ᠣᠢ᠌ᠷ᠎ᠠ᠎ᠳᠤ᠂ ᠬᠣᠶᠠᠷ ᠲᠠᠯ᠎ᠠ ᠵᠢᠨ ᠭᠠᠳᠠᠭ᠋ᠠᠳᠤ ᠶᠠᠪᠤᠳᠠᠯ᠎ᠤᠨ ᠰᠠᠯᠠᠭ᠎ᠠ ᠮᠥᠴᠢᠷ᠎ᠤᠨ ᠭᠡᠷᠡᠴᠢᠯᠡᠯ ᠳᠣᠣᠷ᠎ᠠ᠂ ᠪᠡᠭᠡᠵᠢᠩ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠴᠧᠨ ᠲᠢᠶᠠᠨ ᠪᠣᠯᠣᠨ ᠪᠠᠩᠺᠤᠺ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠲᠣᠪᠴᠢᠶ᠎ᠠ ᠵᠢᠨ ᠳᠠᠷᠤᠭ᠎ᠠ ᠫᠠᠯᠠᠫᠠᠰ · ᠯᠦᠸᠠᠨᠰᠸᠨᠠᠫᠠ ᠸᠢᠳᠢᠤ᠋ ᠵᠢᠨ ᠬᠡᠯᠪᠡᠷᠢ᠎ᠪᠠᠷ ᠭᠤᠷᠪᠠᠨ ᠵᠢᠯ᠎ᠤᠨ ᠬᠤᠭᠤᠴᠠᠭ᠎ᠠ᠎ᠲᠠᠢ ᠠᠭ᠋ᠠᠷ᠎ᠤᠨ ᠶᠠᠰᠤ ᠴᠢᠨᠠᠷ᠎ᠤᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢᠨ ᠬᠠᠮᠲᠤᠷᠠᠯᠴᠠᠭ᠋ᠠᠨ᠎ᠤ ᠣᠢ᠌ᠯᠠᠭ᠋ᠠᠯᠴᠠᠭ᠋ᠠᠨᠤ ᠰᠠᠨᠠᠮᠵᠢ᠎ᠳᠤ ᠭᠠᠷᠤᠨ ᠦᠰᠦᠭ ᠵᠢᠷᠤᠪᠠ᠃ ᠢᠷᠡᠬᠦ ᠭᠤᠷᠪᠠᠨ ᠵᠢᠯ᠎ᠳᠤ᠂ ᠪᠡᠭᠡᠵᠢᠩ᠂ ᠪᠠᠩᠺᠤᠺᠤᠨᠬᠢᠨ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠲᠠᠯ᠎ᠠ᠎ᠪᠠᠷ᠎ᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠣᠣᠯᠳᠠᠯᠭ᠎ᠠ᠎ᠲᠠᠢ ᠠᠬᠢᠭᠤᠯᠬᠤ ᠪᠣᠯᠣᠨ᠎ᠠ᠃ ᠪᠡᠭᠡᠵᠢᠩ ᠬᠣᠲᠠ ᠵᠢᠨ᠎ᠬᠢᠨ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ᠂ ᠢᠯᠠᠩᠭᠤᠶ᠎ᠠ ᠵᠢᠵᠢᠭ ᠮᠥᠬᠥᠯᠢᠭᠲᠦ ᠪᠣᠳᠠᠰ (PM2.5)᠎ᠢ ᠬᠢᠨᠠᠨ ᠬᠡᠮᠵᠢᠵᠦ ᠵᠠᠰᠠᠭᠰᠠᠨ ᠪᠦᠲᠦᠮᠵᠢᠲᠡᠢ ᠲᠤᠷᠰᠢᠯᠭ᠎ᠠ᠎ᠪᠠᠨ ᠪᠠᠩᠺᠤᠺ᠎ᠲᠠᠢ ᠬᠤᠪᠢᠶᠠᠯᠴᠠᠵᠤ᠂ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠦᠴᠦ ᠨᠡᠮᠡᠷᠢᠯᠡᠬᠦ᠎ᠪᠠᠷ ᠪᠠᠢ᠌ᠨ᠎ᠠ᠃
