ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠵᠧᠵᠢᠶᠠᠩ᠎ᠤᠨ 11 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭ᠋ᠠᠪᠠ! ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ ᠲᠡᠯᠡᠢ ᠵᠢᠨ ᠪᠤᠯᠤᠩ᠎ᠤᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠬᠦᠯᠵᠢᠯᠡᠨ ᠲᠡᠭᠡᠭᠰᠢᠯᠡᠬᠦᠯᠦᠨ᠎ᠡ
ᠨᠡᠶ᠋ᠢᠲᠡᠯᠡᠭᠰᠡᠨ ᠴᠠᠭ᠄ 2025-02-13

      ᠣᠢ᠌ᠷ᠎ᠠ ᠵᠢᠨ ᠵᠢᠯ᠎ᠠᠴᠠ᠂ ᠵᠧᠵᠢᠶᠠᠩ ᠮᠤᠵᠢ ᠵᠢᠨ᠎ᠬᠢᠨ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠬᠠᠮᠠᠭ᠋ᠠᠯᠠᠯᠲᠠ ᠪᠣᠯᠣᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ ᠠᠬᠢᠭᠤᠯᠪᠠ᠃ 2022 ᠣᠨ᠎ᠳᠤ᠂ ᠮᠤᠵᠢ ᠵᠢᠨ ᠵᠠᠰᠠᠭ᠎ᠤᠨ ᠣᠷᠳᠣᠨ ᠪᠥᠬᠥ ᠤᠯᠤᠰ᠎ᠲᠤ 《ᠵᠧᠵᠢᠶᠠᠩ ᠮᠤᠵᠢ ᠵᠢᠨ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠲᠥᠰᠥᠯ》᠎ᠢ ᠡᠩ ᠲᠡᠷᠢᠭᠦᠨ᠎ᠳᠤ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ 2024 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ 《ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠰᠥᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠴᠢᠨᠠᠭᠰᠢᠳᠠ ᠠᠬᠢᠭᠤᠯᠬᠤ ᠵᠢᠨ ᠲᠥᠯᠥᠭᠡ᠂ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ 11 ᠰᠠᠯᠠᠭ᠎ᠠ ᠮᠥᠴᠢᠷ᠎ᠲᠠᠢ ᠬᠠᠮᠲᠤᠷᠠᠨ 《ᠵᠧᠵᠢᠶᠠᠩ ᠮᠤᠵᠢ ᠵᠢᠨ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠠᠢ᠃ ᠭᠤᠷᠪᠠᠨ ᠵᠢᠯ᠎ᠤᠨ ᠬᠤᠭᠤᠴᠠᠭ᠎ᠠ ᠵᠢ ᠬᠡᠷᠡᠭᠯᠡᠵᠦ ᠪᠠᠶ᠋ᠢᠭ᠋ᠠᠳ ᠭᠣᠣᠯᠳᠠᠯᠭ᠎ᠠ᠎ᠲᠠᠢ ᠲᠡᠯᠡᠢ ᠵᠢᠨ ᠪᠤᠯᠤᠩ᠎ᠢ 《ᠪᠣᠬᠢᠷᠲᠤᠯ᠎ᠢ ᠵᠠᠰᠠᠬᠤ》᠎ᠠᠴᠠ 《ᠪᠣᠬᠢᠷᠲᠤᠯ᠎ᠢ ᠵᠠᠰᠠᠬᠤ + ᠠᠮᠢ ᠠᠬᠤᠢ ᠵᠢ ᠬᠠᠮᠠᠭ᠋ᠠᠯᠠᠬᠤ + ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭ᠋ᠠᠰᠬᠠᠨ ᠬᠤᠷᠠᠭᠤᠯᠭ᠎ᠠ ᠵᠢ ᠨᠡᠮᠡᠭᠳᠡᠭᠦᠯᠬᠦ》 ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠲᠡᠶ᠋ᠢᠰᠢ ᠬᠤᠪᠢᠷᠠᠭᠤᠯᠬᠤ ᠵᠢ ᠲᠦᠯᠬᠢᠨ ᠠᠬᠢᠭᠤᠯᠬᠤ᠎ᠪᠠᠷ ᠲᠥᠯᠥᠪᠯᠡᠵᠦ ᠪᠠᠢ᠌ᠨ᠎ᠠ᠃
      ᠲᠣᠰ ᠤᠳᠠᠭ᠋ᠠᠨ᠎ᠤ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠢ ᠳᠡᠭᠡᠭᠰᠢᠯᠡᠭᠦᠯᠬᠦ ᠠᠵᠢᠯᠯᠠᠭ᠎ᠠ᠎ᠳᠤ᠂ ᠲᠡᠯᠡᠢ ᠵᠢᠨ ᠤᠰᠤᠨ᠎ᠤ ᠴᠢᠨᠠᠷ ᠰᠠᠶ᠋ᠢᠨ (ᠨᠢᠭᠡᠳᠦᠭᠡᠷ᠂ ᠬᠣᠶᠠᠳᠤᠭ᠋ᠠᠷ ᠲᠥᠷᠥᠯ)᠎ᠤ ᠬᠠᠷᠢᠴᠠᠯ᠎ᠢ ᠲᠣᠭᠲᠠᠭᠤᠨ ᠪᠠᠢ᠌ᠯᠭ᠋ᠠᠬᠤ ᠵᠢ ᠠᠬᠢᠭᠤᠯᠵᠤ᠂ ᠡᠯ᠎ᠡ ᠲᠡᠯᠡᠢ ᠵᠢᠨ ᠪᠤᠯᠤᠩ᠎ᠤᠨ ᠭᠣᠣᠯ ᠪᠣᠯᠬᠤ ᠲᠡᠯᠡᠢ᠎ᠳᠤ ᠴᠢᠳᠬᠤᠬᠤ ᠭᠣᠣᠯ ᠮᠥᠷᠡᠨ (ᠭᠣᠷᠣᠬ᠎ᠠ ᠵᠢᠨ ᠬᠠᠭ᠋ᠠᠯᠲᠠ)᠎ᠤ ᠣᠭᠲᠣᠯᠣᠭ᠋ᠠᠰᠤ ᠵᠢᠨ ᠶᠡᠷᠦᠩᠬᠡᠢ ᠠᠽᠣᠲ᠎ᠤᠨ ᠥᠳᠬᠡᠴᠡ ᠵᠢ 2020 ᠣᠨ᠎ᠤ᠎ᠬᠢ᠎ᠠᠴᠠ ᠰᠥᠭᠡᠷᠭᠦ ᠨᠡᠮᠡᠭᠳᠡᠯ᠎ᠲᠠᠢ ᠪᠠᠢ᠌ᠯᠭ᠋ᠠᠬᠤ ᠵᠢ ᠪᠠᠲᠤᠯᠠᠵᠤ᠂ ᠭᠣᠣᠯᠳᠠᠯᠭ᠎ᠠ᠎ᠲᠠᠢ ᠲᠡᠯᠡᠢ ᠵᠢᠨ ᠪᠤᠯᠤᠩ᠎ᠤᠨ ᠠᠮᠢ ᠠᠬᠤᠢ ᠵᠢᠨ ᠰᠢᠰᠲ᠋ᠧᠮ᠎ᠤᠨ ᠡᠷᠡᠭᠦᠯ ᠮᠠᠨᠳᠤ ᠵᠢᠨ ᠪᠠᠶ᠋ᠢᠳᠠᠯ᠎ᠢ ᠦᠷᠭᠦᠯᠵᠢᠯᠡᠨ ᠰᠠᠢ᠌ᠵᠢᠷᠠᠭᠤᠯᠤᠨ᠎ᠠ ᠭᠡᠵᠦ ᠳᠤᠷᠠᠳᠤᠨ ᠭᠠᠷᠭ᠋ᠠᠪᠠ᠃ 2025 ᠣᠨ ᠪᠣᠯᠬᠤ᠎ᠳᠤ᠂ 12᠎ᠠᠴᠠ ᠳᠡᠭᠡᠭᠰᠢᠬᠢ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠢ ᠪᠠᠢ᠌ᠭᠤᠯᠵᠤ᠂ 2027 ᠣᠨ ᠪᠣᠯᠬᠤ᠎ᠳᠤ᠂ 18᠎ᠠᠴᠠ ᠳᠡᠭᠡᠭᠰᠢᠬᠢ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠢ ᠪᠠᠢ᠌ᠭᠤᠯᠵᠤ᠂ ᠠᠷᠠᠳ ᠤᠯᠠᠨ᠎ᠤ ᠲᠡᠯᠡᠢ ᠲᠠᠩᠭᠢᠰ᠎ᠤᠨ ᠣᠷᠴᠢᠨ ᠲᠣᠭᠣᠷᠢᠨ᠎ᠤ ᠰᠠᠢ᠌ᠵᠢᠷᠠᠯᠲᠠ ᠵᠢᠨ ᠲᠤᠬᠠᠢ ᠬᠦᠷᠲᠡᠮᠵᠢ ᠵᠢᠨ ᠲᠥᠷᠥᠭᠳᠡᠯ ᠪᠠ ᠵᠣᠯ ᠵᠢᠷᠭ᠋ᠠᠠᠯᠳᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠵᠦ᠂ ᠠᠭᠤᠯᠠᠨ ᠣᠷᠣᠢ᠎ᠠᠴᠠ ᠲᠡᠯᠡᠢ ᠲᠠᠩᠭᠢᠰ ᠬᠦᠷᠲᠡᠯᠡᠬᠢ ᠬᠠᠮᠠᠭ᠋ᠠᠯᠠᠯᠲᠠ ᠵᠠᠰᠠᠯᠲᠠ ᠵᠢᠨ ᠳᠦᠷᠢᠮ᠎ᠤᠨ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠱᠠᠩᠬᠠᠢ ᠶᠡᠬᠡ᠂ ᠳᠤᠮᠳᠠ᠂ ᠪᠠᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ᠎ᠠᠴᠠ ᠰᠠᠶ᠋ᠢᠲᠤᠷ ᠲᠥᠯᠥᠪᠵᠢᠭᠦᠯᠵᠦ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠦᠨ᠎ᠡ
ᠱᠠᠨᠳᠦ᠋ᠩ ᠮᠤᠵᠢ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ ᠬᠤᠷᠠᠯᠳᠤᠵᠤ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠪᠦᠬᠦ ᠲᠠᠯ᠎ᠠ᠎ᠪᠠᠷ ᠬᠤᠪᠢᠷᠠᠭᠤᠯᠬᠤ ᠵᠢ ᠲᠦᠷᠭᠡᠳᠬᠡᠬᠦ ᠲᠠᠯ᠎ᠠ᠎ᠪᠠᠷ ᠬᠦᠴᠦ ᠲᠠᠯᠪᠢᠵᠤ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠨ᠎ᠠ
ᠪᠡᠭᠡᠵᠢᠩ᠂ ᠪᠠᠩᠺᠤᠺ ᠬᠣᠶᠠᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠡᠬᠢᠯᠡᠭᠦᠯᠵᠦ 《ᠪᠡᠭᠡᠵᠢᠩ᠎ᠤᠨ ᠲᠤᠷᠰᠢᠯᠭ᠎ᠠ》᠎ᠨᠢ ᠨᠥᠬᠥᠷᠰᠡᠭ ᠬᠤᠳᠠ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠦᠴᠦᠨ ᠨᠡᠮᠡᠷᠢᠯᠡᠬᠦ ᠪᠣᠯᠣᠨ᠎ᠠ
ᠪᠡᠭᠡᠵᠢᠩ ᠬᠣᠲᠠ ᠵᠢᠨ ᠳ᠋ᠠ ᠰᠢᠩ ᠲᠣᠭᠣᠷᠢᠭ ᠪᠥᠬᠥ ᠠᠵᠢᠯ ᠲᠥᠷᠥᠯ᠎ᠤᠨ ᠣᠷᠴᠢᠨ ᠲᠣᠭᠣᠷᠢᠨ᠎ᠤ ᠨᠥᠯᠥᠭᠡ ᠵᠢᠨ ᠦᠨᠡᠯᠡᠯᠲᠡ ᠬᠢᠭᠡᠳ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ 《ᠬᠣᠶᠠᠷ ᠦᠨᠡᠮᠯᠡᠯ᠎ᠢ ᠨᠢᠭᠡᠳᠬᠡᠪᠡ》
ᠶᠢᠩᠺᠧᠦ ᠵᠢᠨ ᠳ᠋ᠡ ᠴᠢᠩ ᠾᠧ ᠭᠣᠣᠯ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠦᠵᠡᠰᠬᠦᠯᠡᠩᠲᠦ ᠰᠠᠢ᠌ᠬᠠᠨ ᠭᠣᠣᠯ ᠨᠠᠭᠤᠷ᠎ᠤᠨ ᠰᠢᠯᠢᠳᠡᠭ ᠬᠡᠷᠡᠭ᠎ᠤᠨ ᠵᠢᠱ᠌ᠢᠶ᠎ᠡ᠎ᠪᠠᠷ ᠰᠣᠩᠭᠣᠭᠳᠠᠪᠠ
 
             蒙ICP备05000248号