ᠣᠢ᠌ᠷ᠎ᠠ᠎ᠳᠤ᠂ ᠱᠠᠩᠬᠠᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ ᠠᠷᠠᠳ᠎ᠤᠨ ᠠᠮᠢᠳᠤᠷᠠᠯ᠎ᠤᠨ ᠭᠣᠣᠯ ᠰᠡᠳᠦᠪᠲᠦ ᠰᠣᠷᠪᠣᠯᠵᠢᠯᠠᠭᠴᠢᠳ᠎ᠤᠨ ᠬᠤᠷᠠᠯ ᠬᠢᠵᠦ᠂ ᠱᠠᠩᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠶᠠᠨ ᠪᠥᠸᠧ 《ᠱᠠᠩᠬᠠᠢ ᠵᠢᠨ ᠬᠥᠮᠥᠨ ᠠᠮᠠ ᠳᠡᠭᠡᠳᠦ ᠬᠡᠮᠵᠢᠶ᠎ᠡ᠎ᠪᠠᠷ ᠨᠢᠭᠲᠠᠷᠠᠵᠤ᠂ ᠣᠷᠣᠨ ᠵᠠᠢ ᠵᠢᠨ ᠡᠬᠢ ᠪᠠᠶᠠᠯᠢᠭ ᠬᠢᠵᠠᠭ᠋ᠠᠷ᠎ᠲᠠᠢ᠂ ᠬᠣᠲᠠ ᠵᠢᠨ ᠠᠷᠠᠳ᠎ᠲᠤ ᠬᠡᠷᠬᠢᠨ ᠨᠠᠩ ᠤᠯᠠᠨ ᠴᠢᠨᠠᠷ ᠰᠠᠢ᠌ᠲᠠᠢ ᠠᠮᠢ ᠠᠬᠤᠢ ᠵᠢᠨ ᠣᠷᠣᠨ ᠵᠠᠢ ᠵᠢ ᠪᠤᠢ ᠪᠣᠯᠭ᠋ᠠᠵᠤ ᠥᠭᠬᠦ ᠪᠤᠢ》 ᠭᠡᠬᠦ ᠠᠰᠠᠭᠤᠯᠲᠠ ᠵᠢ ᠬᠠᠷᠢᠭᠤᠯᠬᠤ᠎ᠳᠠᠭᠠᠨ 《ᠱᠠᠩᠬᠠᠢ ᠪᠣᠯ ᠢᠮᠠᠬᠤ ᠭᠠᠵᠠᠷ᠎ᠨᠢ ᠢᠮᠠᠬᠤ ᠠᠯᠲᠠᠨ᠎ᠤ ᠦᠨᠡᠲᠡᠢ ᠭᠠᠵᠠᠷ ᠣᠷᠣᠨ ᠮᠥᠨ᠂ ᠬᠠᠮᠤᠭ᠎ᠤᠨ ᠰᠠᠶ᠋ᠢᠨ ᠡᠬᠢ ᠪᠠᠶᠠᠯᠢᠭ᠎ᠢ ᠬᠡᠷᠬᠢᠨ ᠠᠷᠠᠳ ᠲᠦᠮᠡᠨ᠎ᠳᠤ ᠦᠯᠡᠳᠡᠭᠡᠵᠦ ᠥᠭᠬᠦ ᠪᠣᠯ ᠢᠮᠠᠭᠲᠠ ᠨᠢᠭᠡᠨ ᠲᠣᠮᠣ ᠶᠠᠪᠤᠳᠠᠯ ᠮᠥᠨ》 ᠭᠡᠪᠡ᠃
ᠶᠠᠨ ᠪᠥᠸᠧ᠂ ᠱᠠᠩᠬᠠᠢ ᠶᠡᠬᠡ᠂ ᠳᠤᠮᠳᠠ᠂ ᠪᠠᠭ᠎ᠠ ᠬᠡᠮᠵᠢᠶ᠎ᠡ ᠵᠡᠷᠭᠡ ᠭᠤᠷᠪᠠᠨ ᠲᠠᠯ᠎ᠠ᠎ᠪᠠᠷ ᠰᠠᠶ᠋ᠢᠲᠤᠷ ᠲᠥᠯᠥᠪᠵᠢᠭᠦᠯᠵᠦ᠂ ᠠᠮᠢ ᠠᠬᠤᠢ ᠵᠢᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠨᠡᠩ ᠤᠯᠠᠨ ᠰᠢᠯᠢᠳᠡᠭ ᠠᠮᠢ ᠠᠬᠤᠢ ᠵᠢᠨ ᠣᠷᠣᠨ ᠵᠠᠢ ᠵᠢ ᠬᠤᠳᠠ ᠵᠢᠨ ᠠᠷᠠᠳ᠎ᠲᠤ ᠬᠠᠩᠭ᠋ᠠᠨ᠎ᠠ ᠭᠡᠵᠦ ᠲᠠᠨᠢᠯᠴᠠᠭᠤᠯᠪᠠ᠃
ᠬᠣᠲᠠ ᠵᠢᠨ ᠶᠡᠬᠡ ᠬᠡᠮᠵᠢᠶᠡᠨ᠎ᠤ ᠲᠥᠯᠦᠪᠵᠢᠭᠦᠯᠭᠡ ᠵᠢᠨ ᠲᠠᠯ᠎ᠠ᠎ᠪᠠᠷ᠂ ᠱᠠᠩᠬᠠᠢ ᠬᠣᠲᠠ ᠵᠢᠨ᠎ᠬᠢᠨ 《ᠨᠢᠭᠡ ᠮᠥᠷᠡᠨ ᠨᠢᠭᠡ ᠭᠣᠣᠯ》 ᠲᠤᠬᠠᠢ᠌ᠯᠠᠪᠠᠯ ᠬᠤᠸᠠᠩ ᠫᠦ᠋ ᠵᠢᠶᠠᠩ ᠮᠥᠷᠡᠨ᠂ ᠰᠦᠵᠧᠦ ᠭᠣᠣᠯ᠎ᠤᠨ ᠬᠣᠶᠠᠷ ᠡᠷᠭᠢ ᠵᠢᠨ ᠤᠯᠠᠨ ᠨᠠᠢ᠌ᠳᠠ ᠵᠢᠨ ᠣᠷᠣᠨ ᠵᠠᠢ ᠵᠢᠨ ᠴᠢᠳᠠᠮᠵᠢ ᠪᠠ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠪᠠᠷ ᠭᠣᠣᠯ ᠪᠣᠯᠭ᠋ᠠᠵᠤ᠂ 《ᠰᠤᠪᠤᠳ᠎ᠢ ᠬᠡᠯᠬᠢᠵᠦ ᠬᠡᠯᠬᠢᠶᠡᠵᠢᠭᠦᠯᠬᠦ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠡᠯᠡᠬᠡᠢ ᠵᠢᠨ ᠲᠠᠰ᠎ᠤᠨ ᠠᠮᠢ ᠠᠬᠤᠢ ᠵᠢᠨ ᠤᠰᠤᠨ᠎ᠤ ᠣᠷᠣᠨ᠎ᠢ ᠨᠠᠷᠢᠨ ᠨᠢᠮᠪᠠᠢ ᠪᠦᠲᠦᠭᠡᠨ ᠪᠠᠢ᠌ᠭᠤᠯᠤᠨ᠎ᠠ᠃ ᠣᠳᠣᠬᠠᠨ᠎ᠳᠤ᠂ ᠬᠤᠸᠠᠩ ᠫᠦ᠋ ᠵᠢᠶᠠᠩ ᠮᠥᠷᠡᠨ᠂ ᠰᠦᠵᠧᠦ ᠭᠣᠣᠯ᠎ᠤᠨ ᠬᠣᠶᠠᠷ ᠡᠷᠭᠢ ᠵᠢ ᠨᠢᠭᠡᠨᠲᠡ 100 ᠭᠠᠷᠤᠢ ᠺᠢᠯᠣᠮᠧᠲᠷ ᠨᠠᠪᠲᠠᠷᠡᠭᠦᠯᠵᠦ᠂ ᠰᠢᠦᠢ ᠬᠤᠢ ᠪᠢᠨ ᠵᠢᠶᠠᠩ᠂ ᠶᠠᠩ ᠫᠦ᠋ ᠪᠢᠨ ᠵᠢᠶᠠᠩ᠂ 《ᠬᠠᠭ᠋ᠠᠰ ᠮᠠ ᠰᠦ ᠾᠧ ᠭᠣᠣᠯ》 ᠵᠡᠷᠭᠡ ᠣᠷᠣᠨ ᠪᠦᠰᠡ ᠵᠢᠨ᠎ᠬᠢᠨ ᠠᠵᠤ ᠦᠢ᠍ᠯᠡᠳᠪᠦᠷᠢ ᠵᠢᠨ ᠵᠢᠪᠡ ᠪᠦᠰᠡ᠎ᠠᠴᠠ ᠠᠮᠢᠳᠤᠷᠠᠯ᠎ᠤᠨ ᠦᠵᠡᠰᠬᠦᠯᠡᠩᠲᠦ ᠰᠠᠢ᠌ᠬᠠᠨ ᠪᠦᠰᠡ ᠪᠣᠯᠣᠨ ᠠᠮᠢ ᠠᠬᠤᠢ ᠵᠢᠨ ᠨᠣᠭᠣᠭ᠋ᠠᠨ ᠪᠦᠰᠡ᠎ᠳᠤ ᠬᠦᠷᠬᠦ ᠬᠡᠭᠡᠨᠴᠢᠷ ᠰᠠᠢ᠌ᠬᠠᠨ ᠬᠤᠪᠢᠷᠠᠯᠲᠠ ᠵᠢ ᠠᠮᠵᠢᠯᠲᠠ᠎ᠲᠠᠢ ᠪᠡᠶᠡᠯᠡᠭᠦᠯᠵᠦ᠂ ᠬᠤᠳᠠ ᠵᠢᠨ ᠠᠷᠠᠳ᠎ᠲᠤ ᠴᠢᠨᠠᠷ ᠰᠠᠢ᠌ᠲᠠᠢ ᠠᠮᠢ ᠠᠬᠤᠢ ᠵᠢᠨ ᠣᠷᠣᠨ ᠵᠠᠢ ᠪᠣᠯᠣᠨ ᠰᠡᠯᠡᠭᠦᠴᠡᠯ᠎ᠤᠨ ᠲᠠᠯᠠᠪᠤᠷ ᠬᠠᠩᠭ᠋ᠠᠵᠤ᠂ ᠠᠷᠠᠳ᠎ᠤᠨ ᠬᠤᠳᠠ ᠵᠢᠨ ᠴᠢᠬᠤᠯᠠ ᠨᠣᠭᠣᠭ᠋ᠠᠨ ᠨᠡᠷ᠎ᠡ ᠵᠢᠨ ᠬᠠᠭᠤᠳᠠᠰᠤ ᠪᠣᠯᠤᠭᠰᠠᠨ ᠪᠠᠢ᠌ᠨ᠎ᠠ᠃
ᠬᠣᠲᠠ ᠵᠢᠨ ᠳᠤᠮᠳᠠ ᠬᠡᠮᠵᠢᠶᠡᠨ᠎ᠤ ᠲᠥᠯᠦᠪᠵᠢᠭᠦᠯᠭᠡ ᠵᠢᠨ ᠲᠠᠯ᠎ᠠ᠎ᠪᠠᠷ᠂ ᠱᠠᠩᠬᠠᠢ ᠬᠣᠲᠠ ᠵᠢᠨ᠎ᠬᠢᠨ 《ᠮᠢᠩᠭ᠋ᠠᠨ ᠴᠡᠴᠡᠷᠯᠢᠭ᠎ᠤᠨ ᠢᠨᠵᠧᠨᠧᠷᠢᠩ》 ᠵᠶ᠋ᠡᠷ ᠭᠠᠷᠳᠠᠴᠠ ᠪᠣᠯᠭ᠋ᠠᠵᠤ᠂ 《ᠴᠡᠭ ᠪᠠᠢ᠌ᠷᠢᠯᠠᠭᠤᠯᠵᠤ ᠨᠣᠭᠣᠭ᠋ᠠᠷᠠᠭᠤᠯᠤᠯᠲᠠ ᠵᠢ ᠨᠡᠮᠡᠭᠳᠡᠭᠦᠯᠬᠦ》 ᠠᠷᠭ᠎ᠠ ᠮᠠᠶᠢᠭ ᠵᠶ᠋ᠠᠷ ᠳᠠᠮᠵᠢᠭᠤᠯᠤᠨ᠂ ᠴᠡᠴᠡᠷᠯᠢᠭ᠎ᠤᠨ ᠬᠣᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠣᠳᠣᠬᠠᠨ᠎ᠳᠤ᠂ ᠪᠥᠬᠥ ᠬᠣᠲᠠ ᠵᠢᠨ ᠴᠡᠴᠡᠷᠯᠢᠭ᠎ᠤᠨ ᠲᠣᠭ᠎ᠠ ᠨᠢᠭᠡᠨᠲᠡ 973 ᠪᠣᠯᠵᠤ᠂ ᠡᠭᠦᠨ᠎ᠳᠤ 24 ᠴᠠᠭ ᠨᠡᠭᠡᠭᠡᠯᠲᠡ᠎ᠲᠠᠢ ᠴᠡᠴᠡᠷᠯᠢᠭ 849 ᠪᠠᠢ᠌ᠵᠤ᠂ ᠡᠵᠡᠯᠡᠬᠦ ᠬᠠᠷᠢᠴᠠᠯ᠎ᠨᠢ 83% ᠬᠦᠷᠴᠡᠢ᠃ ᠡᠭᠦᠨ᠎ᠠᠴᠠ ᠭᠠᠳᠠᠨ᠎ᠠ᠂ ᠪᠠᠰᠠ 138 ᠨᠢᠭᠡᠴᠢ ᠵᠢᠨ ᠬᠠᠷᠢᠶᠠᠲᠤ ᠵᠦᠯᠭᠡ ᠭᠠᠵᠠᠷ᠎ᠨᠢ ᠨᠡᠢ᠌ᠭᠡᠮ᠎ᠳᠤ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠵᠢ ᠪᠡᠶᠡᠯᠡᠭᠦᠯᠪᠡ᠃
《ᠲᠣᠭ᠎ᠠ ᠬᠡᠮᠵᠢᠶᠡᠨ᠎ᠤ ᠨᠡᠮᠡᠭᠳᠡᠯ᠎ᠢ ᠪᠠᠲᠤᠯᠠᠬᠤ ᠵᠢᠨ ᠵᠡᠷᠭᠡ᠎ᠳᠤ ᠴᠡᠴᠡᠷᠯᠢᠭ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢ ᠣᠨᠴᠠ ᠴᠢᠬᠤᠯᠠᠴᠢᠯᠠᠬᠤ ᠬᠡᠷᠡᠭᠳᠡᠢ》 ᠶᠠᠨ ᠪᠥᠸᠧ ᠵᠢᠨ ᠲᠠᠨᠢᠯᠴᠠᠭᠤᠯᠤᠭᠰᠠᠨ ᠵᠶ᠋ᠠᠷ᠂ ᠱᠠᠩᠬᠠᠢ ᠭᠣᠣᠯᠳᠠᠭᠤ 《ᠴᠡᠴᠡᠷᠯᠢᠭ +》 ᠴᠢᠳᠠᠮᠵᠢ ᠵᠢ ᠥᠷᠭᠡᠳᠬᠡᠬᠦ᠎ᠪᠠᠷ ᠳᠠᠮᠵᠢᠭᠤᠯᠤᠨ᠂ ᠴᠡᠴᠡᠷᠯᠢᠭ᠎ᠤᠨ ᠨᠣᠭᠣᠭ᠋ᠠᠨ ᠬᠥᠷᠥᠰᠥᠨ᠎ᠳᠤ ᠨᠠᠩ ᠤᠯᠠᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠴᠢᠳᠠᠮᠵᠢ ᠵᠢ ᠣᠯᠭᠣᠪᠠ᠃ 《ᠵᠢᠱ᠌ᠢᠶᠡᠯᠡᠪᠡᠯ᠂ ᠡᠩᠬᠡ ᠲᠠᠶ᠋ᠢᠪᠤᠩ ᠴᠡᠴᠡᠷᠯᠢᠭ᠎ᠢ ᠥᠭᠡᠷᠡᠴᠢᠯᠡᠬᠦ᠎ᠪᠠᠷ ᠳᠡᠮᠵᠢᠨ᠂ ᠰᠡᠯᠡᠭᠦᠴᠡᠯ᠂ ᠪᠡᠶ᠎ᠡ ᠴᠢᠭᠢᠷᠠᠭᠵᠢᠭᠤᠯᠬᠤ᠂ ᠰᠣᠶᠣᠯ ᠤᠷᠠᠯᠢᠭ᠂ ᠪᠠᠶ᠋ᠢᠭ᠋ᠠᠯᠢ ᠵᠢᠨ ᠰᠤᠷᠭ᠋ᠠᠨ ᠬᠥᠮᠦᠵᠢᠯ ᠵᠡᠷᠭᠡ ᠤᠯᠠᠨ ᠵᠦᠢ᠍ᠯ᠎ᠤᠨ ᠴᠢᠳᠠᠮᠵᠢ ᠵᠢ ᠠᠭᠤᠰᠬᠠᠭᠰᠠᠨ ᠪᠠᠢ᠌ᠨ᠎ᠠ᠂ ᠡᠩᠬᠡ ᠲᠠᠶ᠋ᠢᠪᠤᠩ ᠴᠡᠴᠡᠷᠯᠢᠭ᠎ᠲᠤ ᠪᠠᠰᠠ 〈ᠱᠠᠩᠬᠠᠢ ᠵᠢᠨ ᠨᠠᠭᠦᠷᠡᠰᠦᠲᠦ᠋ᠷᠦᠭᠴᠢ ᠵᠢᠨ ᠨᠢᠭᠤᠴᠠ ᠣᠷᠳᠣᠨ〉᠎ᠢ ᠪᠠᠢ᠌ᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠵᠡᠭᠦᠯᠭᠡ ᠵᠢᠨ ᠣᠷᠳᠣᠨ ᠪᠣᠯᠬᠤ᠎ᠪᠠᠷ ᠪᠠᠷᠠᠬᠤ ᠦᠭᠡᠢ ᠪᠠᠰᠠ ᠬᠣᠲᠠ ᠵᠢᠨ ᠠᠷᠠᠳ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠬᠠᠯᠠᠮᠰᠢᠯ ᠴᠡᠭ ᠪᠣᠯᠤᠭᠰᠠᠨ ᠪᠠᠢ᠌ᠨ᠎ᠠ》᠃
ᠨᠡᠢ᠌ᠭᠡᠮ ᠲᠣᠭᠣᠷᠢᠭ᠎ᠤᠨ ᠪᠠᠭ᠎ᠠ ᠬᠡᠮᠵᠢᠶᠡᠨ᠎ᠤ ᠲᠥᠯᠦᠪᠵᠢᠭᠦᠯᠭᠡ ᠵᠢᠨ ᠲᠠᠯ᠎ᠠ᠎ᠪᠠᠷ᠂ ᠱᠠᠩᠬᠠᠢ 《ᠠᠮᠢᠳᠤᠷᠠᠯ᠎ᠤᠨ ᠣᠷᠴᠢᠨ᠎ᠤ ᠴᠡᠴᠡᠷᠯᠢᠭ》᠎ᠤᠨ ᠪᠦᠲᠦᠭᠡᠨ ᠪᠠᠢ᠌ᠭᠤᠯᠤᠯᠲᠠ᠎ᠪᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠬᠡᠲᠦ ᠲᠣᠮᠣ ᠬᠤᠳᠠ ᠵᠢᠨ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠰᠢᠨ᠎ᠡ ᠵᠠᠭᠪᠤᠷ᠎ᠢ ᠬᠠᠢ᠌ᠨ ᠰᠦᠪᠡᠭᠴᠢᠯᠡᠨ᠎ᠡ᠃ ᠴᠠᠩᠨᠢᠩ ᠲᠣᠭᠣᠷᠢᠭ ᠪᠦᠬᠦ ᠬᠡᠪᠴᠢᠶᠡᠨ᠎ᠳᠤ 27 ᠰᠠᠭᠤᠷᠢ ᠬᠡᠪ ᠨᠠᠮᠪᠠ᠎ᠪᠠᠷ ᠡᠷᠡᠰ ᠣᠨᠳᠣᠣ ᠨᠡᠢ᠌ᠭᠡᠮ ᠲᠣᠭᠣᠷᠢᠭ᠎ᠤᠨ ᠠᠮᠢᠳᠤᠷᠠᠯ᠎ᠤᠨ ᠣᠷᠴᠢᠨ᠎ᠤ ᠴᠡᠴᠡᠷᠯᠢᠭ᠎ᠢ ᠪᠠᠢ᠌ᠭᠤᠯᠤᠭᠰᠠᠨ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 《ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ 100 + ᠪᠦᠬᠦ ᠪᠥᠮᠪᠥᠷᠴᠡᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ》᠎ᠪᠠᠷ ᠰᠣᠩᠭᠣᠭᠳᠠᠵᠠᠢ᠃ ᠶᠠᠨ ᠪᠥᠸᠧ᠄ 《ᠡᠲᠡᠭᠡᠷ ᠴᠡᠴᠡᠷᠯᠢᠭ᠎ᠨᠢ ᠰᠠᠭᠤᠭ᠋ᠠᠯᠢ ᠠᠷᠠᠳ᠎ᠤᠨ ᠲᠣᠭᠣᠷᠢᠭ ᠪᠤᠶᠤ ᠨᠡᠢ᠌ᠭᠡᠮ ᠲᠣᠭᠣᠷᠢᠭ᠎ᠲᠤ ᠪᠠᠢ᠌ᠷᠢᠰᠢᠵᠤ᠂ ᠠᠷᠠᠳ ᠢᠷᠭᠡᠳ᠎ᠠᠴᠠ ᠮᠠᠰᠢ ᠣᠢ᠌ᠷ᠎ᠠ ᠪᠠᠢ᠌ᠳᠠᠭ᠂ ᠨᠡᠩ ᠴᠢᠬᠤᠯᠠ᠎ᠨᠢ ᠬᠡᠭᠡᠷ᠎ᠡ ᠵᠢᠨ ᠠᠮᠢᠲᠠᠨ᠎ᠳᠤ ᠢᠳᠡᠭᠡᠨ᠎ᠤ ᠢᠷᠡᠯᠲᠡ᠂ ᠤᠰᠤᠨ᠎ᠤ ᠰᠤᠷᠪᠤᠯᠵᠢ ᠪᠣᠯᠣᠨ ᠬᠠᠮᠠᠭ᠋ᠠᠯᠠᠯᠲᠠ ᠵᠢᠨ ᠭᠠᠵᠠᠷ ᠬᠠᠩᠭ᠋ᠠᠵᠤ ᠴᠢᠳᠠᠬᠤ ᠪᠥᠭᠡᠳ ᠬᠠᠶᠢᠭ ᠰᠣᠩᠭᠣᠬᠤ᠂ ᠵᠢᠷᠤᠵᠤ ᠲᠥᠯᠥᠪᠯᠡᠬᠦ᠂ ᠡᠵᠡᠩᠨᠡᠬᠦ᠎ᠠᠴᠠ ᠬᠠᠮᠢᠶᠠᠷᠤᠯᠲᠠ ᠬᠦᠷᠲᠡᠯ᠎ᠡ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠳ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠦᠨᠳᠦᠰᠦᠨ᠎ᠳᠡᠭᠡᠨ ᠪᠡᠶᠡᠯᠡᠭᠦᠯᠦᠭᠰᠡᠨ ᠪᠠᠢ᠌ᠨ᠎ᠠ》 ᠭᠡᠵᠡᠢ᠃