2025 ᠣᠨ ᠪᠣᠯ ᠳᠤᠮᠳᠠᠳᠤ ᠪᠠ ᠲᠠᠶ᠋ᠢᠯᠠᠨᠳ᠋ ᠬᠣᠶᠠᠷ ᠤᠯᠤᠰ᠎ᠤᠨ ᠬᠠᠷᠢᠯᠴᠠᠭ᠎ᠠ ᠪᠠᠢ᠌ᠭᠤᠯᠤᠭᠰᠠᠨ 50 ᠵᠢᠯ᠎ᠤᠨ ᠤᠢ ᠪᠣᠯᠣᠨ᠎ᠠ᠂ ᠮᠥᠨ ᠴᠤ᠌ ᠪᠡᠭᠡᠵᠢᠩ ᠬᠤᠳᠠ ᠵᠢᠨ ᠪᠠᠩᠺᠤᠺ ᠬᠤᠳᠠ᠎ᠯᠤᠭ᠎ᠠ ᠨᠥᠬᠥᠷᠰᠡᠭ ᠬᠤᠳᠠ ᠵᠢᠨ ᠬᠠᠷᠢᠯᠴᠠᠭ᠎ᠠ ᠪᠠᠢ᠌ᠭᠤᠯᠤᠭᠰᠠᠨ 32 ᠵᠢᠯ᠎ᠤᠨ ᠤᠢ ᠪᠣᠯᠣᠨ᠎ᠠ᠃ ᠭᠤᠴᠢ ᠭᠠᠷᠤᠢ ᠵᠢᠯ ᠰᠠᠢ᠍ᠢ᠍ᠨ ᠪᠠᠷᠢᠯᠳᠤᠭᠰᠠᠨ ᠨᠥᠬᠥᠷᠰᠡᠭ ᠬᠤᠳᠠ ᠪᠣᠯᠤᠭᠰᠠᠨ᠎ᠤ ᠬᠤᠪᠢ᠎ᠳᠤ᠂ ᠠᠳᠠᠯᠢ ᠨᠢᠭᠡᠨ ᠳᠡᠯᠡᠬᠡᠢ ᠵᠢᠨ ᠪᠥᠮᠪᠥᠷᠴᠡᠭ᠎ᠲᠤ ᠠᠮᠢᠳᠤᠷᠠᠵᠤ᠂ ᠠᠳᠠᠯᠢ ᠨᠢᠭᠡᠨ ᠬᠥᠬᠡ ᠲᠡᠭᠷᠢ ᠵᠢᠨ ᠳᠣᠣᠷ᠎ᠠ ᠠᠮᠢᠰᠬᠤᠵᠤ᠂ ᠬᠣᠶᠠᠷ ᠲᠠᠯ᠎ᠠ᠎ᠪᠠᠷ ᠵᠶ᠋ᠠᠨ ᠴᠥᠮ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠵᠤ᠂ ᠬᠤᠳᠠ ᠵᠢᠨ ᠠᠷᠠᠳ᠎ᠤᠨ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ᠎ᠪᠠᠷ ᠦᠷᠬᠦᠯᠵᠢᠯᠡᠨ ᠴᠢᠷᠮᠠᠢ᠌ᠵᠤ ᠪᠠᠢ᠌ᠨ᠎ᠠ᠃
ᠣᠢ᠌ᠷ᠎ᠠ ᠵᠢᠨ ᠵᠢᠯ᠎ᠳᠤ᠂ ᠪᠡᠭᠡᠵᠢᠩ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ 2024 ᠣᠨ᠎ᠳᠤ ᠪᠥᠬᠥ ᠬᠣᠲᠠ ᠵᠢᠨ PM2.5 ᠵᠢᠨ ᠵᠢᠯ ᠳᠤᠮᠳᠠᠴᠢ ᠵᠢᠨ ᠥᠳᠬᠡᠴᠡ 