9 ᠳ᠋ᠦ᠍ᠭᠡᠷ ᠰᠠᠷ᠎ᠠ ᠵᠢᠨ 14 ᠤ ᠡᠳᠦᠷ᠂ ᠬᠥᠯᠥᠨ ᠪᠤᠢ᠍ᠢ᠍ᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠢᠯᠭ᠋ᠠᠨ ᠪᠠᠶ᠋ᠢᠴᠠᠭ᠋ᠠᠵᠤ ᠵᠠᠰᠠᠬᠤ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠲᠤᠰᠬᠠᠢ ᠠᠵᠢᠯᠯᠠᠭ᠎ᠠ ᠥᠷᠨᠢᠭᠦᠯᠬᠦ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ ᠠᠩᠬᠠᠳᠤᠭ᠋ᠠᠷ ᠤᠳᠠᠭ᠋ᠠᠨ᠎ᠤ ᠬᠠᠮᠲᠤᠷᠠᠭᠰᠠᠨ ᠬᠤᠷᠠᠯ ᠬᠤᠷᠠᠯᠳᠤᠭᠤᠯᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠪᠦᠬᠦ ᠬᠤᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠢᠯᠭ᠋ᠠᠨ ᠪᠠᠶ᠋ᠢᠴᠠᠭ᠋ᠠᠵᠤ ᠵᠠᠰᠠᠬᠤ 《ᠵᠠᠭᠤᠨ ᠡᠳᠦᠷ᠎ᠤᠨ ᠪᠣᠭᠣᠮᠲᠠ ᠰᠢᠪᠲᠤᠯᠬᠤ》 ᠠᠵᠢᠯᠯᠠᠭ᠎ᠠ ᠵᠢᠨ ᠤᠳᠤᠷᠢᠳᠬᠤ ᠳᠤᠭᠤᠶ᠋ᠢᠯᠠᠩ ᠠᠵᠢᠯ ᠪᠠᠶ᠋ᠢᠷᠢᠯᠠᠭᠤᠯᠬᠤ ᠬᠤᠷᠠᠯ ᠬᠤᠷᠠᠯᠳᠤᠭᠤᠯᠤᠭᠰᠠᠨ᠎ᠠᠴᠠ ᠨᠠᠭ᠋ᠠᠰᠢ᠂ ᠲᠤᠰᠬᠠᠶ ᠵᠦᠢ᠍ᠯ᠎ᠤᠨ ᠠᠵᠢᠯᠯᠠᠭ᠎ᠠ ᠵᠢ ᠲᠦᠷᠦᠭᠦᠯᠡᠨ ᠬᠢᠬᠦ ᠡᠯ᠎ᠡ ᠨᠢᠭᠡᠴᠢ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠬᠣᠯᠪᠣᠭ᠋ᠠᠯᠠᠨ ᠬᠥᠳᠡᠯᠦᠯᠴᠡᠵᠦ᠂ ᠡᠯ᠎ᠡ ᠵᠦᠢ᠍ᠯ᠎ᠤᠨ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ ᠭᠡᠵᠡᠢ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠠᠶ᠋ᠢᠳᠠᠯ᠎ᠢ ᠲᠣᠳᠣᠷᠬᠠᠶ ᠲᠠᠨᠢᠬᠤ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠭᠰᠣᠴᠠ᠎ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ᠎ᠲᠠᠢ ᠪᠠᠶ᠋ᠢᠵᠤ᠂ ᠡᠭᠦᠷᠭᠡᠯᠡᠵᠦ ᠪᠠᠶ᠋ᠢᠭ᠎ᠠ ᠠᠮᠢ ᠠᠬᠤᠢ ᠣᠷᠴᠢᠨ ᠲᠣᠭᠣᠷᠢᠨ᠎ᠤ ᠲᠤᠪᠤᠢ᠍ᠢ᠍ᠮ᠎ᠠ ᠠᠰᠠᠭᠤᠳᠠᠯ᠎ᠢ ᠢᠯᠭ᠋ᠠᠨ ᠪᠠᠶ᠋ᠢᠴᠠᠭ᠋ᠠᠵᠤ ᠵᠠᠰᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠪᠡᠶᠡᠯᠡᠭᠦᠯᠬᠦ ᠬᠡᠷᠡᠭᠲᠡᠢ᠃ ᠳᠡᠭᠡᠭᠰᠢ ᠤᠯᠠᠮᠵᠢᠯᠠᠵᠤ ᠳᠣᠷᠣᠭᠰᠢ ᠨᠠᠶ᠋ᠢᠳᠠᠪᠤᠷᠢᠵᠢᠭᠤᠯᠬᠤ ᠠᠵᠢᠯ᠎ᠢ ᠴᠢᠩᠭ᠋ᠠᠳᠬᠠᠵᠤ᠂ ᠬᠠᠷᠢᠴᠠᠭ᠎ᠠ ᠬᠣᠯᠪᠣᠭ᠎ᠠ ᠠᠪᠤᠯᠴᠠᠨ᠂ ᠡᠯ᠎ᠡ ᠲᠤᠰᠬᠠᠶ ᠵᠦᠢ᠍ᠯ᠎ᠤᠨ ᠠᠵᠢᠯᠯᠠᠭ᠎ᠠ ᠵᠢ ᠲᠦᠷᠦᠭᠦᠯᠡᠨ ᠬᠢᠬᠦ ᠨᠢᠭᠡᠴᠡ ᠪᠣᠯᠤᠨ ᠡᠯ᠎ᠡ ᠬᠣᠰᠢᠭᠤ ᠬᠤᠲᠠ ᠣᠷᠣᠨ᠎ᠤ ᠬᠣᠭᠣᠷᠣᠨᠳᠤᠬᠢ ᠬᠠᠷᠢᠴᠠᠭ᠎ᠠ᠎ᠪᠠᠨ ᠴᠢᠩᠭ᠋ᠠᠳᠬᠠᠨ᠂ ᠠᠵᠢᠯ᠎ᠤᠨ ᠶᠠᠪᠤᠭᠳᠠᠵᠤ ᠪᠠᠶ᠋ᠢᠭ᠎ᠠ ᠪᠠᠶ᠋ᠢᠳᠠᠯ᠎ᠤᠨ ᠮᠡᠳᠡᠭᠡ ᠵᠠᠩᠭᠢ ᠵᠢ ᠬᠠᠷᠢᠭᠤ ᠮᠡᠳᠡᠭᠦᠯᠬᠦ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠬᠦ ᠬᠡᠷᠡᠭᠲᠡᠶ᠃ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠳᠤ ᠰᠢᠪᠠᠳᠠᠨ ᠪᠠᠢ᠌ᠴᠠᠭ᠋ᠠᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ᠎ᠢ ᠬᠦᠨᠳᠦᠳᠬᠡᠬᠦ ᠦᠬᠡᠢ᠂ ᠲᠤᠤᠱᠲᠠᠢ ᠨᠠᠶ᠋ᠢᠳᠠᠪᠤᠷᠢᠵᠢᠭᠤᠯᠤᠭᠰᠠᠨ ᠦᠭᠡᠢ ᠭᠠᠵᠠᠷ ᠣᠷᠣᠨ ᠪᠣᠯᠤᠨ ᠨᠢᠭᠡᠴᠢ᠎ᠨᠦᠭᠦᠳ᠎ᠢ ᠴᠠᠭ ᠲᠤᠬᠠᠶ᠎ᠳᠤᠨᠢ ᠵᠠᠷᠯᠠᠨ ᠨᠡᠢ᠌ᠲᠡᠯᠡᠵᠦ᠂ ᠪᠠᠢ᠌ᠩᠭᠤ ᠵᠢᠨ ᠴᠢᠨᠠᠷᠲᠠᠢ ᠬᠠᠷᠢᠭᠤᠴᠠᠯᠭ᠎ᠠ ᠨᠡᠬᠡᠮᠵᠢᠯᠡᠵᠦ᠂ ᠱᠠᠯᠠᠪᠳᠠᠨ ᠰᠢᠬᠠᠮᠳᠠᠭᠤᠯᠵᠤ ᠪᠠᠶ᠋ᠢᠭ᠋ᠠᠳ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠡᠢ᠃