ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠬᠦ ᠬᠥᠮᠥᠵᠢᠯ᠎ᠤᠨ ᠲᠧᠯᠸᠢᠰ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-10-08

      ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠦᠲᠦᠮᠵᠢᠲᠡᠢ ᠠᠬᠢᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ᠎ᠢ ᠦᠨᠡᠨ ᠬᠦ᠌ ᠰᠠᠢ᠌ᠲᠤᠷ ᠠᠳᠬᠤᠬᠤ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠬᠦ ᠬᠥᠮᠥᠵᠢᠯ᠎ᠤᠨ ᠲᠧᠯᠸᠢᠰ᠎ᠤᠨ ᠬᠤᠷᠠᠯ ᠬᠤᠷᠠᠯᠳᠤᠭᠤᠯᠪᠠ᠃
      ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠬᠣᠷᠢᠶ᠎ᠠ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠳᠤ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ ᠶᠠᠩ ᠸᠧᠨ ᠮᠢᠩ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢᠬᠢ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷᠴᠤᠳ᠎ᠤᠨ ᠠᠰᠠᠭᠤᠳᠠᠯ᠎ᠤᠨ ᠰᠦᠪᠡᠭᠴᠢ ᠵᠢ ᠰᠢᠢ᠍ᠳᠪᠦᠷᠢᠯᠡᠭᠰᠡᠨ ᠪᠠᠢ᠌ᠳᠠᠯ ᠵᠢᠴᠢ ᠲᠥᠪ ᠬᠣᠷᠢᠶ᠎ᠠ ᠵᠢᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ᠎ᠠᠴᠠ ᠵᠥᠷᠢᠴᠡᠭᠰᠡᠨ ᠪᠠ ᠰᠢᠰᠲ᠋ᠧᠮ᠎ᠤᠨ ᠳᠣᠲᠣᠭ᠋ᠠᠳᠤ᠎ᠳᠤ ᠡᠭᠦᠰᠦᠭᠰᠡᠨ ᠬᠠᠤᠯᠢ ᠴᠠᠭ᠋ᠠᠵᠠ᠎ᠠᠴᠠ ᠵᠥᠷᠢᠴᠡᠵᠦ ᠰᠠᠬᠢᠯᠭ᠎ᠠ ᠪᠠᠲᠤ᠎ᠠᠴᠠ ᠵᠥᠷᠢᠴᠡᠭᠰᠡᠨ ᠬᠡᠷᠡᠭ᠎ᠤᠨ ᠵᠢᠱ᠌ᠢᠶ᠎ᠡ ᠵᠢ ᠵᠠᠷᠯᠠᠨ ᠨᠡᠢ᠌ᠲᠡᠯᠡᠭᠰᠡᠨ᠎ᠤ ᠬᠠᠮᠲᠤ᠂ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ᠎ᠤᠨ ᠳᠦᠷᠢᠮ》᠎ᠳᠤ ᠲᠠᠢ᠌ᠯᠤᠮᠵᠢ ᠬᠢᠪᠡ᠃ ᠶᠠᠩ ᠸᠧᠨ ᠮᠢᠩ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ ᠵᠢ ᠵᠠᠳᠠᠯᠤᠨ ᠰᠢᠨᠵᠢᠯᠡᠬᠦ ᠦᠶ᠎ᠡ᠎ᠳᠤ ᠶᠠᠷᠢᠬᠤ᠎ᠳᠤ᠎ᠪᠠᠨ᠂ ᠦᠵᠡᠯ ᠰᠠᠨᠠᠭ᠎ᠠ ᠢᠲᠡᠭᠡᠯ ᠵᠣᠷᠢᠭ ᠯᠠᠪᠳᠠᠭᠤᠨ ᠪᠠᠲᠤ ᠪᠤᠰᠤ ᠪᠣᠯ᠂ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ ᠴᠠᠭ᠋ᠠᠵᠠ᠎ᠠᠴᠠ ᠵᠥᠷᠢᠴᠡᠬᠦ ᠵᠠᠮ ᠵᠶ᠋ᠠᠷ ᠵᠠᠮᠨᠠᠬᠤ᠎ᠨᠢ ᠵᠠᠢ᠌ᠯᠠᠰᠢ ᠦᠭᠡᠢ; ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠳᠤᠲᠠᠮᠠᠭ ᠪᠣᠯ᠂ ᠰᠢᠯᠲᠠᠭᠯᠠᠨ ᠤᠬᠤᠷᠢᠵᠤ ᠬᠠᠷᠢᠯᠴᠠᠨ ᠲᠦᠯᠬᠢᠯᠴᠡᠵᠦ᠂ ᠬᠠᠷᠢᠭᠤᠴᠠᠯᠭ᠎ᠠ ᠠᠯᠳᠠᠵᠤ ᠲᠤᠰᠢᠶᠠᠯ᠎ᠳᠤ᠎ᠪᠠᠨ ᠣᠰᠣᠯᠳᠠᠬᠤ᠎ᠨᠢ ᠵᠠᠢ᠌ᠯᠠᠰᠢ ᠦᠭᠡᠢ; ᠪᠠᠢ᠌ᠩᠭᠤ ᠰᠤᠷᠤᠯᠴᠠᠬᠤ ᠦᠭᠡᠢ ᠪᠣᠯ᠂ ᠮᠤᠩᠬᠠᠭ ᠪᠠᠯᠠᠢ ᠪᠣᠯᠬᠤ ᠮᠥᠷᠲᠡᠭᠡᠨ ᠬᠠᠤᠯᠢ ᠰᠠᠬᠢᠯᠭ᠎ᠠ᠎ᠠᠴᠠ ᠡᠮᠢᠶᠡᠨ ᠰᠦᠷᠳᠡᠬᠦ ᠦᠭᠡᠢ ᠪᠣᠯᠬᠤ᠎ᠨᠢ ᠵᠠᠢ᠌ᠯᠠᠰᠢ ᠦᠭᠡᠢ; ᠬᠣᠪᠲᠣᠭ ᠰᠢᠨᠤᠬᠠᠢ ᠰᠡᠳᠬᠢᠯ ᠡᠪᠦᠷᠯᠡᠪᠡᠯ᠂ ᠢᠯᠵᠠᠷᠠᠯ ᠳᠣᠷᠣᠢ᠌ᠲᠠᠯ᠎ᠤᠨ ᠦᠵᠡᠯ ᠰᠠᠨᠠᠭ᠎ᠠ ᠵᠠᠪᠰᠢᠨ ᠣᠷᠣᠬᠤ᠎ᠨᠢ ᠵᠠᠢ᠌ᠯᠠᠰᠢ ᠦᠭᠡᠢ; ᠬᠢᠨᠠᠯᠲᠠ ᠲᠠᠯᠪᠢᠬᠤ᠎ᠨᠢ ᠭᠦᠢ᠍ᠴᠡᠳ ᠬᠦᠴᠦᠨ ᠦᠭᠡᠢ ᠪᠣᠯ᠂ ᠳᠤᠷ᠎ᠠ ᠵᠣᠷᠢᠭ ᠵᠶ᠋ᠠᠷ ᠵᠶ᠋ᠠᠨ ᠠᠭ᠋ᠠᠰᠢᠯᠠᠬᠤ᠎ᠨᠢ ᠵᠠᠢ᠌ᠯᠠᠰᠢ ᠦᠭᠡᠢ ᠭᠡᠵᠡᠢ᠃
      ᠶᠠᠩ ᠸᠧᠨ ᠮᠢᠩ ᠱᠠᠭ᠋ᠠᠷᠳᠠᠭᠰᠠᠨ᠎ᠨᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠨᠠᠮ᠎ᠤᠨ ᠤᠯᠤᠰ ᠲᠥᠷᠥ ᠵᠢᠨ ᠪᠠᠢ᠌ᠭᠤᠯᠭ᠎ᠠ᠂ ᠨᠠᠮ᠎ᠤᠨ ᠳᠣᠲᠣᠭ᠋ᠠᠳᠤ᠎ᠳᠤ ᠬᠢᠨᠠᠯᠲᠠ ᠲᠠᠯᠪᠢᠬᠤ ᠪᠠ ᠤᠯᠤᠰ᠎ᠤᠨ ᠬᠢᠨᠠᠨ ᠪᠠᠢ᠌ᠴᠠᠭ᠋ᠠᠬᠤ ᠲᠤᠰᠬᠠᠢ ᠬᠠᠷᠢᠭᠤᠴᠠᠯᠭ᠋ᠠᠲᠤ ᠪᠠᠢ᠌ᠭᠤᠯᠭ᠎ᠠ ᠪᠣᠯᠣᠭᠰᠠᠨ᠎ᠤ ᠬᠤᠪᠢ᠎ᠳᠤ᠂ ᠤᠯᠤᠰ ᠲᠥᠷᠥ ᠵᠢᠨ ᠪᠠᠢ᠌ᠭᠤᠯᠤᠯᠲᠠ ᠪᠠ ᠤᠯᠤᠰ ᠲᠥᠷᠥ ᠵᠢᠨ ᠬᠢᠨᠠᠯᠲᠠ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠥᠴᠥᠬᠡᠨ ᠴᠦ᠍ ᠪᠠᠭᠲᠠᠭ᠋ᠠᠨ ᠠᠭᠤᠴᠢᠯᠠᠬᠤ ᠦᠭᠡᠢ ᠣᠪᠣᠷ ᠵᠶ᠋ᠠᠷ ᠢᠯᠵᠠᠷᠠᠯ᠎ᠢ ᠵᠠᠯᠬᠠᠭ᠋ᠠᠨ ᠴᠡᠭᠡᠷᠯᠡᠭᠦᠯᠵᠦ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠳᠤ ᠴᠢᠩᠭ᠎ᠠ ᠵᠠᠰᠠᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠬᠦ ᠬᠡᠷᠡᠭᠲᠡᠢ᠃ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠨᠠᠮ᠎ᠤᠨ ᠤᠳᠤᠷᠢᠳᠬᠤ ᠳᠤᠭᠤᠢ᠌ᠯᠠᠩ᠎ᠢ ᠬᠠᠮᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠬᠡᠬᠦ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ 《ᠨᠢᠭᠡᠳᠦᠭᠡᠷ ᠬᠠᠷᠢᠭᠤᠴᠠᠯᠭ᠋ᠠᠲᠠᠨ》 ᠵᠢᠴᠢ ᠤᠳᠤᠷᠢᠳᠬᠤ ᠪᠠᠭ᠎ᠤᠨ ᠭᠡᠰᠢᠭᠦᠳ ᠡᠷᠬᠡᠪᠰᠢ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨ ᠬᠦ᠌ ᠰᠠᠢ᠌ᠲᠤᠷ ᠭᠦᠢ᠍ᠴᠡᠳᠬᠡᠵᠦ᠂ ᠣᠯᠠᠨ ᠵᠦᠢ᠍ᠯ᠎ᠤᠨ ᠬᠡᠯᠪᠡᠷᠢ ᠵᠢᠨ ᠰᠡᠷᠡᠮᠵᠢᠯᠡᠭᠦᠯᠬᠦ ᠬᠥᠮᠥᠵᠢᠯ᠎ᠤᠨ ᠬᠥᠳᠡᠯᠭᠡᠭᠡᠨ᠎ᠢ ᠥᠷᠨᠢᠭᠦᠯᠬᠦ᠎ᠪᠠᠷ ᠳᠠᠮᠵᠢᠭᠤᠯᠤᠨ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢᠨ ᠴᠢᠬᠤᠯᠠ ᠴᠢᠨᠠᠷ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠲᠡᠷᠡ ᠶᠣᠰᠣᠭ᠋ᠠᠷ᠎ᠨᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ᠃ ᠤᠳᠤᠷᠢᠳᠬᠤ ᠪᠠᠭ ᠪᠠ ᠭᠡᠰᠢᠭᠦᠳ 《ᠲᠦᠷᠦᠭᠦᠴᠢ ᠭᠠᠯᠠᠭᠤᠨ᠎ᠤ ᠦᠢ᠍ᠯᠡᠳᠦᠯ》 ᠵᠶ᠋ᠠᠨ ᠰᠠᠢ᠌ᠲᠤᠷ ᠪᠠᠳᠠᠷᠠᠭᠤᠯᠵᠤ᠂ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠢ ᠵᠢ ᠴᠢᠷᠮᠠᠢ᠌ᠨ ᠪᠦᠷᠢᠯᠳᠦᠭᠦᠯᠵᠦ᠂ ᠤᠬᠠᠮᠰᠠᠷ᠎ᠠᠴᠠ᠎ᠪᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠰᠠᠢ᠌ᠨ ᠰᠠᠢ᠌ᠬᠠᠨ ᠤᠯᠤᠰ ᠲᠥᠷᠥ ᠵᠢᠨ ᠠᠮᠢ ᠠᠬᠤᠢ ᠵᠢᠨ ᠪᠦᠲᠦᠭᠡᠨ ᠪᠠᠢ᠌ᠭᠤᠯᠤᠭᠴᠢ᠂ ᠠᠬᠢᠭᠤᠯᠤᠭᠴᠢ ᠪᠠ ᠰᠠᠬᠢᠨ ᠬᠠᠮᠠᠭ᠋ᠠᠯᠠᠭᠴᠢ ᠪᠣᠯᠵᠤ᠂ ᠲᠤᠰ ᠪᠡᠶ᠎ᠡ ᠵᠢᠨ ᠪᠠᠢ᠌ᠭᠤᠯᠤᠯᠲᠠ᠎ᠪᠠᠷ ᠵᠶ᠋ᠠᠨ ᠢᠲᠡᠭᠡᠯ ᠪᠠ ᠡᠷᠬᠡ ᠰᠦᠷ ᠵᠶ᠋ᠡᠨ ᠴᠣᠭᠴᠠᠯᠠᠵᠤ᠂ ᠣᠶᠣᠨ ᠬᠦᠴᠦᠨ ᠵᠶ᠋ᠡᠨ ᠴᠡᠭᠴᠡᠯᠡᠵᠦ ᠪᠠᠢ᠌ᠭ᠋ᠠᠳ ᠳᠠᠬᠢᠨᠲᠠ ᠮᠣᠷᠳᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠳᠤ ᠢᠯᠠᠯᠲᠠ ᠣᠯᠵᠤ᠂ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ᠎ᠳᠤ ᠰᠢᠨ᠎ᠡ ᠬᠤᠪᠢ ᠨᠡᠮᠡᠷᠢ᠎ᠪᠠᠨ ᠬᠠᠨᠳᠢᠪᠯᠠᠬᠤ ᠬᠡᠷᠡᠭᠲᠡᠢ ᠭᠡᠵᠡᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠰᠢᠶᠠᠩ ᠳ᠋ᠦᠩ ᠬᠡᠷᠡᠭ ᠵᠶ᠋ᠡᠷ ᠰᠤᠷᠭ᠋ᠠᠮᠵᠢ ᠪᠣᠯᠭ᠋ᠠᠨ᠂ ᠭᠦᠨᠵᠡᠭᠡᠢ ᠰᠤᠷᠭ᠋ᠠᠮᠵᠢ ᠠᠪᠬᠤ; ᠬᠠᠷᠢᠭᠤᠴᠠᠯᠭ᠎ᠠ ᠡᠭᠦᠷᠭᠡᠯᠡᠬᠦ ᠵᠢ ᠴᠢᠩᠭ᠋ᠠᠷᠠᠭᠤᠯᠤᠨ᠂ ᠨᠠᠮ᠎ᠢ ᠴᠢᠩᠭ᠎ᠠ ᠬᠠᠮᠢᠶᠠᠷᠤᠨ ᠴᠢᠩᠭ᠎ᠠ ᠵᠠᠰᠠᠬᠤ; ᠥᠪᠡᠷ᠎ᠢ᠎ᠪᠠᠨ ᠴᠢᠩᠭ᠎ᠠ ᠱᠠᠭ᠋ᠠᠷᠳᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠴᠣᠭᠴᠠᠯᠠᠬᠤ ᠭᠡᠬᠦ 3 ᠲᠠᠯ᠎ᠠ᠎ᠠᠴᠠ᠂ ᠪᠦᠬᠦ ᠰᠢᠰᠲ᠋ᠧᠮ᠎ᠤᠨ᠎ᠬᠢᠨ᠎ᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠴᠢᠩᠭ᠋ᠠᠳᠬᠠᠨ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠤᠯᠤᠰ ᠲᠥᠷᠥ ᠵᠢᠨ ᠠᠮᠢ ᠠᠬᠤᠢ ᠵᠢᠨ ᠠᠷᠢᠭᠤᠨ ᠴᠡᠪᠡᠷ᠎ᠢ ᠬᠠᠮᠠᠭ᠋ᠠᠯᠠᠨ᠂ ᠤᠯᠤᠰ ᠲᠥᠷᠥ ᠴᠢᠩᠭ᠎ᠠ ᠡᠷᠳᠡᠮ ᠴᠢᠳᠠᠪᠤᠷᠢ ᠥᠨᠳᠥᠷ ᠣᠪᠣᠷ ᠰᠤᠷᠲᠠᠯ ᠰᠠᠢ᠌ᠨ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠺᠠᠳ᠋ᠷ᠎ᠤᠨ ᠡᠩᠨᠡᠭᠡ ᠵᠢ ᠪᠠᠢ᠌ᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃
      ᠰᠢᠶᠠᠩ ᠳ᠋ᠦᠩ ᠵᠢᠭ᠋ᠠᠵᠤ ᠭᠠᠷᠭ᠋ᠠᠭᠰᠠᠨ᠎ᠨᠢ᠂ ᠣᠢ᠌ᠷ᠎ᠠ ᠵᠢᠨ ᠵᠢᠯ᠎ᠤᠳ᠎ᠲᠤ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ᠎ᠠᠴᠠ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠣᠪᠣᠷ ᠰᠤᠷᠲᠠᠯ ᠵᠶ᠋ᠡᠨ ᠲᠥᠪ ᠪᠣᠯᠭ᠋ᠠᠵᠤ ᠰᠠᠬᠢᠯᠭ᠎ᠠ ᠪᠠᠲᠤ ᠵᠢ ᠴᠢᠩᠭ᠋ᠠᠷᠠᠭᠤᠯᠬᠤ ᠵᠢ ᠴᠢᠩᠭ᠎ᠠ ᠪᠠᠷᠢᠮᠲᠠᠯᠠᠵᠤ᠂ ᠢᠯᠵᠠᠷᠠᠯ᠎ᠢ ᠭᠤᠢ᠌ᠪᠢᠰᠢ ᠦᠭᠡᠢ ᠵᠠᠯᠬᠠᠭ᠋ᠠᠨ ᠴᠡᠭᠡᠷᠯᠡᠭᠦᠯᠦᠭᠰᠡᠨ᠎ᠠᠴᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠠᠵᠢᠯ ᠦᠨᠡᠨ ᠪᠣᠳᠠᠲᠠᠢ ᠦᠷ᠎ᠡ ᠪᠦᠲᠦᠮᠵᠢ ᠣᠯᠪᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠶᠡᠷᠦᠩᠬᠡᠢ ᠪᠠᠢ᠌ᠳᠠᠯ᠎ᠨᠢ ᠨᠡᠯᠢᠶᠡᠳ ᠰᠠᠢ᠌ᠨ ᠪᠠᠢ᠌ᠳᠠᠭ᠂ ᠮᠠᠨ᠎ᠤ ᠡᠨᠡ ᠬᠦ᠌ ᠡᠩᠨᠡᠭᠡ ᠴᠤ᠌ ᠨᠠᠮ ᠪᠠ ᠠᠷᠠᠳ ᠲᠦᠮᠡᠨ᠎ᠤ ᠲᠦᠰᠢᠭᠯᠡᠵᠦ ᠪᠣᠯᠬᠤᠢ᠌ᠴᠠ ᠡᠩᠨᠡᠭᠡ ᠮᠥᠨ᠃ ᠭᠡᠲᠡᠯ᠎ᠡ᠂ ᠪᠠᠰᠠ ᠵᠠᠷᠢᠮ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ᠎ᠠᠴᠠ ᠵᠥᠷᠢᠴᠡᠨ ᠬᠠᠤᠯᠢ ᠴᠠᠭ᠋ᠠᠵᠠ᠎ᠠᠴᠠ ᠵᠥᠷᠢᠴᠡᠭᠰᠡᠨ ᠠᠵᠢᠯᠯᠠᠭ᠎ᠠ ᠪᠠᠢ᠌ᠨ ᠳᠠᠬᠢᠨ ᠡᠭᠦᠰᠴᠦ ᠪᠠᠢ᠌ᠨ᠎ᠠ᠃ ᠣᠢ᠌ᠷ᠎ᠠ ᠵᠢᠨ ᠵᠢᠯ᠎ᠤᠳ᠎ᠤᠨ ᠪᠠᠢ᠌ᠴᠠᠭ᠋ᠠᠨ ᠰᠢᠢ᠍ᠳᠪᠦᠷᠢᠯᠡᠭᠰᠡᠨ ᠬᠡᠷᠡᠭ᠎ᠤᠨ ᠪᠠᠢ᠌ᠳᠠᠯ᠎ᠠᠴᠠ ᠦᠵᠡᠪᠡᠯ᠂ ᠰᠢᠳᠬᠡᠯ ᠣᠯᠣᠭᠰᠠᠨ ᠬᠥᠮᠥᠨ᠎ᠤ ᠲᠣᠭ᠎ᠠ ᠵᠢᠯ ᠳᠠᠷᠠᠭ᠋ᠠᠯᠠᠨ ᠨᠡᠮᠡᠭᠳᠡᠵᠦ᠂ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠪᠠ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠠᠢ᠌ᠳᠠᠯ ᠮᠥᠨ ᠬᠦ᠌ ᠬᠦᠨᠳᠦ ᠨᠣᠴᠢᠲᠠᠢ ᠪᠠᠢ᠌ᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠠᠬᠢᠭᠤᠯᠬᠤ ᠡᠭᠦᠷᠭᠡ ᠮᠥᠨ ᠬᠦ᠌ ᠬᠠᠲᠠᠭᠤ ᠪᠡᠷᠬᠡᠲᠡᠢ ᠪᠠᠢ᠌ᠨ᠎ᠠ᠃ ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷᠴᠤᠳ ᠣᠨᠴᠠᠭ᠋ᠠᠢ᠌ᠯᠠᠨ ᠤᠳᠤᠷᠢᠳᠬᠤ ᠺᠠᠳ᠋ᠷᠴᠤᠳ ᠡᠷᠬᠡᠪᠰᠢ ᠰᠣᠨᠣᠷ ᠰᠡᠷᠡᠮᠵᠢ᠎ᠲᠠᠢ ᠪᠠᠢ᠌ᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠯᠠᠭᠤᠯᠤᠯᠲᠠ᠎ᠳᠤ ᠤᠯᠤᠰ ᠲᠥᠷᠥ ᠵᠢᠨ ᠪᠠᠲᠤ ᠬᠦᠴᠦᠨ ᠵᠶ᠋ᠡᠨ ᠴᠢᠩᠭ᠋ᠠᠷᠠᠭᠤᠯᠵᠤ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠪᠠᠢ᠌ᠳᠠᠯ ᠪᠠ ᠡᠭᠦᠷᠭᠡ᠎ᠠᠴᠠ ᠡᠭᠦᠷᠭᠡ ᠬᠠᠷᠢᠭᠤᠴᠠᠯᠭ᠎ᠠ ᠵᠢᠨ ᠵᠶ᠋ᠡᠨ ᠪᠠᠢ᠌ᠷᠢ ᠲᠣᠭᠲᠠᠭ᠋ᠠᠯᠲᠠ ᠵᠢ ᠣᠨᠣᠴᠢᠲᠠᠢ ᠡᠷᠢᠵᠦ᠂ ᠰᠠᠬᠢᠯᠭ᠎ᠠ ᠪᠠᠲᠤ᠎ᠠᠴᠠ ᠵᠥᠷᠢᠴᠡᠨ ᠬᠠᠤᠯᠢ ᠴᠠᠭ᠋ᠠᠵᠠ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ᠂ ᠢᠲᠡᠭᠡᠯ ᠪᠢᠰᠢᠷᠡᠯ᠎ᠤᠨ ᠰᠠᠭᠤᠷᠢ᠎ᠪᠠᠨ ᠤᠯᠠᠮ ᠨᠢᠭᠡ ᠠᠯᠬᠤᠮ ᠪᠠᠲᠤᠳᠬᠠᠨ᠂ ᠰᠠᠬᠢᠯᠭ᠎ᠠ ᠪᠠᠲᠤ ᠵᠢᠨ ᠬᠥᠪᠴᠢ᠎ᠪᠠᠨ ᠲᠡᠯᠡᠨ ᠴᠢᠩᠭ᠋ᠠᠯᠠᠵᠤ᠂ ᠭᠦᠢ᠍ᠴᠡᠳᠬᠡᠪᠡᠰᠦ ᠵᠣᠬᠢᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠵᠤ᠂ ᠥᠨᠢ ᠡᠭᠦᠷᠢᠳᠡ ᠠᠶᠠᠨ ᠵᠠᠮ᠎ᠳᠤ᠎ᠪᠠᠨ ᠪᠠᠢ᠌ᠬᠤ ᠵᠣᠷᠢᠭ ᠰᠠᠨᠠᠭ᠎ᠠ ᠪᠠ ᠬᠠᠳᠠᠨ ᠵᠣᠷᠢᠭ ᠵᠶ᠋ᠠᠷ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠵᠢ ᠤᠯᠠᠮ ᠭᠦᠨᠴᠡ ᠲᠡᠢ᠌ᠰᠢ ᠲᠠᠰᠤᠷᠠᠯᠲᠠ ᠦᠭᠡᠢ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠡᠢ᠃
