ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠲᠢᠶᠠᠨᠵᠢᠨ ᠬᠣᠲᠠ ᠵᠢᠨ᠎ᠬᠢᠨ 《ᠦᠵᠡᠰᠬᠦᠯᠡᠩᠲᠦ ᠰᠠᠢ᠌ᠬᠠᠨ ᠬᠠᠢ ᠾᠧ ᠭᠣᠣᠯ ᠰᠠᠢ᠌ᠨ ᠲᠤᠷᠠᠴᠤᠤᠯ᠎ᠳᠤ ᠪᠢ ᠣᠷᠣᠯᠴᠠᠨ᠎ᠠ》 ᠭᠡᠬᠦ ᠳᠡᠯᠡᠬᠡᠢ ᠵᠢᠨ ᠤᠰᠤᠨ᠎ᠤ ᠡᠳᠦᠷ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ ᠲᠢᠶᠠᠨᠵᠢᠨ᠎ᠤ ᠠᠮᠢ ᠠᠬᠤᠢ ᠣᠷᠴᠢᠨ ᠲᠣᠭᠣᠷᠢᠨ 2025᠎ᠤ 3 ᠰᠠᠷ᠎ᠠ ᠵᠢᠨ 22᠎ᠤᠨ ᠡᠳᠦᠷ᠎ᠤᠨ 17᠄ 00 ᠴᠠᠭ ᠲᠢᠶᠠᠨᠵᠢᠨ᠎ᠳᠤ
ᠨᠡᠶ᠋ᠢᠲᠡᠯᠡᠭᠰᠡᠨ ᠴᠠᠭ᠄ 2025-04-08

      ᠣᠢ᠌ᠷ᠎ᠠ᠎ᠳᠤ 《ᠦᠵᠡᠰᠬᠦᠯᠡᠩᠲᠦ ᠰᠠᠢ᠌ᠬᠠᠨ ᠬᠠᠢ ᠾᠧ ᠭᠣᠣᠯ ᠰᠠᠢ᠌ᠨ ᠲᠤᠷᠠᠴᠤᠤᠯ᠎ᠳᠤ ᠪᠢ ᠣᠷᠣᠯᠴᠠᠨ᠎ᠠ》 ᠭᠡᠬᠦ ᠳᠡᠯᠡᠬᠡᠢ ᠵᠢᠨ ᠤᠰᠤᠨ᠎ᠤ ᠡᠳᠦᠷ · ᠳᠤᠮᠳᠠᠳᠤ ᠤᠯᠤᠰ᠎ᠤᠨ ᠤᠰᠤᠨ᠎ᠤ ᠭᠠᠷᠠᠭ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠲᠢᠶᠠᠨᠵᠢᠨ ᠬᠣᠲᠠ ᠵᠢᠨ ᠾᠧᠪᠧᠢ ᠲᠣᠭᠣᠷᠢᠭ᠎ᠤᠨ ᠲᠢᠶᠠᠨ ᠱ᠌ᠢ ᠹᠠᠩ ᠭᠠᠷᠠᠮ᠎ᠳᠤ ᠡᠬᠢᠯᠡᠪᠡ᠃ ᠲᠣᠰ ᠤᠳᠠᠭ᠋ᠠᠨ᠎ᠤ ᠠᠵᠢᠯᠯᠠᠭ᠎ᠠ ᠵᠢ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠤᠬᠠᠭᠤᠯᠭ᠎ᠠ ᠬᠥᠮᠦᠵᠢᠯ᠎ᠤᠨ ᠲᠥᠪ᠂ ᠲᠢᠶᠠᠨᠵᠢᠨ ᠬᠣᠲᠠ ᠵᠢᠨ ᠨᠠᠮ᠎ᠤᠨ ᠬᠣᠷᠢᠶᠠᠨ᠎ᠤ ᠨᠡᠢ᠌ᠭᠡᠮ᠎ᠤᠨ ᠠᠵᠢᠯ᠎ᠤᠨ ᠬᠡᠯᠲᠡᠰ᠂ ᠲᠢᠶᠠᠨᠵᠢᠨ ᠬᠣᠲᠠ ᠵᠢᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠲᠢᠶᠠᠨᠵᠢᠨ ᠬᠣᠲᠠ ᠵᠢᠨ ᠨᠠᠮ᠎ᠤᠨ ᠬᠣᠷᠢᠶᠠᠨ᠎ᠤ ᠬᠣᠲᠠ ᠵᠢᠨ ᠱᠠᠲᠤᠨ᠎ᠤ ᠪᠠᠢ᠌ᠭᠤᠯᠭ᠎ᠠ ᠵᠢᠨ ᠠᠵᠢᠯ᠎ᠤᠨ ᠵᠥᠪᠯᠡᠯ᠎ᠠᠴᠠ ᠵᠢᠯᠣᠭᠣᠳᠴᠤ᠂ ᠲᠢᠶᠠᠨᠵᠢᠨ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠢ ᠡᡁᠸ᠋ ᠪᠧᠢ ᠬᠠᠢ ᠵᠢᠨ ᠲᠣᠪᠴᠢᠶ᠎ᠠ᠂ ᠲᠢᠶᠠᠨᠵᠢᠨ ᠬᠤᠳᠠ ᠵᠢᠨ ᠾᠧᠪᠧᠢ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠵᠡᠷᠭᠡ ᠨᠢᠭᠡᠴᠢ ᠬᠠᠮᠲᠤᠷᠠᠨ ᠭᠣᠣᠯᠯᠠᠨ ᠡᠷᠬᠢᠯᠡᠵᠦ᠂ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠡᠯᠪᠡᠷᠢ᠎ᠪᠠᠷ ᠳᠠᠮᠵᠢᠭᠤᠯᠵᠤ᠂ ᠪᠦᠬᠦ ᠨᠡᠢ᠌ᠭᠡᠮ ᠵᠶ᠋ᠡᠷ ᠵᠶ᠋ᠡᠨ ᠬᠠᠢ ᠡᡁᠸ᠋ ᠭᠣᠣᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠬᠠᠮᠲᠤᠪᠠᠷ ᠣᠷᠣᠯᠴᠠᠵᠤ᠂ 《ᠴᠡᠩᠭᠡᠭ ᠤᠰᠤ ᠨᠣᠭᠣᠭ᠋ᠠᠨ ᠡᠷᠭᠢ᠂ ᠵᠢᠭ᠋ᠠᠰᠤ ᠬᠠᠯᠢᠨ ᠢᠷᠤᠭ᠋ᠠᠷ᠎ᠨᠢ ᠬᠠᠷᠠᠭᠳᠠᠭᠰᠠᠨ᠂ ᠬᠥᠮᠥᠨ ᠤᠰᠤ ᠡᠶ᠎ᠡ ᠵᠣᠬᠢᠴᠠᠩᠭᠤᠢ》 ᠦᠵᠡᠰᠬᠦᠯᠡᠩᠲᠦ ᠰᠠᠢ᠌ᠬᠠᠨ ᠲᠢᠶᠠᠨᠵᠢᠨ᠎ᠢ ᠬᠠᠮᠲᠤᠪᠠᠷ ᠪᠦᠲᠦᠭᠡᠨ ᠪᠠᠢ᠌ᠭᠤᠯᠬᠤ᠎ᠪᠠᠷ ᠤᠷᠢᠶᠠᠯᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠾᠧᠪᠧᠢ ᠮᠤᠵᠢ ᠵᠢᠨ ᠰᠢᠶᠦ᠋ᠩ ᠠᠨ ᠰᠢᠨ᠎ᠡ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠡᠭᠡᠵᠢᠩ ᠶᠡᠬᠡ ᠰᠤᠷᠭ᠋ᠠᠭᠤᠯᠢ᠎ᠲᠠᠢ ᠬᠠᠮᠲᠤᠷᠠᠨ 《ᠪᠣᠬᠢᠷᠳᠤᠯ ᠦᠭᠡᠢ ᠬᠤᠳᠠ》 ᠭᠣᠣᠯ ᠰᠡᠳᠦᠪᠲᠦ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠡᠢ
ᠬᠠᠩᠵᠧᠦ ᠬᠤᠲᠠ ᠵᠢᠨ ᠬᠠᠢ ᠴᠤᠤ ᠭᠣᠮ᠎ᠤᠨ ᠬᠢᠵᠠᠭ᠋ᠠᠷᠲᠤ ᠺᠣᠮᠫᠠᠨᠢ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠬᠠᠮᠵᠢᠯᠴᠠᠭ᠋ᠠᠨ᠎ᠤ ᠢᠨᠵᠧᠨᠧᠷᠢᠩ᠎ᠢ ᠬᠠᠢ᠌ᠨ ᠰᠦᠪᠡᠭᠴᠢᠯᠡᠪᠡ
ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠵᠶ᠋ᠡᠷ ᠭᠣᠣᠯᠯᠠᠭᠤᠯᠤᠭᠰᠠᠨ 《VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢ ᠠᠮᠵᠢᠯᠲᠠᠲᠠᠢ ᠥᠩᠭᠡᠷᠡᠪᠡ
ᠣᠷᠴᠢᠨ ᠲᠣᠭᠣᠷᠢᠨ᠎ᠤ ᠲᠤᠰᠬᠠᠶ ᠮᠡᠷᠭᠡᠵᠢᠯᠲᠡᠨ ᠱᠠᠩᠬᠠᠢ᠎ᠳᠤ ᠴᠤᠭᠯᠠᠷᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠦᠨ ᠳᠠᠭ᠋ᠠᠭᠤᠯᠬᠤ ᠲᠤᠬᠠᠶ ᠰᠤᠳᠤᠯᠤᠨ ᠶᠠᠷᠢᠯᠴᠠᠪᠠ
ᠬᠠᠶ᠋ᠢᠨᠠᠨ ᠮᠤᠵᠢ ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠪᠡ
 
             蒙ICP备05000248号