᠡ᠂ ᠳᠤᠮᠳᠠ᠂ ᠪᠠᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ᠎ᠠᠴᠠ ᠰᠠᠶ᠋ᠢᠲᠤᠷ ᠲᠥᠯᠥᠪᠵᠢᠭᠦᠯᠵᠦ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠎ᠡ
 
             蒙ICP备05000248号