      ᠰᠢᠶᠠᠩ ᠳ᠋ᠦᠩ ᠴᠢᠬᠤᠯᠠᠴᠢᠯᠠᠭᠰᠠᠨ᠎ᠨᠢ᠂ ᠪᠦᠬᠦ ᠣᠷᠣᠨ᠎ᠤ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷ ᠨᠢᠭᠡᠪᠦᠷᠢ ᠣᠨᠴᠠᠭ᠋ᠠᠢ᠌ᠯᠠᠨ ᠤᠳᠤᠷᠢᠳᠬᠤ ᠺᠠᠳ᠋ᠷ ᠨᠢᠭᠡᠪᠦᠷᠢ ᠢᠮᠠᠭᠲᠠ ᠤᠯᠤᠰ ᠲᠥᠷᠥ ᠵᠢᠨ ᠲᠠᠯ᠎ᠠ᠎ᠪᠠᠷ ᠬᠤᠷᠴᠠ ᠰᠡᠷᠭᠡᠭ ᠪᠠᠲᠤ ᠵᠣᠭᠰᠣᠯᠲᠠ ᠵᠢ ᠪᠠᠲᠤᠯᠠᠨ᠂ ᠡᠪ ᠬᠠᠮᠲᠤᠴᠤᠳ᠎ᠤᠨ ᠤᠯᠤᠰ ᠵᠶ᠋ᠠᠨ ᠭᠡᠬᠦ ᠬᠠᠢ᠌ᠷ᠎ᠠ ᠰᠡᠳᠬᠢᠯᠭᠡ ᠵᠢ ᠡᠪᠦᠷᠯᠡᠵᠦ᠂ ᠬᠤᠪᠢ ᠬᠥᠮᠥᠨ᠎ᠤ ᠬᠥᠭᠵᠢᠯᠲᠡ ᠳᠠᠪᠰᠢᠯᠲᠠ᠎ᠪᠠᠨ ᠨᠠᠮ ᠪᠠ ᠤᠯᠤᠰ᠎ᠤᠨ ᠦᠢ᠍ᠯᠡᠰ᠎ᠲᠠᠢ ᠨᠢᠭᠲᠠ ᠬᠣᠯᠪᠣᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠶᠠᠪᠤᠴᠠ᠎ᠳᠤ ᠣᠶᠣᠨ ᠤᠬᠠᠭ᠋ᠠᠨ ᠬᠦᠴᠦᠨ ᠴᠢᠳᠠᠯ ᠵᠶ᠋ᠠᠨ ᠬᠠᠨᠳᠢᠪᠯᠠᠨ᠂ ᠬᠤᠪᠢ ᠬᠥᠮᠥᠨ᠎ᠤ ᠥᠷᠲᠡᠭ ᠵᠶ᠋ᠡᠨ ᠪᠡᠶᠡᠯᠡᠭᠦᠯᠬᠦ ᠬᠡᠷᠡᠭᠲᠡᠢ᠃ ᠦᠵᠡᠯ ᠰᠠᠨᠠᠭ᠎ᠠ᠂ ᠤᠯᠤᠰ ᠲᠥᠷᠥ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠬᠤ ᠵᠢ ᠪᠠᠲᠤᠯᠠᠵᠤ᠂ ᠵᠠᠩᠭᠢᠯᠠᠭ᠎ᠠ ᠵᠢᠨ ᠴᠠᠭ ᠮᠥᠴᠡ᠎ᠳᠤ ᠰᠢᠯᠭ᠋ᠠᠯᠲᠠ ᠵᠢ ᠳᠠᠭ᠋ᠠᠭ᠋ᠠᠵᠤ ᠴᠢᠳᠠᠬᠤ ᠬᠡᠷᠡᠭᠲᠡᠢ; ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠎ᠪᠠᠨ ᠴᠢᠩᠭ᠋ᠠᠷᠠᠭᠤᠯᠵᠤ᠂ ᠰᠢᠯᠢᠳᠡᠭ ᠣᠪᠣᠷ ᠰᠤᠷᠲᠠᠯ᠎ᠢ ᠪᠣᠢ ᠪᠣᠯᠭ᠋ᠠᠬᠤ ᠬᠡᠷᠡᠭᠲᠡᠢ ᠭᠡᠵᠡᠢ᠃
      ᠪᠦᠬᠦ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠰᠲ᠋ᠧᠮ᠎ᠤᠨ᠎ᠬᠢᠨ᠎ᠤ ᠨᠠᠮ᠎ᠤᠨ ᠭᠡᠰᠢᠭᠦᠨ ᠺᠠᠳ᠋ᠷᠴᠤᠳ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ ᠵᠢᠨ ᠰᠢᠳᠬᠡᠯ᠎ᠤᠨ ᠳᠦᠷᠢᠮ》᠎ᠢ ᠬᠢᠨᠠᠮᠠᠭ᠋ᠠᠢ᠎ᠪᠠᠷ ᠰᠠᠢ᠌ᠲᠤᠷ ᠰᠤᠷᠤᠯᠴᠠᠵᠤ᠂ ᠦᠵᠡᠯ ᠰᠠᠨᠠᠭ᠋ᠠᠨ᠎ᠤ ᠲᠠᠯ᠎ᠠ᠎ᠪᠠᠷ ᠤᠯᠠᠭ᠋ᠠᠨ ᠱᠤᠭᠤᠮ᠎ᠢ ᠪᠣᠢ ᠪᠣᠯᠭ᠋ᠠᠨ᠂ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠬᠣᠷᠢᠭ᠎ᠠ ᠱᠤᠭᠤᠮ᠎ᠢ ᠪᠠᠲᠤ ᠴᠣᠭᠴᠠᠯᠠᠵᠤ᠂ ᠰᠠᠬᠢᠯᠭ᠎ᠠ ᠪᠠᠲᠤ ᠵᠢᠨ ᠬᠥᠪᠴᠢ᠎ᠪᠠᠨ ᠴᠠᠭ ᠢᠮᠠᠭᠲᠠ ᠲᠠᠯᠠᠨ ᠴᠢᠩᠭ᠋ᠠᠯᠠᠵᠤ᠂ ᠵᠢᠷᠦᠬᠡ ᠰᠡᠳᠬᠢᠯ᠎ᠳᠤ᠎ᠪᠠᠨ ᠡᠮᠢᠶᠡᠯ ᠰᠦᠷᠳᠡᠯ᠎ᠲᠠᠢ᠂ ᠦᠭᠡ ᠶᠠᠷᠢᠶᠠᠨ᠎ᠳᠤ᠎ᠪᠠᠨ ᠬᠣᠷᠢᠭ᠎ᠠ ᠴᠡᠭᠡᠷ᠎ᠲᠠᠢ᠂ ᠦᠢ᠍ᠯᠡ ᠠᠵᠢᠯᠯᠠᠭ᠎ᠠ᠎ᠳᠤ᠎ᠪᠠᠨ ᠬᠡᠮᠵᠢᠶ᠎ᠡ ᠬᠢᠵᠠᠭ᠋ᠠᠷ᠎ᠲᠠᠢ ᠪᠠᠢ᠌ᠬᠤ ᠵᠢ ᠭᠦᠢ᠍ᠴᠡᠳᠬᠡᠬᠦ ᠬᠡᠷᠡᠭᠲᠡᠢ; ᠵᠥᠪ ᠲᠠᠯ᠎ᠠ ᠪᠠ ᠡᠰᠡᠷᠭᠦ ᠲᠠᠯ᠎ᠠ ᠵᠢᠨ ᠰᠤᠷᠭ᠋ᠠᠮᠵᠢ ᠵᠢ ᠰᠠᠢ᠌ᠲᠤᠷ ᠠᠰᠢᠭᠯᠠᠵᠤ᠂ ᠠᠬᠠᠮᠠᠳ ᠦᠶ᠎ᠡ ᠵᠢᠨ᠎ᠬᠢᠨ᠎ᠤ ᠲᠡᠷᠢᠭᠦᠨ᠎ᠤ ᠦᠢ᠍ᠯᠡ ᠠᠵᠢᠯᠯᠠᠭ᠎ᠠ᠎ᠪᠠᠷ ᠪᠠᠷᠢᠮᠵᠢᠶ᠎ᠠ ᠪᠣᠯᠭ᠋ᠠᠨ᠂ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ᠎ᠪᠠᠷ ᠰᠤᠷᠭ᠋ᠠᠮᠵᠢ ᠪᠣᠯᠭ᠋ᠠᠵᠤ᠂ ᠶᠣᠰᠣ ᠮᠤᠷᠠᠯ᠎ᠤᠨ ᠬᠦᠴᠦᠨ ᠵᠶ᠋ᠡᠷ ᠬᠥᠮᠥᠰ᠎ᠤᠨ ᠰᠡᠳᠬᠢᠯ᠎ᠢ ᠣᠯᠵᠤ᠂ ᠠᠵᠢᠯ ᠦᠢ᠍ᠯᠡᠰ᠎ᠲᠤ᠎ᠪᠠᠨ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠪᠠ ᠨᠠᠮ᠎ᠤᠨ ᠲᠥᠪ ᠬᠣᠷᠢᠶ᠎ᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠩᠨᠡᠭᠡ ᠵᠢᠨ ᠪᠠᠢ᠌ᠭᠤᠯᠤᠯᠲᠠ᠎ᠳᠠᠬᠢ ᠴᠢᠩ ᠰᠡᠳᠬᠢᠯ᠎ᠤᠨ ᠨᠠᠢ᠌ᠳᠠᠯᠭ᠎ᠠ ᠪᠠ ᠳᠣᠲᠣᠨᠣ ᠬᠦᠰᠡᠯ᠎ᠢ ᠯᠠᠪᠳᠠᠭᠤᠨ ᠪᠠᠲᠤᠲᠠᠢ ᠴᠡᠭᠡᠵᠢᠯᠡᠵᠦ᠂ ᠤᠯᠤᠰ ᠲᠥᠷᠥ ᠴᠢᠩᠭ᠎ᠠ᠂ ᠡᠷᠳᠡᠮ ᠴᠢᠳᠠᠪᠤᠷᠢ ᠥᠨᠳᠥᠷ᠂ ᠣᠪᠣᠷ ᠰᠤᠷᠲᠠᠯ ᠰᠠᠢ᠌ᠨ᠂ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ᠂ ᠬᠦᠴᠢᠷ᠎ᠢ ᠣᠨᠴᠠᠭ᠋ᠠᠢ ᠲᠡᠰᠪᠦᠷᠢᠯᠡᠵᠦ ᠳᠡᠢ᠌ᠯᠬᠦ᠂ ᠣᠨᠴᠠᠭ᠋ᠠᠢ ᠪᠠᠢ᠌ᠯᠳᠤᠨ ᠲᠡᠮᠡᠴᠡᠵᠦ ᠳᠡᠢ᠌ᠯᠬᠦ᠂ ᠬᠤᠪᠢ ᠨᠡᠮᠡᠷᠢ᠎ᠪᠠᠨ ᠣᠨᠴᠠᠭ᠋ᠠᠢ ᠬᠠᠨᠳᠢᠪᠯᠠᠵᠤ ᠴᠢᠳᠠᠬᠤ ᠨᠢᠭᠡᠨ ᠰᠠᠯᠠᠭ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠡᠮᠦᠷ ᠴᠡᠷᠢᠭ᠎ᠢ ᠪᠠᠢ᠌ᠭᠤᠯᠵᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠦᠨᠡᠨ ᠪᠣᠳᠠᠲᠠᠢ ᠦᠷ᠎ᠡ ᠪᠦᠲᠦᠮᠵᠢ᠎ᠪᠠᠷ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠲᠠ ᠣᠯᠬᠤ᠎ᠳᠤ ᠪᠠᠲᠤ ᠴᠢᠩᠭ᠎ᠠ ᠤᠯᠤᠰ ᠲᠥᠷᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠢ ᠭᠡᠵᠦ ᠰᠢᠶᠠᠩ ᠳ᠋ᠦᠩ ᠱᠠᠭ᠋ᠠᠷᠳᠠᠵᠠᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠪᠠᠢ᠌ᠭᠤᠯᠭ᠎ᠠ ᠵᠢᠨ ᠪᠦᠬᠦ ᠺᠠᠳ᠋ᠷ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠰᠠᠯᠠᠭ᠋ᠠᠨ ᠳᠠᠷᠤᠭ᠎ᠠ ᠵᠢᠨ ᠳᠡᠰ᠎ᠠᠴᠠ ᠳᠡᠭᠡᠭᠰᠢᠬᠢ ᠺᠠᠳ᠋ᠷᠴᠤᠳ ᠵᠢᠴᠢ ᠡᠯ᠎ᠡ ᠶᠡᠷᠦᠩᠬᠡᠢ ᠨᠠᠮ᠎ᠤᠨ ᠡᠭᠦᠷ (ᠨᠠᠮ᠎ᠤᠨ ᠡᠭᠦᠷ)᠎ᠤᠨ ᠭᠡᠰᠢᠭᠦᠨ᠂ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠡᠯᠡ ᠣᠷᠣᠭᠤᠯᠤᠯᠲᠠ ᠵᠢ ᠬᠠᠮᠢᠶᠠᠷᠬᠤ ᠺᠣᠮᠫᠠᠨᠢ ᠵᠢᠨ ᠤᠳᠤᠷᠢᠳᠬᠤ ᠪᠠᠭ᠎ᠤᠨ ᠭᠡᠰᠢᠭᠦᠨ᠂ ᠳᠤᠮᠳᠠ ᠳᠠᠪᠬᠤᠷᠭ᠎ᠠ᠎ᠠᠴᠠ ᠳᠡᠭᠡᠭᠰᠢᠬᠢ ᠳᠡᠰ᠎ᠤᠨ ᠺᠠᠳ᠋ᠷᠴᠤᠳ ᠭᠣᠣᠯ ᠲᠠᠯᠠᠪᠤᠷ᠎ᠤᠨ ᠬᠤᠷᠠᠯ᠎ᠳᠤ ᠣᠷᠣᠯᠴᠠᠪᠠ; ᠡᠯ᠎ᠡ ᠠᠢ᠌ᠮᠠᠭ ᠬᠣᠲᠠ ᠪᠠ ᠮᠠᠨᠵᠤᠤᠷ ᠬᠣᠲᠠ᠂ ᠡᠷᠢᠶᠡᠨ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠳ᠂ ᠳᠤᠮᠳᠠ ᠳᠠᠪᠬᠤᠷᠭ᠎ᠠ᠎ᠠᠴᠠ ᠳᠡᠭᠡᠭᠰᠢᠬᠢ ᠳᠡᠰ᠎ᠤᠨ ᠺᠠᠳ᠋ᠷᠴᠤᠳ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠤᠳᠤᠷᠢᠳᠬᠤ ᠪᠠᠭ᠎ᠤᠨ ᠭᠡᠰᠢᠭᠦᠳ᠂ ᠳᠤᠮᠳᠠ ᠳᠠᠪᠬᠤᠷᠭ᠎ᠠ᠎ᠠᠴᠠ ᠳᠡᠭᠡᠭᠰᠢᠬᠢ ᠳᠡᠰ᠎ᠤᠨ ᠺᠠᠳ᠋ᠷᠴᠤᠳ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠺᠠᠳ᠋ᠷ ᠬᠤᠪᠢᠶᠠᠷᠢ ᠲᠠᠯᠠᠪᠤᠷ᠎ᠤᠨ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠣᠷᠴᠢᠨ ᠲᠣᠭᠣᠷᠢᠨ ᠬᠢᠭᠡᠳ ᠪᠠᠢ᠌ᠭ᠋ᠠᠯᠢ ᠵᠢᠨ ᠬᠥᠮᠥᠵᠢᠯ᠎ᠤᠨ ᠨᠢᠷᠤᠭᠤᠪᠴᠢ ᠬᠦᠴᠦᠨ᠎ᠤ ᠪᠣᠯᠪᠠᠰᠤᠷᠠᠯ᠎ᠤᠨ ᠠᠩᠭᠢ ᠪᠤᠭᠤᠲᠤ ᠬᠣᠲᠠᠨ᠎ᠳᠤ ᠶᠠᠪᠤᠭᠳᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠥᠵᠢᠯ᠎ᠤᠨ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠭᠣᠣᠯ ᠰᠡᠳᠦᠪᠲᠦ ᠤᠬᠠᠭᠤᠯᠭ᠎ᠠ ᠵᠢᠨ ᠬᠥᠳᠡᠯᠭᠡᠭᠡᠨ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠠᠳᠠᠯᠵᠤ ᠰᠤᠳᠤᠯᠤᠨ ᠮᠠᠭ᠋ᠠᠳᠯᠠᠬᠤ ᠪᠠ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠵᠦ ᠪᠠᠢ᠌ᠨ᠎ᠠ
ᠠᠯᠠᠱ᠌ᠠ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ᠎ᠤᠨ ᠠᠬᠢᠯᠲᠠ ᠵᠢᠨ ᠪᠠᠢ᠌ᠳᠠᠯ᠎ᠤᠨ ᠲᠤᠬᠠᠢ ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠪᠠ
 
             蒙ICP备05000248号