ᠦᠢ᠍ᠷ᠎ᠠ ᠵᠢᠨ ᠡᠳᠦᠷ᠂ ᠠᠮᠢ ᠠᠬᠤᠶ ᠵᠢᠨ ᠣᠷᠴᠢᠨ ᠨᠥᠬᠥᠴᠡᠯ᠎ᠤᠨ ᠶᠠᠮᠤᠨ᠎ᠤ ᠪᠠᠶ᠋ᠢᠴᠠᠭ᠋ᠠᠬᠤ ᠳᠤᠭᠤᠶ᠋ᠢᠯᠠᠩ ᠬᠥᠬᠡᠬᠣᠲᠠ᠎ᠳᠤ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠭᠠᠵᠠᠷ᠎ᠤᠨ ᠣᠷᠴᠢᠨ ᠲᠣᠭᠣᠷᠢᠨ ᠢ ᠬᠠᠮᠠᠭ᠋ᠠᠯᠠᠬᠤ ᠠᠰᠠᠭᠤᠳᠠᠯ᠎ᠢ ᠴᠡᠭᠴᠡᠯᠡᠨ ᠥᠭᠡᠷᠡᠴᠢᠯᠡᠵᠦ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠪᠠᠶ᠋ᠢᠴᠠᠭ᠋ᠠᠪᠠ᠃
ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠦᠴᠤᠸᠠᠨ ᠰᠢᠶᠠᠨ᠎ᠤ ᠬᠠᠷᠠᠴᠢᠨ ᠤᠰᠤᠨ ᠴᠥᠭᠥᠷᠥᠮ᠎ᠤᠨ ᠤᠰᠤᠨ ᠰᠤᠷᠪᠤᠯᠵᠢ ᠵᠢᠨ ᠭᠠᠵᠠᠷ ᠪᠠ ᠲᠣᠭᠲᠠᠬᠤ ᠰᠢᠶᠠᠨ᠎ᠤ ᠬᠠᠳᠤᠨ ᠭᠣᠣᠯ᠎ᠤᠨ ᠫᠦ᠋ ᠲᠠᠨ ᠭᠤᠸᠠᠢ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠭᠠᠵᠠᠷ᠎ᠢ ᠪᠠᠢ᠌ᠴᠠᠭ᠋ᠠᠨ ᠦᠵᠡᠵᠦ᠂ ᠲᠤᠰᠬᠠᠶ ᠠᠵᠢᠯᠯᠠᠭ᠎ᠠ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠲᠣᠳᠣᠷᠬᠠᠶ ᠬᠠᠭᠤᠳᠠᠰᠤᠨ᠎ᠳᠤ ᠬᠣᠯᠪᠣᠭᠳᠠᠭᠰᠠᠨ ᠠᠰᠠᠭᠤᠳᠠᠯ᠎ᠢ ᠨᠢᠭᠡᠳ ᠨᠢᠭᠡ᠎ᠪᠠᠷ ᠬᠢᠨᠠᠨ ᠬᠠᠷᠭᠤᠭᠤᠯᠵᠤ ᠪᠠᠢ᠌ᠴᠠᠭ᠋ᠠᠪᠠ᠃ ᠣᠳᠣᠬᠠᠨ ᠪᠣᠯᠲᠠᠯ᠎ᠠ᠂ ᠬᠥᠬᠡᠬᠣᠲᠠ ᠵᠢᠨ ᠦᠴᠤᠸᠠᠨ ᠰᠢᠶᠠᠨ᠎ᠤ ᠬᠠᠷᠠᠴᠢᠨ ᠤᠰᠤᠨ ᠰᠤᠷᠪᠤᠯᠵᠢ ᠵᠢᠨ ᠭᠠᠵᠠᠷ᠎ᠤᠨ ᠣᠷᠣᠰᠢᠵᠤ ᠪᠠᠢ᠌ᠭᠰᠠᠨ 4 ᠠᠰᠠᠭᠤᠳᠠᠯ᠎ᠢ ᠨᠢᠭᠡᠨᠲᠡ ᠪᠦᠬᠦᠨ᠎ᠢ ᠪᠡᠶᠡᠯᠡᠭᠦᠯᠪᠡ᠃ ᠲᠣᠭᠲᠠᠬᠤ ᠰᠢᠶᠠᠨ᠎ᠤ ᠬᠠᠲᠤᠨ ᠭᠣᠣᠯ᠎ᠤᠨ ᠫᠦ᠋ ᠲᠠᠨ ᠭᠤᠸᠠᠶ ᠤᠤᠭᠤᠬᠤ ᠤᠰᠤᠨ᠎ᠤ ᠡᠬᠢ ᠰᠤᠷᠪᠤᠯᠵᠢ ᠵᠢᠨ ᠣᠷᠣᠨ᠎ᠳᠤ ᠬᠣᠯᠪᠣᠭᠳᠠᠬᠤ 5 ᠵᠦᠢ᠍ᠯ᠎ᠤᠨ ᠠᠰᠠᠭᠤᠳᠠᠯ (2 ᠵᠤᠷᠪᠤᠰ ᠬᠢᠯᠢ ᠠᠯᠤᠰᠯᠠᠭᠰᠠᠨ)᠎ᠢ ᠣᠳᠣᠬᠠᠨ᠎ᠳᠤ ᠨᠢᠭᠡᠨᠲᠡ ᠪᠡᠶᠡᠯᠡᠭᠦᠯᠦᠭᠰᠡᠨ᠎ᠨᠢ 1 ᠵᠤᠷᠪᠤᠰ ᠪᠠᠶ᠋ᠢᠨ᠎ᠠ᠂ 4 ᠵᠦᠢ᠍ᠯ᠎ᠤᠨ ᠠᠰᠠᠭᠤᠳᠠᠯ (ᠬᠢᠯᠢ ᠠᠯᠤᠰᠯᠠᠭᠰᠠᠨ ᠬᠣᠶᠠᠷ ᠠᠰᠠᠭᠤᠳᠠᠯ ᠪᠠᠭᠲᠠᠨ᠎ᠠ) ᠣᠲᠣ ᠶᠠᠭ ᠰᠢᠢ᠍ᠳᠪᠦᠷᠢᠯᠡᠵᠦ ᠪᠠᠶ᠋ᠢᠨ᠎ᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠪᠠᠶ᠋ᠢᠴᠠᠭ᠋ᠠᠯᠲᠠ᠎ᠳᠤ ᠰᠢᠨ᠎ᠡ᠎ᠪᠠᠷ 7 ᠵᠦᠢ᠍ᠯ᠎ᠤᠨ ᠠᠰᠠᠭᠤᠳᠠᠯ ᠨᠡᠮᠡᠭᠳᠡᠵᠦ᠂ ᠤᠳᠤ ᠨᠢᠭᠡᠨᠲᠡ 6 ᠵᠦᠢ᠍ᠯ᠎ᠢ᠎ᠨᠢ ᠪᠡᠶᠡᠯᠡᠭᠦᠯᠵᠦ᠂ 1 ᠵᠦᠢ᠍ᠯ᠎ᠢ᠎ᠨᠢ ᠪᠠᠢ᠌ᠩᠭᠤ ᠬᠠᠮᠢᠶᠠᠷᠤᠯᠲᠠ᠎ᠳᠤ ᠣᠷᠣᠭᠤᠯᠪᠠ᠃