ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠤᠵᠢ ᠬᠤᠲᠠ᠎ᠶᠢᠨ ᠮᠡᠳᠡᠭᠡ
ᠬᠠᠩᠵᠧᠦ ᠬᠤᠲᠠ ᠵᠢᠨ ᠬᠠᠢ ᠴᠤᠤ ᠭᠣᠮ᠎ᠤᠨ ᠬᠢᠵᠠᠭ᠋ᠠᠷᠲᠤ ᠺᠣᠮᠫᠠᠨᠢ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠬᠠᠮᠵᠢᠯᠴᠠᠭ᠋ᠠᠨ᠎ᠤ ᠢᠨᠵᠧᠨᠧᠷᠢᠩ᠎ᠢ ᠬᠠᠢ᠌ᠨ ᠰᠦᠪᠡᠭᠴᠢᠯᠡᠪᠡ
ᠨᠡᠶ᠋ᠢᠲᠡᠯᠡᠭᠰᠡᠨ ᠴᠠᠭ᠄ 2025-05-09

      《ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ》᠎ᠤᠨ ᠬᠠᠷᠠᠯᠲᠠ᠎ᠪᠠᠷ ᠬᠥᠲᠥᠯᠥᠨ ᠳᠠᠭ᠋ᠠᠭᠤᠯᠬᠤ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠴᠢᠩᠭ᠎ᠠ ᠪᠣᠯᠵᠤ ᠪᠠᠢ᠌ᠭ᠎ᠠ ᠪᠠᠢ᠌ᠳᠠᠯ᠎ᠳᠤ ᠬᠠᠨᠳᠤᠭᠤᠯᠤᠨ᠂ ᠬᠠᠩᠵᠧᠦ ᠵᠢᠨ ᠬᠠᠢ ᠴᠤᠤ ᠭᠣᠮ᠎ᠤᠨ ᠬᠢᠵᠠᠭ᠋ᠠᠷᠲᠤ ᠺᠣᠮᠫᠠᠨᠢ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠪᠣᠬᠢᠷᠲᠤᠯ᠎ᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭ᠋ᠠᠰᠬᠠᠬᠤ ᠬᠠᠮᠵᠢᠯᠴᠠᠭ᠋ᠠᠨ᠎ᠤ ᠢᠨᠵᠧᠨᠧᠷᠢᠩ᠎ᠢ ᠪᠠᠢ᠌ᠭᠤᠯᠵᠤ᠂ ᠠᠵᠢᠯ ᠲᠦᠷᠦᠯ᠎ᠤᠨ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ ᠵᠢᠨ ᠬᠡᠪ ᠳᠠᠭᠤᠷᠢᠶᠠᠯ ᠪᠣᠯᠵᠤ᠂ ᠦᠷᠭᠦᠯᠵᠢᠯᠡᠬᠦ ᠬᠥᠭᠵᠢᠯᠲᠡ᠎ᠳᠤ ᠬᠦᠴᠦᠲᠡᠢ ᠵᠢᠱ᠌ᠢᠶ᠎ᠡ ᠦᠵᠡᠭᠦᠯᠪᠡ᠃
      ᠬᠦᠬᠦᠷᠵᠢᠭᠦᠯᠬᠦ ᠦᠢ᠍ᠯᠡᠳᠪᠦᠷᠢ ᠵᠢᠨ ᠲᠠᠰᠤᠭ᠎ᠤᠨ ᠤᠲᠤᠭ᠎ᠠ ᠵᠢᠨ ᠵᠠᠰᠠᠯᠲᠠ᠄ ᠤᠷ᠎ᠠ ᠮᠡᠷᠭᠡᠵᠢᠯ᠎ᠤᠨ ᠰᠢᠨ᠎ᠡ ᠵᠢ ᠡᠭᠦᠳᠴᠦ᠂ ᠪᠣᠬᠢᠷᠲᠤᠯ᠎ᠢ ᠣᠨᠣᠪᠴᠢᠲᠠᠶ ᠵᠠᠰᠠᠨ᠎ᠠ
      ᠬᠦᠬᠦᠷᠵᠢᠭᠦᠯᠬᠦ ᠦᠢ᠍ᠯᠡᠳᠪᠦᠷᠢ ᠵᠢᠨ ᠲᠠᠰᠤᠭ᠎ᠤᠨ ᠤᠲᠤᠭ᠎ᠠ ᠵᠢ ᠵᠠᠰᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠥᠷᠥᠯ ᠵᠦᠢ᠍ᠯ᠎ᠳᠤ᠂ ᠭᠤᠷᠪᠠᠳᠤᠭ᠋ᠠᠷ ᠦᠶ᠎ᠡ ᠵᠢᠨ ᠢᠳᠡᠪᠬᠢᠵᠢᠭᠦᠯᠦᠭᠰᠡᠨ ᠨᠡᠭᠦᠷᠡᠰᠦ ᠵᠢ ᠰᠣᠷᠣᠨ ᠰᠠᠯᠭ᠋ᠠᠬᠤ ᠮᠡᠷᠭᠡᠵᠢᠯ (ᠠᠦ᠋ᠲ᠋ᠣ᠋ ᠮᠠᠲ᠋ᠧᠷᠢᠶᠠᠯ ᠰᠣᠯᠢᠵᠤ ᠰᠣᠷᠣᠨ ᠨᠠᠭ᠋ᠠᠯᠳᠤᠭᠤᠯᠬᠤ + ᠰᠢᠯᠵᠢᠮᠡᠯ ᠣᠷᠣ ᠵᠢ ᠠᠩᠭᠢᠵᠢᠷᠠᠭᠤᠯᠤᠨ ᠳᠠᠬᠢᠨ ᠤᠷᠭᠤᠭᠤᠯᠬᠤ + RRTO ᠬᠦᠳᠡᠷᠵᠢᠭᠦᠯᠬᠦ)᠎ᠢ ᠬᠡᠷᠡᠭᠯᠡᠨ᠎ᠡ᠃ ᠬᠠᠶᠠᠭᠳᠠᠮᠠᠯ ᠬᠡᠢ ᠵᠢ ᠴᠤᠭᠯᠠᠭᠤᠯᠵᠤ᠂ ᠤᠷᠢᠳᠴᠢᠯᠠᠨ ᠰᠢᠢ᠍ᠳᠪᠦᠷᠢᠯᠡᠭᠰᠡᠨ᠎ᠤ ᠳᠠᠷᠠᠭ᠎ᠠ ᠢᠳᠡᠪᠬᠢᠵᠢᠭᠦᠯᠦᠭᠰᠡᠨ ᠨᠡᠭᠦᠷᠡᠰᠦ ᠵᠢ ᠰᠣᠷᠣᠨ ᠨᠠᠭ᠋ᠠᠯᠳᠤᠭᠤᠯᠬᠤ ᠲᠥᠬᠦᠭᠡᠷᠦᠮᠵᠢ᠎ᠳᠤ ᠣᠷᠣᠭᠤᠯᠵᠤ᠂ ᠴᠡᠪᠡᠷᠰᠢᠭᠦᠯᠦᠭᠰᠡᠨ᠎ᠤ ᠳᠠᠷᠠᠭ᠎ᠠ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠵᠤ᠂ ᠢᠳᠡᠪᠬᠢᠵᠢᠭᠦᠯᠦᠭᠰᠡᠨ ᠨᠡᠭᠦᠷᠡᠰᠦ ᠵᠢ ᠠᠶᠠᠨᠳᠠᠭ᠋ᠠᠨ ᠡᠷᠭᠢᠯᠳᠦᠭᠦᠯᠦᠨ ᠠᠩᠭᠢᠵᠢᠷᠠᠭᠤᠯᠵᠤ ᠳᠠᠬᠢᠨ ᠠᠮᠢᠯᠠᠭᠤᠯᠤᠨ᠎ᠠ᠃
