ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠣᠷᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠥᠵᠢᠯ᠎ᠤᠨ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2018-10-29

      10 ᠳ᠋ᠤᠭ᠋ᠠᠷ ᠰᠠᠷ᠎ᠠ ᠵᠢᠨ 27᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠤᠰᠬᠠᠢ ᠰᠡᠳᠦᠪᠲᠦ ᠰᠡᠷᠡᠮᠵᠢᠯᠡᠭᠦᠯᠬᠦ ᠬᠥᠮᠥᠵᠢᠯ᠎ᠤᠨ ᠬᠤᠷᠠᠯ᠎ᠢ ᠬᠤᠷᠠᠯᠳᠤᠭᠤᠯᠪᠠ᠃ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠤᠯᠤᠰ᠎ᠤᠨ ᠬᠢᠨᠠᠨ ᠪᠠᠢ᠌ᠴᠠᠭ᠋ᠠᠬᠤ ᠬᠣᠷᠢᠶ᠎ᠠ ᠵᠢᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠠᠴᠠ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢᠬᠢ ᠪᠦᠬᠦ ᠤᠯᠤᠰ᠎ᠤᠨ ᠠᠮᠢ ᠠᠬᠤᠢ ᠵᠢᠨ ᠰᠢᠰᠲ᠋ᠧᠮ᠎ᠳᠤ ᠪᠠᠢ᠌ᠴᠠᠭ᠋ᠠᠯᠲᠠ ᠬᠢᠵᠦ ᠰᠢᠢ᠍ᠳᠪᠦᠷᠢᠯᠡᠭᠰᠡᠨ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ ᠴᠠᠭ᠋ᠠᠵᠠ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠪᠲᠡᠷᠡᠭᠦᠯᠦᠨ ᠮᠡᠳᠡᠭᠡᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠳᠠᠷᠤᠭ᠎ᠠ ᠯᠢ ᠭᠠᠨ ᠵᠢᠶᠧ ᠳᠠᠢ᠌ᠴᠢᠯᠠᠯᠲᠠ ᠬᠢᠵᠦ ᠪᠠᠢ᠌ᠷᠢᠯᠠᠭᠤᠯᠬᠤ ᠶᠠᠷᠢᠶ᠎ᠠ ᠲᠠᠯᠪᠢᠵᠠᠢ᠃
      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠷᠣᠭᠤᠯᠤᠯᠲᠠ ᠵᠢᠨ ᠺᠣᠮᠫᠠᠨᠢ ᠵᠢᠨ ᠭᠣᠣᠯ ᠬᠠᠷᠢᠭᠤᠴᠠᠯᠭ᠋ᠠᠲᠠᠳ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠠᠢ᠎ᠳᠤ ᠬᠤᠷᠠᠯ ᠰᠣᠨᠣᠰᠪᠠ; ᠡᠯ᠎ᠡ ᠠᠢ᠌ᠮᠠᠭ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠪᠦᠬᠦ ᠺᠠᠳ᠋ᠷ ᠠᠢ᠌ᠮᠠᠭ ᠬᠣᠲᠠ ᠵᠢᠨ ᠰᠠᠯᠪᠤᠷᠢ ᠲᠠᠯᠠᠪᠠᠢ᠎ᠳᠤ ᠬᠤᠷᠠᠯ᠎ᠤᠨ ᠠᠭᠤᠯᠭ᠎ᠠ ᠵᠢ ᠰᠣᠨᠣᠰᠴᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠣᠽᠣᠨ᠎ᠤ ᠳᠠᠪᠬᠤᠷᠭ᠎ᠠ ᠵᠢ ᠬᠠᠮᠠᠭ᠋ᠠᠯᠠᠬᠤ ᠭᠣᠣᠯ ᠰᠡᠳᠦᠪᠲᠦ ᠤᠬᠠᠭᠤᠯᠭ᠎ᠠ ᠵᠢᠨ ᠬᠥᠳᠡᠯᠭᠡᠭᠡᠨ ᠥᠷᠨᠢᠭᠦᠯᠪᠡ
ᠤᠯᠠᠭ᠋ᠠᠨᠬᠠᠳᠠ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠣᠷᠴᠢᠨ ᠲᠣᠭᠣᠷᠢᠨ᠎ᠤ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠠᠳᠠᠯᠵᠤ ᠰᠤᠳᠤᠯᠤᠨ ᠮᠠᠭ᠋ᠠᠳᠯᠠᠬᠤ ᠪᠠ ᠮᠡᠳᠡᠭᠡ ᠵᠠᠩᠭᠢ ᠵᠢ ᠢᠯᠡ ᠪᠠᠢ᠌ᠯᠭ᠋ᠠᠬᠤ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠵᠦ ᠪᠠᠢ᠌ᠨ᠎ᠠ
ᠠᠯᠠᠱ᠌ᠠ ᠠᠢ᠌ᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠎ᠠᠴᠠ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠲᠥᠷᠥᠯ ᠵᠦᠢ᠍ᠯ᠎ᠤᠨ ᠠᠬᠢᠯᠲᠠ ᠵᠢᠨ ᠪᠠᠢ᠌ᠳᠠᠯ᠎ᠤᠨ ᠲᠤᠬᠠᠢ ᠲᠤᠬᠠᠢ ᠵᠢᠨ ᠭᠠᠵᠠᠷ᠎ᠲᠤ᠎ᠨᠢ ᠰᠢᠮᠳᠠᠭᠤᠯᠤᠨ ᠪᠠᠢ᠌ᠴᠠᠭ᠋ᠠᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ ᠬᠢᠭᠡᠳ ᠳᠤᠮᠳᠠᠳᠤ ᠤᠯᠤᠰ᠎ᠤᠨ ᠰᠢᠤᠳᠠᠨ᠎ᠤ ᠪᠦᠯᠦᠭᠯᠡᠯ᠎ᠤᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠬᠡᠯᠡᠯᠴᠡᠭᠡᠷ ᠳᠡᠭᠡᠷ᠎ᠡ ᠭᠠᠷ᠎ᠤᠨ ᠦᠰᠦᠭ ᠵᠢᠷᠤᠪᠠ
ᠪᠦᠬᠦ ᠤᠯᠤᠰ᠎ᠤᠨ ᠲᠥᠪᠯᠡᠷᠡᠩᠭᠦᠢ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠣᠷᠣᠨ᠎ᠤ ᠣᠷᠴᠢᠨ ᠲᠣᠭᠣᠷᠢᠨ᠎ᠢ ᠬᠠᠮᠠᠭ᠋ᠠᠯᠠᠬᠤ ᠲᠤᠰᠬᠠᠢ ᠵᠦᠢ᠍ᠯ᠎ᠤᠨ ᠠᠵᠢᠯᠯᠠᠭ᠎ᠠ ᠵᠢᠨ ᠭᠤᠷᠪᠠᠳᠤᠭ᠋ᠠᠷ ᠤᠳᠠᠭ᠋ᠠᠨ ᠲᠧᠯᠸᠢᠰ ᠬᠤᠷᠠᠯ᠎ᠢ ᠬᠤᠷᠠᠯᠳᠤᠭᠤᠯᠪᠠ
 
             蒙ICP备05000248号