2021 ᠣᠨ᠎ᠠᠴᠠ ᠨᠠᠭ᠋ᠠᠰᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠦᠵᠡᠰᠬᠦᠯᠡᠩᠲᠦ ᠰᠠᠢ᠌ᠬᠠᠨ ᠭᠣᠣᠯ ᠮᠥᠷᠡᠨ ᠨᠠᠭᠤᠷ ᠴᠥᠭᠥᠷᠥᠮ᠎ᠤᠨ ᠰᠢᠯᠢᠳᠡᠭ ᠬᠡᠷᠡᠭ᠎ᠤᠨ ᠵᠢᠱ᠌ᠢᠶ᠎ᠡ ᠵᠢ ᠡᠯᠰᠡᠬᠦ ᠠᠵᠢᠯᠯᠠᠭ᠎ᠠ ᠵᠢ ᠵᠣᠬᠢᠶᠠᠨ ᠪᠠᠢ᠌ᠭᠤᠯᠵᠤ ᠥᠷᠨᠢᠭᠦᠯᠵᠡᠢ᠃ ᠲᠦᠷᠦᠭᠦᠸ᠋ ᠬᠣᠶᠠᠷ ᠪᠦᠯᠦᠭ᠎ᠲᠤ ᠨᠠᠢ᠌ᠳᠠ 56 ᠰᠢᠯᠢᠳᠡᠭ ᠬᠡᠷᠡᠭ᠎ᠤᠨ ᠵᠢᠱ᠌ᠢᠶ᠎ᠡ ᠵᠢ ᠰᠢᠯᠭ᠋ᠠᠷᠠᠭᠤᠯᠤᠨ ᠭᠠᠷᠭ᠋ᠠᠵᠤ᠂ ᠪᠥᠬᠥ ᠤᠯᠤᠰ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠮᠠᠰᠢ ᠰᠠᠶ᠋ᠢᠨ ᠵᠢᠱ᠌ᠢᠶ᠎ᠡ ᠦᠵᠡᠭᠦᠯᠬᠦ ᠪᠠ ᠯᠠᠪᠯᠠᠯᠲᠠ ᠪᠣᠯᠭ᠋ᠠᠬᠤ ᠦᠢ᠍ᠯᠡᠳᠦᠯ ᠦᠵᠡᠭᠦᠯᠦᠭᠰᠡᠨ ᠪᠠᠢ᠌ᠨ᠎ᠠ᠃
ᠳ᠋ᠠ ᠴᠢᠩ ᠾᠧ ᠭᠣᠣᠯ᠎ᠢ ᠪᠠᠰᠠ ᠴᠢᠩ ᠱᠠ ᠾᠧ ᠭᠣᠣᠯ ᠭᠡᠳᠡᠭ᠂ ᠮᠠᠨ᠎ᠤ ᠮᠤᠵᠢ ᠵᠢᠨ ᠪᠠᠷᠠᠭᠤᠨ ᠡᠮᠦᠨ᠎ᠡ ᠬᠡᠰᠡᠭ᠎ᠲᠤ ᠪᠠᠢ᠌ᠷᠢᠯᠠᠵᠤ᠂ ᠶᠢᠩᠺᠸᠦ ᠬᠣᠲᠠ ᠵᠢᠨ ᠬᠣᠶᠠᠳᠤᠭ᠋ᠠᠷ ᠶᠡᠬᠡ ᠭᠣᠣᠯ ᠮᠥᠷᠡᠨ ᠪᠣᠯᠣᠨ᠎ᠠ᠂ ᠭᠣᠣᠯ ᠮᠥᠷᠡᠨ᠎ᠤ ᠪᠦᠬᠦ ᠣᠷᠳᠣᠨ᠎ᠢ 100.7 ᠺᠢᠯᠣᠮᠧᠲᠷ᠂ ᠰᠠᠪᠠ ᠭᠠᠵᠠᠷ᠎ᠤᠨ ᠶᠡᠷᠦᠩᠬᠡᠢ ᠲᠠᠯᠠᠪᠠᠶ᠎ᠨᠢ 1482 ᠲᠡᠭᠰᠢ ᠳᠥᠷᠪᠡᠯᠵᠢᠨ ᠺᠢᠯᠣᠮᠧᠲᠷ ᠪᠠᠢ᠌ᠵᠤ᠂ ᠳ᠋ᠠ ᠱ᠌ᠢ ᠴᠢᠶᠣᠣ ᠬᠣᠲᠠ ᠵᠢᠨ ᠵᠡᠭᠦᠨ ᠬᠡᠰᠡᠭ᠎ᠤᠨ ᠠᠭᠤᠯᠠᠷᠬᠠᠭ ᠣᠷᠣᠨ᠎ᠠᠴᠠ ᠡᠬᠢ ᠠᠪᠴᠤ᠂ ᠳᠡᠭᠡᠳᠦ ᠤᠷᠤᠰᠬᠠᠯ᠎ᠢ᠎ᠨᠢ ᠵᠡᠭᠦᠨ ᠳ᠋ᠠ ᠴᠢᠩ ᠾᠧ ᠭᠣᠣᠯ᠂ ᠪᠠᠷᠠᠭᠤᠨ ᠳ᠋ᠠ ᠴᠢᠩ ᠾᠧ ᠭᠣᠣᠯ ᠭᠡᠵᠦ ᠬᠤᠪᠢᠶᠠᠨ᠎ᠠ᠂ ᠲᠡᠭᠦᠨ᠎ᠤ ᠭᠣᠣᠯ ᠤᠷᠤᠰᠬᠠᠯ᠎ᠨᠢ ᠭᠠᠢ ᠵᠧᠦ ᠬᠣᠲᠠ ᠵᠡᠷᠭᠡ ᠴᠢᠬᠤᠯᠠ ᠬᠣᠲᠠ ᠪᠠᠯᠭ᠋ᠠᠰᠤ᠎ᠪᠠᠷ ᠥᠩᠭᠡᠷᠡᠨ᠂ ᠡᠴᠦᠰ᠎ᠲᠡᠭᠡᠨ ᠪᠦᠧᠧᠬᠠᠢ ᠪᠤᠯᠤᠩ᠎ᠳᠤ ᠴᠢᠳᠬᠤᠳᠠᠭ᠃
ᠣᠢ᠌ᠷ᠎ᠠ ᠵᠢᠨ ᠵᠢᠯ᠎ᠳᠤ᠂ ᠶᠢᠩᠺᠧᠦ ᠬᠣᠲᠠ ᠵᠢᠨ᠎ᠬᠢᠨ ᠠᠮᠢ ᠠᠬᠤᠢ ᠣᠷᠴᠢᠨ ᠲᠣᠭᠣᠷᠢᠨ᠎ᠤ ᠳᠤᠲᠠᠭᠤᠳᠠᠯ᠎ᠢ ᠲᠦᠷᠭᠡᠨ ᠨᠥᠬᠥᠪᠦᠷᠢᠯᠡᠵᠦ᠂ 《ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ》᠎ᠢ ᠡᠷᠡᠰ ᠰᠠᠢ᠌ᠲᠤᠷ ᠬᠢᠵᠦ᠂ ᠳ᠋ᠠ ᠴᠢᠩ ᠾᠧ ᠭᠣᠣᠯ᠎ᠤᠨ ᠰᠠᠪᠠ ᠭᠠᠵᠠᠷ᠎ᠤᠨ ᠪᠠᠶ᠋ᠢᠭ᠋ᠠᠯᠢ ᠵᠢᠨ ᠡᠬᠢ ᠪᠠᠶᠠᠯᠢᠭ ᠪᠠ ᠣᠷᠣᠨ ᠪᠠᠶ᠋ᠢᠷᠢ ᠵᠢᠨ ᠳᠠᠪᠠᠭᠤᠯᠢᠭ᠎ᠲᠤ ᠰᠠᠭᠤᠷᠢᠯᠠᠵᠤ᠂ ᠠᠮᠢ ᠠᠬᠤᠢ ᠣᠷᠴᠢᠨ ᠲᠣᠭᠣᠷᠢᠨ᠎ᠢ ᠴᠡᠭᠴᠡᠯᠡᠨ ᠵᠠᠰᠠᠬᠤ᠎ᠪᠠᠷ ᠭᠠᠷᠳᠠᠨ ᠬᠢᠬᠦ ᠴᠡᠭ ᠪᠣᠯᠭ᠋ᠠᠵᠤ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠪᠣᠳᠠᠲᠠᠢ᠌ᠵᠢᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠣᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠵᠢ ᠪᠠᠢ᠌ᠴᠠᠭ᠋ᠠᠨ ᠴᠡᠭᠴᠡᠯᠡᠬᠦ ᠵᠢ ᠲᠠᠰᠤᠷᠠᠯᠲᠠ ᠦᠭᠡᠢ ᠴᠢᠩᠭ᠋ᠠᠳᠬᠠᠬᠤ᠂ ᠬᠣᠲᠠ ᠪᠠᠯᠭ᠋ᠠᠰᠤ ᠵᠢᠨ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠠᠵᠢᠯᠯᠠᠭ᠋ᠠᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠵᠢ ᠥᠷᠨᠢᠭᠦᠯᠬᠦ᠂ ᠪᠣᠬᠢᠷ ᠦᠮᠡᠬᠡᠢ ᠤᠰᠤᠨ ᠴᠣᠭᠴᠠ ᠵᠢ ᠵᠠᠰᠠᠬᠤ ᠵᠢ ᠢᠳᠡᠪᠬᠢᠲᠡᠢ ᠠᠬᠢᠭᠤᠯᠬᠤ᠂ ᠤᠰᠤᠨ᠎ᠤ ᠠᠮᠢ ᠠᠬᠤᠢ ᠵᠢ ᠰᠡᠷᠭᠦᠭᠡᠬᠦ ᠪᠠ ᠬᠠᠮᠠᠭ᠋ᠠᠯᠠᠬᠤ ᠵᠢ ᠰᠢᠰᠲ᠋ᠧᠮ᠎ᠲᠠᠢ ᠠᠬᠢᠭᠤᠯᠬᠤ᠂ ᠰᠠᠪᠠ ᠭᠠᠵᠠᠷ᠎ᠤᠨ ᠳᠣᠲᠣᠷᠠᠬᠢ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠵᠢᠷᠤᠮᠵᠢᠭᠰᠠᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠂ ᠤᠰᠤᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠶᠡᠷᠦᠩᠬᠡᠢ᠌ᠯᠡᠭᠰᠡᠨ ᠴᠢᠨᠠᠷᠲᠠᠢ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠤᠰᠤᠨ᠎ᠤ ᠣᠷᠴᠢᠨ ᠲᠣᠭᠣᠷᠢᠨ᠎ᠤ ᠵᠠᠰᠠᠯᠲᠠ ᠰᠢᠨ᠎ᠡ ᠰᠢᠪᠲᠤᠯᠤᠯᠲᠠ᠎ᠲᠠᠢ ᠪᠣᠯᠵᠤ᠂ ᠤᠯᠤᠰ᠎ᠤᠨ ᠡᠵᠡᠮᠳᠡᠯ᠎ᠤᠨ ᠣᠭᠲᠣᠯᠣᠭ᠋ᠠᠰᠤ ᠵᠢᠨ ᠤᠰᠤᠨ᠎ᠤ ᠴᠢᠨᠠᠷ᠎ᠢ ᠪᠥᠬᠥ ᠵᠢᠯ᠎ᠳᠤ Ⅲ ᠲᠥᠷᠥᠯ᠎ᠠᠴᠠ ᠳᠡᠭᠡᠭᠰᠢ᠎ᠳᠤ ᠲᠣᠭᠲᠠᠭᠤᠨ ᠵᠶ᠋ᠠᠷ ᠬᠦᠷᠦᠭᠦᠯᠵᠦ᠂ ᠭᠣᠣᠯ᠎ᠤᠨ ᠵᠠᠮ᠎ᠳᠤ ᠶᠡᠬᠡ ᠬᠡᠪᠴᠢᠶᠡᠨ᠎ᠤ ᠦᠵᠡᠮᠦᠷᠢ ᠵᠢᠨ ᠤᠰᠤᠨ᠎ᠤ ᠭᠠᠳᠠᠷᠭᠤ ᠪᠠ ᠳᠠᠯᠠᠩ ᠬᠠᠰᠢᠯᠭ᠎ᠠ ᠵᠢᠨ ᠨᠣᠭᠣᠭ᠋ᠠᠷᠠᠭᠤᠯᠤᠯᠲᠠ ᠵᠢᠨ ᠦᠵᠡᠮᠵᠢ ᠵᠢ ᠪᠤᠢ ᠪᠣᠯᠭ᠋ᠠᠵᠤ᠂ 《ᠲᠤᠩᠭ᠋ᠠᠯᠠᠭ ᠤᠰᠤ ᠰᠠᠭ᠋ᠠᠳ ᠦᠭᠡᠢ ᠤᠷᠤᠰᠬᠤ᠂ ᠭᠣᠣᠯ ᠮᠥᠷᠡᠨ ᠨᠠᠭᠤᠷ ᠴᠥᠭᠥᠷᠥᠮ᠎ᠢ ᠡᠷᠡᠭᠦᠯ ᠴᠢᠭᠢᠷᠠᠭ ᠪᠠᠢ᠌ᠯᠭ᠋ᠠᠬᠤ᠂ ᠤᠰᠤ ᠤᠷᠭᠤᠮᠠᠯ ᠨᠣᠭᠣᠭ᠋ᠠᠷᠠᠨ ᠠᠭᠤᠰᠤᠯᠴᠠᠬᠤ᠂ ᠬᠥᠮᠥᠨ ᠤᠰᠤ ᠡᠶ᠎ᠡ ᠵᠣᠬᠢᠴᠠᠯ᠎ᠲᠠᠢ ᠪᠠᠶ᠋ᠢᠬᠤ》 ᠬᠠᠷᠠᠯᠲᠠ ᠵᠢ ᠪᠡᠶᠡᠯᠡᠭᠦᠯᠪᠡ᠃