2013 ᠣᠨ᠎ᠤ᠎ᠬᠢ᠎ᠠᠴᠠ 65.9%᠎ᠪᠠᠷ ᠪᠠᠭᠤᠷᠠᠵᠤ᠂ ᠳᠥᠷᠪᠡᠨ ᠵᠢᠯ ᠳᠠᠷᠠᠭ᠋ᠠᠯᠠᠨ ᠤᠯᠤᠰ᠎ᠤᠨ ᠠᠭ᠋ᠠᠷ᠎ᠤᠨ ᠶᠠᠰᠤ ᠴᠢᠨᠠᠷ᠎ᠤᠨ ᠬᠣᠶᠠᠳᠤᠭ᠋ᠠᠷ ᠳᠡᠰ᠎ᠤᠨ ᠪᠠᠷᠢᠮᠵᠢᠶ᠎ᠠ᠎ᠳᠤ ᠲᠣᠭᠲᠠᠭᠤᠨ ᠵᠶ᠋ᠠᠷ ᠬᠦᠷᠴᠦ᠂ 《ᠪᠡᠭᠡᠵᠢᠩ᠎ᠤᠨ ᠬᠥᠬᠡ ᠥᠩᠭᠡ》᠎ᠨᠢ ᠠᠯᠬᠤᠮ ᠠᠯᠬᠤᠮ ᠵᠶ᠋ᠠᠷ ᠬᠡᠪ᠎ᠤᠨ ᠪᠠᠶ᠋ᠢᠳᠠᠯ ᠪᠣᠯᠤᠭᠰᠠᠨ ᠪᠠᠢ᠌ᠨ᠎ᠠ᠃ ᠪᠡᠭᠡᠵᠢᠩ ᠬᠣᠲᠠ ᠵᠢᠨ᠎ᠬᠢᠨ ᠤᠯᠠᠨ ᠤᠯᠤᠰ᠎ᠤᠨ ᠲᠤᠷᠰᠢᠯᠭ᠎ᠠ᠎ᠪᠠᠷ ᠲᠣᠯᠢ ᠪᠣᠯᠭ᠋ᠠᠭᠰᠠᠨ ᠪᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠦᠭᠰᠡᠨ ᠰᠠᠭᠤᠷᠢᠨ ᠳᠡᠭᠡᠷ᠎ᠡ᠂ ᠲᠣᠰ ᠪᠡᠶ᠎ᠡ ᠵᠢᠨ ᠣᠨᠴᠠᠯᠢᠭ᠎ᠲᠠᠭᠠᠨ ᠲᠣᠬᠢᠷᠠᠭᠰᠠᠨ ᠨᠡᠯᠢᠶᠡᠳ ᠪᠣᠯᠪᠠᠰᠤᠷᠠᠩᠭᠤᠢ ᠪᠥᠭᠡᠳ ᠪᠦᠷᠢᠨ ᠲᠡᠭᠦᠯᠳᠡᠷ ᠠᠭ᠋ᠠᠷ᠎ᠤᠨ ᠶᠠᠰᠤ ᠴᠢᠨᠠᠷ᠎ᠤᠨ ᠬᠢᠨᠠᠨ ᠬᠡᠮᠵᠢᠯᠲᠡ ᠪᠠ ᠬᠠᠮᠢᠶᠠᠷᠤᠯᠲᠠ ᠵᠢᠨ ᠰᠢᠰᠲ᠋ᠧᠮ᠎ᠢ ᠪᠠᠢ᠌ᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠨᠠᠷᠢᠯᠢᠭ ᠣᠨᠣᠴᠠᠲᠠᠢ᠎ᠪᠠᠷ ᠪᠣᠬᠢᠷᠲᠤᠯ᠎ᠢ ᠵᠠᠰᠠᠬᠤ᠂ ᠣᠷᠣᠨ ᠪᠦᠰᠡ ᠵᠢᠨ ᠬᠠᠮᠵᠢᠯᠴᠠᠭ᠎ᠠ ᠵᠡᠷᠭᠡ ᠲᠠᠯ᠎ᠠ᠎ᠪᠠᠷ ᠪᠦᠲᠦᠮᠵᠢᠲᠡᠢ ᠲᠤᠷᠰᠢᠯᠭ᠎ᠠ ᠪᠠ ᠠᠷᠭ᠎ᠠ ᠬᠢᠳᠡᠯ᠎ᠢ ᠬᠤᠷᠠᠮᠳᠤᠭᠤᠯᠵᠠᠢ᠃