      ᠲᠣᠰ ᠭᠠᠷ ᠤᠷᠠᠯᠠᠯ᠎ᠤᠨ ᠬᠥᠭᠵᠢᠯᠲᠡ᠎ᠨᠢ ᠭᠤᠷᠪᠠᠨ ᠦᠶ᠎ᠡ ᠵᠢ ᠥᠩᠭᠡᠷᠡᠭᠡᠵᠡᠢ᠃ 2013 ᠣᠨ᠎ᠳᠤ ᠨᠢᠭᠡᠳᠦᠭᠡᠷ ᠦᠶ᠎ᠡ ᠵᠢᠨ 《ᠢᠳᠡᠪᠬᠢᠵᠢᠭᠦᠯᠦᠭᠰᠡᠨ ᠨᠡᠭᠦᠷᠡᠰᠦ ᠵᠢ ᠰᠣᠷᠣᠨ ᠨᠠᠭ᠋ᠠᠯᠳᠤᠭᠤᠯᠬᠤ + TO ᠡᠷᠦᠳᠡᠰᠦᠵᠢᠭᠦᠯᠬᠦ》᠎ᠨᠢ ᠠᠩᠬᠠᠨ᠎ᠤ ᠵᠠᠮ᠎ᠢ ᠨᠡᠭᠡᠭᠡᠵᠦ᠂ 2020 ᠣᠨ᠎ᠳᠤ ᠬᠣᠶᠠᠳᠤᠭ᠋ᠠᠷ ᠦᠶ᠎ᠡ ᠵᠢᠨ 《ᠵᠢᠵᠢᠭ ᠨᠡᠭᠦᠷᠡᠰᠦᠲᠥ᠋ᠷᠥᠭᠴᠢ ᠵᠢᠨ ᠰᠠᠪᠠ ᠵᠢ ᠰᠣᠷᠣᠨ ᠨᠠᠭ᠋ᠠᠯᠳᠤᠭᠤᠯᠬᠤ + ᠡᠷᠭᠢᠯᠲᠡ ᠵᠢᠨ ᠳᠠᠬᠢᠯᠲᠠ ᠠᠩᠭᠢᠵᠢᠷᠠᠭᠤᠯᠬᠤ+RTO ᠡᠷᠦᠳᠡᠰᠦᠵᠢᠭᠦᠯᠬᠦ》᠎ᠨᠢ ᠪᠣᠬᠢᠷᠲᠤᠯ ᠪᠣᠳᠠᠰ᠎ᠢ ᠪᠠᠭ᠋ᠠᠰᠬᠠᠨ᠎ᠠ᠃ ᠭᠤᠷᠪᠠᠳᠤᠭ᠋ᠠᠷ ᠦᠶ᠎ᠡ ᠵᠢᠨ ᠭᠠᠷ ᠤᠷᠠᠯᠠᠯ᠎ᠨᠢ ᠡᠮᠦᠨᠡᠬᠢ ᠬᠣᠶᠠᠷ ᠦᠶ᠎ᠡ ᠵᠢᠨ ᠪᠣᠭᠣᠮᠢ᠎ᠳᠤ ᠬᠠᠨᠳᠤᠭᠤᠯᠵᠤ᠂ ᠰᠢᠯᠵᠢᠮᠡᠯ ᠰᠠᠤᠷᠢ (ᠮᠠᠰᠢᠨ) ᠵᠢ ᠰᠠᠯᠭ᠋ᠠᠵᠤ᠂ ᠴᠢᠨᠠᠷ ᠪᠠ ᠢᠯᠴᠢ ᠳᠠᠮᠵᠢᠭᠤᠯᠬᠤ᠎ᠨᠢ ᠰᠠᠢ᠌ᠨ᠂ ᠳᠠᠬᠢᠨ ᠤᠷᠭᠤᠭᠤᠯᠬᠤ ᠠᠰᠢᠭᠯᠠᠮᠵᠢ᠎ᠨᠢ ᠥᠨᠳᠥᠷ ᠪᠠᠢ᠌ᠳᠠᠭ᠃ RTO ᠵᠢᠨ ᠬᠡᠢ ᠵᠢᠨ ᠬᠡᠮᠵᠢᠶ᠎ᠡ ᠪᠠᠭ᠎ᠠ᠂ ᠥᠪᠡᠰᠦᠪᠡᠨ ᠨᠣᠴᠣᠵᠤ᠂ ᠰᠢᠰᠲ᠋ᠧᠮ᠎ᠨᠢ ᠠᠮᠤᠷ ᠲᠦᠪᠰᠢᠨ ᠲᠣᠭᠲᠠᠭᠤᠨ ᠪᠠᠢ᠌ᠵᠤ᠂ ᠬᠦᠬᠦᠷᠵᠢᠭᠰᠡᠨ ᠬᠠᠶᠠᠭᠳᠠᠮᠠᠯ ᠬᠡᠢ ᠵᠢᠨ ᠭᠠᠳᠠᠭᠰᠢᠯᠠᠭᠤᠯᠤᠯᠲᠠ ᠵᠢ ᠶᠡᠬᠡ᠎ᠪᠠᠷ ᠪᠠᠭᠤᠷᠠᠭᠤᠯᠵᠤ᠂ ᠭᠣᠮ᠎ᠤᠨ ᠠᠵᠢᠯ ᠲᠦᠷᠦᠯ᠎ᠤᠨ ᠬᠠᠶᠠᠭᠳᠠᠮᠠᠯ ᠬᠡᠢ ᠵᠢ ᠵᠠᠰᠠᠬᠤ᠎ᠳᠤ ᠲᠡᠷᠢᠭᠦᠨ᠎ᠤ ᠵᠢᠱ᠌ᠢᠶ᠎ᠡ ᠦᠵᠡᠭᠦᠯᠦᠨ᠎ᠡ᠃
      ᠲᠠᠷᠬᠠᠮᠠᠯ ᠬᠡᠯᠪᠡᠷᠢ ᠵᠢᠨ ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ᠄ ᠴᠡᠪᠡᠷ ᠡᠨᠧᠷᠭᠢ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ᠎ᠳᠤ ᠬᠦᠴᠦᠨ ᠨᠡᠮᠡᠷᠢᠯᠡᠨ᠎ᠡ
      12MW ᠬᠡᠯᠪᠡᠷᠢ ᠵᠢᠨ ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠂ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠨᠢ 11999.9 kWp ᠪᠠᠢ᠌ᠵᠤ᠂ ᠲᠠᠩ ᠲᠠᠯᠠᠰᠲᠤ ᠴᠠᠬᠢᠭᠤᠷ᠎ᠤᠨ ᠲᠣᠨᠣᠭᠯᠠᠭ᠋ᠠᠰᠤ᠂ ᠤᠭᠰᠠᠷᠠᠭ᠎ᠠ ᠬᠡᠯᠬᠢᠶᠡᠨ᠎ᠤ ᠰᠥᠷᠬᠦ ᠬᠤᠪᠢᠷᠠᠭ᠋ᠠᠭᠤᠷ ᠵᠢᠴᠢ ᠬᠦᠴᠦᠳᠡᠯ ᠥᠭᠡᠷᠡᠴᠢᠯᠡᠭᠴᠢ ᠵᠡᠷᠭᠡ ᠲᠥᠬᠦᠭᠡᠷᠦᠮᠵᠢ ᠵᠢ ᠲᠣᠬᠢᠷᠠᠭᠤᠯᠤᠨ᠎ᠠ᠃ ᠴᠠᠬᠢᠯᠭ᠋ᠠᠨ ᠭᠠᠷᠭ᠋ᠠᠯᠲᠠ᠎ᠨᠢ ᠳᠠᠷᠤᠯᠲᠠ ᠵᠢ ᠳᠡᠭᠡᠭᠰᠢᠯᠡᠭᠦᠯᠬᠦ᠂ ᠲᠣᠣᠷ᠎ᠲᠤ ᠨᠡᠢ᠌ᠯᠡᠭᠦᠯᠬᠦ᠎ᠪᠠᠷ ᠳᠠᠮᠵᠢᠵᠤ᠂ ᠥᠪᠡᠷᠲᠡᠭᠡᠨ ᠨᠡᠭᠡᠭᠡᠵᠦ ᠥᠪᠡᠷᠲᠡᠭᠡᠨ ᠬᠡᠷᠡᠭᠯᠡᠬᠦ᠂ ᠦᠯᠡᠳᠡᠪᠦᠷᠢ ᠴᠠᠬᠢᠯᠭ᠋ᠠᠨ ᠵᠶ᠋ᠠᠷ ᠰᠦᠯᠵᠢᠶᠡᠨ᠎ᠳᠤ ᠭᠠᠷᠬᠤ ᠬᠡᠯᠪᠡᠷᠢ ᠵᠢ ᠬᠡᠷᠡᠭᠯᠡᠳᠡᠭ᠃
      ᠲᠥᠷᠥᠯ ᠵᠦᠢ᠍ᠯ᠎ᠳᠤ ᠨᠡᠷᠡᠨ ᠡᠨᠧᠷᠭᠢ ᠵᠢᠨ ᠴᠡᠪᠡᠷ ᠡᠨᠧᠷᠭᠢ ᠵᠢ ᠠᠰᠢᠭᠯᠠᠨ᠂ ᠠᠵᠤ ᠠᠬᠤᠢ᠌ᠯᠠᠯ᠎ᠤᠨ ᠬᠡᠰᠡᠭ ᠴᠠᠬᠢᠯᠭ᠋ᠠᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠴᠠᠬᠢᠯᠭ᠋ᠠᠨ ᠬᠡᠷᠡᠭᠯᠡᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠦᠯᠡᠳᠡᠪᠦᠷᠢ ᠴᠠᠬᠢᠯᠭ᠋ᠠᠨ᠎ᠢ ᠰᠦᠯᠵᠢᠶᠡᠨ᠎ᠳᠤ ᠣᠷᠣᠭᠤᠯᠵᠤ ᠠᠰᠢᠭ ᠣᠷᠣᠯᠭ᠎ᠠ ᠵᠢ ᠨᠡᠮᠡᠭᠳᠡᠭᠦᠯᠦᠨ᠎ᠡ᠃ ᠡᠭᠦᠨ᠎ᠤ ᠬᠠᠮᠲᠤ᠂ ᠨᠡᠷᠡᠨ᠎ᠤ ᠡᠨᠧᠷᠭᠢ᠎ᠪᠠᠷ ᠴᠠᠬᠢᠯᠭ᠋ᠠᠨ ᠭᠠᠷᠭ᠋ᠠᠬᠤ᠎ᠳᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ᠂ ᠤᠯᠠᠮᠵᠢᠯᠠᠯᠲᠤ ᠴᠢᠯᠠᠭᠤᠵᠢᠮᠠᠯ᠎ᠤᠨ ᠡᠨᠧᠷᠭᠢ᠎ᠳᠤ ᠲᠦᠰᠢᠭᠯᠡᠬᠦ ᠵᠢ ᠪᠠᠭ᠋ᠠᠰᠬᠠᠵᠤ᠂ ᠠᠵᠤ ᠠᠬᠤᠢ᠌ᠯᠠᠯ᠎ᠤᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠦᠲᠦᠮᠵᠢᠲᠡᠢ ᠪᠠᠭᠤᠷᠠᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠠᠷᠠᠯᠲᠠ ᠵᠢ ᠪᠡᠶᠡᠯᠡᠭᠦᠯᠬᠦ᠎ᠳᠤ ᠬᠦᠴᠦ ᠨᠡᠮᠡᠷᠢᠯᠡᠨ᠎ᠡ᠃
      ᠦᠷ᠎ᠡ ᠪᠦᠲᠦᠮᠵᠢ ᠵᠢᠨ ᠰᠢᠨ᠎ᠡ ᠡᠭᠦᠳᠦᠯᠲᠡ
      ᠬᠦᠬᠦᠷᠵᠢᠭᠦᠯᠬᠦ ᠲᠠᠰᠤᠭ᠎ᠤᠨ ᠤᠲᠤᠭ᠋ᠠᠨ᠎ᠤ ᠵᠠᠰᠠᠯᠲᠠ
      ᠣᠷᠴᠢᠨ ᠲᠣᠭᠣᠷᠢᠨ᠎ᠤ ᠦᠷ᠎ᠡ ᠠᠰᠢᠭ᠄ ᠤᠤᠯ᠎ᠤᠨ ᠬᠣᠴᠣᠷᠤᠩᠭᠤᠢ ᠰᠢᠢ᠍ᠳᠪᠦᠷᠢᠯᠡᠬᠦ ᠮᠡᠷᠭᠡᠵᠢᠯ 《ᠪᠦᠳᠦᠭᠦᠯᠢᠭ ᠦᠢ᠍ᠯᠡᠳᠦᠯᠳᠦ ᠱᠦᠭᠦᠯᠲᠡ + UVC ᠭᠡᠷᠡᠯ ᠵᠠᠳᠠᠷᠠᠯᠲᠠ + ᠳᠣᠣᠷ᠎ᠠ ᠳᠤᠯᠠᠭ᠋ᠠᠨ᠎ᠤ ᠲᠡᠩᠴᠡᠭᠦᠦ ᠢᠶᠤᠨ》 ᠪᠣᠯᠣᠨ 《ᠤᠷᠢᠳᠴᠢᠯᠠᠨ ᠰᠢᠢ᠍ᠳᠪᠦᠷᠢᠯᠡᠬᠦ + ᠨᠡᠢ᠌ᠯᠡᠮᠡᠯ ᠭᠡᠷᠡᠯ ᠲᠦᠷᠭᠡᠳᠬᠡᠨ ᠴᠡᠪᠡᠷᠰᠢᠭᠦᠯᠬᠦ + ᠬᠠᠭᠤᠷᠠᠢ ᠰᠠᠭ᠋ᠠᠷᠮᠠᠭᠵᠢᠭᠤᠯᠬᠤ ᠴᠡᠪᠡᠷᠰᠢᠭᠦᠯᠬᠦ ᠠᠷᠭ᠎ᠠ》 