ᠬᠣᠶᠠᠷ ᠬᠣᠲᠠ ᠵᠢᠨ ᠨᠥᠬᠥᠷᠰᠡᠭ ᠬᠣᠲᠠ ᠵᠢᠨ ᠰᠣᠯᠢᠯᠴᠠᠭ᠋ᠠᠨ᠎ᠤ ᠪᠣᠷᠣ ᠲᠥᠯᠥᠪ᠎ᠤᠨ ᠳᠣᠣᠷ᠎ᠠ᠂ ᠪᠡᠭᠡᠵᠢᠩ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠪᠡᠭᠡᠵᠢᠩ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠠᠳᠠᠭ᠋ᠠᠳᠤ ᠶᠠᠪᠤᠳᠠᠯ᠎ᠤᠨ ᠠᠯᠪᠠᠨ ᠭᠡᠷ᠎ᠨᠢ ᠪᠠᠩᠺᠤᠺ᠎ᠤᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠲᠣᠪᠴᠢᠶ᠎ᠠ᠂ ᠪᠠᠩᠺᠤᠺ᠎ᠤᠨ ᠵᠠᠰᠠᠭ᠎ᠤᠨ ᠣᠷᠳᠣᠨ᠎ᠤ ᠤᠯᠠᠨ ᠤᠯᠤᠰ᠎ᠤᠨ ᠬᠡᠷᠡᠭ ᠶᠠᠪᠤᠳᠠᠯ᠎ᠤᠨ ᠠᠯᠪᠠᠨ ᠭᠡᠷ᠎ᠲᠠᠢ ᠢᠳᠡᠪᠬᠢᠲᠡᠢ ᠵᠤᠯᠭ᠋ᠠᠯᠴᠠᠭᠤᠯᠵᠤ᠂ ᠪᠡᠭᠡᠵᠢᠩ᠎ᠤᠨ ᠲᠤᠰᠬᠠᠢ ᠮᠡᠷᠭᠡᠵᠢᠯᠲᠡᠨ᠎ᠢ ᠪᠠᠩᠺᠤᠺ᠎ᠲᠤ ᠣᠴᠢᠭᠤᠯᠤᠨ ᠵᠢᠯᠣᠭᠣᠳᠤᠭᠤᠯᠬᠤ᠂ ᠪᠠᠩᠺᠤᠺ᠎ᠤᠨ ᠲᠥᠯᠥᠭᠡᠯᠡᠭᠴᠢ ᠵᠢ ᠪᠡᠭᠡᠵᠢᠩ᠎ᠳᠤ ᠤᠷᠢᠵᠤ ᠰᠣᠯᠢᠯᠴᠠᠭ᠎ᠠ ᠬᠢᠯᠭᠡᠬᠦ ᠵᠡᠷᠭᠡ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠨᠥᠬᠥᠷᠰᠡᠭ ᠬᠤᠳᠠ ᠵᠢᠨ ᠠᠵᠢᠯ ᠨᠢᠭᠡᠲᠡᠨ ᠨᠠᠷ᠎ᠲᠤ ᠠᠭ᠋ᠠᠷ ᠮᠠᠨᠳᠠᠯ᠎ᠤᠨ ᠬᠢᠨᠠᠨ ᠬᠡᠮᠵᠢᠯᠲᠡ ᠪᠠ ᠵᠠᠰᠠᠯᠲᠠ ᠵᠢᠨ 《ᠪᠡᠭᠡᠵᠢᠩ᠎ᠤᠨ ᠲᠤᠷᠰᠢᠯᠭ᠎ᠠ》 ᠵᠢᠴᠢ ᠪᠡᠭᠡᠵᠢᠩ᠎ᠤᠨ ᠴᠡᠯᠮᠡᠭ ᠲᠡᠭᠷᠢ ᠵᠢᠨ ᠠᠷᠤ᠎ᠳᠠᠬᠢ 《ᠰᠢᠨᠵᠢᠯᠡᠬᠦ ᠤᠬᠠᠭ᠋ᠠᠨ ᠮᠡᠷᠭᠡᠵᠢᠯ ᠪᠠ ᠰᠠᠢ᠌ᠨ ᠠᠷᠭ᠎ᠠ ᠬᠡᠮᠵᠢᠶ᠎ᠡ》 ᠵᠢ ᠬᠤᠪᠢᠶᠠᠯᠴᠠᠨ᠎ᠠ᠃ ᠢᠯᠠᠩᠭᠤᠶ᠎ᠠ ᠰᠡᠷᠡᠯ ᠳᠠᠮᠵᠢᠭᠤᠯᠤᠭᠴᠢ᠎ᠳᠤ ᠰᠠᠭᠤᠷᠢᠯᠠᠭᠰᠠᠨ PM2.5 ᠬᠢᠨᠠᠨ ᠬᠡᠮᠵᠢᠬᠦ ᠰᠦᠯᠵᠢᠶ᠎ᠡ ᠪᠣᠯᠣᠨ ᠠᠭ᠋ᠠᠷ ᠮᠠᠨᠳᠠᠯ᠎ᠤᠨ 《ᠭᠤᠷᠪᠠᠨ ᠬᠢᠨᠠᠯᠲᠠ》 ᠵᠢᠨ ᠬᠣᠯᠪᠣᠯᠳᠤᠨ ᠬᠥᠳᠡᠯᠦᠯᠴᠡᠬᠦ ᠲᠣᠮᠣ ᠵᠠᠭᠪᠤᠷ᠎ᠨᠢ ᠪᠠᠩᠺᠤᠺ᠎ᠤᠨ ᠠᠵᠢᠯ ᠨᠢᠭᠡᠲᠡᠨ᠎ᠤ ᠳᠡᠭᠡᠳᠦ ᠬᠡᠮᠵᠢᠶᠡᠨ᠎ᠤ ᠮᠠᠭᠲᠠᠭ᠋ᠠᠯ ᠰᠠᠢ᠌ᠰᠢᠶᠠᠯ᠎ᠢ ᠣᠯᠵᠤ᠂ ᠲᠡᠳᠡ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ 《ᠪᠡᠭᠡᠵᠢᠩ᠎ᠤᠨ ᠲᠤᠷᠰᠢᠯᠭ᠎ᠠ》 ᠵᠢ ᠰᠤᠷᠤᠯᠴᠠᠬᠤ ᠵᠢ ᠬᠦᠰᠡᠵᠦ ᠪᠠᠶ᠋ᠢᠬᠤ᠎ᠪᠠᠨ ᠣᠯᠠᠨᠲᠠ ᠢᠯᠡᠷᠬᠡᠢ᠌ᠯᠡᠭᠰᠡᠨ ᠪᠠᠢ᠌ᠨ᠎ᠠ᠃
ᠲᠣᠰ ᠤᠳᠠᠭ᠋ᠠᠨ᠎ᠤ ᠭᠤᠷᠪᠠᠨ ᠵᠢᠯ᠎ᠤᠨ ᠬᠤᠭᠤᠴᠠᠭ᠎ᠠ᠎ᠲᠠᠢ ᠬᠠᠮᠲᠤᠷᠠᠯᠴᠠᠭ᠎ᠠ᠎ᠳᠤ᠂ ᠪᠡᠭᠡᠵᠢᠩ ᠬᠣᠲᠠ ᠵᠢᠨ᠎ᠬᠢᠨ ᠬᠠᠷᠢᠯᠴᠠᠨ ᠠᠢ᠌ᠯᠴᠢᠯᠠᠵᠤ ᠰᠣᠯᠢᠯᠴᠠᠬᠤ᠂ ᠠᠵᠢᠯᠲᠠᠨ᠎ᠤ ᠪᠣᠯᠪᠠᠰᠤᠷᠠᠯ ᠬᠢᠬᠦ ᠪᠠ ᠪᠠᠩᠺᠤᠺ᠎ᠤᠨ ᠬᠣᠯᠪᠣᠭᠳᠠᠯ ᠪᠦᠬᠦᠢ ᠲᠤᠷᠰᠢᠯᠲᠠ ᠬᠢᠬᠦ ᠵᠢ ᠳᠡᠮᠵᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠠᠩᠺᠤᠺ᠎ᠤᠨ ᠠᠭ᠋ᠠᠷ᠎ᠤᠨ ᠪᠣᠬᠢᠷᠲᠤᠯ᠎ᠢ ᠵᠠᠰᠠᠬᠤ ᠪᠠ ᠬᠢᠨᠠᠨ ᠬᠡᠮᠵᠢᠬᠦ ᠲᠠᠯ᠎ᠠ ᠵᠢᠨ ᠲᠤᠷᠰᠢᠯᠭ᠎ᠠ ᠵᠢ ᠬᠤᠪᠢᠶᠠᠯᠴᠠᠨ ᠡᠳ᠋ᠯᠡᠬᠦ ᠵᠢ ᠴᠢᠩᠭ᠋ᠠᠳᠬᠠᠵᠠᠢ᠃ ᠡᠭᠦᠨ᠎ᠤ ᠬᠠᠮᠲᠤ ᠬᠥᠮᠥᠨ᠎ᠤ ᠴᠢᠳᠠᠪᠤᠷᠢ ᠵᠢᠨ ᠪᠠᠢ᠌ᠭᠤᠯᠤᠯᠲᠠ᠂ ᠮᠡᠷᠭᠡᠵᠢᠯ᠎ᠤᠨ ᠬᠡᠷᠡᠭᠯᠡᠭᠡ ᠪᠠ ᠠᠭ᠋ᠠᠷ ᠮᠠᠨᠳᠠᠯ᠎ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠲᠤᠷᠰᠢᠯᠭ᠎ᠠ ᠵᠡᠷᠭᠡ ᠲᠠᠯ᠎ᠠ᠎ᠪᠠᠷ ᠪᠥᠬᠥ ᠬᠦᠴᠦᠨ ᠵᠶ᠋ᠡᠷ ᠵᠶ᠋ᠡᠨ ᠬᠠᠪᠰᠤᠷᠤᠯᠴᠠᠵᠤ᠂ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠵᠢᠨ ᠲᠥᠯᠥᠭᠡ ᠬᠠᠮᠲᠤ᠎ᠪᠠᠷ ᠴᠢᠷᠮᠠᠢ᠌ᠨ ᠠᠵᠢᠯᠯᠠᠵᠠᠢ᠃
《〈ᠲᠠᠶ᠋ᠢᠯᠠᠨᠳ᠋ ᠪᠣᠯᠣᠨ ᠳᠤᠮᠳᠠᠳᠤ ᠵᠢᠨ ᠨᠥᠬᠥᠷᠯᠡᠯ᠎ᠤᠨ ᠰᠢᠵᠢᠷ ᠠᠯᠳᠠᠨ 50 ᠵᠢᠯ〉᠎ᠤᠨ ᠲᠠᠰᠢᠷᠠᠮ᠎ᠳᠤ ᠪᠡᠭᠡᠵᠢᠩ᠎ᠲᠠᠢ ᠬᠠᠮᠲᠤᠷᠠᠯᠴᠠᠭ᠎ᠠ ᠰᠣᠯᠢᠯᠴᠠᠭ᠎ᠠ᠎ᠪᠠᠨ ᠴᠢᠩᠭ᠋ᠠᠳᠬᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ》᠃ ᠪᠡᠭᠡᠵᠢᠩ ᠬᠣᠲᠠ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠲᠠᠯ᠎ᠠ᠎ᠪᠠᠷ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠮᠵᠢᠯᠲᠠ ᠣᠯᠵᠤ᠂ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠪᠠᠩᠺᠤᠺ᠎ᠲᠤ ᠠᠰᠢᠭᠲᠠᠢ ᠰᠡᠩᠬᠡᠷᠡᠭᠦᠯᠦᠯ ᠣᠯᠭᠣᠭᠰᠠᠨ ᠪᠠᠢ᠌ᠨ᠎ᠠ᠃ ᠥᠩᠭᠡᠷᠡᠭᠰᠡᠨ ᠨᠢᠭᠡ ᠵᠢᠯ᠎ᠳᠤ᠂ ᠪᠠᠩᠺᠤᠺ ᠪᠣᠯᠣᠨ ᠪᠡᠭᠡᠵᠢᠩ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠲᠠᠯ᠎ᠠ᠎ᠪᠠᠷ᠎ᠬᠢ ᠰᠣᠯᠢᠯᠴᠠᠭ᠎ᠠ ᠢᠯᠡᠳᠲᠡ ᠦᠷ᠎ᠡ ᠪᠦᠲᠦᠮᠵᠢ ᠣᠯᠪᠠ᠂ ᠪᠡᠭᠡᠵᠢᠩ᠎ᠲᠠᠢ ᠦᠷᠭᠦᠯᠵᠢᠯᠡᠨ ᠰᠣᠯᠢᠯᠴᠠᠭ᠎ᠠ᠎ᠪᠠᠨ ᠴᠢᠩᠭ᠋ᠠᠳᠬᠠᠵᠤ᠂ ᠵᠠᠰᠠᠯᠲᠠ ᠵᠢᠨ ᠦᠷ᠎ᠡ ᠪᠦᠲᠦᠭᠡᠯ᠎ᠢ ᠠᠷᠠᠳ ᠲᠦᠮᠡᠨ᠎ᠳᠤ ᠨᠠᠩ ᠰᠠᠶ᠋ᠢᠨ ᠬᠦᠷᠲᠡᠭᠡᠬᠦ ᠵᠢ ᠠᠬᠢᠭᠤᠯᠵᠤ᠂ ᠳᠤᠮᠳᠠᠳᠤ ᠲᠠᠶ᠋ᠢᠯᠠᠨᠳ᠋ᠤᠨ ᠨᠥᠬᠥᠷᠯᠡᠯ᠎ᠢ ᠬᠠᠮᠲᠤ᠎ᠪᠠᠷ ᠠᠬᠢᠭᠤᠯᠬᠤ ᠵᠢ ᠬᠦᠰᠡᠵᠦ ᠪᠠᠢ᠌ᠨ᠎ᠠ》 ᠭᠡᠵᠦ ᠪᠠᠩᠺᠤᠺ ᠬᠣᠲᠠ ᠵᠢᠨ ᠵᠠᠰᠠᠭ᠎ᠤᠨ ᠣᠷᠳᠣᠨ᠎ᠤ ᠣᠷᠴᠢᠨ ᠲᠣᠭᠣᠷᠢᠨ᠎ᠤ ᠲᠣᠪᠴᠢᠶ᠎ᠠ ᠵᠢᠨ ᠲᠣᠪᠴᠢᠶᠠᠨ ᠳᠠᠷᠤᠭ᠎ᠠ ᠫᠠᠯᠠᠫᠠᠰ · ᠯᠦᠸᠠᠨᠰᠸᠨᠠᠫᠠ ᠢᠯᠡᠷᠬᠡᠢ᠌ᠯᠡᠪᠡ᠃
ᠠᠭᠤᠯᠠ ᠬᠠᠢ᠌ᠷᠬᠠᠨ ᠬᠠᠮᠲᠤ᠎ᠪᠠᠷ ᠡᠭᠦᠯᠡ ᠪᠣᠷᠣᠭ᠋ᠠᠨ᠎ᠤ ᠰᠢᠮ᠎ᠡ ᠵᠢ ᠬᠦᠷᠲᠡᠵᠦ᠂ ᠠᠭ᠋ᠠᠷ᠎ᠤᠨ ᠲᠡᠷᠭᠡᠯ ᠰᠠᠷᠠᠨ ᠠᠳᠠᠯᠢᠬᠠᠨ ᠴᠢ ᠪᠢᠳᠡᠨ᠎ᠳᠤ ᠬᠠᠷᠠᠭᠳᠠᠮᠤᠢ᠃ ᠬᠣᠶᠠᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ᠎ᠬᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠬᠣᠯᠪᠣᠭ᠋ᠠᠰᠤ ᠪᠣᠯᠭ᠋ᠠᠵᠤ᠂ ᠲᠤᠰ ᠤᠳᠠᠭ᠎ᠠ ᠵᠢᠨ ᠬᠠᠮᠲᠤᠷᠠᠯᠴᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠠᠮᠲᠤ᠎ᠪᠠᠷ ᠵᠥᠪᠳᠡᠯᠴᠡᠵᠦ᠂ ᠬᠠᠮᠲᠤ᠎ᠪᠠᠷ ᠦᠰᠦᠨ ᠪᠣᠢ᠌ᠵᠢᠵᠤ᠂ ᠪᠡᠭᠡᠵᠢᠩ — ᠪᠠᠩᠺᠤᠺ᠎ᠤᠨ ᠨᠥᠬᠥᠷᠰᠡᠭ ᠬᠤᠳᠠ ᠵᠢᠨ ᠬᠠᠮᠲᠤᠷᠠᠯᠴᠠᠭ᠎ᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠢᠳᠡᠪᠬᠢᠲᠡᠢ ᠠᠬᠢᠭᠤᠯᠵᠤ᠂ ᠬᠣᠶᠠᠷ ᠲᠠᠯ᠎ᠠ ᠵᠢᠨ ᠬᠤᠳᠠ ᠵᠢᠨ ᠬᠥᠭᠵᠢᠯ ᠴᠡᠴᠡᠭᠯᠡᠯ ᠪᠣᠯᠣᠨ ᠬᠥᠭᠵᠢᠯᠲᠡ ᠵᠢ ᠬᠠᠮᠲᠤ᠎ᠪᠠᠷ ᠠᠬᠢᠭᠤᠯᠤᠨ᠎ᠠ᠃