ᠵᠢ ᠳᠡᠭᠡᠭᠰᠢᠯᠡᠭᠦᠯᠦᠨ 《ᠠᠦ᠋ᠲ᠋ᠣ᠋ ᠮᠠᠲ᠋ᠧᠷᠢᠶᠠᠯ ᠰᠣᠯᠢᠵᠤ ᠰᠣᠷᠣᠨ ᠨᠠᠭ᠋ᠠᠯᠳᠤᠭᠤᠯᠬᠤ + ᠰᠢᠯᠵᠢᠶ᠎ᠡ ᠰᠠᠤᠷᠢ (ᠮᠠᠰᠢᠨ) ᠵᠢ ᠠᠩᠭᠢᠵᠢᠷᠠᠭᠤᠯᠤᠨ ᠳᠠᠬᠢᠨ ᠤᠷᠭᠤᠭᠤᠯᠬᠤ + RRTO ᠡᠷᠦᠳᠡᠰᠦᠵᠢᠭᠦᠯᠬᠦ》 ᠮᠡᠷᠭᠡᠵᠢᠯ ᠪᠣᠯᠭ᠋ᠠᠵᠤ᠂ ᠰᠢᠢ᠍ᠳᠪᠦᠷᠢᠯᠡᠬᠦ ᠠᠰᠢᠭᠯᠠᠮᠵᠢ ᠵᠢ ᠶᠡᠬᠡ᠎ᠪᠠᠷ ᠳᠡᠭᠡᠭᠰᠢᠯᠡᠭᠦᠯᠵᠡᠢ᠄ ᠬᠦᠬᠦᠷᠵᠢᠭᠦᠯᠦᠭᠰᠡᠨ ᠬᠠᠶᠠᠭᠳᠠᠮᠠᠯ ᠬᠡᠢ ᠵᠢ ᠰᠢᠢ᠍ᠳᠪᠦᠷᠢᠯᠡᠬᠦ ᠠᠰᠢᠭᠯᠠᠮᠵᠢ ᠵᠢ 80%᠎ᠳᠤ ᠬᠦᠷᠭᠡᠨ᠎ᠡ᠃ ᠵᠢᠱ᠌ᠢᠯᠲᠡ᠎ᠪᠠᠷ ᠵᠢᠯ᠎ᠳᠤ 271.60 tce/a ᠡᠨᠧᠷᠭᠢ ᠵᠢᠨ ᠬᠣᠷᠣᠭᠳᠠᠯ᠎ᠢ ᠠᠷᠪᠢᠯᠠᠵᠤ᠂ ᠵᠢᠯ᠎ᠳᠤ ᠮᠧᠲ᠋ᠠᠨ ᠪᠤᠰᠤ ᠶᠡᠷᠦᠩᠬᠡᠢ ᠨᠡᠭᠦᠷᠦᠭᠴᠢ ᠵᠢᠨ ᠭᠠᠳᠠᠭᠰᠢᠯᠠᠭᠤᠯᠤᠯᠲᠠ ᠵᠢ 24.5 ᠲᠣᠨ ᠪᠠᠭ᠋ᠠᠰᠬᠠᠨ᠎ᠠ᠃
      ᠠᠵᠤ ᠠᠬᠤᠢ ᠵᠢᠨ ᠦᠷ᠎ᠡ ᠠᠰᠢᠭ᠄ ᠵᠢᠯ᠎ᠤᠨ ᠠᠵᠢᠯᠯᠠᠭᠤᠯᠵᠤ ᠠᠷᠠᠴᠢᠯᠠᠬᠤ ᠵᠠᠷᠤᠳᠠᠯ᠎ᠢ 20 ᠲᠦᠮᠡ ᠪᠠᠭ᠋ᠠᠰᠬᠠᠨ᠎ᠠ᠃
      ᠣᠷᠴᠢᠨ ᠲᠣᠭᠣᠷᠢᠨ᠎ᠤ ᠦᠷ᠎ᠡ ᠠᠰᠢᠭ᠄ ᠬᠡᠷᠡᠯ ᠴᠡᠨᠡᠭ ᠵᠶ᠋ᠡᠷ ᠴᠠᠬᠢᠯᠭ᠋ᠠᠨ ᠭᠠᠷᠭ᠋ᠠᠬᠤ᠎ᠠᠴᠠ ᠪᠣᠶ ᠪᠣᠯᠤᠭᠰᠠᠨ ᠴᠠᠬᠢᠯᠭ᠋ᠠᠨ᠎ᠤ ᠬᠡᠮᠵᠢᠶ᠎ᠡ ᠵᠢ ᠦᠢ᠍ᠯᠡᠳᠪᠦᠷᠢ ᠵᠢᠨ ᠲᠣᠭᠣᠷᠢᠭ᠎ᠤᠨ ᠤᠤᠯ᠎ᠤᠨ ᠪᠠᠢ᠌ᠭᠰᠠᠨ ᠴᠠᠬᠢᠯᠭ᠋ᠠᠨ ᠲᠦᠭᠡᠭᠡᠬᠦ ᠲᠠᠰᠤᠭ᠎ᠤᠨ 6kV ᠤᠲᠠᠰᠤᠨ᠎ᠳᠤ ᠵᠠᠯᠭ᠋ᠠᠨ ᠣᠷᠣᠭᠤᠯᠵᠤ᠂ ᠲᠣᠣᠷ᠎ᠲᠤ ᠨᠡᠢ᠌ᠯᠡᠭᠦᠯᠬᠦ ᠵᠢ ᠪᠡᠶᠡᠯᠡᠭᠦᠯᠦᠨ᠎ᠡ᠃ ᠵᠢᠱ᠌ᠢᠯᠲᠡ᠎ᠪᠠᠷ 25 ᠵᠢᠯ᠎ᠳᠤ ᠵᠢᠯ ᠳᠤᠮᠳᠠᠴᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ 1143.15 ᠲᠦᠮᠡᠨ ᠺᠢᠯᠣᠸᠠᠲ᠎ᠲᠤ ᠬᠦᠷᠬᠦ ᠦᠶ᠎ᠡ᠎ᠳᠤ᠂ ᠣᠷᠣᠯᠠᠬᠤ ᠪᠠᠷᠢᠮᠵᠢᠶᠠᠲᠤ ᠨᠡᠭᠦᠷᠡᠰᠦ 3658 ᠲᠣᠨ᠎ᠲᠠᠢ ᠲᠡᠩᠴᠡᠵᠦ᠂ ᠳᠤᠮᠳᠠᠴᠢ᠎ᠪᠠᠷ ᠵᠢᠯ ᠪᠦᠷᠢ ᠣᠷᠴᠢᠨ ᠲᠣᠭᠣᠷᠢᠨ᠎ᠳᠤ ᠭᠠᠳᠠᠭᠰᠢᠯᠠᠭᠤᠯᠬᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ 5997.0 ᠲᠣᠨ᠂ ᠬᠦᠬᠦᠷ᠎ᠤᠨ ᠳᠠᠪᠬᠤᠷ ᠢᠰᠦᠯ᠎ᠢ 300.6 ᠲᠣᠨ᠂  ᠠᠽᠣᠲ᠎ᠤᠨ ᠢᠰᠦᠮᠡᠭ᠎ᠢ 149.8 ᠲᠣᠨ ᠪᠠᠭ᠋ᠠᠰᠬᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠴᠥᠮ ᠲᠤᠢ᠌ᠯ᠎ᠤᠨ ᠶᠡᠬᠡ ᠨᠡᠮᠡᠭᠳᠡᠯ᠎ᠲᠠᠢ ᠪᠣᠯᠣᠨ᠎ᠠ᠃
      ᠠᠵᠤ ᠠᠬᠤᠢ ᠵᠢᠨ ᠦᠷ᠎ᠡ ᠠᠰᠢᠭ᠄ ᠲᠥᠷᠥᠯ ᠵᠦᠢ᠍ᠯ᠎ᠤᠨ ᠬᠡᠪ᠎ᠤᠨ ᠠᠵᠢᠯᠯᠠᠭ᠋ᠠᠨ ᠵᠶ᠋ᠠᠷ ᠴᠠᠬᠢᠯᠭ᠋ᠠᠨ ᠭᠠᠷᠭ᠋ᠠᠭᠰᠠᠨ᠎ᠤ ᠳᠠᠷᠠᠭ᠎ᠠ ᠵᠢᠯ ᠪᠦᠷᠢ ᠳᠤᠮᠳᠠᠴᠢ᠎ᠪᠠᠷ 914 ᠲᠦᠮᠡᠨ ᠲᠥᠭᠥᠷᠢᠭ᠎ᠤᠨ ᠴᠠᠬᠢᠯᠭ᠋ᠠᠨ᠎ᠤ ᠰᠦᠢ᠍ᠳᠬᠡᠯ᠎ᠢ ᠠᠷᠪᠢᠯᠠᠵᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠵᠢᠶᠠᠩᠰᠤ ᠮᠤᠵᠢ ᠵᠢᠨ᠎ᠲᠠᠢ ᠵᠧᠦ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠵᠶ᠋ᠡᠷ ᠭᠣᠣᠯᠯᠠᠭᠤᠯᠤᠭᠰᠠᠨ 《VOCs ᠰᠦᠮᠠ ᠰᠠᠪᠠ ᠵᠢᠨ ᠬᠢᠨᠠᠨ ᠬᠡᠮᠵᠢᠯᠲᠡ ᠵᠢᠨ ᠣᠶᠤᠨᠴᠢ ᠶᠠᠰᠤ ᠴᠢᠨᠠᠷ᠎ᠤᠨ ᠡᠵᠡᠮᠳᠡᠯ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ》 ᠵᠢᠨ ᠲᠥᠷᠥᠯ ᠵᠦᠢ᠍ᠯ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠨᠡᠯᠡᠯᠲᠡ ᠵᠢ ᠠᠮᠵᠢᠯᠲᠠᠲᠠᠢ ᠥᠩᠭᠡᠷᠡᠪᠡ
ᠣᠷᠴᠢᠨ ᠲᠣᠭᠣᠷᠢᠨ᠎ᠤ ᠲᠤᠰᠬᠠᠶ ᠮᠡᠷᠭᠡᠵᠢᠯᠲᠡᠨ ᠱᠠᠩᠬᠠᠢ᠎ᠳᠤ ᠴᠤᠭᠯᠠᠷᠠᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠪᠠ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠦᠨ ᠳᠠᠭ᠋ᠠᠭᠤᠯᠬᠤ ᠲᠤᠬᠠᠶ ᠰᠤᠳᠤᠯᠤᠨ ᠶᠠᠷᠢᠯᠴᠠᠪᠠ
ᠬᠠᠶ᠋ᠢᠨᠠᠨ ᠮᠤᠵᠢ ᠠᠮᠢ ᠠᠬᠤᠶ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠥᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠥᠷᠨᠢᠭᠦᠯᠪᠡ
ᠭᠤᠸᠠᠩᠰᠢ ᠮᠤᠵᠢ ᠬᠦᠨᠳᠦ ᠲᠡᠮᠦᠷᠯᠢᠭ᠎ᠤᠨ ᠭᠣᠣᠯᠳᠠᠯᠭ᠎ᠠ᠎ᠲᠠᠢ ᠠᠵᠢᠯ ᠲᠦᠷᠦᠯ᠎ᠤᠨ ᠠᠵᠤ ᠠᠬᠤᠶ᠋ᠢᠯᠠᠯ᠎ᠢ ᠪᠠᠶ᠋ᠢᠴᠠᠭ᠋ᠠᠵᠤ ᠴᠡᠭᠴᠡᠯᠡᠨ ᠵᠠᠰᠠᠬᠤ ᠠᠵᠢᠯ᠎ᠢ ᠥᠷᠨᠢᠭᠦᠯᠪᠡ
ᠴᠦᠩᠴᠢᠩ ᠬᠤᠳᠠ ᠡᠯ᠎ᠡ ᠭᠠᠵᠠᠷ᠎ᠤᠨ ᠲᠤᠰᠬᠠᠶ ᠮᠡᠷᠭᠡᠵᠢᠯᠲᠡᠨ᠎ᠢ ᠤᠷᠢᠵᠤ᠂ ᠤᠰᠤᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ᠎ᠳᠤ ᠠᠷᠭ᠎ᠠ ᠥᠭᠴᠦ ᠪᠣᠢ
 
             蒙ICP备05000248号